ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠮᠥᠩᠭᠥ ᠵᠢᠨ ᠬᠠᠮᠢᠶᠠᠷᠤᠯᠲᠠ ᠵᠢ ᠵᠢᠷᠤᠮᠵᠢᠭᠤᠯᠤᠨ᠂ ᠪᠡᠯᠡ ᠮᠦᠡᠭᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠤᠯᠤᠨ ᠡᠳ᠋᠎ᠤᠨ ᠵᠠᠰᠠᠭ᠎ᠤᠨ ᠲᠤᠪᠴᠢᠶ᠎ᠠ ᠬᠠᠮᠳᠤᠷᠠᠨᠨ 《ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》 (《ᠰᠠᠨᠠᠯ》 ᠭᠡᠵᠦ ᠲᠤᠪᠴᠢᠯᠠᠶ᠎ᠠ)᠎ᠢ ᠳᠠᠷᠤᠮᠠᠯᠯᠠᠨ ᠲᠠᠷᠬᠠᠭ᠋ᠠᠪᠠ᠃
《ᠰᠠᠨᠠᠯ》᠎ᠳᠤ᠂ ᠵᠣᠭᠰᠣᠴᠠ᠎ᠪᠠᠨ ᠳᠡᠭᠡᠭᠰᠢᠯᠡᠭᠦᠯᠵᠦ᠂ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠡᠭᠭ᠋ᠠᠳᠬᠠᠬᠤ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ᠃ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠲᠤᠰᠠᠯᠠᠮᠵᠢ ᠵᠢᠨ ᠮᠥᠩᠭᠥ ᠪᠣᠯ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠲᠦᠷᠦ ᠵᠢᠨ ᠪᠣᠳᠣᠯᠭ᠎ᠠ ᠵᠢ ᠴᠢᠨᠠᠷᠵᠢᠭᠤᠨ ᠨᠠᠢ᠌ᠳᠠᠪᠤᠷᠢᠵᠢᠭᠤᠯᠬᠤ ᠵᠢᠨ ᠴᠢᠬᠤᠯᠠ ᠲᠤᠯᠭ᠋ᠠᠭᠤᠷᠢᠯᠠᠯ ᠪᠣᠯᠣᠨ᠎ᠠ᠂ ᠪᠡᠯᠡ ᠮᠥᠩᠭᠥ ᠵᠢ ᠰᠠᠢ᠌ᠲᠤᠷ ᠬᠡᠷᠡᠭᠯᠡᠬᠦ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠬᠦᠯᠬᠦ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠡᠷᠬᠡ ᠠᠰᠢᠭ᠎ᠢ ᠪᠠᠲᠤᠯᠠᠬᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠣᠲᠠ᠂ ᠰᠢᠶᠠᠨ᠎ᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠬᠦ ᠴᠢᠬᠤᠯᠠ ᠠᠷᠭ᠎ᠠ ᠪᠣᠯᠭ᠋ᠠᠵᠤ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠠᠵᠢᠯᠯᠠᠭ᠋ᠠᠨ᠎ᠤ ᠶᠠᠪᠤᠴᠠ ᠵᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠮᠥᠩᠭᠥ ᠵᠢᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠥᠰᠥᠪ᠂ ᠵᠢᠷᠤᠮᠵᠢᠯ᠎ᠲᠠᠢ ᠪᠦᠲᠦᠮᠵᠢᠲᠡᠶ ᠬᠡᠷᠡᠭᠯᠡᠯᠲᠡ᠂ ᠠᠮᠤᠷ ᠲᠦᠪᠰᠢᠨ ᠥᠨᠳᠥᠷ ᠪᠦᠲᠦᠮᠵᠢᠲᠡᠶ᠎ᠪᠠᠷ ᠠᠵᠢᠯᠯᠠᠬᠤ ᠵᠢ ᠪᠠᠲᠤᠯᠠᠬᠤ ᠬᠡᠷᠡᠭᠲᠡᠢ ᠬᠡᠵᠡᠢ᠃
《ᠰᠠᠨᠠᠯ》᠎ᠳᠤ᠂ ᠬᠠᠮᠢᠶᠠᠷᠤᠯᠲᠠ ᠵᠢ ᠵᠢᠷᠤᠮᠵᠢᠭᠤᠯᠵᠤ᠂ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠡᠯ᠎ᠡ ᠵᠠᠩᠭᠢᠯᠠᠭ᠎ᠠ ᠵᠢ ᠴᠢᠩᠭ᠎ᠠ ᠠᠳᠬᠤᠬᠤ ᠬᠡᠷᠡᠭᠲᠡᠢ᠃ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠦᠨᠳᠦᠰᠦᠯᠡᠨ᠂ ᠪᠡᠯᠡ ᠮᠥᠩᠭᠥ ᠵᠢᠨ ᠪᠠᠲᠤᠯᠠᠭ᠎ᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠵᠦ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠬᠡᠷᠡᠭᠴᠡᠭᠡ ᠵᠢ ᠦᠨᠳᠦᠰᠦᠯᠡᠨ᠂ ᠨᠡᠢ᠌ᠭᠡᠮ᠎ᠤᠨ ᠲᠤᠰᠠᠯᠠᠮᠵᠢ ᠵᠢᠨ ᠪᠡᠯᠡ ᠮᠥᠩᠭᠥ ᠵᠢ ᠲᠥᠰᠥᠭᠡᠯᠡᠨ ᠪᠤᠳᠤᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠩᠭ᠋ᠠᠭᠰᠠᠨ ᠪᠡᠯᠡ ᠮᠥᠩᠭᠥ ᠵᠢᠨ ᠲᠥᠰᠥᠭᠡᠯᠡᠨ ᠪᠤᠳᠤᠯᠳᠠ ᠵᠢᠨ ᠪᠠᠢ᠌ᠳᠠᠯ ᠪᠣᠯᠣᠨ ᠲᠦᠷᠤᠬᠦᠤ ᠵᠢᠯ᠎ᠤᠨ ᠠᠮᠵᠢᠯᠲᠠ ᠪᠦᠲᠦᠮᠵᠢ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠢ ᠦᠨᠳᠦᠰᠦᠯᠡᠨ᠂ ᠪᠡᠯᠡ ᠮᠥᠩᠭᠥ ᠵᠢᠨ ᠲᠥᠰᠥᠪ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠨᠠᠢ᠌ᠷᠠᠭᠤᠯᠤᠨ ᠵᠣᠬᠢᠶᠠᠵᠤ᠂ ᠪᠡᠯᠡ ᠮᠥᠩᠭᠥ ᠵᠢᠨ ᠪᠠᠲᠤᠯᠠᠭ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠪᠡᠯᠡ ᠮᠥᠩᠭᠥ ᠣᠯᠭᠣᠬᠤ ᠵᠢ ᠴᠢᠩᠭ᠋ᠠᠳᠬᠠᠵᠤ᠂ 《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠤᠰᠠᠯᠠᠮᠵᠢ ᠬᠦᠷᠳᠡᠭᠰᠡᠳ᠎ᠤᠨ ᠵᠣᠭᠣᠰ᠎ᠤᠨ ᠲᠣᠭ᠎ᠠ ᠵᠢ ᠬᠢᠨᠠᠨ ᠲᠣᠭᠲᠠᠭ᠋ᠠᠬᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠪᠡᠯᠡ ᠮᠥᠩᠭᠥ ᠵᠢ ᠬᠠᠷᠭᠤᠭᠤᠯᠤᠨ ᠣᠯᠭᠣᠬᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠣᠷᠣᠯᠠᠨ ᠣᠯᠭᠣᠬᠤ》 ᠵᠠᠷᠴᠢᠮ ᠶᠣᠰᠣᠭ᠋ᠠᠷ᠂ ᠠᠵᠢᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠱᠠᠲᠤ ᠱᠠᠲᠤ᠎ᠪᠠᠷ ᠰᠠᠢ᠌ᠲᠤᠷ ᠬᠢᠨᠠᠨ ᠬᠠᠷᠭᠤᠭᠤᠯᠵᠤ᠂ ᠲᠤᠰᠠᠯᠠᠮᠵᠢ ᠵᠢᠨ ᠮᠥᠩᠭᠥ ᠵᠢ ᠰᠠᠷ᠎ᠠ ᠪᠦᠷᠢ ᠵᠢᠨ 10᠎ᠤ ᠡᠳᠦᠷ᠎ᠠᠴᠠ ᠡᠮᠦᠨ᠎ᠡ ᠬᠦᠴᠢᠷᠳᠡᠯᠲᠡᠢ ᠣᠯᠠᠨ ᠲᠦᠮᠡᠨ᠎ᠤ ᠭᠠᠷ᠎ᠲᠤ ᠤᠷᠤᠭᠤᠯᠬᠤ ᠵᠢ ᠵᠠᠪᠠᠯ ᠪᠠᠲᠤᠯᠠᠬᠤ ᠬᠡᠷᠡᠭᠲᠡᠢ᠃ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠡᠯᠡ ᠮᠥᠩᠭᠥ ᠵᠢᠨ ᠵᠠᠷᠤᠯᠭ᠎ᠠ ᠵᠢᠨ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠵᠦ ᠪᠣᠯᠬᠤ ᠦᠭᠡᠢ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠪᠡᠯᠡ ᠮᠥᠩᠭᠥ ᠵᠢ ᠰᠠᠭᠤᠯᠭ᠋ᠠᠬᠤ᠂ ᠰᠢᠯᠵᠢᠬᠦᠯᠬᠦ ᠪᠤᠶᠤ ᠠᠵᠢᠯᠲᠠᠨ᠎ᠤ ᠡᠳᠦᠷ ᠲᠤᠲᠤᠮ᠎ᠤᠨ ᠠᠯᠪᠠᠨ ᠵᠠᠷᠤᠳᠠᠯ᠂ ᠪᠠᠢ᠌ᠭᠤᠯᠤᠮᠵᠢ ᠵᠢᠨ ᠠᠵᠢᠯᠯᠠᠭ᠋ᠠᠨ᠂ ᠲᠣᠮᠣ ᠬᠡᠯᠪᠡᠷᠢ ᠵᠢᠨ ᠲᠥᠬᠦᠭᠡᠷᠦᠮᠵᠢ ᠬᠤᠳᠠᠯᠳᠤᠨ ᠠᠪᠬᠤ ᠪᠠ ᠰᠠᠭᠤᠷᠢ ᠲᠦᠬᠦᠬᠡᠷᠤᠮᠵᠢ ᠵᠢ ᠰᠡᠯᠪᠢᠬᠦ᠂ ᠰᠢᠨᠡᠳᠬᠡᠬᠦ᠎ᠳᠤ ᠬᠡᠷᠡᠭᠯᠡᠵᠦ ᠪᠣᠯᠬᠤ ᠦᠭᠡᠢ᠃
《ᠰᠠᠨᠠᠯ》᠎ᠳᠤ᠂ ᠲᠣᠭᠲᠠᠴᠠ ᠵᠢ ᠪᠠᠢ᠌ᠭᠤᠯᠵᠤ᠂ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠲᠡᠭᠦᠯᠳᠡᠷᠵᠢᠭᠦᠯᠬᠦ ᠬᠡᠷᠡᠭᠲᠡᠢ ᠬᠡᠵᠡᠢ᠃ ᠬᠣᠲᠠ᠂ ᠬᠣᠰᠢᠭᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠬᠢᠨᠠᠨ ᠪᠤᠳᠤᠵᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠡᠳ᠋᠎ᠤᠨ ᠵᠠᠰᠠᠭ᠎ᠤᠨ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠂ ᠪᠡᠯᠡ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ ᠵᠢᠨ ᠪᠠᠢ᠌ᠳᠠᠯ᠎ᠤᠨ ᠲᠤᠰᠬᠠᠢ ᠵᠦᠢ᠍ᠯ᠎ᠤᠨ ᠪᠠᠢ᠌ᠴᠠᠭ᠋ᠠᠯᠲᠠ᠂ ᠱᠠᠯᠠᠪᠳᠠᠭᠤᠯᠤᠨ ᠪᠠᠢ᠌ᠴᠠᠭ᠋ᠠᠯᠲᠠ᠂ ᠬᠢᠨᠠᠨ ᠪᠣᠳᠣᠯᠲᠠ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠢ᠃ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ ᠰᠦᠯᠵᠢᠶᠡᠨ ᠳᠡᠭᠡᠷ᠎ᠡ ᠬᠢᠨᠠᠬᠤ ᠪᠠ ᠰᠦᠯᠵᠢᠶᠡᠨ ᠭᠠᠳᠠᠨ᠎ᠠ ᠬᠢᠨᠠᠨ ᠬᠠᠮᠢᠶᠠᠷᠬᠤ ᠵᠢ ᠬᠠᠷᠢᠯᠴᠠᠨ ᠤᠶᠠᠯᠳᠤᠭᠤᠯᠬᠤ ᠠᠷᠭ᠎ᠠ᠎ᠪᠠᠷ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠪᠡᠯᠡ ᠮᠥᠩᠭᠥ ᠵᠢᠨ ᠪᠥᠬᠥ ᠶᠠᠪᠤᠴᠠ᠎ᠳᠤ ᠬᠢᠨᠠᠵᠤ᠂ ᠠᠰᠠᠭᠤᠳᠠᠯ᠎ᠢ ᠴᠠᠭ ᠲᠤᠬᠠᠢᠳᠤᠨᠢ ᠢᠯᠡᠷᠡᠬᠦᠯᠬᠦ ᠵᠢᠨ ᠬᠠᠮᠲᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠯᠳᠠᠰᠢ ᠭᠠᠷᠬᠤ ᠵᠢ ᠬᠣᠷᠢᠭᠯᠠᠬᠤ ᠬᠡᠷᠡᠭᠲᠡᠢ᠃ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠠᠮ᠎ᠢ ᠥᠷᠭᠡᠳᠬᠡᠵᠦ᠂ ᠳᠣᠲᠣᠭ᠋ᠠᠳᠤ ᠵᠢᠨ ᠬᠢᠨᠠᠯᠲᠠ ᠵᠢ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠨᠡᠢ᠌ᠭᠡᠮ᠎ᠤᠨ ᠬᠦᠴᠦᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠬᠢᠨᠠᠯᠲᠠ ᠪᠠ ᠵᠠᠰᠠᠭ᠎ᠤᠨ ᠣᠷᠳᠣᠨ᠎ᠤ ᠬᠢᠨᠠᠯᠲᠠ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠮᠡᠳᠡᠭᠡ ᠵᠠᠩᠭᠢ ᠵᠢ ᠢᠯᠡᠵᠢᠬᠦᠯᠬᠦ ᠳᠦᠷᠢᠮ᠎ᠢ ᠲᠡᠭᠦᠯᠳᠡᠷᠵᠢᠭᠦᠯᠵᠦ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ᠂ ᠢᠯᠡᠴᠢᠯᠡᠨ ᠮᠡᠳᠡᠭᠦᠯᠬᠦ᠂ ᠰᠢᠢ᠍ᠳᠪᠦᠷᠢᠯᠡᠬᠦ᠂ ᠬᠠᠷᠢᠭᠤ ᠲᠤᠰᠬᠠᠬᠤ ᠲᠣᠭᠲᠠᠴᠠ ᠵᠢ ᠲᠡᠬᠦᠯᠳᠡᠷᠵᠢᠬᠦᠯᠤᠨ᠂ ᠠᠷᠠᠳ ᠣᠯᠠᠨ᠎ᠤ ᠪᠠᠢ᠌ᠳᠠᠯ᠎ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠢ ᠪᠠᠲᠤᠯᠠᠨ᠂ ᠲᠤᠰᠠᠯᠠᠮᠵᠢ ᠬᠦᠷᠳᠡᠭᠰᠡᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠡᠢ᠌ᠭᠡᠮ᠎ᠤᠨ ᠬᠢᠨᠠᠯᠲᠠ ᠲᠠᠯᠪᠢᠬᠤ ᠴᠢᠬᠤᠯᠠ ᠬᠦᠴᠦᠨ ᠪᠣᠯᠭ᠋ᠠᠬᠤ ᠬᠡᠷᠡᠭᠲᠡᠢ᠃
《ᠰᠠᠨᠠᠯ》᠎ᠳᠤ᠂ ᠪᠠᠲᠤᠯᠠᠭ᠎ᠠ ᠵᠢ ᠴᠢᠩᠭ᠋ᠠᠳᠬᠠᠵᠤ᠂ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ ᠬᠡᠵᠡᠢ᠃ ᠬᠣᠲᠠ ᠬᠣᠰᠢᠭᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠮᠵᠢ ᠵᠢᠨ ᠪᠡᠯᠡ ᠮᠥᠩᠭᠥ ᠵᠢ ᠴᠤᠭᠯᠠᠭᠤᠯᠬᠤ᠂ ᠬᠤᠪᠢᠶᠠᠷᠢᠯᠠᠬᠤ᠂ ᠰᠠᠯᠭ᠋ᠠᠨ ᠥᠭᠬᠦ᠂ ᠲᠠᠷᠬᠠᠭ᠋ᠠᠬᠤ ᠵᠡᠷᠭᠡ ᠡᠯ᠎ᠡ ᠭᠣᠭᠴᠣᠭ᠎ᠠ ᠵᠢᠨ ᠠᠵᠢᠯ᠎ᠤᠨ ᠬᠠᠷᠢᠭᠤᠴᠠᠯᠭ᠎ᠠ ᠵᠢ ᠬᠥᠮᠥᠨ᠂ ᠠᠵᠢᠯ᠎ᠤᠨ ᠪᠠᠢ᠌ᠷᠢ᠎ᠳᠤ᠎ᠨᠢ ᠬᠦᠷᠲᠡᠯ᠎ᠡ ᠨᠠᠢ᠌ᠳᠠᠪᠤᠷᠢᠵᠢᠭᠤᠯᠵᠤ᠂ ᠲᠤᠰᠠᠯᠠᠮᠵᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠭᠣᠭᠴᠣᠭ᠎ᠠ ᠪᠦᠷᠢ ᠵᠢ ᠬᠠᠷᠢᠭᠤᠴᠠᠬᠤ ᠬᠥᠮᠥᠨ᠎ᠲᠠᠢ᠂ ᠬᠢᠬᠦ ᠬᠥᠮᠥᠨ᠎ᠲᠠᠢ ᠪᠠᠢ᠌ᠬᠤ ᠵᠢ ᠪᠠᠲᠤᠯᠠᠬᠤ ᠬᠡᠷᠡᠭᠲᠡᠢ᠃ ᠠᠵᠢᠯ᠎ᠤᠨ ᠵᠣᠬᠢᠴᠠᠭᠤᠯᠬᠤ ᠳᠦᠷᠢᠮ᠎ᠢ ᠪᠠᠢ᠌ᠭᠤᠯᠤᠨ᠂ ᠪᠠᠢ᠌ᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠨᠠᠪᠲᠠᠷᠡᠭᠦᠯᠵᠦ᠂ ᠠᠰᠠᠭᠤᠳᠠᠯ᠎ᠢ ᠬᠠᠮᠳᠤ᠎ᠪᠠᠷ ᠰᠤᠳᠤᠯᠵᠤ᠂ ᠠᠯᠳᠠᠰᠢ ᠭᠠᠷᠬᠤ ᠵᠢ ᠬᠣᠷᠢᠭᠯᠠᠵᠤ᠂ ᠠᠷᠭ᠎ᠠ ᠬᠡᠮᠵᠢᠶ᠎ᠡ᠎ᠪᠠᠨ ᠲᠡᠬᠦᠯᠳᠡᠷᠵᠢᠬᠦᠯᠬᠦ ᠬᠡᠷᠡᠭᠲᠡᠢ᠃ ᠰᠢᠶᠠᠩ ᠪᠠᠯᠭ᠋ᠠᠰᠤ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠠᠷᠠᠳ᠎ᠤᠨ ᠶᠠᠪᠤᠳᠠᠯ᠎ᠤᠨ ᠠᠵᠢᠯᠲᠠᠨ ᠪᠤᠯᠤᠨ ᠭᠠᠴᠠᠭ᠋ᠠᠨ᠎ᠤ ᠱᠠᠲᠤᠨ᠎ᠤ ᠬᠠᠪᠰᠤᠷᠤᠭᠴᠢ ᠵᠡᠷᠬᠡ ᠡᠯ᠎ᠡ ᠵᠠᠩᠭᠢᠯᠠᠭ᠎ᠠ ᠵᠢ ᠭᠠᠷᠳᠠᠨ ᠬᠢᠬᠦ ᠬᠥᠮᠥᠰ᠎ᠤᠨ ᠠᠷᠢᠭᠤᠨ ᠴᠢᠭᠴᠢ᠎ᠪᠠᠷ ᠵᠠᠰᠠᠭ ᠪᠠᠷᠢᠬᠤ ᠬᠥᠮᠦᠵᠢᠯ ᠪᠠ ᠬᠠᠤᠯᠢ ᠴᠠᠭ᠋ᠠᠵᠠ ᠬᠠᠤᠯᠢ ᠲᠦᠷᠢᠮ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠭᠠᠷᠳᠠᠨ ᠬᠢᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠠᠯᠳᠠᠭ᠎ᠠ ᠪᠤᠷᠤᠭᠤ ᠵᠢ ᠵᠠᠯᠠᠷᠠᠭᠤᠯᠬᠤ ᠲᠣᠭᠲᠠᠴᠠ ᠵᠢ ᠪᠠᠢ᠌ᠭᠤᠯᠤᠨ᠂ ᠵᠣᠷᠢᠭᠤᠳᠠ ᠪᠤᠰᠤ ᠪᠤᠶᠤ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ᠎ᠨᠢ ᠣᠨᠣᠪᠴᠢ ᠦᠭᠡᠢ᠂ ᠲᠤᠰᠠᠯᠠᠭᠤᠯᠤᠭᠴᠢ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ ᠰᠢᠯᠲᠠᠭ᠋ᠠᠨ᠎ᠠᠴᠠ ᠪᠣᠯᠵᠤ ᠠᠯᠳᠠᠰᠢ ᠪᠤᠷᠤᠭᠤ ᠭᠠᠷᠤᠭᠰᠠᠨ ᠮᠥᠷᠲᠡᠭᠡᠨ ᠪᠤᠷᠤᠭᠤ ᠲᠠᠷᠬᠠᠭ᠋ᠠᠬᠰᠠᠨ ᠪᠡᠯᠡ ᠮᠥᠩᠭᠥ ᠵᠢ ᠴᠠᠭ ᠲᠤᠬᠠᠢᠳᠤᠨᠢ ᠡᠬᠡᠬᠦᠯᠵᠤ ᠠᠪᠴᠢᠷᠠᠬᠰᠠᠨ ᠪᠤᠯ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠭᠠᠷᠲᠠᠨ ᠭᠦᠢ᠍ᠴᠡᠳᠭᠡᠭᠴᠢ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠠᠴᠠ ᠬᠡᠯᠲᠦᠷᠢᠭᠦᠯᠬᠦ ᠬᠡᠷᠡᠭᠲᠡᠢ᠃