ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠠᠩᠬᠢᠮ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠠᠵᠢᠯ᠎ᠤᠨ ᠵᠢᠯᠤᠭᠤᠳᠤᠮᠵᠢ》 ᠨᠡᠢ᠌ᠲᠡᠯᠡᠵᠦ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠬᠦᠭᠵᠢᠭᠦᠯᠬᠦ᠎ᠪᠠᠷ ᠲᠤᠭᠲᠠᠪᠠ
ᠨᠡᠶᠢᠲᠡᠯᠡᠭᠰᠡᠨ ᠴᠠᠭ᠄ 2021-05-31

    ᠤᠷᠴᠢᠮᠬᠠᠨ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ ᠬᠦᠮᠦᠨ ᠠᠮᠠ ᠵᠢᠨ ᠨᠠᠰᠤᠵᠢᠯᠲᠠ ᠵᠢᠨ ᠠᠰᠠᠭᠤᠳᠠᠯ᠎ᠳᠤ ᠬᠠᠨᠳᠤᠭᠤᠯᠤᠨ᠂ ᠪᠦᠬᠦ ᠤᠷᠤᠨ᠎ᠤ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠬᠦᠭᠵᠢᠯᠲᠡ ᠵᠢ ᠲᠦᠯᠬᠢᠨ ᠠᠬᠢᠭᠤᠯᠬᠤ᠎ᠪᠠᠷ ᠬᠠᠷᠠᠯᠲᠠ᠎ᠪᠠᠨ ᠪᠤᠯᠭ᠋ᠠᠵᠤ᠂ ᠦᠪᠡᠷᠲᠡᠭᠡᠨ ᠵᠠᠰᠠᠬᠤ ᠤᠷᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠪᠤᠳᠠᠲᠠᠢ᠎ᠲᠠᠢ᠎ᠪᠠᠨ ᠤᠶᠠᠯᠳᠤᠭᠤᠯᠤᠨ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠠᠵᠢᠯ᠎ᠤᠨ ᠵᠢᠯᠤᠭᠤᠳᠤᠮᠵᠢ》  (《ᠵᠢᠯᠤᠭᠤᠳᠤᠮᠵᠢ》 ᠬᠡᠮᠡᠨ ᠲᠣᠪᠴᠢᠯᠠᠶ᠎ᠠ) ᠲᠤᠭᠲᠠᠭ᠋ᠠᠵᠤ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠬᠤᠯᠪᠤᠭᠳᠠᠯ ᠪᠦᠬᠦᠢ ᠪᠠᠷᠢᠮᠵᠢᠶ᠎ᠠ ᠵᠢ ᠨᠠᠷᠢᠯᠢᠬ᠍ᠵᠢᠭᠤᠯᠤᠨ᠂ ᠡᠯ᠎ᠡ ᠭᠠᠵᠠᠷ ᠤᠷᠤᠨ᠎ᠤ ᠨᠡᠢ᠌ᠭᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡ ᠵᠢᠨ ᠲᠤᠨᠤᠭ ᠲᠦᠬᠦᠭᠡᠷᠦᠮᠵᠢ ᠵᠢ ᠰᠢᠨᠵᠢᠯᠡᠬᠦ ᠤᠬᠠᠭ᠋ᠠᠨᠴᠢ᠎ᠪᠠᠷ᠂ ᠪᠦᠲᠦᠮᠵᠢᠲᠡᠢ᠎ᠪᠠᠷ ᠲᠤᠬᠢᠷᠠᠭᠤᠯᠬᠤ ᠵᠢ ᠵᠢᠯᠤᠭᠤᠳᠴᠤ᠂ ᠨᠠᠰᠤᠵᠢᠯ᠎ᠤᠨ ᠦᠢ᠍ᠯᠡᠴᠢᠯᠡᠭᠡ ᠵᠢᠨ ᠪᠠᠢ᠌ᠭᠤᠯᠤᠮᠵᠢ ᠪᠠ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠎ᠠᠴᠠ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢ ᠨᠡᠩ ᠰᠢᠯᠢᠳᠡᠭ᠂ ᠨᠡᠩ ᠳᠦᠭᠦᠮ ᠳᠦᠲᠡ᠎ᠪᠠᠷ ᠬᠠᠩᠭ᠋ᠠᠬᠤ ᠵᠢ ᠵᠤᠷᠢᠬ᠍ᠵᠢᠭᠤᠯᠤᠨ ᠵᠢᠯᠤᠭᠤᠳᠴᠤ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠲᠡᠩᠴᠡᠭᠦᠷᠢᠲᠡᠢ᠎ᠪᠠᠷ ᠬᠦᠭᠵᠢᠬᠦ ᠵᠢ ᠨᠡᠩ ᠡᠷᠴᠢᠮᠲᠠᠢ ᠲᠦᠯᠬᠢᠨ ᠠᠬᠢᠭᠤᠯᠵᠤ᠂ ᠦᠢ ᠤᠯᠠᠨ ᠦᠳᠡᠯᠦᠭᠡ ᠨᠠᠰᠤᠲᠠᠳ᠎ᠤᠨ ᠠᠮᠢᠳᠤᠷᠠᠵᠤ ᠳᠠᠰᠤᠭᠰᠠᠨ ᠬᠤᠷᠢᠶᠠᠯᠠᠯ᠎ᠳᠤ᠎ᠪᠠᠨ᠂ ᠬᠠᠯᠠᠭᠤᠨ ᠲᠤᠯᠠᠭ᠋ᠠᠨ ᠭᠡᠷ ᠪᠦᠯᠢ᠎ᠳᠤ᠎ᠪᠠᠨ ᠦᠳᠡᠯᠦᠭᠡ ᠨᠠᠰᠤ᠎ᠪᠠᠨ ᠠᠵᠠ ᠵᠢᠷᠭ᠋ᠠᠯ᠎ᠲᠠᠢ ᠦᠩᠭᠡᠷᠡᠭᠦᠯᠬᠦ ᠵᠢ ᠪᠠᠲᠤᠯᠠᠨ᠎ᠠ ᠭᠡᠵᠡᠢ᠃
    ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ᠎ᠳᠤ ᠮᠡᠷᠭᠡᠵᠢᠯ᠎ᠤᠨ ᠠᠰᠠᠷᠠᠨ ᠬᠠᠷᠠᠭ᠋ᠠᠯᠵᠠᠬᠤ ᠲᠦᠷᠦᠯ᠂ ᠬᠤᠭᠤᠯᠠ ᠬᠦᠨᠡᠰᠦᠨ᠎ᠤ ᠦᠢ᠍ᠯᠡᠴᠢᠯᠡᠭᠡᠨ᠎ᠤ ᠲᠦᠷᠦᠯ᠂ ᠡᠮᠴᠢᠯᠡᠭᠡ ᠰᠤᠪᠢᠯᠠᠯᠲᠠ ᠤᠶᠠᠯᠳᠤᠭᠰᠠᠨ ᠲᠦᠷᠦᠯ᠂ ᠡᠷᠡᠭᠦᠯ ᠴᠢᠬᠢᠷᠠᠭ᠎ᠢ ᠠᠬᠢᠭᠤᠯᠬᠤ ᠲᠦᠷᠦᠯ᠂ ᠤᠶᠤᠨᠴᠢ ᠦᠢ᠍ᠯᠡᠴᠢᠯᠡᠭᠡ ᠵᠢᠨ ᠲᠦᠷᠦᠯ᠂ ᠭᠡᠷ ᠪᠦᠯᠢ ᠵᠢᠨ ᠲᠡᠮᠵᠢᠯᠭᠡ ᠵᠢᠨ ᠲᠦᠷᠦᠯ᠂ ᠨᠠᠰᠤᠵᠢᠯ᠎ᠤᠨ ᠵᠦᠪᠯᠡᠭᠴᠢ ᠵᠢᠨ ᠲᠦᠷᠦᠯ᠂ ᠤᠶᠤᠨ ᠤᠬᠠᠭ᠋ᠠᠨ ᠰᠤᠶᠤᠯ᠎ᠤᠨ ᠲᠦᠷᠦᠯ ᠵᠡᠷᠭᠡ 8 ᠲᠦᠷᠦᠯ᠎ᠤᠨ 20 ᠦᠢ᠍ᠯᠡᠴᠢᠯᠡᠭᠡᠨ᠎ᠤ ᠵᠦᠢ᠍ᠯ ᠪᠠᠭᠲᠠᠬᠤ ᠪᠦᠭᠡᠳ ᠡᠯ᠎ᠡ ᠲᠦᠷᠦᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠤᠨ ᠦᠳᠡᠯᠦᠭᠡ ᠨᠠᠰᠤᠲᠠᠳ᠎ᠤᠨ ᠬᠡᠷᠡᠭᠴᠡᠭᠡ᠎ᠳᠤ ᠴᠢᠭᠯᠡᠭᠦᠯᠦᠨ᠂ ᠦᠪᠡᠷᠰᠡᠳ᠎ᠤᠨ ᠵᠶ᠋ᠡᠨ ᠮᠡᠷᠭᠡᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠦᠳᠡᠯᠦᠭᠡ ᠨᠠᠰᠤᠲᠠᠳ᠎ᠲᠤ ᠴᠢᠨᠠᠷ ᠰᠠᠢ᠌ᠲᠠᠢ ᠦᠢ᠍ᠯᠡᠴᠢᠯᠡᠭᠡ ᠬᠠᠩᠭ᠋ᠠᠬᠤ ᠵᠢ ᠳᠡᠮᠵᠢᠨ᠎ᠡ ᠬᠡᠮᠡᠨ 《ᠵᠢᠯᠤᠭᠤᠳᠤᠮᠵᠢ》᠎ᠳᠤ ᠳᠤᠲᠤᠷᠬᠠᠢ ᠳᠤᠷᠠᠳᠴᠠᠢ᠃
ᠦᠢ᠍ᠯᠡᠴᠢᠯᠡᠬᠡᠨ᠎ᠤ ᠲᠦᠬᠦᠭᠡᠷᠦᠮᠵᠢ ᠵᠢᠨ ᠪᠠᠢ᠌ᠭᠤᠯᠤᠯᠲᠠ ᠵᠢᠨ ᠲᠠᠯ᠎ᠠ᠎ᠪᠠᠷ᠂ ᠨᠡᠢ᠌ᠬᠡᠮ ᠲᠤᠭᠤᠷᠢᠭ᠎ᠤᠨ ᠨᠠᠰᠤᠵᠢᠯ᠎ᠤᠨ
ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠪ ᠪᠤᠯᠤᠨ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠦᠷᠲᠡᠭᠡᠨ᠎ᠤ ᠬᠠᠷᠠᠯᠲᠠ ᠲᠤᠭᠲᠠᠭ᠋ᠠᠬᠤ᠂ ᠪᠠᠢ᠌ᠭᠤᠯᠤᠯᠲᠠ ᠵᠢᠨ ᠱᠠᠭ᠋ᠠᠷᠳᠠᠯᠭ᠎ᠠ᠂ ᠴᠢᠳᠠᠮᠵᠢ ᠵᠢᠨ ᠭᠤᠤᠯᠳᠠᠯᠭ᠎ᠠ᠂ ᠲᠠᠯᠠᠪᠠᠢ ᠵᠢᠨ ᠡᠵᠡᠩᠨᠡᠯᠲᠡ ᠵᠡᠷᠭᠡ ᠲᠠᠯ᠎ᠠ᠎ᠪᠠᠷ 《ᠵᠢᠯᠤᠭᠤᠳᠤᠮᠵᠢ》᠎ᠳᠤ ᠳᠤᠲᠤᠷᠬᠠᠢ ᠪᠠᠷᠢᠮᠵᠢᠶ᠎ᠠ ᠳᠤᠷᠠᠳᠴᠠᠢ᠃ 《15 ᠮᠢᠨᠦ᠋ᠲ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠤᠭᠤᠷᠢᠭ》᠎ᠢ ᠦᠨᠳᠦᠰᠦᠯᠡᠨ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠪ ᠪᠤᠯᠤᠨ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠦᠷᠲᠡᠭᠡ ᠵᠡᠷᠭᠡ   ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠬᠦᠭᠡᠷᠦᠮᠵᠢ ᠪᠠᠢ᠌ᠭᠤᠯᠬᠤ᠎ᠳᠤ ᠵᠠᠷᠴᠢᠮ ᠳᠡᠭᠡᠷ᠎ᠡ᠎ᠪᠠᠨ ᠵᠡᠭᠡᠯᠢ ᠭᠤᠳᠤᠮᠵᠢ ᠪᠦᠷᠢ᠎ᠳᠤ ᠠᠳᠠᠭ᠎ᠲᠤ᠎ᠪᠠᠨ  1000 ᠲᠡᠭᠰᠢ ᠳᠦᠷᠪᠡᠯᠵᠢᠨ ᠮᠸᠲᠷ ᠪᠠᠢ᠌ᠭᠤᠯᠤᠯᠲᠠ ᠵᠢᠨ ᠲᠠᠯᠠᠪᠠᠢ ᠪᠦᠬᠦᠢ 1   ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠪ ᠲᠤᠬᠢᠷᠠᠭᠤᠯᠵᠤ᠂ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠦᠷᠲᠡᠭᠡ ᠪᠦᠷᠢ ᠵᠢᠨ ᠪᠠᠢ᠌ᠭᠤᠯᠤᠯᠲᠠ ᠵᠢᠨ ᠲᠠᠯᠠᠪᠠᠢ᠎ᠨᠢ 350 ᠲᠡᠭᠰᠢ ᠳᠦᠷᠪᠡᠯᠵᠢᠨ ᠮᠸᠲᠷ᠎ᠠᠴᠠ ᠪᠠᠭ᠎ᠠ ᠪᠠᠢ᠌ᠵᠤ ᠪᠤᠯᠬᠤ ᠦᠭᠡᠢ᠃ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠪ ᠪᠠ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠦᠷᠲᠡᠭᠡ᠎ᠳᠤ ᠲᠦᠰᠢᠭᠯᠡᠨ ᠭᠡᠷ ᠪᠦᠯᠢ᠎ᠳᠤ᠎ᠪᠠᠨ ᠠᠮᠢᠳᠤᠷᠠᠵᠤ ᠪᠠᠢ᠌ᠭ᠎ᠠ ᠦᠳᠡᠯᠦᠭᠡ ᠨᠠᠰᠤᠲᠠᠳ᠎ᠲᠤ ᠬᠤᠭᠤᠯᠠ ᠬᠦᠨᠡᠰᠦ᠂ ᠠᠷᠢᠭᠤᠨ ᠴᠡᠪᠡᠷ᠂ ᠪᠠᠴᠢᠮ ᠪᠠᠢ᠌ᠳᠠᠯ᠂ ᠤᠭᠢᠶᠠᠯᠭ᠎ᠠ ᠴᠡᠪᠡᠷᠯᠡᠭᠡ᠂ ᠡᠮ ᠡᠮᠴᠢᠯᠡᠭᠡ᠂ ᠰᠡᠳᠬᠢᠯ ᠰᠠᠨᠠᠭ᠋ᠠᠨ᠎ᠤ ᠲᠠᠯ᠎ᠠ᠎ᠤᠨ ᠦᠢ᠍ᠯᠡᠴᠢᠯᠡᠭᠡ ᠬᠠᠩᠭ᠋ᠠᠬᠤ ᠪᠤᠯᠤᠨ᠎ᠠ᠃
  ᠠᠵᠢᠯᠴᠢᠳ᠎ᠤᠨ ᠡᠩᠨᠡᠭᠡᠨ᠎ᠤ ᠪᠠᠢ᠌ᠭᠤᠯᠤᠯᠲᠠ ᠵᠢᠨ ᠲᠠᠯ᠎ᠠ᠎ᠪᠠᠷ᠂ ᠡᠯ᠎ᠡ ᠭᠠᠵᠠᠷ ᠤᠷᠤᠨ᠎ᠤ᠎ᠬᠢᠨ ᠵᠠᠰᠠᠭ᠎ᠤᠨ ᠤᠷᠳᠤᠨ ᠵᠶ᠋ᠠᠷ ᠳᠠᠮᠵᠢᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ᠎ᠪᠠᠷ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠳ᠎ᠤᠨ ᠡᠩᠨᠡᠭᠡ᠎ᠪᠠᠨ ᠰᠢᠯᠢᠳᠡᠭᠵᠢᠭᠦᠯᠵᠦ᠂ ᠴᠢᠳᠠᠪᠤᠷᠢᠲᠠᠨ᠎ᠤ ᠬᠦᠮᠦᠵᠢᠯ ᠵᠶ᠋ᠡᠨ ᠲᠦᠷᠭᠡᠳᠬᠡᠵᠦ᠂ ᠰᠢᠨ᠎ᠡ ᠦᠢ᠍ᠯᠡᠴᠢᠯᠡᠭᠡᠨ᠎ᠤ ᠵᠠᠭᠪᠤᠷ ᠡᠭᠦᠳᠴᠦ᠂ ᠤᠯᠠᠨ ᠳᠠᠪᠬᠤᠷᠭ᠋ᠠᠲᠤ ᠨᠠᠰᠤᠵᠢᠯ᠎ᠤᠨ ᠦᠢ᠍ᠯᠡᠴᠢᠯᠡᠭᠡ ᠵᠢ ᠬᠦᠭᠵᠢᠭᠦᠯᠵᠦ᠂ ᠦᠳᠡᠯᠦᠭᠡ ᠨᠠᠰᠤᠲᠠᠳ᠎ᠤᠨ ᠦᠪᠡᠷᠮᠢᠴᠡ ᠬᠡᠷᠡᠭᠴᠡᠭᠡ ᠵᠢ ᠬᠠᠡᠭᠭ᠋ᠠᠬᠤ ᠬᠡᠷᠡᠭᠲᠡᠢ ᠬᠡᠮᠡᠨ 《ᠵᠢᠯᠤᠭᠤᠳᠤᠮᠵᠢ》᠎ᠳᠤ ᠳᠤᠷᠠᠳᠴᠠᠢ᠃
    ᠡᠯ᠎ᠡ ᠭᠠᠵᠠᠷ ᠤᠷᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠦᠪᠡᠷᠲᠡᠭᠡᠨ ᠵᠠᠰᠠᠬᠤ ᠤᠷᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠰᠤᠷᠠᠭ ᠵᠠᠩᠭᠢ ᠵᠢᠨ ᠲᠠᠪᠴᠠᠩ᠎ᠢ ᠭᠦᠢ᠍ᠴᠡᠳ ᠠᠰᠢᠭᠯᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ᠂ ᠲᠤᠭ᠎ᠠ ᠪᠠᠷᠢᠮᠲᠠ ᠵᠢᠨ ᠪᠦᠷᠢᠳᠬᠡᠯ᠂ ᠰᠤᠷᠠᠭ ᠵᠠᠩᠭᠢ ᠵᠢᠨ ᠨᠡᠢ᠌ᠲᠡᠯᠡᠯᠲᠡ᠂ ᠪᠡᠯᠡ ᠮᠦᠩᠭᠦ ᠵᠢᠨ ᠲᠤᠭ᠋ᠠᠠᠴᠠᠭ᠋ᠠᠯᠲᠠ ᠵᠡᠷᠭᠡ ᠠᠵᠢᠯ᠎ᠤᠨ ᠰᠤᠷᠠᠭ ᠵᠠᠩᠭᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠨᠠᠰᠤᠵᠢᠯ᠎ᠤᠨ ᠪᠠᠢ᠌ᠭᠤᠯᠤᠮᠵᠢ᠂ ᠦᠳᠡᠯᠦᠭᠡ ᠨᠠᠰᠤᠲᠠᠳ ᠵᠢᠴᠢ ᠭᠡᠷ ᠪᠦᠯᠢ ᠵᠢᠨ᠎ᠬᠢᠨ᠎ᠤ ᠤᠶᠤᠨᠴᠢ ᠪᠠᠭᠤᠤ᠂ ᠤᠶᠤᠨᠴᠢ ᠳᠡᠪᠢᠰᠭᠡᠷ᠂ ᠤᠶᠤᠨᠴᠢ ᠤᠨᠢᠰᠤ ᠵᠡᠷᠭᠡ ᠰᠡᠷᠡᠯ᠎ᠤᠨ ᠰᠡᠷᠡᠮᠵᠢᠯᠡᠯᠲᠡ ᠵᠢᠨ ᠲᠦᠭᠦᠬᠡᠷᠦᠮᠵᠢ ᠬᠡᠷᠡᠭᠯᠡᠬᠦ ᠵᠢ ᠵᠢᠭ᠋ᠠᠨ ᠵᠢᠯᠤᠭᠤᠳᠴᠤ᠂ ᠦᠲᠡᠯᠦᠭᠡ ᠨᠠᠰᠤᠲᠠᠳ᠎ᠤᠨ ᠠᠮᠢᠳᠤᠷᠠᠯ᠎ᠤᠨ ᠤᠷᠴᠢᠨ᠂ ᠦᠢ᠍ᠯᠡ ᠬᠦᠳᠡᠯᠦᠯ (ᠶᠠᠪᠤᠵᠤ ᠰᠠᠭᠤᠬᠤ) ᠪᠤᠯᠤᠨ ᠡᠷᠡᠭᠦᠯ ᠴᠢᠬᠢᠷᠠᠭ᠎ᠤᠨ ᠲᠤᠭ᠎ᠠ ᠪᠠᠷᠢᠮᠲᠠ ᠵᠢ ᠡᠳᠦᠷ ᠲᠤᠷᠰᠢ ᠬᠡᠮᠵᠢᠨ ᠰᠢᠯᠭ᠋ᠠᠵᠤ᠂ ᠬᠡᠪ᠎ᠤᠨ ᠪᠤᠰᠤ ᠪᠠᠢ᠌ᠳᠠᠯ᠎ᠲᠠᠢ ᠪᠤᠯᠪᠠᠯ ᠳᠠᠷᠤᠢ᠌ᠬᠠᠨ ᠰᠡᠷᠡᠮᠵᠢᠯᠡᠭᠦᠯᠬᠦ ᠪᠠ ᠬᠤᠷᠢᠭᠯᠠᠵᠤ᠂ 《ᠤᠶᠤᠨᠴᠢ ᠠᠮᠢᠳᠤᠷᠠᠯ᠎ᠤᠨ ᠵᠠᠭ᠋ᠠᠭ》᠎ᠢ ᠲᠠᠰᠤᠷᠠᠯᠲᠠ ᠦᠭᠡᠢ ᠪᠠᠭ᠋ᠠᠰᠬᠠᠵᠤ᠂ ᠦᠲᠡᠯᠦᠭᠡ ᠨᠠᠰᠤᠲᠠᠳ᠎ᠤᠨ ᠵᠠᠩᠭᠢᠴᠢᠯᠠᠭᠰᠠᠨ ᠨᠡᠢ᠌ᠭᠡᠮ᠎ᠳᠤ ᠢᠲᠡᠭᠡᠰᠢᠬᠦ᠎ᠳᠤ ᠲᠤᠰᠠᠯᠠᠬᠤ ᠬᠡᠷᠡᠭᠲᠡᠢ ᠬᠡᠮᠡᠨ  《ᠵᠢᠯᠤᠭᠤᠳᠤᠮᠵᠢ》᠎ᠳᠤ ᠱᠠᠭ᠋ᠠᠷᠳᠠᠭᠰᠠᠨ ᠪᠠᠢ᠌ᠳᠠᠭ᠃
 


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠲᠢᠡᠭᠭᠢᠮ (ᠲᠤᠪᠴᠢᠶ᠎ᠠ)᠂ ᠠᠰᠳᠠᠭ᠋ᠠᠨ ᠲᠦᠯᠦᠪᠯᠡᠬᠡ ᠬᠢᠬᠦ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠰᠢᠨᠵᠢᠶᠠᠡᠭ᠎ᠤᠨ ᠦᠢ᠍ᠯᠡᠳᠪᠤᠷᠢᠯᠡᠯ᠎ᠤᠨ ᠪᠦᠳᠦᠬᠡᠨ ᠪᠠᠢ᠌ᠭᠤᠯᠤᠯᠳᠠ ᠵᠢᠨ ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ᠎ᠳᠤ᠄
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠬᠢᠮ᠎ᠤᠨ ᠦᠨᠳᠤᠰᠤᠨ ᠱᠠᠳᠤᠨ᠎ᠤ ᠵᠠᠰᠠᠯᠳᠠ ᠵᠢᠨ ᠰᠢᠨ᠎ᠡ ᠵᠢ ᠡᠬᠦᠳᠦᠭᠰᠡᠨ ᠨᠡᠢ᠌ᠳᠡᠯᠢᠭ ᠵᠢᠱ᠌ᠢᠶ᠎ᠡ ᠵᠢ ᠡᠯᠰᠡᠬᠦ ᠮᠡᠳᠡᠭᠳᠡᠯ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ ᠭᠠᠴᠠᠭ᠎ᠠ ᠲᠤᠰᠬᠤᠨ᠎ᠤ ᠱᠠᠳᠤᠨ᠎ᠤ ᠵᠤᠬᠢᠶᠠᠨ ᠪᠠᠢ᠌ᠭᠤᠯᠤᠯᠳᠠ ᠵᠢᠨ ᠲᠠᠷᠤᠭ᠋ᠠᠰᠤ ᠵᠢ ᠬᠦᠡᠭᠭᠡᠯᠡᠬᠦ ᠠᠵᠢᠯ᠎ᠢ ᠰᠠᠢ᠌ᠳᠤᠷ ᠬᠢᠬᠦ ᠲᠤᠬᠠᠢ ᠮᠡᠳᠡᠭᠳᠡᠯ᠎ᠢ ᠬᠡᠪᠯᠡᠬᠦᠯᠤᠨ ᠲᠠᠷᠬᠠᠭ᠋ᠠᠪᠠ
《ᠠᠷᠪᠠᠨ ᠲᠦᠷᠪᠡᠳᠤᠬᠡᠷ ᠲᠠᠪᠤᠨ ᠵᠢᠯ》᠎ᠳᠤ ᠬᠦᠮᠦᠨ ᠠᠮᠨ ᠵᠢᠨ ᠨᠠᠰᠤᠵᠢᠬᠤ ᠵᠢ ᠢᠳᠡᠪᠬᠢᠳᠡᠢ ᠠᠷᠭ᠋ᠠᠴᠠᠭ᠋ᠠᠬᠤ ᠢᠨᠵᠸᠨ᠋ᠸᠷᠢᠡᠭ ᠪᠤᠯᠤᠨ ᠬᠡᠤᠬᠡᠳ ᠰᠠᠭ᠋ᠠᠳᠠᠭᠤᠯᠬᠤ ᠪᠦᠳᠦᠬᠡᠨ ᠪᠠᠢ᠌ᠭᠤᠯᠤᠯᠳᠠ ᠵᠢ ᠬᠡᠷᠡᠭᠵᠢᠬᠦᠯᠬᠦ ᠲᠦᠰᠤᠯ》᠎ᠢ ᠬᠡᠪᠯᠡᠬᠦᠯᠤᠨ ᠲᠠᠷᠬᠠᠭ᠋ᠠᠬᠤ ᠲᠤᠬᠠᠢ ᠮᠡᠳᠡᠭᠳᠡᠯ
ᠠᠷᠠᠳ᠎ᠤᠨ ᠶᠠᠪᠤᠳᠠᠯ᠎ᠤᠨ ᠶᠠᠮᠤᠨ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠬᠤᠳᠠ ᠵᠢᠨ ᠨᠡᠢ᠌ᠬᠡᠮ ᠲᠤᠭᠤᠷᠢᠭ᠎ᠤᠨ ᠰᠠᠭᠤᠭ᠋ᠠᠯᠢ ᠠᠷᠠᠳ᠎ᠤᠨ ᠵᠦᠪᠯᠡᠯ᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ (ᠵᠠᠰᠠᠪᠤᠷᠢ ᠤᠷᠤᠭᠤᠯᠬᠤ ᠰᠠᠨᠠᠯ ᠬᠤᠷᠢᠶᠠᠬᠤ ᠨᠤᠤᠷᠠᠭ)》᠎ᠢ ᠨᠡᠢ᠌ᠳᠡᠯᠡᠪᠡ
 
            