ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ᠎ᠳᠤ᠄
《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠳᠦᠮᠵᠢ ᠵᠢ ᠪᠡᠬᠢᠵᠢᠬᠦᠯᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠲᠥᠪ ᠬᠣᠷᠢᠶᠠᠨ᠎ᠤ ᠠᠯᠪᠠᠨ ᠲᠢᠩᠬᠢᠮ᠎ᠤᠨ ᠱᠠᠯᠠᠪᠳᠠᠭᠤᠯᠤᠨ ᠪᠠᠢ᠌ᠴᠠᠭ᠋ᠠᠬᠤ᠎ᠳᠤ᠎ᠪᠠᠨ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠬᠦ ᠠᠵᠢᠯ᠎ᠢ ᠬᠢᠨᠠᠮᠠᠭ᠋ᠠᠢ ᠰᠠᠢ᠌ᠲᠤᠷ ᠬᠢᠵᠦ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠣᠯᠠᠨ ᠳᠡᠰ ᠳᠠᠪᠬᠤᠷᠭ᠎ᠠ ᠵᠢᠨ ᠮᠡᠳᠡᠭᠡ ᠵᠠᠩᠭᠢ ᠵᠢ ᠬᠤᠪᠢᠶᠠᠯᠴᠠᠬᠤ ᠬᠠᠮᠵᠢᠯᠴᠠᠭ᠋ᠠᠨ᠎ᠤ ᠲᠣᠭᠲᠠᠴᠠ ᠵᠢ ᠲᠡᠬᠦᠯᠳᠡᠷᠵᠢᠬᠦᠯᠬᠦ ᠵᠢᠨ ᠲᠦᠯᠦᠬᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠯᠭ᠎ᠠ ᠪᠠᠭ᠎ᠠ ᠬᠦᠮᠦᠰ᠎ᠤᠨ ᠪᠠᠢ᠌ᠳᠠᠯ᠎ᠢ ᠬᠢᠨᠠᠬᠤ ᠪᠠ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠲᠣᠭ᠎ᠠ ᠪᠠᠷᠢᠮᠲᠠ ᠵᠢ ᠬᠤᠪᠢᠶᠠᠯᠴᠠᠬᠤ ᠠᠷᠭ᠎ᠠ》 ᠵᠢ ᠲᠤᠬᠳᠠᠭ᠋ᠠᠯ᠎ᠠ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠨ᠎ᠬᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠯᠭ᠎ᠠ ᠪᠠᠭ᠎ᠠ ᠬᠦᠮᠦᠰ᠎ᠤᠨ ᠪᠠᠢ᠌ᠳᠠᠯ᠎ᠢ ᠬᠢᠨᠠᠬᠤ ᠪᠠ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠲᠣᠭ᠎ᠠ ᠪᠠᠷᠢᠮᠲᠠ ᠵᠢ ᠬᠤᠪᠢᠶᠠᠯᠴᠠᠬᠤ ᠠᠷᠭ᠎ᠠ》 ᠵᠢᠨ ᠬᠣᠯᠪᠣᠭᠳᠠᠯ ᠪᠦᠬᠦᠢ ᠠᠭᠤᠯᠭ᠎ᠠ ᠵᠢ ᠦᠨᠳᠦᠰᠦᠯᠡᠨ᠂ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠰᠠᠢ᠌ᠲᠤᠷ ᠨᠠᠢ᠌ᠳᠠᠪᠤᠷᠢᠵᠢᠭᠤᠯᠬᠤ ᠵᠢ ᠬᠦᠰᠡᠵᠤ ᠪᠠᠢ᠌ᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ
2022 ᠣᠨ᠎ᠤ 3 ᠳ᠋ᠤᠭ᠋ᠠᠷ ᠰᠠᠷ᠎ᠠ ᠵᠢᠨ 3 ᠡᠳᠤᠷ