ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
(ᠨᠢᠬᠡ) ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠬᠦᠴᠢᠷᠳᠡᠯᠳᠡᠢ ᠵᠡᠮᠳᠡᠭᠴᠤᠳ᠎ᠤᠨ ᠠᠮᠢᠳᠤᠷᠠᠯ᠎ᠤᠨ ᠨᠦᠬᠦᠪᠤᠷᠢ ᠪᠤᠯᠤᠨ ᠨᠤᠴᠢᠳᠠᠢ ᠵᠡᠮᠳᠡᠭᠴᠤᠳ᠎ᠤᠨ ᠰᠤᠪᠢᠯᠠᠯᠳᠠ ᠵᠢᠨ ᠨᠦᠬᠦᠪᠤᠷᠢ ᠵᠢᠨ ᠲᠦᠷᠢᠮ᠎ᠢ ᠤᠯᠠᠮ ᠲᠡᠬᠦᠯᠳᠡᠷᠵᠢᠬᠦᠯᠬᠦ ᠲᠤᠬᠠᠢ ᠰᠠᠨᠠᠯ
ᠨᠡᠶᠢᠲᠡᠯᠡᠭᠰᠡᠨ ᠴᠠᠭ᠄ 2021-10-11

 (ᠨᠢᠬᠡ) ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠬᠦᠴᠢᠷᠳᠡᠯᠳᠡᠢ ᠵᠡᠮᠳᠡᠭᠴᠤᠳ᠎ᠤᠨ ᠠᠮᠢᠳᠤᠷᠠᠯ᠎ᠤᠨ ᠨᠦᠬᠦᠪᠤᠷᠢ ᠪᠤᠯᠤᠨ ᠨᠤᠴᠢᠳᠠᠢ ᠵᠡᠮᠳᠡᠭᠴᠤᠳ᠎ᠤᠨ ᠰᠤᠪᠢᠯᠠᠯᠳᠠ ᠵᠢᠨ ᠨᠦᠬᠦᠪᠤᠷᠢ ᠵᠢᠨ ᠲᠦᠷᠢᠮ᠎ᠢ ᠤᠯᠠᠮ ᠲᠡᠬᠦᠯᠳᠡᠷᠵᠢᠬᠦᠯᠬᠦ ᠲᠤᠬᠠᠢ ᠰᠠᠨᠠᠯ
 

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)᠂ ᠵᠡᠮᠳᠡᠭᠴᠦᠳ᠎ᠤᠨ ᠬᠣᠯᠪᠣᠭ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠵᠡᠮᠳᠡᠭᠴᠦᠳ᠎ᠤᠨ ᠬᠣᠯᠪᠣᠭ᠎ᠠ᠎ᠳᠤ᠄
   
      2016 ᠣᠨ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ ᠪᠣᠯᠤᠨ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠥᠷᠢ (ᠵᠡᠮᠳᠡᠭᠴᠦᠳ᠎ᠤᠨ ᠬᠤᠶᠠᠷ ᠨᠦᠬᠦᠪᠤᠷᠢ ᠬᠡᠶ᠎ᠡ) ᠵᠢᠨ ᠲᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠬᠦᠴᠦ ᠨᠡᠮᠡᠷᠢᠯᠡᠬᠦ᠂ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠢᠯᠡᠷᠡᠭᠦᠯᠬᠦ ᠴᠢᠬᠤᠯᠠ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠲᠦᠷᠢᠮ᠎ᠤᠨ ᠲᠤᠬᠢᠷᠠᠭᠤᠯᠤᠯᠳᠠ ᠪᠤᠯᠤᠬᠰᠠᠭ᠋ᠠᠷ ᠢᠷᠡᠵᠡᠢ᠃ ᠤᠢ᠍ᠢ᠍ᠷ᠎ᠠ ᠵᠢᠨ ᠵᠢᠯ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠤᠨ ᠬᠥᠭᠵᠢᠯᠲᠡ ᠲᠡᠩᠴᠡᠭᠦᠷᠢ ᠦᠭᠡᠢ᠂ ᠭᠦᠢ᠍ᠴᠡᠳ ᠪᠤᠰᠤ ᠠᠰᠠᠭᠤᠳᠠᠯ ᠠᠭ᠋ᠠᠵᠢᠮ ᠵᠶ᠋ᠠᠷ ᠲᠤᠪᠤᠢ᠍ᠢ᠍ᠮ᠎ᠠ ᠪᠤᠯᠵᠤ᠂ ᠵᠠᠷᠢᠮ ᠭᠠᠵᠠᠷ ᠣᠷᠣᠨ᠎ᠤ ᠤᠨᠢᠨ ᠳᠡᠭᠡᠷ᠎ᠡ᠎ᠨᠢ ᠬᠠᠮᠢᠶᠠᠷᠬᠤ᠂ ᠲᠦᠷᠦ ᠵᠢᠨ ᠪᠤᠳᠤᠯᠭ᠎ᠠ ᠵᠢ ᠵᠣᠯᠭ᠋ᠠᠭᠤᠯᠬᠤ᠂ ᠬᠥᠳᠡᠯᠦᠩᠭᠦᠢ᠎ᠪᠠᠷ ᠲᠤᠬᠢᠷᠠᠭᠤᠯᠬᠤ ᠲᠣᠭᠲᠠᠴᠠ᠎ᠳᠤ ᠳᠤᠲᠠᠭᠤᠳᠠᠯ ᠣᠷᠣᠰᠢᠵᠤ᠂ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠦᠷ᠎ᠡ ᠪᠦᠲᠦᠮᠵᠢ ᠵᠢ ᠨᠥᠯᠥᠭᠡᠯᠡᠪᠡ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠤᠷᠢᠳᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠡᠮᠳᠡᠭᠴᠦᠳ᠎ᠤᠨ ᠬᠣᠶᠠᠷ ᠎ᠤᠨ ᠨᠥᠬᠥᠪᠥᠷᠢ ᠵᠢᠨ ᠦᠨᠳᠦᠰᠦᠨ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠵᠡᠷᠭᠡ ᠴᠢᠳᠠᠮᠵᠢ ᠵᠢ ᠤᠯᠠᠮ ᠴᠠᠭ᠋ᠠᠰᠢᠳᠠ ᠪᠠᠳᠠᠷᠠᠭᠤᠯᠤᠨ᠂ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠬᠠᠮᠢᠶᠠᠷᠤᠯᠲᠠ ᠦᠢ᠍ᠯᠡᠴᠢᠯᠡᠬᠡᠨ᠎ᠤ ᠲᠦᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ ᠡᠳᠦᠭᠡ ᠲᠠᠷᠠᠭ᠋ᠠᠬᠢ ᠰᠠᠨᠠᠯ᠎ᠢ ᠳᠤᠷᠠᠳᠪᠠ᠃
   
    ᠨᠢᠭᠡ᠂ ᠶᠡᠷᠦᠩᠬᠡᠶ ᠱᠠᠭ᠋ᠠᠷᠳᠠᠯᠭ᠎ᠠ
   
        ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ  ᠤᠢ᠌ᠯᠠᠭ᠋ᠠᠬᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠦᠢ᠍ᠯᠡᠴᠢᠯᠡᠵᠤ᠂ ᠵᠡᠮᠳᠡᠭᠴᠦᠳ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠨᠠᠷᠢᠯᠢᠭ ᠣᠨᠣᠴᠠᠲᠠᠶ ᠬᠠᠮᠢᠶᠠᠷᠤᠯᠲᠠ ᠵᠢ ᠪᠠᠷᠢᠮᠲᠠᠯᠠᠵᠤ᠂ ᠲᠥᠷᠥ ᠵᠢᠨ ᠪᠣᠳᠣᠯᠭ᠎ᠠ ᠵᠢ ᠵᠣᠯᠭ᠋ᠠᠭᠤᠯᠤᠨ ᠬᠥᠳᠡᠯᠦᠩᠭᠦᠶ᠎ᠪᠠᠷ ᠳᠣᠭᠢᠷᠠᠭᠤᠯᠬᠤ ᠵᠢ ᠪᠠᠷᠢᠮᠲᠠᠯᠠᠨ᠂ ᠵᠡᠮᠳᠡᠭᠴᠦᠳ᠎ᠢ ᠬᠠᠪᠰᠤᠷᠤᠨ ᠲᠡᠳᠬᠦᠬᠦ ᠨᠡᠶ᠋ᠢᠭᠡᠮ᠎ᠤᠨ ᠠᠰᠠᠷᠠᠮᠵᠢ ᠵᠢᠨ ᠲᠦᠷᠢᠮ᠎ᠢ ᠤᠯᠠᠮ ᠪᠦᠷᠢᠨᠰᠢᠬᠦᠯᠵᠦ᠂ ᠵᠡᠮᠳᠡᠭᠴᠦᠳ᠎ᠤᠨ ᠪᠤᠶᠠᠨ ᠵᠢᠷᠭ᠋ᠠᠯ᠎ᠢ ᠨᠡᠮᠡᠭᠳᠡᠭᠦᠯᠦᠨ᠂ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠳᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠠᠲᠤᠯᠠᠭ᠎ᠠ ᠵᠢᠨ ᠴᠢᠳᠠᠮᠵᠢ ᠵᠢ ᠪᠦᠲᠦᠮᠵᠢᠲᠡᠶ ᠪᠠᠳᠠᠷᠠᠭᠤᠯᠤᠬᠰᠠᠨ᠂ ᠠᠵᠢᠯᠯᠠᠭ᠋ᠠᠨ᠎ᠤ ᠲᠣᠭᠲᠠᠴᠠ ᠵᠢ ᠪᠦᠲᠦᠮᠵᠢᠲᠡᠶ ᠰᠢᠯᠤᠭᠤᠳᠬᠠᠬᠰᠠᠨ᠂ ᠬᠠᠮᠢᠶᠠᠷᠤᠯᠲᠠ ᠦᠢ᠍ᠯᠡᠴᠢᠯᠡᠭᠡ ᠵᠢ ᠨᠠᠷᠢᠯᠢᠭ ᠣᠨᠣᠴᠠᠲᠠᠶ᠎ᠪᠠᠷ ᠠᠷᠠᠳ᠎ᠲᠤ ᠲᠦᠬᠦᠮ ᠦᠵᠡᠭᠦᠯᠦᠭᠰᠡᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠢ ᠪᠦᠷᠢᠨᠰᠢᠬᠦᠯᠦᠨ ᠲᠡᠬᠦᠯᠳᠡᠷᠵᠢᠬᠦᠯᠬᠦ ᠵᠢ ᠪᠠᠳᠤᠯᠠᠬᠰᠠᠨ ᠶᠤᠮ᠃ 2035 ᠣᠨ ᠪᠣᠯᠬᠤ᠎ᠳᠤ ᠵᠡᠮᠳᠡᠭᠴᠦᠳ᠎ᠤᠨ ᠬᠣᠶᠠᠷ ᠨᠦᠬᠦᠪᠤᠷᠢ ᠵᠢᠨ ᠲᠦᠷᠢᠮ᠎ᠢ ᠪᠣᠯᠪᠠᠰᠤᠷᠠᠩᠭᠤᠶ ᠪᠣᠯᠭ᠋ᠠᠨ ᠬᠡᠪᠰᠢᠬᠦᠯᠵᠤ᠂ ᠵᠡᠮᠳᠡᠭᠴᠦᠳ᠎ᠤᠨ ᠦᠨᠳᠦᠰᠦᠨ ᠠᠮᠢᠳᠤᠷᠠᠯ᠎ᠤᠨ ᠪᠤᠶᠠᠨ ᠵᠢᠷᠭ᠋ᠠᠯ᠎ᠢ ᠰᠢᠨ᠎ᠡ ᠲᠦᠪᠰᠢᠨ᠎ᠳᠤ ᠬᠦᠷᠦᠭᠦᠯᠦᠨ᠎ᠡ᠃
   
    ᠬᠣᠶᠠᠷ᠂ ᠭᠣᠣᠯᠳᠠᠯᠭ᠎ᠠ᠎ᠲᠠᠢ ᠡᠭᠦᠷᠭᠡ
   
      (ᠨᠢᠭᠡ) ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠤᠨ ᠠᠭᠤᠯᠭ᠎ᠠ ᠵᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃
      1. ᠨᠥᠬᠥᠪᠥᠷᠢ ᠬᠦᠷᠳᠡᠭᠴᠢᠳ᠎ᠤᠨ ᠬᠦᠷᠢᠶ᠎ᠡ ᠬᠡᠪᠴᠢᠶ᠎ᠡ ᠵᠢ ᠵᠣᠬᠢᠰᠲᠠᠶ ᠲᠣᠭᠲᠠᠭ᠋ᠠᠨ᠎ᠠ᠃ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠭᠰᠠᠨ ᠰᠠᠭᠤᠷᠢᠨ ᠳᠡᠭᠡᠷ᠎ᠡ᠂ ᠨᠥᠬᠥᠴᠡᠯ᠎ᠳᠤ ᠨᠡᠶ᠋ᠢᠴᠡᠬᠦ ᠵᠡᠮᠳᠡᠭᠴᠦᠳ᠎ᠲᠤ ᠬᠣᠶᠠᠷ ᠨᠥᠬᠥᠪᠥᠷᠢ ᠵᠢ ᠪᠦᠷᠢᠨ ᠡᠳ᠋ᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠳᠠᠯᠢ ᠪᠤᠰᠤ ᠵᠡᠮᠳᠡᠭ᠎ᠤᠨ ᠲᠥᠷᠥᠯ ᠢᠯᠭ᠋ᠠᠯ᠂ ᠵᠡᠮᠳᠡᠭ᠎ᠤᠨ ᠲᠠᠰ᠂ ᠬᠦᠴᠢᠷᠳᠡᠯ᠎ᠤᠨ ᠬᠡᠮᠵᠢᠶ᠎ᠡ᠎ᠪᠠᠷ ᠨᠥᠬᠥᠪᠥᠷᠢ ᠥᠭᠬᠦ ᠠᠷᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ᠃ ᠨᠥᠬᠥᠴᠡᠯ᠎ᠲᠠᠢ ᠭᠠᠵᠠᠷ ᠣᠷᠣᠨ ᠵᠡᠮᠳᠡᠭᠴᠦᠳ᠎ᠤᠨ ᠬᠣᠶᠠᠷ ᠨᠥᠬᠥᠪᠥᠷᠢ ᠬᠦᠷᠳᠡᠭᠴᠢᠳ᠎ᠤᠨ ᠬᠡᠪᠴᠢᠶ᠎ᠡ ᠵᠢ ᠵᠣᠬᠢᠰᠲᠠᠶ ᠥᠷᠭᠡᠳᠬᠡᠵᠦ᠂ ᠠᠮᠢᠳᠤᠷᠠᠯ᠎ᠤᠨ ᠨᠥᠬᠥᠪᠥᠷᠢ ᠵᠢᠨ ᠬᠠᠮᠤᠷᠬᠤ ᠬᠡᠪᠴᠢᠶ᠎ᠡ ᠵᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠡᠷ ᠪᠦᠯᠢ ᠵᠢᠨ ᠵᠡᠮᠳᠡᠭᠴᠦᠳ ᠪᠤᠯᠤᠨ ᠪᠤᠰᠤᠳ ᠬᠦᠴᠢᠷᠳᠡᠯᠲᠡᠶ ᠵᠡᠮᠳᠡᠭᠴᠦᠳ ᠲᠡᠢ᠌ᠰᠢ ᠤᠷᠲᠤᠳᠬᠠᠵᠤ ᠪᠣᠯᠤᠨ᠎ᠠ᠂ ᠰᠤᠪᠢᠯᠠᠯᠲᠠ ᠵᠢᠨ ᠨᠥᠬᠥᠪᠥᠷᠢ ᠵᠢᠨ ᠬᠠᠮᠤᠷᠬᠤ ᠬᠡᠪᠴᠢᠶ᠎ᠡ ᠵᠢ ᠭᠤᠷᠪᠠᠳᠤᠭ᠋ᠠᠷ᠂ ᠳᠥᠷᠪᠡᠳᠦᠭᠡᠷ ᠳᠡᠰ᠎ᠤᠨ ᠣᠶᠤᠨ᠂ ᠮᠡᠳᠡᠷᠡᠯ᠎ᠨᠢ ᠵᠡᠮᠳᠡᠭ ᠬᠦᠮᠦᠰ ᠪᠤᠶᠤ ᠪᠤᠰᠤᠳ ᠵᠡᠮᠳᠡᠭᠴᠦᠳ ᠲᠡᠢ᠌ᠰᠢ ᠤᠷᠲᠤᠳᠬᠠᠵᠤ ᠪᠣᠯᠤᠨ᠎ᠠ᠃
      2. ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠲᠣᠭᠲᠠᠭ᠋ᠠᠯ᠎ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠭᠠᠵᠠᠷ᠎ᠤᠨ᠎ᠬᠢᠨ 《ᠬᠦᠴᠢᠷᠳᠡᠯᠲᠡᠶ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠥᠷᠢ ᠵᠢᠨ ᠲᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2015] 52 ᠳ᠋ᠤᠭ᠋ᠠᠷ ᠲᠣᠭ᠋ᠠᠲᠤ) ᠪᠤᠯᠤᠨ 《ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠠᠰᠠᠭᠤᠳᠠᠯ᠎ᠤᠨ ᠲᠤᠬᠠᠶ ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠢᠨ ᠮᠡᠳᠡᠭᠳᠡᠯ》 (ᠠᠷᠠᠳ ᠲᠠᠷᠬᠠᠭ᠋ᠠᠭᠰᠠᠨ [2016] 99 ᠳ᠋ᠦᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠵᠡᠮᠳᠡᠭᠴᠦᠳ᠎ᠤᠨ ᠬᠣᠶᠠᠷ ᠨᠥᠬᠥᠪᠥᠷᠢ ᠵᠢ ᠨᠡᠶ᠋ᠢᠭᠡᠮ᠎ᠤᠨ ᠠᠰᠠᠷᠠᠮᠵᠢ᠂ ᠨᠡᠶ᠋ᠢᠭᠡᠮ᠎ᠤᠨ ᠲᠤᠰᠠᠯᠠᠮᠵᠢ᠂ ᠨᠡᠶ᠋ᠢᠭᠡᠮ᠎ᠤᠨ ᠳᠠᠭ᠋ᠠᠳᠬᠠᠯ ᠵᠡᠷᠭᠡ ᠲᠥᠷᠥ ᠵᠢᠨ ᠪᠣᠳᠣᠯᠭ᠎ᠠ᠎ᠯᠤᠭ᠎ᠠ ᠪᠣᠳᠠᠲᠠᠶ ᠵᠣᠯᠭ᠋ᠠᠭᠤᠯᠬᠤ ᠠᠷᠭ᠎ᠠ ᠵᠢ ᠨᠠᠷᠢᠯᠢᠬ᠍ᠵᠢᠭᠤᠯᠬᠤ ᠪᠠ ᠲᠣᠳᠣᠷᠬᠠᠶ᠋ᠢᠯᠠᠨ᠎ᠠ᠃ ᠠᠰᠠᠷᠠᠮᠵᠢ ᠵᠢᠨ ᠬᠡᠪᠴᠢᠶᠡᠨ᠎ᠳᠤ ᠤᠷᠤᠬᠰᠠᠨ ᠮᠥᠷᠲᠡᠭᠡᠨ ᠨᠢᠭᠡᠨᠲᠡ ᠨᠥᠬᠥᠪᠥᠷᠢ ᠭᠥᠷᠳᠡᠭᠰᠡᠨ ᠵᠡᠮᠳᠡᠭᠴᠤᠳ᠎ᠲᠤ ᠵᠣᠬᠢᠬᠤ ᠲᠠᠰ ᠳᠠᠪᠬᠤᠷᠭ᠎ᠠ ᠵᠢᠨ ᠣᠷᠣᠨ ᠨᠤᠲᠤᠭ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠶᠣᠰᠣᠭ᠋ᠠᠷ ᠦᠷᠭᠦᠯᠵᠢᠯᠡᠨ ᠨᠥᠬᠥᠪᠥᠷᠢ ᠣᠯᠭᠣᠵᠤ ᠪᠣᠯᠤᠨ᠎ᠠ᠂ ᠭᠡᠬᠦ᠎ᠳᠤ᠎ᠪᠠᠨ ᠥᠨᠳᠥᠷ᠎ᠢ᠎ᠨᠢ ᠰᠣᠩᠭᠣᠬᠤ ᠵᠠᠷᠴᠢᠮ ᠶᠣᠰᠣᠭ᠋ᠠᠷ ᠲᠥᠷᠥᠯ ᠬᠤᠪᠢᠶᠠᠨ ᠡᠮᠬᠢᠯᠡᠨ ᠨᠡᠶ᠋ᠢᠯᠡᠭᠦᠯᠬᠦ ᠵᠢ ᠠᠯᠬᠤᠮ ᠠᠯᠬᠤᠮ ᠵᠶ᠋ᠠᠷ ᠶᠠᠪᠤᠭᠳᠠᠭᠤᠯᠤᠨ᠎ᠠ᠃ ᠬᠦᠨᠳᠡᠯᠡᠨ ᠭᠠᠵᠠᠷ ᠣᠴᠢᠵᠤ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠭᠥᠷᠳᠡᠭᠰᠡᠨ ᠵᠡᠮᠳᠡᠭ ᠰᠣᠷᠣᠭᠴᠢ ᠵᠢ ᠤᠤᠯ᠎ᠤᠨ ᠡᠷᠦᠬᠡ ᠠᠮᠠ ᠵᠢᠨ ᠲᠠᠩᠰᠠ ᠪᠥᠬᠥᠶ ᠬᠡᠷ ᠪᠦᠯᠢ ᠵᠢᠨ ᠪᠦᠷᠢᠯᠳᠦᠬᠦᠨ ᠵᠶ᠋ᠠᠷ ᠦᠵᠡᠵᠦ᠂ ᠵᠠᠷᠴᠢᠮ ᠳᠡᠭᠡᠷ᠎ᠡ᠎ᠪᠠᠨ ᠤᠤᠯ᠎ᠤᠨ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠠᠴᠠ᠎ᠪᠠᠨ ᠨᠥᠬᠥᠪᠥᠷᠢ ᠭᠤᠶᠤᠴᠢᠯᠠᠨ ᠠᠪᠬᠤ ᠬᠡᠷᠡᠭᠲᠡᠶ᠃ ᠨᠥᠬᠥᠪᠥᠷᠢ ᠵᠢᠨ ᠲᠥᠷᠥᠯ ᠢᠯᠭ᠋ᠠᠯ ᠪᠠ ᠪᠠᠷᠢᠮᠵᠢᠶ᠎ᠠ ᠵᠢ ᠨᠠᠷᠢᠨ ᠬᠤᠪᠢᠶᠠᠷᠢᠯᠠᠭᠰᠠᠨ ᠭᠠᠵᠠᠷ ᠣᠷᠣᠨ᠎ᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠡᠷ ᠪᠦᠯᠢ ᠵᠡᠷᠭᠡ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠲᠥᠷᠥ ᠵᠢᠨ ᠪᠣᠳᠣᠯᠭ᠎ᠠ ᠪᠤᠯᠤᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ ᠵᠡᠷᠭᠡ ᠨᠡᠶ᠋ᠢᠭᠡᠮ᠎ᠤᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ ᠠᠷᠭ᠎ᠠ ᠵᠢ ᠲᠣᠳᠣᠷᠬᠠᠶ᠋ᠢᠯᠠᠬᠤ ᠬᠡᠷᠡᠭᠲᠡᠶ᠃ ᠭᠡᠷᠡᠴᠢ ᠪᠠᠷᠢᠮᠲᠠ᠎ᠪᠠᠷ ᠲᠠᠩᠰᠠ ᠲᠠᠶ᠋ᠢᠯᠬᠤ ᠪᠤᠶᠤ ᠵᠠᠰᠠᠭ᠎ᠤᠨ ᠣᠷᠳᠣᠨ ᠦᠢ᠍ᠯᠡᠴᠢᠯᠡᠬᠡ ᠬᠤᠳᠠᠯᠳᠤᠨ ᠠᠪᠴᠤ ᠦᠭᠭᠦ ᠬᠡᠯᠪᠡᠷᠢ᠎ᠪᠠᠷ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠥᠷᠢ ᠣᠯᠭᠣᠭᠰᠠᠨ ᠭᠠᠵᠠᠷ ᠣᠷᠣᠨ᠎ᠨᠢ ᠪᠤᠰᠤᠳ ᠦᠢ᠍ᠯᠡᠴᠢᠯᠡᠬᠡᠨ᠎ᠤ ᠨᠥᠬᠥᠪᠥᠷᠢ᠎ᠯᠦᠭᠡ ᠵᠣᠯᠭ᠋ᠠᠭᠤᠯᠬᠤ ᠠᠷᠭ᠎ᠠ ᠵᠢ ᠲᠣᠳᠣᠷᠬᠠᠶ᠋ᠢᠯᠠᠬᠤ ᠬᠡᠷᠡᠭᠲᠡᠶ᠃
      3. ᠨᠥᠬᠥᠪᠥᠷᠢ ᠵᠢᠨ ᠪᠠᠷᠢᠮᠵᠢᠶ᠎ᠠ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠵᠡᠮᠳᠡᠭᠴᠦᠳ᠎ᠤᠨ ᠠᠮᠢᠳᠤᠷᠠᠯ᠎ᠤᠨ ᠬᠦᠴᠢᠷᠳᠡᠯ᠎ᠤᠨ ᠬᠡᠮᠵᠢᠶ᠎ᠡ ᠪᠣᠯᠤᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠬᠡᠷᠡᠭᠴᠡᠭᠡ ᠱᠠᠭ᠋ᠠᠷᠳᠠᠯᠭ᠎ᠠ ᠵᠢ ᠬᠦᠢ᠍ᠴᠡᠳ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠪᠠᠷᠢᠮᠵᠢᠶ᠎ᠠ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠦᠷᠢᠨᠰᠢᠬᠦᠯᠵᠦ᠂ ᠨᠥᠬᠥᠪᠥᠷᠢ ᠵᠢᠨ ᠪᠠᠷᠢᠮᠵᠢᠶ᠎ᠠ ᠵᠢ ᠲᠤᠬᠠᠶ ᠵᠢᠨ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠡᠳ᠋᠎ᠤᠨ ᠵᠠᠰᠠᠭ᠎ᠤᠨ  ᠲᠠᠭ᠋ᠠᠭ᠋ᠠᠴᠨ᠎ᠯᠤᠭ᠎ᠠ ᠵᠣᠬᠢᠴᠠᠭᠤᠯᠬᠤ ᠵᠢᠨ ᠬᠠᠮᠲᠤ ᠵᠡᠮᠳᠡᠭᠴᠦᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠪᠣᠯᠤᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠬᠡᠷᠡᠭᠴᠡᠭᠡ ᠱᠠᠭ᠋ᠠᠷᠳᠠᠯᠭ᠎ᠠ ᠵᠢ ᠬᠠᠮᠲᠤ᠎ᠳᠤ᠎ᠨᠢ ᠬᠠᠷᠠᠭ᠋ᠠᠯᠵᠠᠬᠤ ᠬᠡᠷᠡᠭᠲᠡᠶ᠃ ᠠᠮᠢᠳᠤᠷᠠᠯ᠎ᠤᠨ ᠨᠥᠬᠥᠪᠥᠷᠢ ᠵᠢᠨ ᠪᠠᠷᠢᠮᠵᠢᠶ᠎ᠠ ᠵᠢ ᠲᠤᠬᠠᠶ ᠵᠢᠨ ᠭᠠᠵᠠᠷ᠎ᠤᠨ ᠵᠡᠮᠳᠡᠭᠴᠦᠳ᠎ᠤᠨ ᠦᠨᠳᠦᠰᠦᠨ ᠠᠮᠢᠳᠤᠷᠠᠯ᠎ᠤᠨ ᠵᠠᠷᠤᠯᠭ᠎ᠠ ᠪᠤᠯᠤᠨ ᠵᠡᠮᠳᠡᠭ᠎ᠠᠴᠠ ᠪᠣᠯᠵᠣ ᠨᠡᠮᠡᠭᠳᠡᠭᠰᠡᠨ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠵᠠᠷᠤᠯᠭ᠎ᠠ ᠵᠢᠨ ᠵᠣᠬᠢᠬᠤ ᠬᠠᠷᠢᠴᠠᠯ ᠵᠶ᠋ᠠᠷ ᠯᠠᠪᠯᠠᠯᠲᠠ ᠪᠣᠯᠭ᠋ᠠᠵᠤ ᠲᠣᠭᠲᠠᠭ᠋ᠠᠬᠤ ᠬᠡᠷᠡᠭᠲᠡᠶ᠃ ᠰᠤᠪᠢᠯᠠᠯᠲᠠ ᠵᠢᠨ ᠨᠥᠬᠥᠪᠥᠷᠢ ᠵᠢᠨ ᠪᠠᠷᠢᠮᠵᠢᠶ᠎ᠠ ᠵᠢ ᠲᠤᠬᠠᠶ ᠵᠢᠨ ᠭᠠᠵᠠᠷ᠎ᠤᠨ ᠵᠡᠮᠳᠡᠭᠴᠦᠳ᠎ᠤᠨ ᠰᠤᠪᠢᠯᠠᠯᠲᠠ ᠵᠢᠨ ᠦᠢ᠍ᠯᠡᠳᠬᠦᠨ ᠪᠠ ᠰᠤᠪᠢᠯᠠᠯᠲᠠ ᠵᠢᠨ ᠦᠢ᠍ᠯᠡᠴᠢᠯᠡᠬᠡ ᠬᠤᠳᠠᠯᠳᠤᠨ ᠠᠪᠬᠤ ᠵᠡᠷᠭᠡ ᠦᠨᠳᠦᠰᠦᠨ ᠰᠤᠪᠢᠯᠠᠯᠲᠠ ᠵᠢᠨ ᠵᠠᠷᠤᠯᠭ᠎ᠠ ᠵᠢᠨ ᠥᠪᠡᠷ᠎ᠤᠨ ᠥᠷᠲᠡᠭ᠎ᠤᠨ ᠵᠣᠬᠢᠬᠤ ᠬᠠᠷᠢᠴᠠᠯ ᠵᠶ᠋ᠠᠷ ᠯᠠᠪᠯᠠᠯᠲᠠ ᠪᠣᠯᠭ᠋ᠠᠨ ᠲᠣᠭᠲᠠᠭ᠋ᠠᠬᠤ ᠬᠡᠷᠡᠭᠲᠡᠶ᠃ ᠨᠥᠬᠥᠪᠥᠷᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ᠎ᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠤᠯᠤᠩ᠂ ᠮᠡᠳᠡᠭᠡ ᠵᠠᠩᠭᠢ ᠵᠢᠨ ᠲᠠᠪᠴᠠᠩ᠂ ᠰᠦᠯᠵᠢᠶᠡᠨ᠎ᠤ ᠵᠠᠭᠤᠴᠢᠯᠠᠭᠤᠷ ᠵᠡᠷᠭᠡ᠎ᠪᠠᠷ ᠨᠡᠶ᠋ᠢᠭᠡᠮ᠎ᠳᠤ ᠴᠠᠭ ᠲᠠᠷᠤᠢ᠎ᠳᠤ᠎ᠨᠢ ᠢᠯᠡ ᠨᠡᠶ᠋ᠢᠲᠡᠯᠡᠬᠦ ᠬᠡᠷᠡᠭᠲᠡᠶ᠃
      4. ᠨᠥᠬᠥᠪᠥᠷᠢ᠎ᠠᠴᠠ ᠭᠠᠷᠭ᠋ᠠᠬᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠤᠨ᠎ᠠ᠃ ᠵᠡᠮᠳᠡᠭᠴᠦᠳ᠎ᠤᠨ ᠬᠣᠶᠠᠷ ᠨᠥᠬᠥᠪᠥᠷᠢ ᠭᠤᠶᠤᠴᠢᠯᠠᠬᠤ᠂ ᠳᠣᠭᠢᠷᠠᠭᠤᠯᠬᠤ ᠪᠠ ᠪᠤᠴᠠᠭ᠋ᠠᠨ ᠭᠠᠷᠭ᠋ᠠᠬᠤ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠵᠡᠮᠳᠡᠭᠴᠦᠳ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠡᠷ ᠪᠦᠯᠢ ᠵᠢᠨ ᠬᠡᠪᠴᠢᠶ᠎ᠡ᠎ᠠᠴᠠ ᠤᠬᠤᠷᠢᠨ ᠭᠠᠷᠬᠤ᠂ ᠵᠡᠮᠳᠡᠭᠴᠦᠳ ᠨᠦᠭᠴᠢᠭᠰᠡᠨ᠂ ᠡᠷᠦᠬᠡ ᠠᠮᠠ᠎ᠪᠠᠨ ᠰᠢᠯᠵᠢᠬᠦᠯᠦᠭᠰᠡᠨ᠂ ᠵᠡᠮᠳᠡᠭᠴᠦᠳ᠎ᠤᠨ ᠦᠨᠡᠮᠯᠡᠯ᠎ᠤᠨ ᠬᠤᠭᠤᠴᠠᠭ᠎ᠠ᠎ᠨᠢ ᠬᠡᠳᠤᠷᠡᠭᠰᠡᠨ᠂ ᠵᠡᠮᠳᠡᠭᠴᠦᠳ᠎ᠤᠨ ᠦᠨᠡᠮᠯᠡᠯ᠎ᠢ᠎ᠨᠢ ᠴᠡᠪᠳᠡᠭᠯᠡᠭᠰᠡᠨ᠂ ᠵᠡᠮᠳᠡᠭᠴᠦᠳ᠎ᠤᠨ ᠦᠨᠡᠮᠯᠡᠯ᠎ᠢ ᠬᠦᠴᠦᠨ ᠥᠬᠡᠶ ᠪᠤᠯᠭ᠋ᠠᠬᠰᠠᠨ ᠵᠡᠷᠭᠡ ᠨᠥᠬᠥᠪᠥᠷᠢ ᠤᠯᠭᠤᠬᠤ ᠨᠥᠬᠥᠴᠡᠯ᠎ᠳᠤ ᠨᠡᠶ᠋ᠢᠴᠡᠬᠦ᠎ᠪᠠᠨ ᠪᠤᠯᠢᠬᠰᠠᠨ ᠪᠤᠯ᠂ ᠳᠠᠷᠠᠭ᠎ᠠ ᠰᠠᠷ᠎ᠠ᠎ᠠᠴᠠ᠎ᠨᠢ ᠡᠬᠢᠯᠡᠬᠡᠳ ᠨᠥᠬᠥᠪᠥᠷᠢ ᠵᠢ ᠵᠣᠭᠰᠣᠭ᠋ᠠᠬᠤ ᠬᠡᠷᠡᠭᠲᠡᠶ᠃ ᠨᠥᠬᠥᠪᠥᠷᠢ ᠤᠯᠬᠤ ᠬᠤᠭᠤᠴᠠᠭ᠋ᠠᠨ᠎ᠳᠤ ᠠᠷᠠᠳ᠎ᠤᠨ ᠰᠢᠭᠦᠬᠦ ᠬᠣᠷᠢᠶ᠎ᠠ᠎ᠳᠤ ᠬᠤᠭᠤᠴᠠᠭ᠎ᠠ᠎ᠲᠠᠢ ᠬᠣᠷᠢᠬᠤ ᠡᠷᠡᠭᠦᠤ᠎ᠠᠴᠠ ᠳᠡᠭᠡᠭᠰᠢ ᠡᠷᠡᠭᠦᠤ ᠰᠢᠢ᠍ᠳᠬᠡᠯ ᠵᠶ᠋ᠠᠷ ᠰᠢᠢ᠍ᠳᠭᠡᠭᠳᠡᠭᠰᠡᠨ ᠪᠥᠭᠡᠳ ᠭᠢᠨᠳᠠᠨ᠎ᠳᠤ ᠡᠷᠡᠭᠦᠤ ᠰᠢᠳᠬᠡᠯ ᠬᠦᠢ᠍ᠴᠡᠳᠬᠡᠬᠦ ᠴᠢᠬᠤᠯᠠᠲᠠᠶ ᠵᠡᠮᠳᠡᠭᠴᠦᠳ᠎ᠲᠤ ᠲᠠᠰᠤᠯᠤᠯᠲᠠ ᠬᠦᠴᠦᠨ᠎ᠲᠠᠢ ᠪᠣᠯᠤᠭᠰᠠᠨ᠎ᠤ ᠳᠠᠷᠠᠭ᠎ᠠ ᠰᠠᠷ᠎ᠠ᠎ᠠᠴᠠ᠎ᠨᠢ ᠡᠬᠢᠯᠡᠨ ᠨᠥᠬᠥᠪᠥᠷᠢ ᠥᠭᠬᠦ ᠵᠢ ᠵᠣᠭᠰᠣᠭ᠋ᠠᠵᠤ᠂ ᠡᠷᠡᠭᠦᠤ ᠰᠢᠢ᠍ᠳᠬᠡᠯ ᠬᠦᠢ᠍ᠴᠡᠳᠬᠡᠬᠦ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠨᠥᠬᠥᠴᠡᠯ᠎ᠳᠤ ᠨᠡᠢ᠌ᠴᠡᠪᠡᠯ ᠵᠢᠷᠤᠮ ᠶᠣᠰᠣᠭ᠋ᠠᠷ ᠲᠠᠬᠢᠵᠤ ᠨᠥᠬᠥᠪᠥᠷᠢ ᠭᠤᠶᠤᠴᠢᠯᠠᠵᠤ ᠪᠣᠯᠤᠨ᠎ᠠ᠃
 (ᠬᠣᠶᠠᠷ) ᠨᠥᠬᠥᠪᠥᠷᠢ ᠭᠤᠶᠤᠴᠢᠯᠠᠬᠤ ᠲᠠᠰ ᠳᠠᠷᠠᠭ᠋ᠠᠯᠠᠯ ᠪᠠ ᠬᠠᠮᠢᠶᠠᠷᠤᠯᠲᠠ ᠵᠢᠨ ᠠᠷᠭ᠎ᠠ ᠵᠢ ᠥᠭᠡᠷᠡᠴᠢᠯᠡᠨ ᠲᠡᠭᠦᠯᠳᠡᠷᠵᠢᠭᠦᠯᠦᠨ᠎ᠡ᠃
     5. ᠨᠥᠬᠥᠪᠥᠷᠢ ᠵᠢ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠬᠤ ᠲᠤᠬᠠᠶ ᠲᠣᠭᠲᠠᠭ᠋ᠠᠯ᠂ ᠵᠡᠮᠳᠡᠭᠴᠦᠳ᠎ᠤᠨ ᠰᠠᠶ᠋ᠢᠨ ᠳᠤᠷ᠎ᠠ᠎ᠠᠴᠠ᠎ᠪᠠᠨ ᠨᠥᠬᠥᠪᠥᠷᠢ ᠭᠤᠶᠤᠴᠢᠯᠠᠬᠤ ᠪᠠ ᠭᠤᠶᠤᠴᠢᠯᠠᠯ᠎ᠢ ᠣᠷᠣᠯᠠᠨ ᠬᠦᠢ᠍ᠴᠡᠳᠬᠡᠬᠦ ᠲᠠᠰ ᠳᠠᠷᠠᠭ᠋ᠠᠯᠠᠯ᠎ᠢ ᠤᠯᠠᠮ ᠨᠠᠷᠢᠯᠢᠬ᠍ᠵᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠴᠢᠳᠠᠮᠵᠢ ᠵᠢ ᠨᠡᠮᠡᠭᠳᠡᠭᠦᠯᠵᠦ᠂ ᠵᠡᠮᠳᠡᠭᠴᠦᠳ᠎ᠢ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠲᠤ ᠯᠨ ᠬᠢᠵᠠᠭ᠋ᠠᠷᠯᠠᠭᠳᠠᠬᠤ ᠥᠬᠡᠶ᠎ᠪᠠᠷ ᠣᠨᠳᠣᠤ ᠭᠠᠵᠠᠷ᠎ᠲᠤ ᠨᠥᠬᠥᠪᠥᠷᠢ ᠭᠤᠶᠤᠴᠢᠯᠠᠬᠤ ᠬᠢᠷᠢ ᠬᠡᠮ᠎ᠲᠠᠢ ᠪᠣᠯᠭ᠋ᠠᠵᠤ᠂ ᠨᠥᠬᠥᠪᠥᠷᠢ ᠵᠢ ᠮᠥᠨ ᠬᠦ᠌ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠲᠤ᠎ᠨᠢ ᠬᠢᠨᠠᠨ ᠬᠠᠷᠭᠤᠭᠤᠯᠵᠤ ᠣᠯᠭᠣᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠵᠡᠮᠳᠡᠭᠴᠦᠳ᠎ᠢ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠡᠷ ᠪᠦᠯᠢ ᠵᠢᠨ ᠬᠡᠪᠴᠢᠶᠡᠨ᠎ᠳᠤ ᠰᠢᠨ᠎ᠡ᠎ᠪᠠᠷ ᠣᠷᠣᠭᠤᠯᠤᠭᠰᠠᠨ᠎ᠤ ᠳᠠᠷᠠᠭ᠎ᠠ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ᠂ ᠭᠤᠶᠤᠴᠢᠯᠠᠭᠴᠢ ᠵᠢᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠰᠢᠭᠤᠳ ᠨᠥᠬᠥᠪᠥᠷᠢ ᠥᠭᠬᠦ ᠬᠢᠷᠢ ᠬᠡᠮ᠎ᠤᠨ ᠠᠩᠬᠠᠨ᠎ᠤ ᠬᠢᠨᠠᠯᠲᠠ ᠬᠢᠨ᠎ᠡ᠃ ᠪᠤᠰᠤᠳ ᠬᠦᠴᠢᠷᠳᠡᠯᠲᠡᠶ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ᠂ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠥᠷᠢ ᠭᠥᠷᠳᠡᠬᠦ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠮᠥᠨ ᠤᠤᠯ᠎ᠤᠨ ᠲᠠᠰ ᠳᠠᠷᠠᠭ᠋ᠠᠯᠠᠯ ᠵᠶ᠋ᠠᠷ ᠬᠦᠢ᠍ᠴᠡᠳᠬᠡᠨ᠎ᠡ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠪᠤᠶᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠡᠷ ᠪᠦᠯᠢ ᠵᠢᠨ ᠬᠡᠪᠴᠢᠶᠡᠨ᠎ᠳᠤ ᠰᠢᠨ᠎ᠡ᠎ᠪᠠᠷ ᠣᠷᠣᠭᠤᠯᠤᠭᠰᠠᠨ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠤᠨ ᠵᠣᠬᠢᠶᠠᠨ ᠪᠠᠶ᠋ᠢᠭᠤᠯᠤᠯᠲᠠ᠎ᠠᠴᠠ ᠵᠡᠮᠳᠡᠭᠴᠦᠳ᠎ᠤᠨ ᠦᠨᠡᠮᠯᠡᠯ ᠰᠢᠨ᠎ᠡ᠎ᠪᠠᠷ ᠠᠪᠤᠭᠰᠠᠨ ᠵᠡᠮᠳᠡᠭᠴᠦᠳ᠎ᠲᠤ ᠵᠡᠮᠳᠡᠭᠴᠦᠳ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠪᠢᠴᠢᠭ  ᠵᠶ᠋ᠡᠷ ᠨᠢᠭᠡ ᠯᠨ ᠤᠳᠠᠭ᠎ᠠ᠎ᠳᠤ ᠮᠡᠳᠡᠭᠳᠡᠬᠦ ᠬᠡᠷᠡᠭᠳᠡᠢ᠃ ᠵᠡᠮᠳᠡᠭᠴᠤᠳ ᠲᠦᠷᠤ ᠵᠢᠨ ᠪᠤᠳᠤᠯᠭ᠎ᠠ ᠵᠢ ᠮᠡᠳᠡᠭᠰᠡᠨ ᠪᠤᠯᠪᠠᠴᠤ ᠨᠥᠬᠥᠪᠥᠷᠢ ᠭᠤᠶᠤᠴᠢᠯᠠᠬᠰᠠᠨ ᠦᠬᠡᠢ ᠪᠤᠯ ᠰᠠᠶ᠋ᠢᠨ ᠳᠤᠷ᠎ᠠ᠎ᠠᠴᠠ᠎ᠪᠠᠨ ᠲᠠᠶᠠᠭᠳᠠᠭᠰᠠᠨ ᠵᠶ᠋ᠠᠷ ᠦᠵᠡᠨ᠎ᠡ᠃ ᠳᠠᠬᠢᠨᠲᠠ ᠭᠤᠶᠤᠴᠢᠯᠠᠪᠠᠯ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠴᠠᠭ ᠲᠤᠬᠠᠶ᠎ᠳᠤ᠎ᠨᠢ ᠭᠥᠯᠢᠶᠡᠨ ᠠᠪᠴᠤ ᠰᠢᠢ᠍ᠳᠪᠤᠷᠢᠯᠡᠬᠦ ᠬᠡᠷᠡᠭᠲᠡᠶ᠃
      6. ᠨᠥᠬᠥᠪᠥᠷᠢ ᠵᠢ ᠱᠠᠲᠤ ᠳᠠᠷᠠᠭ᠋ᠠᠯᠠᠨ ᠬᠢᠨᠠᠨ ᠬᠠᠷᠭᠤᠭᠤᠯᠬᠤ ᠠᠯᠬᠤᠮ᠎ᠢ ᠰᠢᠯᠢᠳᠡᠭᠵᠢᠭᠦᠯᠦᠨ᠎ᠡ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠨᠥᠬᠥᠴᠡᠯ᠎ᠲᠠᠢ ᠭᠠᠵᠠᠷ ᠣᠷᠣᠨ᠎ᠨᠢ ᠠᠵᠢᠯᠲᠠᠨ᠂ ᠪᠠᠶ᠋ᠢᠭᠤᠯᠤᠮᠵᠢ᠂ ᠲᠣᠭ᠎ᠠ ᠪᠠᠷᠢᠮᠲᠠ ᠵᠢ ᠬᠠᠷᠭᠤᠭᠤᠯᠤᠨ ᠰᠢᠢ᠍ᠳᠪᠤᠷᠢᠯᠡᠬᠦ ᠴᠢᠳᠠᠪᠤᠷᠢ ᠵᠢ ᠪᠦᠷᠢᠳᠦᠭᠦᠯᠦᠭᠰᠡᠨ ᠤᠷᠢᠲᠠᠯ ᠳᠣᠤᠷ᠎ᠠ ᠵᠡᠮᠳᠡᠭᠴᠦᠳ᠎ᠤᠨ ᠬᠣᠶᠠᠷ ᠨᠥᠬᠥᠪᠥᠷᠢ ᠵᠢ ᠬᠢᠨᠠᠨ ᠬᠠᠷᠭᠤᠭᠤᠯᠵᠤ ᠬᠢᠨᠠᠨ ᠲᠣᠭᠲᠠᠭ᠋ᠠᠬᠤ ᠡᠷᠬᠡ ᠮᠡᠳᠡᠯ᠎ᠢ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠪᠠᠭᠤᠯᠭ᠋ᠠᠵᠤ ᠪᠣᠯᠤᠨ᠎ᠠ᠃ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠬᠢᠨᠠᠨ ᠬᠠᠷᠭᠤᠭᠤᠯᠵᠤ ᠬᠢᠨᠠᠨ ᠲᠣᠭᠲᠠᠭ᠋ᠠᠭᠰᠠᠨ ᠨᠥᠬᠥᠪᠥᠷᠢ ᠵᠢᠨ ᠬᠢᠷᠢ ᠬᠡᠮ᠎ᠤᠨ ᠬᠢᠷᠢ ᠲᠡᠩᠴᠡᠭᠰᠡᠨ ᠮᠠᠲ᠋ᠧᠷᠢᠶᠠᠯ᠎ᠢ ᠬᠤᠷᠢᠶᠠᠩᠭᠤᠶ᠋ᠢᠯᠠᠵᠤ᠂ ᠰᠢᠶᠠᠨ᠎ᠤ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠎ᠲᠠᠢ ᠬᠠᠮᠲᠤᠷᠠᠨ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠪᠠᠢ᠌ᠭ᠋ᠠᠳ ᠪᠠᠯᠠ ᠮᠥᠩᠭᠥ ᠰᠢᠯᠵᠢᠭᠦᠯᠦᠨ ᠥᠭᠬᠦ ᠵᠢ ᠭᠤᠶᠤᠴᠢᠯᠠᠬᠤ ᠵᠢᠨ ᠬᠠᠮᠲᠤ ᠨᠥᠬᠥᠪᠥᠷᠢ ᠵᠢ ᠬᠢᠨᠠᠨ ᠬᠠᠷᠭᠤᠭᠤᠯᠬᠤ᠂ ᠣᠯᠭᠣᠬᠤ ᠶᠠᠪᠤᠴᠠ᠎ᠳᠤ᠎ᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠯᠡᠷᠡᠭᠦᠯᠦᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ ᠪᠠ ᠰᠦᠪᠡᠭᠴᠢ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠵᠡᠷᠭᠡ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠰᠢᠯᠵᠢᠭᠦᠯᠦᠨ ᠬᠦᠷᠭᠡᠵᠦ᠂ ᠬᠠᠮᠢᠶ᠎ᠠ ᠪᠥᠬᠥᠶ ᠰᠠᠯᠠᠭ᠎ᠠ ᠮᠥᠴᠢᠷ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠢᠶᠠᠨ᠎ᠤ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠎ᠨᠢ ᠵᠡᠮᠳᠡᠭᠴᠦᠳ᠎ᠤᠨ ᠦᠨᠡᠮᠯᠡᠯ᠎ᠤᠨ ᠬᠥᠳᠡᠯᠦᠩᠭᠦᠶ ᠬᠠᠮᠢᠶᠠᠷᠤᠯᠲᠠ ᠪᠠ ᠵᠡᠮᠳᠡᠭᠴᠦᠳ᠎ᠤᠨ ᠬᠥᠮᠦᠨ ᠠᠮᠠ ᠵᠢᠨ ᠲᠣᠭ᠎ᠠ ᠪᠠᠷᠢᠮᠲᠠ ᠵᠢᠨ ᠬᠥᠮᠥᠷᠭᠡ ᠵᠢᠨ ᠲᠣᠭ᠎ᠠ ᠪᠠᠷᠢᠮᠲᠠ ᠵᠢ ᠬᠠᠮᠠᠭ᠋ᠠᠯᠠᠬᠤ ᠵᠢ ᠬᠠᠷᠢᠭᠤᠴᠠᠵᠤ᠂ ᠵᠡᠮᠳᠡᠭᠴᠦᠳ᠎ᠤᠨ ᠦᠨᠡᠮᠯᠡᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠰᠢᠨᠡᠳᠬᠡᠨ ᠬᠦᠷᠭᠡᠬᠦ ᠵᠢᠨ ᠬᠠᠮᠲᠤ ᠨᠥᠬᠥᠪᠥᠷᠢ ᠵᠢᠨ ᠬᠢᠨᠠᠯᠲᠠ ᠬᠠᠮᠢᠶᠠᠷᠤᠯᠲᠠ ᠵᠢᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠤᠨ ᠰᠢᠶᠠᠨ᠎ᠤ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠎ᠨᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠠᠮᠳᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠵᠤ᠂ ᠤᠯᠠᠷᠢᠯ ᠪᠦᠷᠢ᠎ᠳᠤ ᠠᠳᠠᠭ᠎ᠲᠤ᠎ᠪᠠᠨ ᠨᠢᠭᠡ ᠤᠳᠠᠭ᠎ᠠ ᠨᠥᠬᠥᠪᠥᠷᠢ ᠭᠤᠶᠤᠴᠢᠯᠠᠬᠤ ᠪᠠ ᠵᠡᠮᠳᠡᠭᠴᠦᠳ᠎ᠤᠨ ᠦᠨᠡᠮᠯᠡᠯ᠎ᠤᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠴᠠᠭᠤᠯᠤᠨ᠂ ᠲᠣᠭ᠎ᠠ ᠪᠠᠷᠢᠮᠲᠠ ᠵᠢ ᠵᠠᠳᠠᠯᠤᠨ ᠰᠤᠳᠤᠯᠵᠤ ᠮᠠᠭ᠋ᠠᠳᠯᠠᠬᠤ᠎ᠪᠠᠨ ᠴᠢᠩᠭ᠋ᠠᠳᠬᠠᠵᠤ᠂ ᠰᠢᠰᠲ᠋ᠧᠮ᠎ᠤᠨ ᠲᠣᠭ᠎ᠠ ᠪᠠᠷᠢᠮᠲᠠ᠎ᠨᠢ ᠪᠣᠳᠠᠲᠤ ᠪᠠᠶ᠋ᠢᠳᠠᠯ᠎ᠲᠠᠢ ᠨᠢᠭᠡᠳᠦᠯᠲᠡᠶ ᠪᠠᠶ᠋ᠢᠬᠤ ᠵᠢ ᠪᠠᠲᠤᠯᠠᠬᠤ ᠬᠡᠷᠡᠭᠳᠡᠢ᠃
      7. ᠨᠥᠬᠥᠪᠥᠷᠢ ᠵᠢᠨ ᠭᠤᠶᠤᠳᠠᠯ᠎ᠢ ᠭᠥᠯᠢᠶᠡᠨ ᠠᠪᠴᠤ ᠰᠢᠢ᠍ᠳᠪᠤᠷᠢᠯᠡᠬᠦ᠎ᠳᠤ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠵᠢ ᠪᠡᠶᠡᠯᠡᠭᠦᠯᠦᠨ᠎ᠡ᠃ ᠨᠡᠶ᠋ᠢᠭᠡᠮ᠎ᠤᠨ ᠲᠤᠰᠠᠯᠠᠮᠵᠢ᠂ ᠨᠡᠶ᠋ᠢᠭᠡᠮ᠎ᠤᠨ ᠦᠢ᠍ᠯᠡᠴᠢᠯᠡᠬᠡᠨ᠎ᠤ 《ᠨᠢᠭᠡ ᠰᠠᠯᠠᠭ᠎ᠠ ᠮᠥᠴᠢᠷ᠎ᠨᠢ ᠭᠥᠯᠢᠶᠡᠨ ᠠᠪᠴᠤ᠂ ᠬᠠᠮᠵᠢᠯᠴᠠᠨ ᠬᠦᠢ᠍ᠴᠡᠳᠬᠡᠬᠦ》 ᠲᠣᠭᠲᠠᠴᠠ᠎ᠳᠤ ᠲᠦᠰᠢᠭᠯᠡᠨ᠂ ᠵᠡᠮᠳᠡᠭᠴᠦᠳ᠎ᠤᠨ ᠬᠣᠶᠠᠷ ᠨᠥᠬᠥᠪᠥᠷᠢ ᠵᠢᠨ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠤᠷᠢᠯᠡᠨ᠂ ᠨᠥᠬᠥᠪᠥᠷᠢ ᠵᠢᠨ ᠭᠤᠶᠤᠳᠠᠯ᠎ᠢ ᠭᠥᠯᠢᠶᠡᠨ ᠠᠪᠴᠤ ᠰᠢᠢ᠍ᠳᠪᠤᠷᠢᠯᠡᠬᠦ ᠭᠣᠭᠴᠣᠭ᠎ᠠ ᠵᠢ ᠳᠥᠭᠥᠮᠴᠢᠯᠡᠨ᠂ 《ᠳᠠᠷᠤᠶ᠋ᠢᠬᠠᠨ ᠬᠦᠢ᠍ᠴᠴᠡᠳᠬᠡᠬᠦ᠂ ᠣᠶ᠋ᠢᠷ᠎ᠠ ᠬᠠᠪᠢ᠎ᠳᠤ᠎ᠨᠢ  ᠬᠦᠢ᠍ᠴᠡᠳᠬᠡᠬᠦ᠂ ᠨᠢᠭᠡ ᠭᠠᠵᠠᠷ ᠣᠷᠣᠨ᠎ᠨᠢ ᠬᠦᠢ᠍ᠴᠡᠳᠬᠡᠬᠦ》 ᠵᠢ ᠪᠡᠶᠡᠯᠡᠭᠦᠯᠵᠦ᠂ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ᠎ᠢ ᠤᠯᠠᠮ ᠳᠡᠭᠡᠭᠰᠢᠯᠡᠭᠦᠯᠦᠨ᠎ᠡ᠃ 《ᠪᠥᠬᠥ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ》 ᠱᠠᠭ᠋ᠠᠷᠳᠠᠯᠭ᠎ᠠ ᠶᠣᠰᠣᠭ᠋ᠠᠷ᠂ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠦᠰᠢᠭᠯᠡᠨ ᠨᠥᠬᠥᠪᠥᠷᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠭᠤᠶᠤᠴᠢᠯᠠᠯ᠎ᠢ ᠨᠢᠭᠡᠳᠦᠯᠲᠡᠶ ᠭᠥᠯᠢᠶᠡᠨ ᠠᠪᠴᠤ ᠰᠢᠢ᠍ᠳᠪᠤᠷᠢᠯᠡᠨ᠎ᠡ᠂ ᠭᠥᠯᠢᠶᠡᠨ ᠠᠪᠬᠤ ᠴᠣᠩᠬᠣ᠎ᠠᠴᠠ ᠭᠤᠶᠤᠴᠢᠯᠠᠭᠰᠠᠨ ᠮᠡᠳᠡᠭᠡ ᠵᠠᠩᠭᠢ ᠵᠢ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠵᠤ᠂ ᠬᠠᠮᠢᠶ᠎ᠠ ᠪᠥᠬᠥᠶ ᠮᠠᠲ᠋ᠧᠷᠢᠶᠠᠯ᠎ᠤᠨ ᠳᠠᠭ᠋ᠠᠯᠳᠤᠭᠤᠯᠤᠯ᠎ᠢ ᠳᠠᠮᠵᠢᠭᠤᠯᠬᠤ ᠵᠢᠨ ᠬᠠᠮᠲᠤ ᠲᠤᠬᠠᠶ᠋ᠢᠯᠠᠭᠰᠠᠨ ᠠᠵᠢᠯ᠎ᠤᠨ ᠬᠠᠷᠢᠶ᠎ᠠ ᠭᠠᠵᠠᠷ᠎ᠲᠤ᠎ᠨᠢ 3 ᠠᠵᠢᠯᠯᠠᠬᠤ ᠡᠳᠦᠷ᠎ᠤᠨ ᠳᠣᠲᠣᠷ᠎ᠠ ᠬᠦᠷᠭᠡᠬᠦ ᠬᠡᠷᠡᠭᠲᠡᠶ᠃ ᠲᠤᠬᠠᠶ᠋ᠢᠯᠠᠭᠰᠠᠨ ᠠᠵᠢᠯ᠎ᠤᠨ ᠬᠠᠷᠢᠶ᠎ᠠ ᠭᠠᠵᠠᠷ᠎ᠨᠢ ᠭᠤᠶᠤᠴᠢᠯᠠᠭᠴᠢ᠎ᠳᠤ ᠠᠯᠤᠰ᠎ᠠᠴᠠ ᠬᠦᠢ᠍ᠴᠡᠳᠬᠡᠵᠤ ᠦᠭᠭᠦ ᠵᠢᠨ ᠬᠠᠮᠲᠤ ᠨᠥᠬᠥᠪᠥᠷᠢ ᠥᠭᠬᠦ ᠨᠥᠬᠥᠴᠡᠯ᠎ᠳᠤ ᠨᠡᠶ᠋ᠢᠴᠡᠬᠦ ᠡᠰᠡᠬᠦ ᠵᠢ 10 ᠠᠵᠢᠯᠯᠠᠬᠤ ᠡᠳᠦᠷ᠎ᠤᠨ ᠳᠣᠲᠣᠷ᠎ᠠ ᠮᠠᠭ᠋ᠠᠳᠯᠠᠨ ᠲᠣᠭᠲᠠᠭ᠋ᠠᠨ᠎ᠠ᠃ ᠰᠢᠰᠲᠸᠮ ᠵᠶ᠋ᠡᠨ ᠥᠪᠡᠷᠲᠡᠭᠡᠨ ᠪᠠᠶ᠋ᠢᠭᠤᠯᠤᠭᠰᠠᠨ ᠮᠤᠵᠢ᠎ᠨᠢ ᠪᠥᠬᠥ ᠤᠯᠤᠰ᠎ᠤᠨ ᠵᠡᠮᠳᠡᠭᠴᠦᠳ᠎ᠤᠨ ᠬᠤᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ ᠵᠶ᠋ᠡᠷ ᠭᠤᠶᠤᠴᠢᠯᠠᠬᠰᠠᠨ᠎ᠢ ᠴᠠᠭ ᠲᠤᠬᠠᠶ᠎ᠳᠤ᠎ᠨᠢ ᠭᠥᠯᠢᠶᠡᠨ ᠠᠪᠴᠤ᠂ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠵᠦᠢ᠍ᠯᠡᠰ᠎ᠢ ᠬᠦᠢ᠍ᠴᠡᠳᠬᠡᠬᠦ ᠬᠡᠷᠡᠭᠲᠡᠶ᠃ ᠴᠣᠩᠬᠤᠪᠴᠢ ᠵᠢᠨ ᠠᠵᠢᠯᠲᠠᠨ᠎ᠤ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠥᠷᠨᠢᠭᠦᠯᠵᠦ᠂ ᠦᠢ᠍ᠯᠡᠴᠢᠯᠡᠬᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ 2021 ᠣᠨ᠎ᠤ ᠰᠡᠭᠦᠯᠴᠢ᠎ᠠᠴᠠ ᠡᠮᠦᠨ᠎ᠡ ᠨᠥᠬᠥᠪᠥᠷᠢ ᠥᠭᠬᠦ ᠬᠢᠷᠢ ᠬᠡᠮ᠎ᠢ ᠮᠠᠭ᠋ᠠᠳᠯᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ 《ᠮᠤᠵᠢ ᠠᠯᠤᠰᠯᠠᠨ ᠨᠡᠶ᠋ᠢᠳᠡᠮ ᠲᠤᠭᠤᠰᠢᠳᠠᠢ ᠬᠦᠢ᠍ᠴᠡᠳᠬᠡᠬᠦ》 ᠡᠭᠦᠷᠭᠡ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠪᠡᠶᠡᠯᠡᠭᠦᠯᠬᠦ ᠵᠢ ᠪᠠᠳᠤᠯᠠᠬᠤ ᠬᠡᠷᠡᠭᠳᠡᠢ᠃
      8. ᠨᠥᠬᠥᠪᠥᠷᠢ ᠵᠢ ᠲᠣᠭᠲᠠᠮᠠᠯ ᠬᠤᠭᠤᠴᠠᠭ᠎ᠠ᠎ᠪᠠᠷ ᠳᠠᠬᠢᠨ ᠬᠢᠨᠠᠬᠤ ᠲᠣᠭᠲᠠᠴᠠ ᠵᠢ ᠴᠢᠩᠭ᠋ᠠᠷᠠᠭᠤᠯᠤᠨ᠎ᠠ᠃ ᠡᠯ᠎ᠡ ᠭᠠᠵᠠᠷ᠎ᠤᠨ᠎ᠬᠢᠨ ᠮᠤᠵᠢ ᠬᠣᠲᠠ᠎ᠠᠴᠠ ᠨᠢᠭᠡᠳᠦᠯᠲᠡᠶ ᠲᠥᠯᠥᠪᠯᠡᠬᠦ᠂ ᠰᠢᠶᠠᠨ᠎ᠤ ᠱᠠᠲᠤᠨ᠎ᠠᠴᠠ ᠰᠤᠭᠤᠴᠢᠨ ᠪᠠᠶ᠋ᠢᠴᠠᠭ᠋ᠠᠬᠤ᠂ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠬᠡᠷᠡᠭᠵᠢᠭᠦᠯᠬᠦ ᠵᠠᠷᠴᠢᠮ ᠶᠣᠰᠣᠭ᠋ᠠᠷ᠂ ᠨᠥᠬᠥᠪᠥᠷᠢ ᠬᠦᠷᠳᠡᠭᠴᠢᠳ᠎ᠢ ᠲᠣᠭᠲᠠᠮᠠᠯ ᠬᠤᠭᠤᠴᠠᠭ᠎ᠠ᠎ᠪᠠᠷ ᠳᠠᠬᠢᠨ ᠬᠢᠨᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠳᠠᠬᠢᠨ ᠬᠢᠨᠠᠬᠤ᠎ᠳᠤ᠎ᠪᠠᠨ ᠲᠣᠭ᠎ᠠ ᠪᠠᠷᠢᠮᠲᠠ ᠵᠢ ᠬᠠᠷᠢᠴᠠᠭᠤᠯᠬᠤ᠂ ᠡᠷᠦᠬᠡ᠎ᠳᠤ ᠬᠦᠷᠴᠦ ᠰᠤᠷᠪᠤᠯᠵᠢᠯᠠᠬᠤ᠂ ᠪᠠᠶ᠋ᠢᠴᠠᠭ᠋ᠠᠨ ᠰᠤᠳᠤᠯᠵᠤ ᠶᠠᠷᠢᠯᠴᠠᠬᠤ ᠵᠡᠷᠭᠡ ᠠᠷᠭ᠎ᠠ  ᠠᠷᠭ᠎ᠠ᠎ᠪᠠᠷ ᠶᠠᠪᠤᠭᠳᠠᠭᠤᠯᠵᠤ ᠪᠣᠯᠤᠨ᠎ᠠ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠮᠤᠵᠢ ᠵᠢᠨ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠎ᠲᠠᠢ ᠬᠠᠮᠲᠤᠷᠠᠨ ᠨᠥᠬᠥᠪᠥᠷᠢ ᠬᠦᠷᠳᠡᠭᠴᠢ ᠪᠤᠯᠤᠨ ᠨᠥᠬᠥᠪᠥᠷᠢ ᠣᠯᠭᠣᠭᠰᠠᠨ ᠪᠠᠶ᠋ᠢᠳᠠᠯ᠎ᠢ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠲᠠᠬᠢᠨ ᠬᠢᠨᠠᠬᠤ ᠵᠢᠨ ᠬᠠᠮᠲᠤ ᠲᠠᠬᠢᠨ ᠬᠢᠨᠠᠭᠰᠠᠨ ᠦᠷ᠎ᠡ ᠳ᠋ᠦᠩ᠎ᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ᠎ᠯᠤᠭ᠎ᠠ ᠵᠣᠬᠢᠴᠠᠭᠤᠯᠤᠨ ᠠᠬᠢᠭᠤᠯᠤᠨ᠎ᠠ᠃ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠲᠣᠰᠬᠣᠨ (ᠨᠡᠶ᠋ᠢᠭᠡᠮ ᠲᠣᠭᠣᠷᠢᠭ)᠎ᠳᠤ ᠲᠦᠰᠢᠭᠯᠡᠬᠦ ᠵᠢᠨ ᠬᠠᠮᠲᠤ ᠵᠡᠮᠳᠡᠭᠴᠦᠳ᠂ ᠵᠡᠮᠳᠡᠭᠴᠦᠳ᠎ᠤᠨ ᠬᠠᠤᠯᠢ᠎ᠪᠠᠷ ᠲᠣᠭᠲᠠᠭ᠋ᠠᠭᠰᠠᠨ ᠬᠠᠷᠠᠭ᠋ᠠᠯᠵᠠᠨ ᠬᠠᠮᠠᠭ᠋ᠠᠯᠠᠭᠴᠢ ᠪᠤᠶᠤ ᠬᠠᠤᠯᠢ᠎ᠪᠠᠷ ᠲᠣᠭᠲᠠᠭ᠋ᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠡᠭᠦᠷᠭᠡᠲᠦ ᠬᠥᠮᠦᠨ ᠵᠡᠷᠭᠡ᠎ᠨᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠬᠦ ᠠᠷᠭ᠎ᠠ᠎ᠲᠠᠢ ᠤᠶᠠᠯᠳᠤᠭᠤᠯᠤᠨ᠂ ᠵᠡᠮᠳᠡᠭ ᠬᠥᠮᠦᠨ ᠨᠦᠭᠴᠢᠭᠰᠡᠨ᠂ ᠨᠦᠭᠴᠢᠭᠰᠡᠨ ᠵᠶ᠋ᠡᠷ ᠵᠠᠷᠯᠠᠬᠰᠠᠨ᠂ ᠰᠤᠷᠠᠭ ᠦᠬᠡᠢ ᠪᠣᠯᠣᠭ᠋ᠠᠳ ᠪᠦᠬᠦᠯᠢ 6 ᠰᠠᠷ᠎ᠠ ᠪᠣᠯᠤᠭᠰᠠᠨ᠂ ᠡᠷᠦᠭᠡ ᠠᠮᠠ ᠵᠢᠨ ᠲᠠᠨᠭ᠌ᠰᠠ ᠪᠠᠶ᠋ᠢᠭ᠎ᠠ ᠲᠣᠭᠣᠷᠢᠭ (ᠰᠢᠶᠠᠨ)᠎ᠠᠴᠠ᠎ᠪᠠᠨ ᠨᠡᠬᠦᠭᠰᠡᠨ᠂ ᠵᠡᠮᠳᠡᠭᠴᠦᠳ᠎ᠤᠨ ᠦᠨᠡᠮᠯᠡᠯ ᠬᠦᠴᠦᠨ ᠦᠭᠡᠢ ᠪᠣᠯᠤᠭᠰᠠᠨ ᠵᠡᠷᠭᠡ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠪᠠᠷ ᠲᠠᠬᠢᠨ ᠬᠢᠨᠠᠬᠤ ᠲᠦᠷᠢᠮ᠎ᠢ ᠪᠠᠶ᠋ᠢᠭᠤᠯᠬᠤ ᠬᠡᠷᠡᠭᠲᠡᠶ᠃ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠰᠢᠶᠠᠨ᠎ᠤ ᠱᠠᠲᠤᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠲᠠᠢ ᠬᠠᠮᠲᠤᠷᠠᠨ ᠲᠣᠭᠲᠠᠮᠠᠯ ᠬᠤᠭᠤᠴᠠᠭ᠎ᠠ᠎ᠪᠠᠷ ᠲᠠᠬᠢᠨ ᠬᠢᠨᠠᠭᠰᠠᠨ ᠪᠠᠶ᠋ᠢᠳᠠᠯ᠎ᠢ ᠦᠨᠳᠦᠰᠦᠯᠡᠨ᠂ ᠵᠡᠮᠳᠡᠭᠴᠦᠳ᠎ᠲᠤ ᠦᠷᠭᠦᠯᠵᠢᠯᠡᠨ ᠨᠥᠬᠥᠪᠥᠷᠢ ᠣᠯᠭᠣᠬᠤ ᠡᠰᠡᠬᠦ ᠲᠤᠬᠠᠶ ᠬᠣᠯᠪᠣᠭᠳᠠᠯ ᠪᠦᠬᠦᠢ ᠲᠣᠭᠲᠠᠭ᠋ᠠᠯ ᠭᠠᠷᠭ᠋ᠠᠵᠤ ᠪᠣᠯᠤᠨ᠎ᠠ᠃
      9. ᠨᠥᠬᠥᠪᠥᠷᠢ ᠣᠯᠭᠣᠬᠤ ᠠᠷᠭ᠎ᠠ ᠮᠠᠶᠢᠭ᠎ᠤᠨ ᠬᠠᠮᠢᠶᠠᠷᠤᠯᠲᠠ ᠵᠢ ᠴᠢᠩᠳᠠᠯᠠᠨ᠎ᠠ᠃ ᠵᠡᠮᠳᠡᠭᠴᠦᠳ᠎ᠤᠨ ᠬᠣᠶᠠᠷ ᠨᠥᠬᠥᠪᠥᠷᠢ ᠵᠢ ᠡᠷᠬᠡᠪᠰᠢ ᠰᠠᠷ᠎ᠠ᠎ᠪᠠᠷ ᠴᠠᠭ ᠲᠤᠬᠠᠶ᠎ᠳᠤ᠎ᠨᠢ᠂ ᠣᠨᠣᠪᠴᠢᠲᠠᠶ᠂ ᠲᠣᠭ᠎ᠠ ᠶᠣᠰᠣᠭ᠋ᠠᠷ ᠭᠦᠶᠴᠡᠳ ᠣᠯᠭᠣᠵᠤ᠂ ᠰᠠᠷ᠎ᠠ᠎ᠪᠠᠷ ᠣᠯᠭᠣᠵᠤ ᠳᠡᠶ᠋ᠢᠯᠬᠦ ᠥᠬᠡᠶ ᠭᠠᠵᠠᠷ ᠣᠷᠣᠨ᠎ᠨᠢ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠦᠯᠬᠦ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠎ᠪᠠᠨ ᠲᠣᠳᠣᠷᠬᠠᠶ᠋ᠢᠯᠠᠬᠤ ᠬᠡᠷᠡᠭᠲᠡᠶ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠮᠤᠵᠢ ᠵᠢᠨ ᠱᠠᠲᠤᠨ᠎ᠤ ᠵᠡᠮᠳᠡᠭᠴᠦᠳ᠎ᠤᠨ ᠬᠣᠯᠪᠣᠭ᠎ᠠ᠎ᠲᠠᠢ ᠬᠠᠮᠲᠤᠷᠠᠨ ᠣᠯᠭᠣᠬᠤ ᠠᠷᠭ᠎ᠠ ᠮᠠᠶᠢᠭ᠎ᠤᠨ ᠵᠢᠯᠣᠭᠣᠳᠣᠯᠭ᠎ᠠ᠎ᠪᠠᠨ ᠴᠢᠩᠭ᠋ᠠᠳᠬᠠᠵᠤ᠂ ᠨᠥᠬᠥᠪᠥᠷᠢ ᠵᠢ ᠨᠡᠶ᠋ᠢᠭᠡᠮᠴᠢᠯᠡᠨ ᠣᠯᠭᠣᠬᠤ ᠬᠠᠮᠢᠶᠠᠷᠤᠯᠲᠠ ᠵᠢ ᠴᠢᠩᠭ᠋ᠠᠷᠠᠭᠤᠯᠤᠨ᠂ ᠠᠷᠠᠳ᠎ᠲᠤ ᠠᠰᠢᠭ ᠬᠦᠷᠲᠡᠭᠡᠬᠦ ᠲᠠᠷᠢᠶᠠᠴᠢᠳ᠎ᠲᠤ ᠠᠰᠢᠭ ᠬᠦᠷᠲᠡᠭᠡᠬᠦ ᠪᠠᠯᠠ ᠮᠥᠩᠭᠥ ᠵᠢᠨ 《ᠪᠦᠬᠦᠨ᠎ᠳᠤ ᠳᠣᠭᠢᠷᠠᠬᠤ ᠺᠠᠷᠲ》᠎ᠪᠠᠷ ᠣᠯᠭᠣᠬᠤ ᠠᠷᠭ᠎ᠠ ᠵᠠᠮ᠎ᠯᠤᠭ᠎ᠠ ᠵᠣᠯᠭ᠋ᠠᠭᠤᠯᠬᠤ ᠵᠢ ᠢᠳᠡᠪᠬᠢᠲᠡᠶ ᠰᠠᠶ᠋ᠢᠲᠤᠷ ᠬᠢᠵᠦ᠂ ᠨᠥᠬᠥᠴᠡᠯ᠎ᠲᠠᠢ ᠭᠠᠵᠠᠷ ᠣᠷᠣᠨ᠎ᠨᠢ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠩᠬᠢ᠎ᠯᠤᠭ᠎ᠠ ᠵᠣᠯᠭ᠋ᠠᠭᠤᠯᠵᠤ᠂ ᠰᠢᠭᠤᠳ ᠬᠢᠨᠠᠨ ᠬᠠᠷᠭᠤᠭᠤᠯᠬᠤ ᠵᠢᠨ ᠬᠠᠮᠲᠤ ᠺᠠᠷᠲ᠎ᠲᠤ ᠬᠦᠷᠲᠡᠯ᠎ᠡ ᠣᠯᠭᠣᠵᠤ ᠪᠣᠯᠤᠨ᠎ᠠ᠃ ᠨᠥᠬᠥᠪᠥᠷᠢ ᠵᠢ ᠲᠠᠷᠬᠠᠭ᠋ᠠᠵᠤ ᠬᠡᠷᠡᠭᠯᠡᠭᠰᠡᠨ ᠪᠠᠶ᠋ᠢᠳᠠᠯ᠎ᠢ ᠢᠯᠡ ᠪᠣᠯᠭ᠋ᠠᠬᠤ ᠠᠷᠭ᠎ᠠ ᠵᠢ ᠲᠡᠭᠦᠯᠳᠡᠷᠵᠢᠭᠦᠯᠵᠦ᠂ ᠨᠥᠬᠥᠪᠥᠷᠢ ᠵᠢ ᠢᠯᠡ ᠪᠣᠯᠭ᠋ᠠᠬᠤ ᠠᠭᠤᠯᠭ᠎ᠠ᠂ ᠠᠷᠭ᠎ᠠ ᠪᠠ ᠬᠤᠭᠤᠴᠠᠭ᠎ᠠ ᠬᠢᠵᠠᠭ᠋ᠠᠷ ᠵᠡᠷᠭᠡ ᠲᠣᠭᠲᠠᠭ᠋ᠠᠯ᠎ᠢ ᠨᠠᠷᠢᠯᠢᠬ᠍ᠵᠢᠭᠤᠯᠬᠤ ᠵᠢᠨ ᠬᠠᠮᠲᠤ ᠵᠡᠮᠳᠡᠭᠴᠦᠳ᠎ᠤᠨ ᠬᠤᠪᠢ ᠵᠢᠨ ᠨᠢᠭᠤᠴᠠ ᠵᠢ ᠬᠠᠮᠠᠭ᠋ᠠᠯᠠᠬᠤ ᠵᠢ ᠠᠩᠬᠠᠷᠬᠤ ᠬᠡᠷᠡᠭᠲᠡᠶ᠃ ᠬᠢᠷᠢ ᠬᠡᠮ᠎ᠢ᠎ᠨᠢ ᠬᠢᠨᠠᠭ᠋ᠠᠳ ᠬᠢᠷᠢ ᠲᠡᠩᠴᠡᠭᠰᠡᠨ᠎ᠤ ᠳᠠᠷᠠᠭ᠎ᠠ᠂ ᠵᠡᠮᠳᠡᠭᠴᠦᠳ᠎ᠤᠨ ᠭᠤᠶᠤᠴᠢᠯᠠᠯ ᠵᠶ᠋ᠠᠨ ᠲᠤᠰᠢᠶᠠᠭᠰᠠᠨ ᠲᠣᠰ ᠰᠠᠷ᠎ᠠ᠎ᠠᠴᠠ ᠨᠥᠬᠥᠪᠥᠷᠢ ᠵᠢ ᠪᠤᠳᠤᠵᠤ ᠣᠯᠭᠣᠨ᠎ᠠ᠃
  (ᠭᠤᠷᠪᠠ) ᠨᠥᠬᠥᠪᠥᠷᠢ ᠵᠢᠨ ᠬᠠᠮᠢᠶᠠᠷᠤᠯᠲᠠ ᠵᠢᠨ ᠦᠢ᠍ᠯᠡᠴᠢᠯᠡᠬᠡᠨ᠎ᠤ ᠲᠣᠭᠲᠠᠴᠠ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠨ ᠠᠬᠢᠭᠤᠯᠤᠨ᠎ᠠ᠃ 
       10. ᠨᠥᠬᠥᠪᠥᠷᠢ ᠥᠭᠬᠦ ᠮᠡᠳᠡᠭᠡ ᠵᠠᠩᠭᠢ ᠵᠢᠨ ᠰᠢᠰᠲ᠋ᠧᠮ᠎ᠤᠨ ᠴᠢᠳᠠᠮᠵᠢ ᠵᠢ ᠰᠢᠯᠢᠳᠡᠭᠵᠢᠭᠦᠯᠦᠨ᠎ᠡ᠃ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠪᠠ ᠬᠡᠷᠡᠭᠯᠡᠯᠲᠡ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠰᠢᠰᠲᠸᠮ ᠵᠶ᠋ᠡᠨ ᠥᠪᠡᠷᠲᠡᠭᠡᠨ ᠪᠠᠶ᠋ᠢᠭᠤᠯᠤᠭᠰᠠᠨ ᠮᠤᠵᠢ᠎ᠨᠤᠭᠤᠳ ᠪᠥᠬᠥ ᠤᠯᠤᠰ᠎ᠤᠨ ᠰᠢᠰᠲ᠋ᠧᠮ᠎ᠯᠦᠭᠡ ᠵᠣᠯᠭ᠋ᠠᠭᠤᠯᠬᠤ ᠪᠠ ᠲᠣᠭ᠎ᠠ ᠪᠠᠷᠢᠮᠲᠠ ᠰᠣᠯᠢᠯᠴᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠦᠰᠢᠭᠯᠡᠨ ᠨᠥᠬᠥᠪᠥᠷᠢ ᠭᠤᠶᠤᠴᠢᠯᠠᠬᠤ ᠵᠢ ᠬᠢᠨᠠᠨ ᠬᠠᠷᠭᠤᠭᠤᠯᠬᠤ ᠠᠯᠬᠤᠮ᠎ᠢ ᠰᠠᠶ᠋ᠢᠵᠢᠷᠠᠭᠤᠯᠵᠤ᠂ ᠨᠥᠬᠥᠪᠥᠷᠢ ᠣᠯᠭᠣᠬᠤ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠣᠷᠣᠭᠤᠯᠵᠤ᠂ ᠰᠢᠰᠲ᠋ᠧᠮ᠎ᠳᠤ ᠲᠦᠰᠢᠭᠯᠡᠨ ᠨᠢᠭᠡᠳᠦᠯᠲᠡᠶ ᠬᠢᠨᠠᠨ ᠬᠠᠷᠭᠤᠭᠤᠯᠵᠤ ᠨᠥᠬᠥᠪᠥᠷᠢ ᠣᠯᠭᠣᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠂ ᠵᠡᠮᠳᠡᠭᠴᠦᠳ᠎ᠤᠨ ᠬᠥᠮᠦᠨ ᠠᠮᠠ ᠵᠢᠨ ᠲᠣᠭ᠎ᠠ ᠪᠠᠷᠢᠮᠲᠠ ᠵᠢᠨ ᠬᠥᠮᠥᠷᠭᠡ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠣᠭ᠎ᠠ ᠪᠠᠷᠢᠮᠲᠠ ᠵᠢᠨ ᠬᠥᠮᠥᠷᠭᠡ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠡᠷ ᠪᠦᠯᠢ ᠵᠢᠨ ᠲᠣᠭ᠎ᠠ ᠪᠠᠷᠢᠮᠲᠠ ᠵᠢᠨ ᠬᠥᠮᠥᠷᠭᠡ ᠵᠢᠨ ᠲᠣᠭ᠎ᠠ ᠪᠠᠷᠢᠮᠲᠠ ᠵᠢ ᠬᠠᠮᠳᠤ᠎ᠪᠠᠷ ᠡᠳ᠋ᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠭᠤᠷᠬᠢ ᠨᠥᠬᠥᠪᠥᠷᠢ ᠣᠯᠭᠣᠬᠤ ᠲᠣᠭ᠎ᠠ ᠪᠠᠷᠢᠮᠲᠠ ᠵᠢᠨ ᠨᠢᠭᠡᠳᠦᠯᠲᠡᠶ ᠪᠠᠶ᠋ᠢᠬᠤ ᠵᠢ ᠵᠠᠪᠠᠯ ᠪᠠᠲᠤᠯᠠᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠶ᠋ᠢᠭᠤᠯᠤᠯᠲᠠ ᠵᠡᠷᠭᠡ ᠬᠣᠯᠪᠣᠭᠳᠠᠯ ᠪᠥᠬᠥᠢ ᠰᠠᠯᠠᠭ᠎ᠠ ᠮᠥᠴᠢᠷ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠥᠬᠥᠢ ᠭᠡᠷ ᠪᠦᠯᠢ᠂ ᠵᠡᠮᠳᠡᠭᠴᠦᠳ᠎ᠤᠨ ᠦᠨᠡᠮᠯᠡᠯ ᠵᠡᠷᠭᠡ ᠲᠣᠭ᠎ᠠ ᠪᠠᠷᠢᠮᠲᠠ ᠵᠢ ᠰᠢᠨᠡᠳᠬᠡᠭᠰᠡᠨ ᠪᠠᠶ᠋ᠢᠳᠠᠯ᠎ᠢ ᠬᠠᠷᠠᠭ᠋ᠠᠯᠵᠠᠬᠰᠠᠨ ᠮᠡᠳᠡᠭᠡ ᠵᠠᠩᠭᠢ ᠵᠢᠨ ᠰᠢᠰᠲᠸᠮ᠎ᠳᠤ ᠴᠠᠭ ᠲᠤᠬᠠᠶ᠎ᠳᠤ᠎ᠨᠢ ᠪᠢᠴᠢᠵᠦ ᠣᠷᠣᠭᠤᠯᠤᠨ᠂ ᠪᠣᠳᠠᠲᠤ ᠪᠠᠶ᠋ᠢᠳᠠᠯ ᠬᠢᠭᠡᠳ ᠰᠢᠰᠲᠸᠮ᠎ᠤᠨ ᠲᠣᠭ᠎ᠠ ᠪᠠᠷᠢᠮᠲᠠ᠎ᠨᠢ ᠨᠢᠭᠡᠳᠦᠯ ᠥᠭᠡᠢ ᠪᠠᠶ᠋ᠢᠬᠤ ᠵᠢ ᠣᠯᠵᠤ ᠮᠡᠳᠡᠪᠡᠯ᠂ ᠡᠯ᠎ᠡ ᠭᠠᠵᠠᠷ᠎ᠤᠨ ᠪᠣᠳᠠᠲᠤ ᠪᠠᠶ᠋ᠢᠳᠠᠯ᠎ᠢ᠎ᠨᠢ ᠦᠨᠳᠦᠰᠦᠯᠡᠨ ᠨᠥᠬᠥᠪᠥᠷᠢ ᠥᠭᠬᠦ ᠬᠢᠷᠢ ᠬᠡᠮ᠎ᠢ᠎ᠨᠢ ᠦᠨᠡᠯᠡᠬᠦ ᠵᠢᠨ ᠬᠠᠮᠲᠤ ᠲᠡᠮᠳᠡᠭᠯᠡᠨ ᠠᠪᠴᠤ ᠪᠠᠶ᠋ᠢᠴᠠᠭ᠋ᠠᠬᠤ᠎ᠳᠤ ᠪᠡᠯᠡᠳᠬᠡᠬᠦ᠎ᠪᠠᠷ ᠪᠠᠷᠠᠬᠤ ᠦᠬᠡᠢ ᠬᠠᠮᠢᠶ᠎ᠠ ᠪᠥᠬᠥᠢ ᠰᠢᠰᠲᠸᠮ᠎ᠤᠨ ᠲᠣᠭ᠎ᠠ ᠪᠠᠷᠢᠮᠲᠠ ᠵᠢ ᠴᠠᠭ ᠲᠤᠬᠠᠶ᠎ᠳᠤ᠎ᠨᠢ ᠰᠢᠨᠡᠳᠬᠡᠬᠦ ᠬᠡᠷᠡᠭᠲᠡᠶ᠃ 
     11. ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯᠯᠠᠭ᠋ᠠᠨ᠎ᠤ ᠠᠵᠢᠯ᠎ᠤᠨ ᠲᠣᠭᠲᠠᠴᠠ ᠵᠢ ᠪᠦᠷᠢᠨᠰᠢᠬᠦᠯᠦᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠣᠳᠣᠬᠢᠴᠢᠯᠠᠭᠰᠠᠨ ᠮᠡᠳᠡᠭᠡ ᠵᠠᠩᠭᠢ ᠵᠢᠨ ᠮᠡᠷᠭᠡᠵᠢᠯ᠎ᠢ ᠬᠡᠷᠡᠭᠯᠡᠨ᠂ ᠵᠡᠮᠳᠡᠭᠴᠦᠳ᠎ᠤᠨ ᠬᠡᠷ᠎ᠠᠴᠠ᠎ᠪᠠᠨ ᠭᠠᠷᠬᠤ ᠥᠬᠡᠶ᠎ᠪᠠᠷ 《ᠠᠯᠠᠭ᠋ᠠᠨ ᠲᠡᠬᠡᠷ᠎ᠡ ᠬᠦᠢ᠍ᠴᠡᠳᠬᠡᠬᠦ》᠂ 《ᠬᠤᠷᠤᠭᠤ᠎ᠪᠠᠷ ᠬᠦᠢ᠍ᠴᠡᠳᠬᠡᠬᠦ》 ᠵᠢ ᠪᠡᠶᠡᠯᠡᠭᠦᠯᠬᠦ᠎ᠳᠤ ᠬᠦᠴᠦ ᠨᠡᠮᠡᠷᠢᠯᠡᠵᠦ᠂ ᠵᠡᠮᠳᠡᠭᠴᠦᠳ ᠪᠣᠯᠤᠨ ᠡᠯ᠎ᠡ ᠱᠠᠲᠤᠨ᠎ᠤ ᠠᠵᠢᠯᠲᠠᠳ᠎ᠲᠤ ᠳᠥᠭᠥᠮ ᠳᠥᠲᠡ ᠲᠦᠷᠭᠡᠨ ᠭᠤᠶᠤᠴᠢᠯᠠᠬᠤ᠂ ᠬᠦᠢ᠍ᠴᠡᠳᠬᠡᠬᠦ᠂ ᠪᠠᠶ᠋ᠢᠴᠠᠭ᠋ᠠᠨ ᠯᠠᠪᠯᠠᠬᠤ᠂ ᠪᠦᠷᠢᠳᠬᠡᠬᠦ ᠦᠢ᠍ᠯᠡᠴᠢᠯᠡᠬᠡ ᠬᠠᠩᠭ᠋ᠠᠬᠤ ᠬᠡᠷᠡᠭᠲᠡᠶ᠃ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠷᠦᠬᠡ᠎ᠪᠠᠷ ᠰᠤᠷᠪᠤᠯᠵᠢᠯᠠᠬᠤ᠂ ᠲᠣᠮᠣ ᠳ᠋ᠠᠶ᠋ᠢᠲ᠋ᠠ᠎ᠪᠠᠷ ᠬᠢᠨᠠᠨ ᠬᠡᠮᠵᠢᠬᠦ ᠵᠡᠷᠭᠡ ᠠᠷᠭ᠎ᠠ᠎ᠪᠠᠷ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠬᠰᠠᠨ᠂ ᠨᠥᠬᠥᠪᠥᠷᠢ ᠥᠭᠬᠦ ᠨᠥᠬᠥᠴᠡᠯ᠎ᠳᠤ ᠨᠡᠶ᠋ᠢᠴᠡᠬᠦ ᠵᠡᠮᠳᠡᠭᠴᠦᠳ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠵᠢᠨ ᠬᠠᠮᠲᠤ ᠦᠢ᠍ᠯᠡᠴᠢᠯᠡᠬᠡ ᠬᠠᠩᠭ᠋ᠠᠵᠤ᠂ 《ᠲᠥᠷᠥ ᠵᠢᠨ ᠪᠣᠳᠣᠯᠭ᠎ᠠ ᠬᠥᠮᠦᠨ ᠡᠷᠢᠬᠦ》 ᠵᠢ ᠪᠡᠶᠡᠯᠡᠭᠦᠯᠦᠨ᠎ᠡ᠃ ᠨᠥᠬᠥᠴᠡᠯ᠎ᠲᠠᠢ ᠭᠠᠵᠠᠷ ᠣᠷᠣᠨ᠎ᠨᠢ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠦᠰᠢᠭᠯᠡᠨ᠂ ᠭᠡᠷᠡᠴᠢ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ᠂ ᠡᠯᠧᠺᠲᠷᠣᠨ ᠲᠠᠮᠠᠭ᠎ᠠ ᠲᠠᠮᠠᠭ᠋ᠠᠯᠠᠬᠤ ᠵᠡᠷᠭᠡ ᠠᠷᠭ᠎ᠠ᠎ᠪᠠᠷ ᠨᠥᠬᠥᠪᠥᠷᠢ ᠵᠢᠨ ᠲᠠᠩᠰᠠ ᠡᠪᠬᠡᠮᠡᠯ᠎ᠢ ᠴᠠᠭ᠋ᠠᠰᠤ ᠬᠡᠷᠡᠭᠯᠡᠬᠦ ᠥᠬᠡᠶ ᠪᠣᠯᠭ᠋ᠠᠬᠤ ᠵᠢ ᠪᠡᠶᠡᠯᠡᠭᠦᠯᠵᠦ ᠪᠣᠯᠤᠨ᠎ᠠ᠃ ᠵᠡᠮᠳᠡᠭᠴᠦᠳ ᠣᠶᠤᠨᠴᠢ ᠮᠡᠷᠭᠡᠵᠢᠯ᠎ᠢ ᠬᠡᠷᠡᠭᠯᠡᠵᠤ ᠲᠡᠢ᠌ᠯᠬᠦ ᠦᠬᠡᠢ᠎ᠠᠴᠠ ᠪᠤᠯᠵᠤ ᠰᠦᠯᠵᠢᠶᠡᠨ ᠳᠡᠭᠡᠷᠡᠬᠢ ᠦᠢ᠍ᠯᠡᠴᠢᠯᠡᠬᠡ ᠵᠢ ᠣᠯᠵᠤ ᠳᠡᠶ᠋ᠢᠯᠬᠦ ᠦᠬᠡᠢ ᠬᠦᠴᠢᠷᠳᠡᠯ᠎ᠢ ᠲᠠᠷᠤᠢ᠌ᠬᠠᠨ ᠰᠤᠳᠤᠯᠤᠨ ᠰᠢᠢ᠍ᠳᠪᠤᠷᠢᠯᠡᠬᠦ ᠬᠡᠷᠡᠭᠲᠡᠶ᠃
      12. ᠨᠥᠬᠥᠪᠥᠷᠢ ᠣᠯᠭᠣᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠣᠶᠤᠨᠴᠢ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠬᠡᠨ᠎ᠤ ᠰᠢᠰᠲᠸᠮ᠎ᠢ ᠰᠦᠪᠡᠭᠴᠢᠯᠡᠨ ᠪᠠᠶ᠋ᠢᠭᠤᠯᠵᠤ᠂ ᠲᠣᠭ᠎ᠠ ᠪᠠᠷᠢᠮᠲᠠ ᠵᠢ ᠬᠠᠷᠢᠴᠠᠭᠤᠯᠬᠤ᠂ ᠣᠷᠣᠰᠢᠨ ᠠᠮᠢᠳᠤᠷᠠᠬᠤ ᠵᠢ ᠰᠢᠯᠭ᠋ᠠᠨ ᠪᠠᠲᠤᠯᠠᠬᠤ ᠵᠡᠷᠭᠡ ᠬᠥᠳᠡᠯᠦᠩᠭᠦᠶ ᠬᠢᠨᠠᠨ ᠬᠡᠮᠵᠢᠬᠦ ᠮᠡᠷᠭᠡᠵᠢᠯ᠎ᠢ ᠬᠡᠷᠡᠭᠯᠡᠨ᠂ ᠨᠥᠬᠥᠪᠥᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠨᠢᠭᠡ ᠡᠷᠦᠬᠡ ᠵᠢ ᠴᠦ᠍ ᠣᠷᠬᠢᠭᠳᠠᠭᠤᠯᠬᠤ ᠥᠬᠡᠶ᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠨᠥᠬᠥᠪᠥᠷᠢ ᠵᠢ ᠡᠳ᠋ᠯᠡᠪᠡᠰᠦ ᠵᠣᠬᠢᠬᠤ ᠵᠢ᠎ᠨᠢ ᠪᠦᠬᠦᠨ᠎ᠢ ᠡᠳ᠋ᠯᠡᠬᠦᠯᠵᠤ᠂ ᠪᠤᠴᠠᠭ᠋ᠠᠬᠤ ᠶᠣᠰᠣᠲᠠᠶ ᠵᠢ᠎ᠨᠢ ᠪᠦᠬᠦᠨ᠎ᠢ ᠪᠤᠴᠠᠭ᠋ᠠᠬᠤ ᠵᠢ ᠪᠡᠶᠡᠯᠡᠭᠦᠯᠦᠨ᠎ᠡ᠃ ᠤᠷᠤᠰᠢᠭᠤᠯᠭ᠎ᠠ᠂ ᠲᠡᠭᠳᠡᠭᠡᠬᠦ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠭᠠᠵᠠᠷ ᠨᠦᠭᠴᠢᠭᠰᠡᠳ᠂ ᠡᠷᠦᠬᠡ ᠠᠮᠠ ᠵᠢᠨ ᠲᠠᠩᠰᠠ ᠰᠢᠯᠵᠢᠭᠦᠯᠬᠦ᠂ ᠨᠠᠰᠤᠵᠢᠯ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠂ ᠣᠨᠴᠠ ᠬᠦᠴᠢᠷᠳᠡᠯᠲᠡᠶ ᠬᠥᠮᠦᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠵᠡᠮᠳᠡᠭᠴᠦᠳ᠎ᠤᠨ ᠠᠰᠠᠷᠠᠮᠵᠢ᠂ ᠭᠢᠨᠳᠠᠨ᠎ᠳᠤ ᠡᠷᠡᠭᠦᠤ  ᠵᠢᠨ ᠰᠢᠢ᠍ᠳᠬᠡᠯ ᠬᠦᠢ᠍ᠴᠡᠳᠬᠡᠬᠦ᠂ ᠨᠠᠰᠤᠵᠢᠯ᠎ᠤᠨ ᠠᠰᠠᠷᠠᠮᠵᠢ᠂ ᠥᠨᠥᠴᠢᠨ ᠬᠡᠤᠬᠡᠳ᠂ ᠠᠵᠢᠯ᠎ᠠᠴᠠ ᠲᠠᠷᠬᠠᠯᠠᠬᠳᠠᠬᠰᠠᠳ ᠵᠡᠷᠭᠡ ᠬᠠᠮᠢᠶ᠎ᠠ ᠪᠥᠬᠥᠶ ᠲᠣᠭ᠎ᠠ ᠪᠠᠷᠢᠮᠲᠠ᠎ᠯᠤᠭ᠎ᠠ ᠬᠠᠷᠢᠴᠠᠭᠤᠯᠬᠤ ᠵᠢ ᠴᠢᠩᠭ᠋ᠠᠳᠬᠠᠵᠤ᠂ ᠲᠣᠭ᠎ᠠ ᠪᠠᠷᠢᠮᠲᠠ ᠵᠢ ᠰᠢᠨᠡᠳᠬᠡᠬᠦ᠂  ᠴᠠᠭ ᠲᠠᠷᠤᠢ ᠬᠤᠪᠢᠶᠠᠯᠴᠠᠬᠰᠠᠨ ᠦᠬᠡᠢ᠎ᠠᠴᠠ ᠪᠤᠯᠵᠤ ᠨᠥᠬᠥᠪᠥᠷᠢ ᠵᠢ ᠣᠨᠣᠴᠠᠲᠠᠶ ᠣᠯᠭᠣᠬᠤ ᠠᠰᠠᠭᠤᠳᠠᠯ᠎ᠢ ᠰᠢᠢ᠍ᠳᠪᠤᠷᠢᠯᠡᠬᠦ ᠬᠡᠷᠡᠭᠳᠡᠢ᠃ ᠨᠥᠬᠥᠴᠡᠯ᠎ᠲᠠᠢ ᠭᠠᠵᠠᠷ ᠣᠷᠣᠨ᠎ᠨᠢ ᠮᠡᠳᠡᠭᠡ ᠵᠠᠩᠭᠢ ᠵᠢᠨ ᠰᠢᠰᠲ᠋ᠧᠮ᠎ᠳᠤ ᠵᠢᠰᠤᠯᠡᠬᠦ ᠮᠡᠷᠭᠡᠵᠢᠯ᠎ᠳᠤ ᠰᠠᠭᠤᠷᠢᠯᠠᠭᠰᠠᠨ ᠦᠬᠦᠭᠰᠡᠨ ᠠᠮᠢᠳᠤ ᠵᠢ᠎ᠨᠢ ᠰᠢᠯᠭ᠋ᠠᠨ ᠪᠠᠲᠤᠯᠠᠬᠤ ᠴᠢᠳᠠᠮᠵᠢ ᠵᠢ ᠨᠡᠭᠡᠭᠡᠵᠦ᠂ ᠨᠥᠬᠥᠪᠥᠷᠢ ᠣᠯᠭᠣᠬᠤ ᠤᠨᠤᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠵᠦ ᠪᠣᠯᠤᠨ᠎ᠠ᠃
       13. ᠬᠠᠮᠢᠶ᠎ᠠ ᠪᠥᠬᠥᠶ ᠵᠡᠮᠳᠡᠭᠴᠦᠳ᠎ᠤᠨ ᠦᠨᠡᠮᠯᠡᠯ᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃ ᠵᠡᠮᠳᠡᠭᠴᠦᠳ᠎ᠤᠨ ᠦᠨᠡᠮᠯᠡᠯ᠎ᠢ ᠰᠣᠯᠢᠵᠤ ᠣᠯᠭᠣᠬᠤ ᠪᠠ ᠨᠥᠬᠥᠪᠥᠷᠢ ᠣᠯᠭᠣᠬᠤ ᠠᠵᠢᠯ᠎ᠢ ᠵᠣᠯᠭ᠋ᠠᠭᠤᠯᠬᠤ ᠵᠢ ᠴᠢᠩᠭ᠋ᠠᠳᠬᠠᠨ᠎ᠠ᠃ ᠵᠡᠮᠳᠡᠭ᠎ᠤᠨ ᠲᠥᠷᠥᠯ ᠢᠯᠭ᠋ᠠᠯ ᠪᠤᠶᠤ ᠵᠡᠷᠭᠡ ᠳᠡᠰ᠎ᠨᠢ ᠬᠤᠪᠢᠷᠬᠠᠰᠠᠨ᠎ᠠᠴᠠ ᠪᠣᠯᠵᠣ ᠵᠡᠮᠳᠡᠭᠴᠦᠳ᠎ᠤᠨ ᠦᠨᠡᠮᠯᠡᠯ᠎ᠢ ᠳᠠᠭᠢᠵᠤ ᠰᠣᠯᠢᠬᠤ᠂ ᠬᠢᠨᠠᠨ ᠣᠯᠭᠣᠬᠤ ᠬᠤᠭᠤᠴᠠᠭ᠋ᠠᠨ᠎ᠳᠤ ᠤᠤᠯ᠎ᠤᠨ ᠪᠠᠷᠢᠮᠵᠢᠶ᠎ᠠ ᠶᠣᠰᠣᠭ᠋ᠠᠷ ᠨᠥᠬᠥᠪᠥᠷᠢ ᠣᠯᠭᠣᠨ᠎ᠠ᠃ ᠵᠡᠮᠳᠡᠭᠴᠦᠳ᠎ᠤᠨ ᠦᠨᠡᠮᠯᠡᠯ᠎ᠤᠨ ᠬᠤᠭᠤᠴᠠᠭ᠎ᠠ ᠲᠤᠯᠬᠤ᠎ᠠᠴᠠ ᠡᠮᠦᠨ᠎ᠡ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠤᠨ ᠵᠣᠬᠢᠶᠠᠨ ᠪᠠᠶ᠋ᠢᠭᠤᠯᠤᠯᠲᠠ᠎ᠨᠢ ᠵᠡᠮᠳᠡᠭᠴᠦᠳ᠎ᠤᠨ ᠦᠨᠡᠮᠯᠡᠯ᠎ᠢ ᠳᠠᠭᠢᠵᠤ ᠰᠣᠯᠢᠵᠤ ᠠᠪᠬᠤ ᠵᠢ 6 ᠰᠠᠷ᠎ᠠ ᠵᠢᠨ ᠡᠮᠦᠨ᠎ᠡ ᠰᠠᠨᠠᠭᠤᠯᠵᠤ᠂ ᠨᠥᠬᠥᠪᠥᠷᠢ ᠭᠤᠶᠤᠴᠢᠯᠠᠨ ᠠᠪᠬᠤ ᠵᠢ ᠨᠥᠯᠥᠭᠡᠯᠡᠬᠦ᠎ᠠᠴᠠ ᠵᠠᠶ᠋ᠢᠯᠠᠰᠬᠢᠬᠦ ᠬᠡᠷᠡᠭᠲᠡᠶ᠃ ᠵᠡᠮᠳᠡᠭᠴᠦᠳ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ᠂ ᠳᠠᠷᠠᠭ᠎ᠠ ᠰᠠᠷ᠎ᠠ᠎ᠳᠤᠨᠢ ᠨᠥᠬᠥᠪᠥᠷᠢ ᠣᠯᠭᠣᠬᠤ ᠵᠢ ᠵᠣᠭᠰᠣᠭ᠋ᠠᠬᠤ ᠬᠡᠷᠡᠭᠲᠡᠶ᠃ ᠵᠡᠮᠳᠡᠭᠴᠦᠳ᠎ᠤᠨ ᠦᠨᠡᠮᠯᠡᠯ ᠵᠶ᠋ᠡᠨ ᠲᠠᠬᠢᠵᠤ ᠵᠤᠬᠢᠶᠠᠯᠭ᠋ᠠᠬᠤ ᠪᠦᠬᠡᠳ ᠨᠦᠬᠦᠪᠤᠷᠢ ᠭᠤᠶᠤᠴᠢᠯᠠᠬᠰᠠᠨ ᠪᠤᠯ᠂ ᠰᠢᠨ᠎ᠡ ᠵᠡᠮᠳᠡᠭᠴᠦᠳ᠎ᠤᠨ ᠦᠨᠡᠮᠯᠡᠯ ᠣᠯᠭᠣᠭᠰᠠᠨ ᠰᠠᠷ᠎ᠠ᠎ᠠᠴᠠ ᠨᠥᠬᠥᠪᠥᠷᠢ ᠣᠯᠭᠣᠬᠤ ᠵᠢᠨ ᠬᠠᠮᠲᠤ ᠰᠢᠨ᠎ᠡ᠎ᠪᠠᠷ ᠣᠯᠭᠣᠭᠰᠠᠨ ᠵᠡᠮᠳᠡᠭᠴᠦᠳ᠎ᠤᠨ ᠦᠨᠡᠮᠯᠡᠯ᠎ᠤᠨ ᠳᠡᠩᠰᠡᠯᠡᠯᠲᠡ ᠵᠢᠨ ᠲᠥᠷᠥᠯ ᠢᠯᠭ᠋ᠠᠯ ᠪᠠ ᠵᠡᠷᠭᠡ ᠳᠡᠰ᠎ᠤᠨ ᠬᠠᠷᠠᠭ᠋ᠠᠯᠵᠠᠭᠰᠠᠨ ᠨᠥᠬᠥᠪᠥᠷᠢ ᠵᠢᠨ ᠪᠠᠷᠢᠮᠵᠢᠶ᠎ᠠ ᠶᠣᠰᠣᠭ᠋ᠠᠷ ᠠᠬᠠᠳᠠᠬᠤ᠎ᠳᠤ᠎ᠪᠠᠨ 3 ᠰᠠᠷ᠎ᠠ ᠵᠢᠨ ᠨᠥᠬᠥᠪᠥᠷᠢ ᠨᠥᠬᠥᠪᠥᠷᠢᠯᠡᠵᠦ ᠪᠣᠯᠤᠨ᠎ᠠ᠃ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠂ ᠪᠠᠶ᠋ᠢᠭ᠋ᠠᠯᠢ ᠵᠢᠨ ᠭᠠᠮᠰᠢᠭ᠎ᠠᠴᠠ ᠪᠣᠯᠵᠣ ᠦᠨᠡᠮᠯᠡᠯ᠎ᠢ᠎ᠨᠢ ᠴᠠᠭ ᠲᠤᠬᠠᠢ᠎ᠳᠤ᠎ᠨᠢ ᠰᠣᠯᠢᠵᠤ ᠠᠮᠵᠢᠬᠤ ᠦᠬᠡᠢ ᠪᠤᠯ ᠵᠣᠬᠢᠬᠤ ᠰᠢᠯᠵᠢᠯᠲᠡ ᠵᠢᠨ ᠬᠤᠭᠤᠴᠠᠭ᠎ᠠ ᠲᠣᠭᠲᠠᠭ᠋ᠠᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠤᠤᠯ᠎ᠤᠨ ᠪᠠᠷᠢᠮᠵᠢᠶ᠎ᠠ᠎ᠪᠠᠷ ᠨᠥᠬᠥᠪᠥᠷᠢ ᠣᠯᠭᠣᠨ᠎ᠠ᠃

     (ᠦᠷᠬᠦᠯᠵᠢᠯᠡᠯ ᠪᠤᠢ)

 

ᠢᠷᠡᠯᠲᠡ᠄ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
(ᠬᠤᠶᠠᠷ) ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠬᠦᠴᠢᠷᠳᠡᠯᠳᠡᠢ ᠵᠡᠮᠳᠡᠭᠴᠤᠳ᠎ᠤᠨ ᠠᠮᠢᠳᠤᠷᠠᠯ᠎ᠤᠨ ᠨᠦᠬᠦᠪᠤᠷᠢ ᠪᠤᠯᠤᠨ ᠨᠤᠴᠢᠳᠠᠢ ᠵᠡᠮᠳᠡᠭᠴᠤᠳ᠎ᠤᠨ ᠰᠤᠪᠢᠯᠠᠯᠳᠠ ᠵᠢᠨ ᠨᠦᠬᠦᠪᠤᠷᠢ ᠵᠢᠨ ᠲᠦᠷᠢᠮ᠎ᠢ ᠤᠯᠠᠮ ᠲᠡᠬᠦᠯᠳᠡᠷᠵᠢᠬᠦᠯᠬᠦ ᠲᠤᠬᠠᠢ ᠰᠠᠨᠠᠯ
ᠠᠷᠠᠤᠨ ᠎ᠤᠨ ᠶᠠᠪᠤᠳᠠᠯ ᠎ᠤᠨ ᠶᠠᠮᠤᠨ《ᠪᠦᠬᠦ ᠤᠯᠤᠰ ᠎ᠤᠨ ᠴᠢᠨᠠᠷᠳᠠᠢ ᠨᠠᠢ᠌ᠭᠡᠮ ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠬᠠᠮᠢᠶᠠᠷᠤᠯᠳᠠ ᠵᠢᠨ ᠲᠦᠷᠢᠮ》 ᠎ᠢ ᠲᠤᠭᠳᠠᠭ᠋ᠠᠪᠠ
《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠭᠦᠶ ᠦᠢ᠍ᠯᠡᠳᠪᠤᠷᠢᠯᠡᠯ ᠵᠡᠷᠭᠡ ᠬᠣᠯᠪᠣᠭᠳᠠᠯ ᠪᠥᠬᠥᠶ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
2022 ᠣᠨ᠎ᠤ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠤ ᠱᠠᠭ᠋ᠠᠷᠳᠠᠪᠠ
《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠭᠦᠶ ᠦᠢ᠍ᠯᠡᠳᠪᠤᠷᠢᠯᠡᠯ ᠵᠡᠷᠭᠡ ᠬᠣᠯᠪᠣᠭᠳᠠᠯ ᠪᠥᠬᠥᠶ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
 
            