ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
(ᠬᠤᠶᠠᠷ) ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠬᠦᠴᠢᠷᠳᠡᠯᠳᠡᠢ ᠵᠡᠮᠳᠡᠭᠴᠤᠳ᠎ᠤᠨ ᠠᠮᠢᠳᠤᠷᠠᠯ᠎ᠤᠨ ᠨᠦᠬᠦᠪᠤᠷᠢ ᠪᠤᠯᠤᠨ ᠨᠤᠴᠢᠳᠠᠢ ᠵᠡᠮᠳᠡᠭᠴᠤᠳ᠎ᠤᠨ ᠰᠤᠪᠢᠯᠠᠯᠳᠠ ᠵᠢᠨ ᠨᠦᠬᠦᠪᠤᠷᠢ ᠵᠢᠨ ᠲᠦᠷᠢᠮ᠎ᠢ ᠤᠯᠠᠮ ᠲᠡᠬᠦᠯᠳᠡᠷᠵᠢᠬᠦᠯᠬᠦ ᠲᠤᠬᠠᠢ ᠰᠠᠨᠠᠯ
ᠨᠡᠶᠢᠲᠡᠯᠡᠭᠰᠡᠨ ᠴᠠᠭ᠄ 2021-10-15

 (ᠬᠤᠶᠠᠷ) ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠬᠦᠴᠢᠷᠳᠡᠯᠳᠡᠢ ᠵᠡᠮᠳᠡᠭᠴᠤᠳ᠎ᠤᠨ ᠠᠮᠢᠳᠤᠷᠠᠯ᠎ᠤᠨ ᠨᠦᠬᠦᠪᠤᠷᠢ ᠪᠤᠯᠤᠨ ᠨᠤᠴᠢᠳᠠᠢ ᠵᠡᠮᠳᠡᠭᠴᠤᠳ᠎ᠤᠨ ᠰᠤᠪᠢᠯᠠᠯᠳᠠ ᠵᠢᠨ ᠨᠦᠬᠦᠪᠤᠷᠢ ᠵᠢᠨ ᠲᠦᠷᠢᠮ᠎ᠢ ᠤᠯᠠᠮ ᠲᠡᠬᠦᠯᠳᠡᠷᠵᠢᠬᠦᠯᠬᠦ ᠲᠤᠬᠠᠢ ᠰᠠᠨᠠᠯ


ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
 
      (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠢ ᠲᠡᠭᠦᠯᠳᠡᠷᠵᠢᠭᠦᠯᠬᠦ ᠵᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠭᠣᠤᠯᠳᠠᠯᠭ᠎ᠠ᠎ᠲᠠᠢ ᠠᠵᠢᠯ ᠪᠣᠯᠭ᠋ᠠᠵᠤ᠂ ᠨᠠᠮ᠎ᠤᠨ ᠬᠣᠷᠢᠶ᠎ᠠ᠎ᠠᠴᠠ ᠤᠳᠤᠷᠢᠳᠬᠤ᠂ ᠵᠠᠰᠠᠭ᠎ᠤᠨ ᠣᠷᠳᠣᠨ᠎ᠠᠴᠠ ᠬᠠᠷᠢᠭᠤᠴᠠᠬᠤ᠂ ᠠᠷᠠᠳ᠎ᠤᠨ ᠶᠠᠪᠤᠳᠠᠯ᠎ᠠᠴᠠ ᠲᠦᠷᠦᠭᠦᠯᠡᠬᠦ᠂ ᠵᠡᠮᠳᠡᠭᠴᠦᠳ᠎ᠤᠨ ᠬᠣᠯᠪᠣᠭ᠎ᠠ ᠬᠠᠮᠵᠢᠯᠴᠠᠬᠤ᠂ ᠰᠠᠯᠠᠭ᠎ᠠ ᠮᠥᠴᠢᠷ᠎ᠤᠳ ᠬᠠᠮᠵᠢᠯᠴᠠᠬᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠬᠤ ᠠᠵᠢᠯ᠎ᠤᠨ ᠲᠣᠭᠲᠠᠴᠠ ᠵᠢ ᠪᠦᠷᠢᠨᠰᠢᠬᠦᠯᠬᠦ ᠬᠡᠷᠡᠭᠲᠡᠶ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠦᠷᠦᠭᠦᠯᠡᠨ ᠨᠢᠭᠡᠳᠦᠯᠲᠡᠶ ᠲᠥᠯᠥᠪᠯᠡᠬᠦ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠬᠡᠵᠤ᠂ ᠨᠥᠬᠥᠪᠥᠷᠢ ᠣᠯᠭᠣᠬᠤ ᠵᠢ ᠬᠢᠨᠠᠨ ᠬᠠᠮᠢᠶᠠᠷᠬᠤ᠂ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠪᠤᠯᠤᠨ ᠲᠦᠷᠢᠮ᠎ᠤᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠪᠠᠯᠠ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠵᠤ᠂ ᠨᠥᠬᠥᠪᠥᠷᠢ ᠵᠢᠨ ᠪᠠᠯᠠ ᠮᠥᠩᠭᠥ᠂ ᠠᠵᠢᠯ᠎ᠤᠨ ᠵᠠᠷᠤᠳᠠᠯ᠎ᠢ ᠴᠠᠭ ᠲᠤᠬᠠᠶ᠎ᠳᠤ᠎ᠨᠢ ᠬᠦᠢ᠍ᠴᠡᠳ ᠳᠣᠭᠢᠷᠠᠭᠤᠯᠬᠤ ᠬᠡᠷᠡᠭᠲᠡᠶ᠃ ᠵᠡᠮᠳᠡᠭᠴᠦᠳ᠎ᠤᠨ ᠬᠣᠯᠪᠣᠭ᠎ᠠ᠎ᠨᠢ ᠵᠡᠮᠳᠡᠭᠴᠦᠳ᠎ᠤᠨ ᠦᠨᠡᠮᠯᠡᠯ᠎ᠢ ᠬᠢᠨᠠᠨ ᠣᠯᠭᠣᠬᠤ ᠪᠠ ᠬᠠᠮᠢᠶᠠᠷᠬᠤ ᠠᠵᠢᠯ᠎ᠢ ᠴᠢᠩᠭ᠋ᠠᠳᠬᠠᠵᠤ᠂ ᠵᠡᠮᠳᠡᠭᠴᠦᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠶ᠎ᠳᠤ ᠡᠵᠡᠮᠰᠢᠨ ᠲᠤᠰᠬᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠯᠤᠭ᠎ᠠ ᠵᠡᠮᠳᠡᠭᠴᠦᠳ᠎ᠤᠨ ᠦᠨᠡᠮᠯᠡᠯ᠎ᠢ ᠬᠢᠬᠦ᠂ ᠬᠤᠪᠢᠷᠠᠭᠤᠯᠬᠤ ᠵᠡᠷᠭᠡ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠪᠠᠷ ᠬᠤᠪᠢᠶᠠᠯᠴᠠᠵᠤ᠂ ᠨᠥᠬᠥᠪᠥᠷᠢ ᠵᠢᠨ ᠬᠠᠮᠢᠶ᠎ᠠ ᠪᠥᠬᠥᠶ ᠬᠢᠨᠠᠨ ᠬᠠᠷᠭᠤᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
     (ᠬᠣᠶᠠᠷ) ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠷᠠᠭᠤᠯᠬᠤ ᠬᠡᠷᠡᠭᠲᠡᠶ᠃ ᠡᠯ᠎ᠡ ᠭᠠᠵᠠᠷ᠎ᠨᠢ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠦᠷᠢᠮ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ  ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠬᠡᠷᠡᠭᠯᠡᠯᠲᠡ ᠵᠢᠨ ᠪᠤᠯᠪᠠᠰᠤᠷᠠᠯ᠎ᠢ ᠴᠢᠩᠭ᠋ᠠᠳᠬᠠᠨ᠂ ᠵᠡᠮᠳᠡᠭᠴᠦᠳ᠎ᠤᠨ ᠬᠣᠶᠠᠷ ᠨᠥᠬᠥᠪᠥᠷᠢ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠴᠢᠩᠭ᠋ᠠᠳᠬᠠᠬᠤ ᠬᠡᠷᠡᠭᠲᠡᠶ᠃ ᠵᠡᠮᠳᠡᠭᠴᠦᠳ᠎ᠤᠨ ᠮᠡᠳᠡᠭᠡ ᠵᠠᠩᠭᠢ ᠤᠯᠬᠤ ᠤᠨᠴᠠᠭ᠋ᠠᠢ ᠱᠠᠭ᠋ᠠᠷᠳᠠᠯᠭ᠎ᠠ ᠪᠣᠯᠤᠨ ᠪᠣᠳᠠᠲᠠᠶ ᠬᠦᠴᠢᠷᠳᠡᠯ᠎ᠢ ᠬᠦᠢ᠍ᠴᠡᠳ ᠪᠣᠳᠣᠯᠬᠢᠯᠠᠵᠤ᠂ ᠵᠠᠭᠤᠴᠢᠯᠠᠭᠤᠷ᠎ᠤᠳ᠎ᠢ ᠠᠮᠢᠳᠤᠯᠢᠭ ᠠᠰᠢᠬᠯᠠᠨ᠂ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠤᠯᠠᠨ ᠶᠠᠡᠭᠵᠤ᠎ᠪᠠᠷ ᠤᠬᠠᠭᠤᠯᠵᠤ᠂ ᠢᠯᠠᠩᠭᠤᠶ᠎ᠠ ᠵᠡᠮᠳᠡᠭᠴᠦᠳ᠎ᠤᠨ ᠦᠨᠡᠮᠯᠡᠯ᠎ᠲᠠᠢ ᠵᠡᠮᠳᠡᠭᠴᠦᠳ᠎ᠲᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠨᠥᠬᠥᠴᠡᠯ᠎ᠳᠤ ᠨᠡᠶ᠋ᠢᠴᠡᠬᠦ ᠵᠡᠮᠳᠡᠭᠴᠦᠳ ᠪᠤᠯᠤᠨ ᠲᠡᠳᠡᠨ᠎ᠤ ᠬᠡᠷ ᠪᠦᠯᠢ ᠵᠢᠨ᠎ᠬᠢᠨ᠎ᠳᠤ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠮᠡᠳᠡᠭᠦᠯᠬᠦ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ᠂ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠬᠤ ᠠᠵᠢᠯ᠎ᠢ ᠴᠢᠩᠭ᠋ᠠᠳᠬᠠᠬᠤ ᠵᠢᠨ ᠬᠠᠮᠲᠤ ᠬᠡᠷᠡᠭᠴᠡᠭᠡ ᠱᠠᠭ᠋ᠠᠷᠳᠠᠯᠭ᠎ᠠ᠎ᠲᠠᠢ ᠵᠡᠮᠳᠡᠭᠴᠦᠳ᠎ᠢ ᠴᠠᠭ ᠲᠤᠬᠠᠶ᠎ᠳᠤ᠎ᠨᠢ ᠬᠠᠪᠰᠤᠷᠤᠨ ᠨᠥᠬᠥᠪᠥᠷᠢ ᠭᠤᠶᠤᠴᠢᠯᠠᠭᠤᠯᠬᠤ ᠬᠡᠷᠡᠭᠲᠡᠶ᠃
      (ᠭᠤᠷᠪᠠ) ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠵᠡᠮᠳᠡᠭᠴᠦᠳ᠎ᠤᠨ ᠬᠣᠶᠠᠷ᠎ᠤᠨ ᠨᠥᠬᠥᠪᠥᠷᠢ ᠵᠢᠨ ᠲᠥᠷᠢᠮ᠎ᠢ ᠨᠠᠶ᠋ᠢᠳᠠᠪᠤᠷᠢᠵᠢᠭᠤᠯᠬᠤ ᠬᠡᠷᠡᠭᠴᠡᠭᠡ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠡᠷᠭᠡ ᠦᠨᠳᠦᠰᠦᠨ ᠱᠠᠲᠤᠨ᠎ᠤ ᠠᠵᠢᠯᠲᠠᠳ᠎ᠲᠤ ᠴᠢᠬᠤᠯᠠ ᠪᠥᠬᠥᠢ ᠠᠵᠢᠯ᠎ᠤᠨ ᠪᠠᠲᠤᠯᠠᠭ᠎ᠠ ᠵᠢᠨ ᠨᠥᠬᠥᠴᠡᠯ ᠬᠠᠩᠭ᠋ᠠᠬᠤ ᠬᠡᠷᠡᠭᠲᠡᠶ᠃ ᠵᠡᠮᠳᠡᠭᠴᠦᠳ᠎ᠲᠤ ᠬᠣᠶᠠᠷ ᠨᠥᠬᠥᠪᠥᠷᠢ ᠤᠯᠭᠤᠬᠤ ᠲᠦᠷᠢᠮ᠎ᠢ ᠬᠡᠷᠡᠭᠵᠢᠭᠦᠯᠬᠦ᠎ᠳᠤ ᠬᠡᠷᠡᠭᠰᠡᠬᠦ ᠠᠵᠢᠯ᠎ᠤᠨ ᠵᠠᠷᠤᠳᠠᠯ᠎ᠢ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠬᠤ ᠬᠡᠷᠡᠭᠲᠡᠶ᠃ ᠨᠥᠬᠥᠪᠥᠷᠢ ᠵᠢᠨ ᠮᠥᠩᠭᠥ ᠵᠢ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤ᠎ᠨᠢ ᠲᠣᠭ᠎ᠠ ᠶᠣᠰᠣᠭ᠋ᠠᠷ ᠬᠦᠢ᠍ᠴᠡᠳ ᠲᠠᠷᠬᠠᠭ᠋ᠠᠵᠤ ᠪᠣᠳᠠᠲᠠᠶ᠋ᠢᠵᠢᠭᠤᠯᠬᠤ ᠬᠡᠷᠡᠭᠲᠡᠶ᠃ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠥᠬᠡᠶ᠃ ᠣᠷᠣᠨ ᠨᠤᠲᠤᠭ᠎ᠤᠨ᠎ᠬᠢᠨ ᠲᠥᠪ᠎ᠤᠨ ᠡᠳ᠋᠎ᠤᠨ ᠵᠠᠰᠠᠭ᠎ᠤᠨ ᠡᠩ᠎ᠤᠨ ᠴᠢᠨᠠᠷᠲᠠᠶ ᠰᠢᠯᠵᠢᠭᠦᠯᠦᠨ ᠥᠭᠬᠦ ᠪᠠ ᠣᠷᠣᠨ ᠨᠤᠲᠤᠭ᠎ᠤᠨ ᠥᠪᠡᠷ᠎ᠤᠨ ᠡᠳ᠋᠎ᠤᠨ ᠬᠦᠴᠦᠨ᠎ᠢ ᠨᠢᠭᠡᠳᠦᠯᠲᠡᠶ ᠲᠥᠯᠥᠪᠯᠡᠨ᠂ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠡᠳ᠋᠎ᠤᠨ ᠵᠠᠰᠠᠭ᠎ᠤᠨ ᠲᠠᠯ᠎ᠠ᠎ᠪᠠᠷ ᠬᠦᠴᠢᠷᠳᠡᠯ᠎ᠲᠠᠢ ᠭᠠᠵᠠᠷ ᠣᠷᠣᠨ ᠲᠡᠶ᠋ᠢᠰᠢ ᠵᠣᠬᠢᠰᠲᠠᠶ ᠬᠡᠯᠪᠡᠢ᠌ᠵᠤ᠂ ᠵᠡᠮᠳᠡᠭᠴᠦᠳ᠎ᠤᠨ ᠬᠤᠶᠠᠷ ᠨᠥᠬᠥᠪᠥᠷᠢ ᠣᠯᠭᠣᠬᠤ ᠵᠢ ᠪᠠᠲᠤᠯᠠᠵᠤ ᠪᠣᠯᠤᠨ᠎ᠠ᠃ ᠵᠡᠮᠳᠡᠭᠴᠦᠳ᠎ᠤᠨ ᠬᠣᠶᠠᠷ ᠨᠥᠬᠥᠪᠥᠷᠢ ᠵᠢ ᠪᠦᠷᠢᠳᠬᠡᠬᠦ ᠲᠦᠷᠢᠮ᠎ᠢ ᠲᠡᠭᠦᠯᠳᠡᠷᠵᠢᠭᠦᠯᠵᠦ᠂ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠮᠡᠳᠡᠭᠡ ᠵᠠᠩᠭᠢ ᠵᠢ ᠬᠢᠨᠠᠨ ᠬᠡᠮᠵᠢᠬᠦ ᠪᠠ ᠬᠥᠳᠡᠯᠦᠩᠭᠦᠶ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃
      (ᠳᠥᠷᠪᠡ) ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠵᠡᠮᠳᠡᠭᠴᠦᠳ᠎ᠤᠨ ᠬᠣᠶᠠᠷ ᠨᠥᠬᠥᠪᠥᠷᠢ ᠵᠢᠨ ᠲᠥᠷᠥ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠵᠠᠰᠠᠭ᠎ᠤᠨ ᠣᠷᠳᠣᠨ᠎ᠤ ᠠᠮᠵᠢᠯᠲᠠ ᠪᠦᠲᠦᠮᠵᠢ ᠵᠢ ᠦᠨᠡᠯᠡᠬᠦ ᠪᠠ ᠣᠨ᠎ᠤ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠶ᠃ ᠨᠥᠬᠥᠪᠥᠷᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠨ᠎ᠡ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠥᠬᠥᠪᠥᠷᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢ ᠴᠢᠩᠳᠠᠯᠠᠵᠤ᠂ ᠨᠥᠬᠥᠪᠥᠷᠢ ᠵᠢ ᠬᠢᠨᠠᠨ ᠬᠠᠷᠭᠤᠭᠤᠯᠵᠤ ᠣᠯᠭᠣᠬᠤ ᠵᠢ ᠵᠢᠷᠤᠮᠵᠢᠭᠤᠯᠤᠨ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠲᠣᠭᠲᠠᠭ᠋ᠠᠯ᠎ᠠᠴᠠ ᠵᠥᠷᠢᠴᠡᠨ ᠬᠦᠢ᠍ᠴᠡᠳᠬᠡᠬᠦ ᠪᠠ ᠨᠥᠬᠥᠪᠥᠷᠢ ᠣᠯᠭᠣᠬᠤ ᠵᠡᠷᠭᠡ ᠪᠠᠶ᠋ᠢᠳᠠᠯ ᠡᠭᠦᠰᠬᠦ ᠵᠢ ᠲᠠᠰᠤ ᠵᠣᠭᠰᠣᠭ᠋ᠠᠬᠤ ᠬᠡᠷᠡᠭᠲᠡᠶ᠃ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠶ᠋ᠢᠭᠤᠯᠤᠯᠲᠠ᠎ᠨᠢ ᠵᠡᠮᠳᠡᠭᠴᠦᠳ᠎ᠤᠨ ᠦᠨᠡᠮᠯᠡᠯ᠎ᠢ ᠦᠨᠡᠯᠡᠨ ᠲᠣᠭᠲᠠᠭ᠋ᠠᠵᠤ ᠣᠯᠭᠣᠬᠤ ᠪᠣᠭᠣᠮᠲᠠ ᠵᠢ ᠴᠢᠩᠭ᠎ᠠ ᠠᠳᠬᠤᠵᠤ᠂ ᠲᠣᠭᠲᠠᠭ᠋ᠠᠯ᠎ᠠᠴᠠ ᠵᠥᠷᠢᠴᠡᠨ ᠵᠡᠮᠳᠡᠭᠴᠦᠳ᠎ᠤᠨ ᠦᠨᠡᠮᠯᠡᠯ ᠬᠢᠬᠦ᠂ ᠵᠡᠮᠳᠡᠭᠴᠦᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠵᠠᠳᠠᠷᠠᠭᠤᠯᠬᠤ ᠵᠡᠷᠬᠡ ᠦᠢ᠍ᠯᠨ ᠠᠵᠢᠯᠯᠠᠭ᠎ᠠ ᠵᠢ ᠡᠷᠡᠰ ᠬᠤᠷᠢᠬᠯᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠡᠮᠳᠡᠭᠴᠦᠳ᠎ᠤᠨ ᠬᠣᠯᠪᠣᠭ᠎ᠠ᠎ᠲᠠᠢ ᠬᠠᠮᠲᠤᠷᠠᠨ ᠨᠥᠬᠥᠪᠥᠷᠢ ᠥᠭᠬᠦ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠵᠡᠮᠳᠡᠭᠴᠦᠳ ᠪᠣᠯᠤᠨ ᠪᠤᠰᠤᠳ ᠤᠯᠠᠨ ᠲᠦᠮᠡᠨ᠎ᠤ  ᠵᠦᠢ᠍ᠳᠡᠢ ᠰᠠᠨᠠᠭᠤᠯᠭ᠎ᠠ ᠵᠢ ᠴᠠᠭ ᠲᠤᠬᠠᠶ᠎ᠲᠤ᠎ᠨᠢ ᠰᠢᠩᠭᠡᠭᠡᠨ ᠠᠪᠴᠤ᠂ ᠬᠣᠶᠠᠷ ᠨᠥᠬᠥᠪᠥᠷᠢ ᠥᠭᠬᠦ ᠠᠵᠢᠯ ᠎ᠢ ᠲᠠᠰᠤᠷᠠᠯᠳᠠ ᠥᠭᠡᠢ ᠰᠠᠶ᠋ᠢᠵᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠭᠠᠵᠠᠷ᠎ᠤᠨ᠎ᠬᠢᠨ ᠨᠥᠬᠥᠪᠥᠷᠢ ᠵᠢᠨ ᠪᠡᠯᠡ ᠮᠥᠩᠭᠥ ᠵᠢ ᠲᠠᠷᠬᠠᠭ᠋ᠠᠬᠤ ᠪᠠ ᠬᠡᠷᠡᠭᠯᠡᠬᠦ ᠲᠠᠯ᠎ᠠ᠎ᠪᠠᠷ᠎ᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠨᠥᠬᠥᠪᠥᠷᠢ ᠵᠢᠨ ᠪᠡᠯᠡ ᠮᠥᠩᠭᠥ ᠵᠢ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠵᠡᠷᠭᠡ ᠠᠵᠢᠯᠯᠠᠭ᠎ᠠ ᠵᠢ ᠡᠷᠡᠰ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃ ᠭᠤᠶᠤᠴᠢᠯᠠᠭᠴᠢ᠎ᠨᠢ ᠬᠤᠳᠠᠯ ᠵᠶ᠋ᠠᠷ ᠮᠡᠳᠡᠭᠦᠯᠬᠦ᠂ ᠨᠢᠭᠤᠨ ᠳᠠᠷᠤᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ᠎ᠪᠠᠷ ᠬᠣᠶᠠᠷ ᠨᠥᠬᠥᠪᠥᠷᠢ ᠵᠢᠨ ᠪᠠᠯᠠ ᠮᠥᠩᠭᠥ ᠵᠢ ᠮᠡᠬᠡᠯᠡᠨ ᠠᠪᠤᠭᠰᠠᠨ ᠪᠠᠶ᠋ᠢᠪᠠᠯ᠂ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠨᠢ ᠬᠠᠤᠯᠢ ᠲᠣᠭᠲᠠᠭ᠋ᠠᠯ ᠶᠣᠰᠣᠭ᠋ᠠᠷ ᠨᠥᠬᠥᠪᠥᠷᠢ ᠣᠯᠭᠣᠬᠤ ᠵᠢ ᠵᠣᠭᠰᠣᠭ᠋ᠠᠬᠤ ᠵᠢᠨ ᠬᠠᠮᠲᠤ ᠬᠠᠤᠯᠢ ᠪᠤᠰᠤ᠎ᠪᠠᠷ ᠣᠯᠤᠭᠰᠠᠨ ᠨᠥᠬᠥᠪᠥᠷᠢ ᠮᠦᠡᠭᠭᠦ ᠵᠢ ᠨᠡᠬᠡᠮᠵᠢᠯᠡᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠨ ᠠᠵᠢᠯᠯᠠᠭ᠎ᠠ ᠵᠢᠨ ᠰᠦᠪᠡᠭᠴᠢ ᠵᠢ᠎ᠨᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠤᠷᠢᠯᠡᠬᠦᠯᠬᠦ ᠬᠡᠷᠡᠭᠲᠡᠶ᠃ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠲᠦᠪ ᠭᠣᠣᠯᠴᠢ ᠵᠢ ᠪᠠᠷᠢᠮᠲᠠᠯᠠᠭᠰᠠᠨ᠂ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠬᠡᠭᠰᠡᠨ ᠪᠣᠯᠪᠠᠴᠤ ᠪᠤᠰᠤᠳᠴᠢ ᠰᠢᠯᠲᠠᠭ᠋ᠠᠨ᠎ᠠᠴᠠ ᠪᠤᠯᠵᠤ ᠠᠯᠳᠠᠰᠢ ᠭᠠᠷᠤᠭᠰᠠᠨ ᠪᠦᠬᠡᠳ ᠴᠠᠭ ᠲᠤᠬᠠᠢ᠎ᠳᠤ᠎ᠨᠢ ᠵᠠᠯᠠᠷᠠᠭᠤᠯᠤᠬᠰᠠᠨ ᠭᠠᠷᠳᠠᠨ ᠬᠦᠢ᠍ᠴᠡᠳᠭᠡᠭᠴᠢ᠎ᠠᠴᠠ ᠬᠠᠷᠢᠭᠤᠴᠠᠯᠭ᠎ᠠ ᠨᠡᠬᠡᠮᠵᠢᠯᠡᠬᠦ ᠦᠬᠡᠢ ᠃
   
   
   
    ᠠᠷᠠᠳ᠎ᠤᠨ ᠶᠠᠪᠤᠳᠠᠯ᠎ᠤᠨ ᠶᠠᠮᠤᠨ ᠂ ᠡᠳ᠋᠎ᠤᠨ ᠵᠠᠰᠠᠭ᠎ᠤᠨ ᠶᠠᠮᠤᠨ
   
2021 ᠣᠨ᠎ᠤ 8 ᠰᠠᠷ᠎ᠠ ᠵᠢᠨ 24

ᠢᠷᠡᠯᠲᠡ᠄ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠤᠨ ᠎ᠤᠨ ᠶᠠᠪᠤᠳᠠᠯ ᠎ᠤᠨ ᠶᠠᠮᠤᠨ《ᠪᠦᠬᠦ ᠤᠯᠤᠰ ᠎ᠤᠨ ᠴᠢᠨᠠᠷᠳᠠᠢ ᠨᠠᠢ᠌ᠭᠡᠮ ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠬᠠᠮᠢᠶᠠᠷᠤᠯᠳᠠ ᠵᠢᠨ ᠲᠦᠷᠢᠮ》 ᠎ᠢ ᠲᠤᠭᠳᠠᠭ᠋ᠠᠪᠠ
《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠭᠦᠶ ᠦᠢ᠍ᠯᠡᠳᠪᠤᠷᠢᠯᠡᠯ ᠵᠡᠷᠭᠡ ᠬᠣᠯᠪᠣᠭᠳᠠᠯ ᠪᠥᠬᠥᠶ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
2022 ᠣᠨ᠎ᠤ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠤ ᠱᠠᠭ᠋ᠠᠷᠳᠠᠪᠠ
《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠭᠦᠶ ᠦᠢ᠍ᠯᠡᠳᠪᠤᠷᠢᠯᠡᠯ ᠵᠡᠷᠭᠡ ᠬᠣᠯᠪᠣᠭᠳᠠᠯ ᠪᠥᠬᠥᠶ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠠᠯᠪᠠᠨ ᠵᠠᠷᠯᠠᠯ
 
            