(ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠬᠢᠮ᠎ᠠᠴᠠ ᠲᠠᠷᠬᠠᠭ᠋ᠠᠭᠰᠠᠨ [2022] 8 ᠳ᠋ᠤᠭ᠋ᠠᠷ ᠲᠣᠭ᠋ᠠᠲᠤ 2022 ᠣᠨ᠎ᠤ 4 ᠰᠠᠷ᠎ᠠ ᠵᠢᠨ 26᠎ᠤ ᠡᠳᠦᠷ)
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠵᠡᠮᠳᠡᠭᠴᠦᠳ᠎ᠤᠨ ᠬᠣᠯᠪᠣᠭ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠵᠡᠮᠳᠡᠭᠴᠦᠳ᠎ᠤᠨ ᠬᠣᠯᠪᠣᠭ᠎ᠠ᠎ᠳᠤ᠄
《ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠵᠢᠨ ᠳᠦᠷᠢᠮ᠎ᠢ ᠪᠥᠬᠥ ᠲᠠᠯ᠎ᠠ᠎ᠪᠠᠷ ᠪᠠᠶ᠋ᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 《ᠲᠥᠷᠥ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠥᠮᠴᠢᠯᠡᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠢᠯᠤᠭᠣᠳᠬᠤ ᠰᠠᠨᠠᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠵᠡᠮᠳᠡᠭᠴᠦᠳ᠎ᠤᠨ ᠬᠣᠶᠠᠷ ᠨᠥᠬᠥᠪᠦᠷᠢ ᠵᠢ ᠭᠤᠶᠤᠴᠢᠯᠠᠬᠤ ᠠᠷᠭ᠎ᠠ ᠵᠠᠮ᠎ᠢ ᠤᠯᠠᠮ ᠰᠠᠭ᠋ᠠᠳ ᠦᠭᠡᠢ ᠨᠠᠪᠲᠠᠷᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠤᠯᠠᠮ ᠲᠦᠬᠦᠮ ᠲᠦᠳᠡ ᠪᠤᠯᠭ᠋ᠠᠵᠤ᠂ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠬᠦᠯᠬᠦ ᠵᠢᠨ ᠲᠦᠯᠦᠬᠡ ᠵᠡᠮᠳᠡᠭᠴᠦᠳ᠎ᠤᠨ ᠬᠣᠶᠠᠷ ᠨᠥᠬᠥᠪᠦᠷᠢ ᠵᠢ ᠭᠤᠶᠤᠴᠢᠯᠠᠬᠤ ᠪᠥᠬᠥ ᠶᠠᠪᠤᠴᠠ ᠵᠢ ᠰᠦᠯᠵᠢᠶᠡᠨ ᠲᠡᠬᠡᠷ᠎ᠡ ᠬᠦᠢ᠍ᠴᠡᠳᠬᠡᠬᠦ ᠦᠢ᠍ᠯᠡᠴᠢᠯᠡᠭᠡ ᠵᠢ ᠪᠥᠬᠥ ᠤᠯᠤᠰ᠎ᠤᠨ ᠬᠡᠪᠴᠢᠶᠡᠨ᠎ᠳᠤ ᠬᠡᠷᠡᠭᠵᠢᠭᠦᠯᠬᠦ᠎ᠪᠠᠷ ᠪᠣᠶ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠮᠡᠳᠡᠭᠳᠡᠶ᠎ᠡ᠄
ᠨᠢᠭᠡ᠂ ᠰᠦᠯᠵᠢᠶᠡᠨ ᠳᠡᠭᠡᠷᠡᠬᠢ ᠭᠤᠶᠤᠴᠢᠯᠠᠯ᠎ᠢ ᠪᠥᠬᠥ ᠶᠠᠪᠤᠴᠠ᠎ᠳᠤ ᠰᠦᠯᠵᠢᠶᠡᠨ ᠲᠡᠬᠡᠷ᠎ᠡ ᠬᠦᠢ᠍ᠴᠡᠳᠬᠡᠬᠦ ᠪᠣᠯᠭ᠋ᠠᠪᠠ
2019 ᠣᠨ᠎ᠠᠴᠠ ᠨᠠᠭ᠋ᠠᠰᠢ ᠵᠡᠮᠳᠡᠭᠴᠦᠳ᠎ᠤᠨ ᠬᠣᠶᠠᠷ ᠨᠥᠬᠥᠪᠦᠷᠢ ᠵᠢ ᠰᠦᠯᠵᠢᠶᠡᠨ ᠳᠡᠭᠡᠷ᠎ᠡ ᠭᠤᠶᠤᠴᠢᠯᠠᠬᠤ ᠵᠢ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠠᠩᠬᠠᠨ᠎ᠤ ᠪᠦᠯᠦᠭ᠎ᠤᠨ ᠬᠡᠷᠡᠭᠯᠡᠭᠡᠨ᠎ᠤ ᠦᠵᠡᠭᠳᠡᠯ ᠵᠶ᠋ᠡᠷ ᠲᠣᠭᠲᠠᠭ᠋ᠠᠵᠤ᠂ ᠵᠡᠮᠳᠡᠭᠴᠦᠳ᠎ᠤᠨ ᠨᠥᠬᠥᠪᠦᠷᠢ ᠭᠤᠶᠤᠴᠢᠯᠠᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠰᠦᠯᠵᠢᠶᠡᠨ ᠳᠡᠭᠡᠷᠡᠬᠢ ᠭᠤᠶᠤᠴᠢᠯᠠᠯ᠎ᠤᠨ ᠬᠡᠯᠪᠡᠷᠢ ᠵᠢ ᠲᠡᠭᠦᠯᠳᠡᠷᠵᠢᠭᠦᠯᠬᠦ ᠵᠢᠨ ᠲᠥᠯᠥᠭᠡ᠂ ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠢᠨ᠎ᠬᠢᠨ ᠰᠦᠯᠵᠢᠶᠡᠨ ᠳᠡᠭᠡᠷᠡᠬᠢ ᠭᠤᠶᠤᠴᠢᠯᠠᠯ᠎ᠤᠨ ᠪᠦᠬᠦ ᠶᠠᠪᠤᠴᠠ ᠵᠢ ᠰᠦᠯᠵᠢᠶᠡᠨ ᠲᠡᠬᠡᠷ᠎ᠡ ᠬᠦᠢ᠍ᠴᠡᠳᠬᠡᠬᠦ ᠪᠣᠯᠭ᠋ᠠᠨ ᠳᠡᠰ ᠳᠡᠪᠰᠢᠭᠦᠯᠬᠦ᠎ᠪᠠᠷ ᠲᠣᠭᠲᠠᠵᠤ᠂ 2022 ᠣᠨ᠎ᠤ 5 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ ᠵᠡᠮᠳᠡᠭᠴᠦᠳ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ (http://gjzwfw.www.gov.cn/) ᠪᠤᠯᠤᠨ ᠠᠷᠠᠳ᠎ᠤᠨ ᠶᠠᠪᠤᠳᠠᠯ᠎ᠤᠨ ᠨᠢᠬᠡ ᠴᠤᠬ᠍ᠵᠢᠭᠤᠯᠤᠬᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠠᠪᠴᠠᠡᠭ (https://zwfw.mca.gov.cn/) 《民政通》 (ᠭᠠᠷ ᠤᠳᠠᠰᠤ ᠪᠤᠶᠤ ᠺᠤᠮᠫᠢᠦ᠋ᠲᠸᠷ ᠲᠡᠬᠡᠷ᠎ᠡ ᠰᠦᠯᠵᠢᠶᠡᠨ᠎ᠠᠴᠠ ᠬᠠᠢ᠌ᠵᠤ ᠪᠤᠯᠤᠨ᠎ᠠ)᠎ᠳᠤ ᠨᠡᠪᠳᠡᠷᠡᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠭᠡᠷᠡᠴᠢᠯᠡᠬᠦ ᠮᠠᠲ᠋ᠧᠷᠢᠶᠠᠯ᠎ᠢ ᠲᠤᠰᠢᠶᠠᠬᠤ᠂ ᠯᠠᠪᠯᠠᠬᠤ᠂ ᠵᠠᠰᠠᠬᠤ ᠪᠦᠬᠦ ᠶᠠᠪᠤᠴᠨ ᠵᠢ ᠰᠦᠯᠵᠢᠶᠡᠨ ᠲᠡᠬᠡᠷ᠎ᠡ ᠬᠦᠢ᠍ᠴᠡᠳᠬᠡᠵᠤ ᠪᠤᠯᠤᠨ᠎ᠠ᠃ ᠲᠤᠬᠠᠢ᠌ᠯᠠᠭᠰᠠᠨ ᠠᠵᠢᠯ᠎ᠤᠨ ᠬᠠᠷᠢᠶ᠎ᠠ ᠭᠠᠵᠠᠷ᠎ᠨᠢ ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠳᠦᠭᠰᠡᠨᠤ ᠳᠠᠷᠠᠭ᠎ᠠ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ 《ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ》 ᠬᠣᠯᠪᠣᠭᠳᠠᠯ ᠪᠦᠬᠦᠢ ᠱᠠᠭ᠋ᠠᠷᠳᠠᠯᠭ᠎ᠠ᠎ᠪᠠᠷ ᠭᠤᠶᠤᠴᠢᠯᠠᠯ᠎ᠢ ᠬᠦᠢ᠍ᠴᠡᠳᠬᠡᠬᠦ ᠬᠡᠷᠡᠭᠲᠡᠢ᠃ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠬᠢᠷᠢ ᠬᠡᠮ᠎ᠢ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠮᠡᠳᠡᠭᠡ ᠵᠠᠩᠭᠢ ᠵᠢᠨ ᠬᠠᠮᠢᠶᠠᠷᠤᠯᠳᠠ ᠵᠢᠨ ᠰᠢᠰᠲᠸᠮ ᠵᠶ᠋ᠡᠷ ᠲᠠᠮᠵᠢᠨ ᠲᠤᠬᠳᠠᠭ᠋ᠠᠬᠤ ᠬᠡᠷᠡᠭᠳᠡᠢ᠃ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠥᠪᠡᠷ ᠵᠶ᠋ᠡᠨ ᠰᠢᠰᠲ᠋ᠧᠮ ᠪᠠᠢ᠌ᠭᠤᠯᠤᠭᠰᠠᠨ ᠮᠤᠵᠢ ᠣᠷᠣᠨ᠎ᠨᠤᠭᠤᠳ ᠬᠡᠷᠡᠭᠴᠡᠭᠡ᠎ᠪᠠᠨ ᠦᠨᠳᠦᠰᠦᠯᠡᠨ ᠰᠢᠰᠲᠸᠮ ᠵᠶ᠋ᠡᠨ ᠪᠥᠬᠥ ᠤᠯᠤᠰ᠎ᠤᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠮᠡᠳᠡᠭᠡ ᠵᠠᠩᠭᠢ ᠵᠢᠨ ᠰᠢᠰᠲᠸᠮ᠎ᠤᠨ 《ᠪᠥᠬᠥ ᠶᠠᠪᠤᠴᠠ ᠵᠢ ᠰᠦᠯᠵᠢᠶᠡᠨ ᠲᠡᠬᠡᠷ᠎ᠡ ᠬᠦᠢ᠍ᠴᠡᠳᠬᠡᠬᠦ》 ᠲᠣᠭ᠎ᠠ ᠪᠠᠷᠢᠮᠲᠠ᠎ᠲᠠᠢ ᠵᠤᠯᠭ᠋ᠠᠭᠤᠯᠵᠤ ᠪᠣᠯᠣᠨ᠎ᠠ᠃
ᠬᠣᠶᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠭᠤᠷ ᠭᠤᠶᠤᠴᠢᠯᠠᠬᠤ ᠠᠷᠭ᠎ᠠ ᠵᠠᠮ᠎ᠢ ᠥᠷᠭᠡᠳᠬᠡᠨ ᠲᠡᠬᠦᠯᠳᠡᠷᠵᠢᠬᠦᠯᠪᠡ
ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ᠎ᠨᠢ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠵᠢ ᠬᠠᠷᠢᠯᠴᠠᠨ ᠤᠶᠠᠯᠳᠤᠭᠤᠯᠤᠭᠰᠠᠨ ᠨᠥᠬᠥᠪᠦᠷᠢ ᠭᠤᠶᠤᠴᠢᠯᠠᠬᠤ ᠬᠡᠯᠪᠡᠷᠢ ᠵᠢ ᠤᠯᠠᠮ ᠰᠠᠭ᠋ᠠᠳ ᠦᠭᠡᠢ ᠨᠠᠪᠲᠠᠷᠡᠭᠦᠯᠵᠦ᠂ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠵᠡᠮᠳᠡᠭᠴᠦᠳ᠎ᠤᠨ ᠬᠣᠶᠠᠷ ᠨᠥᠬᠥᠪᠦᠷᠢ ᠵᠢ ᠭᠤᠶᠤᠴᠢᠯᠠᠬᠤ 《ᠪᠥᠬᠥ ᠶᠠᠪᠤᠴᠠ ᠵᠢ ᠰᠦᠯᠵᠢᠶᠡᠨ ᠲᠡᠬᠡᠷ᠎ᠡ ᠭᠦᠢ᠍ᠴᠡᠳᠬᠡᠬᠦ》 ᠶᠠᠪᠤᠴᠨ ᠵᠢ ᠲᠣᠰ ᠭᠠᠵᠠᠷ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠸᠢᠴᠠᠲ᠂ APP᠂ ᠵᠠᠰᠠᠭ᠎ᠤᠨ ᠣᠷᠳᠣᠨ᠎ᠤ ᠰᠦᠯᠵᠢᠶ᠎ᠡ᠎ᠲᠠᠢ ᠵᠠᠯᠭ᠋ᠠᠵᠤ᠂ 《ᠨᠢᠭᠡ ᠯᠡ ᠲᠠᠡᠭᠰᠠᠯᠠᠪᠠᠯ ᠣᠯᠠᠨ ᠴᠡᠭ᠎ᠲᠤ ᠬᠠᠷᠢᠯᠴᠠᠨ ᠮᠡᠳᠡᠷᠡᠬᠦ᠂ ᠪᠥᠬᠥ ᠰᠦᠯᠵᠢᠶ᠎ᠡ᠎ᠳᠤ ᠨᠡᠪᠲᠡᠷᠡᠬᠦ》 ᠵᠢ ᠪᠡᠶᠡᠯᠡᠭᠦᠯᠬᠦ ᠬᠡᠷᠡᠭᠲᠡᠢ᠃ ᠵᠡᠮᠳᠡᠭᠴᠦᠳ᠎ᠤᠨ ᠮᠠᠠᠬ᠍ᠪᠤᠳᠤᠨ ᠴᠢᠳᠠᠮᠵᠢ ᠵᠢᠨ ᠰᠠᠭ᠋ᠠᠳ᠎ᠠᠴᠠ ᠡᠭᠦᠰᠴᠦ ᠮᠡᠳᠡᠬᠦ ᠣᠨᠴᠣᠭᠤᠢ ᠬᠡᠷᠡᠭᠴᠡᠭᠡ᠎ᠳᠤ ᠴᠢᠭᠯᠡᠭᠦᠯᠦᠨ᠂ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠰᠠᠭ᠋ᠠᠳ ᠦᠭᠡᠢ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠠᠷᠠᠳ᠎ᠤᠨ ᠶᠠᠪᠤᠳᠠᠯ᠎ᠤᠨ ᠲᠤᠰᠠᠯᠠᠭᠴᠢ᠂ ᠵᠡᠮᠳᠡᠭᠴᠦᠳ᠎ᠤᠨ ᠬᠣᠯᠪᠣᠭ᠎ᠠ (ᠵᠡᠮᠳᠡᠭᠴᠦᠳ᠎ᠤᠨ ᠨᠡᠢ᠌ᠭᠡᠮᠯᠢᠭ) ᠵᠢᠨ ᠲᠤᠰᠬᠠᠢ ᠲᠤᠰᠢᠶᠠᠯᠲᠤ ᠭᠡᠰᠢᠭᠦᠨ᠎ᠨᠢ ᠵᠡᠮᠳᠡᠭᠴᠦᠳ᠎ᠤᠨ ᠨᠥᠬᠥᠪᠦᠷᠢ ᠭᠤᠶᠤᠴᠢᠠᠯᠬᠰᠠᠳᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠪᠠ ᠬᠠᠪᠰᠤᠷᠬᠤ ᠬᠡᠷᠡᠭᠲᠡᠢ᠃
ᠭᠤᠷᠪᠠ᠂ ᠵᠡᠮᠳᠡᠭᠴᠦᠳ᠎ᠢ ᠲᠤᠰᠠᠯᠠᠵᠤ ᠲᠡᠳᠬᠦᠬᠦ ᠠᠵᠢᠯ᠎ᠤᠨ ᠤᠬᠠᠭᠤᠯᠭ᠎ᠠ ᠵᠢ ᠴᠢᠩᠭ᠋ᠠᠳᠬᠠᠬᠤ ᠬᠡᠷᠡᠭᠲᠡᠢ
ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ᠎ᠬᠢᠨ 2022 ᠣᠨ᠎ᠤ 5 ᠳ᠋ᠤᠭ᠋ᠠᠷ ᠰᠠᠷ᠎ᠠ ᠵᠢᠨ 15᠎ᠤ ᠡᠳᠤᠷ᠂ ᠦᠬᠡᠷ᠎ᠡ᠎ᠪᠠᠷ ᠬᠡᠯᠡᠪᠡᠯ ᠭᠤᠴᠢᠨ ᠬᠣᠶᠠᠳᠤᠭ᠋ᠠᠷ 《ᠪᠥᠬᠥ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ》᠎ᠢ ᠠᠰᠢᠭᠯᠠᠨ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ 《ᠪᠥᠬᠥ ᠶᠠᠪᠤᠴᠠ ᠵᠢ ᠰᠦᠯᠵᠢᠶᠡᠨ ᠲᠡᠬᠡᠷ᠎ᠡ ᠬᠦᠢ᠍ᠴᠡᠳᠬᠡᠬᠦ》 ᠠᠵᠢᠯ᠎ᠤᠨ ᠦᠷ᠎ᠡ ᠪᠦᠲᠦᠮᠵᠢ᠂ ᠵᠡᠮᠳᠡᠭᠴᠦᠳ᠎ᠢ ᠲᠡᠳᠬᠦᠨ ᠲᠤᠰᠠᠯᠠᠭᠰᠠᠨ ᠨᠡᠢ᠌ᠲᠡᠯᠢᠭ ᠲᠤᠷᠰᠢᠯᠭ᠎ᠠ ᠠᠷᠭ᠎ᠠ ᠬᠢᠳᠡᠯ᠂ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠨᠡᠮᠡᠭᠳᠡᠭᠦᠯᠦᠭᠰᠡᠨ ᠵᠢᠱ᠌ᠢᠶ᠎ᠡ ᠵᠢ ᠴᠤᠭᠯᠠᠭᠤᠯᠬᠤ ᠵᠡᠷᠭᠡ ᠵᠥᠪ ᠲᠠᠯ᠎ᠠ ᠵᠢᠨ ᠤᠬᠠᠭᠤᠯᠭ᠎ᠠ ᠵᠢ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢᠨ ᠪᠣᠯᠣᠮᠵᠢᠲᠤ ᠴᠢᠨᠠᠷ᠂ ᠣᠯᠠᠨ ᠶᠠᠩᠵᠤᠲᠤ ᠴᠢᠨᠠᠷ ᠪᠠ ᠲᠥᠬᠥᠮ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
ᠡᠯ᠎ᠡ ᠭᠠᠵᠠᠷ᠎ᠤᠨ᠎ᠬᠢᠨ 《ᠪᠥᠬᠥ ᠶᠠᠪᠤᠴᠠ ᠵᠢ ᠰᠦᠯᠵᠢᠶᠡᠨ ᠲᠡᠬᠡᠷ᠎ᠡ ᠬᠦᠢ᠍ᠴᠡᠳᠬᠡᠬᠦ》 ᠠᠵᠢᠯ᠎ᠤᠨ ᠳᠤᠮᠳᠠ ᠲᠤᠯᠭ᠋ᠠᠷᠠᠭᠰᠠᠨ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠢ ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ
2022 ᠣᠨ᠎ᠤ 4 ᠰᠠᠷ᠎ᠠ ᠵᠢᠨ 26