《ᠣᠶᠤᠨᠲᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠬᠤ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠂ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠡᠷᠭᠡ 9 ᠰᠠᠯᠠᠭ᠎ᠠ ᠮᠥᠴᠢᠷ᠎ᠤᠨ ᠰᠠᠨᠠᠯ》᠎ᠢ ᠭᠦᠨᠵᠡᠭᠡᠢ ᠨᠠᠢ᠌ᠳᠠᠪᠤᠷᠢᠵᠢᠭᠤᠯᠬᠤ ᠵᠢᠨ ᠲᠥᠯᠥᠭᠡ ᠤᠷᠴᠢᠮ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠠᠷᠠᠳ᠎ᠤᠨ ᠶᠠᠪᠤᠳᠠᠯ᠎ᠤᠨ ᠶᠠᠮᠤᠨ᠂ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠡᠷᠭᠡ 9 ᠶᠠᠮᠤᠨ ᠬᠣᠷᠢᠶ᠎ᠠ ᠵᠢᠨ 〈ᠣᠶᠤᠨᠲᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠬᠤ ᠲᠤᠬᠠᠢ ᠰᠠᠨᠠᠯ〉᠎ᠢ ᠨᠠᠢ᠌ᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃
《ᠮᠡᠳᠡᠭᠳᠡᠯ》᠎ᠳᠤ ᠲᠣᠳᠣᠷᠬᠠᠢ ᠲᠣᠭᠲᠠᠭ᠋ᠠᠭᠰᠠᠨ᠎ᠨᠢ᠂ ᠣᠳᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠭᠦᠢ᠍ᠴᠡᠳ ᠬᠡᠷᠡᠭᠯᠡᠬᠦ᠎ᠪᠠᠷ ᠳᠠᠮᠵᠢᠭᠤᠯᠤᠨ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠣᠶᠤᠨᠴᠢᠯᠠᠭᠰᠠᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2025 ᠣᠨ ᠪᠣᠯᠬᠤ᠎ᠳᠤ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢ᠍ᠯᠡᠴᠢᠯᠡᠭᠡ᠂ ᠮᠡᠳᠡᠭᠡ ᠵᠠᠩᠭᠢᠵᠢᠯᠲᠠ ᠵᠢᠨ ᠲᠤᠯᠭ᠋ᠠᠭᠤᠷᠢᠯᠠᠯ᠂ ᠬᠠᠮᠳᠤ᠎ᠪᠠᠷ ᠡᠳ᠋ᠯᠡᠬᠦ ᠨᠡᠬᠡᠬᠡᠯᠳᠡᠯᠢᠭ ᠣᠶᠤᠨᠲᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠠᠪᠴᠠᠩ᠎ᠢ ᠦᠨᠳᠦᠰᠦᠨ᠎ᠳᠤ᠎ᠪᠠᠨ ᠪᠠᠢ᠌ᠭᠤᠯᠵᠤ᠂ ᠣᠶᠤᠨᠲᠤ ᠬᠠᠮᠳᠤ᠎ᠪᠠᠷ ᠡᠳ᠋ᠯᠡᠬᠦ᠂ ᠡᠶ᠎ᠡ ᠨᠠᠢ᠌ᠷᠲᠠᠢ ᠬᠠᠮᠳᠤ᠎ᠪᠠᠷ ᠵᠠᠰᠠᠬᠤ ᠰᠢᠨ᠎ᠡ ᠮᠠᠶᠢᠭ᠎ᠤᠨ ᠲᠣᠭ᠋ᠠᠴᠢᠯᠠᠭᠰᠠᠨ ᠨᠡᠢ᠌ᠭᠡᠮ ᠲᠣᠭᠣᠷᠢᠭ᠎ᠢ ᠠᠩᠬ᠎ᠠ ᠠᠯᠬᠤᠮ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠵᠠᠰᠠᠯᠲᠠ ᠪᠣᠯᠣᠨ ᠦᠢ᠍ᠯᠡᠴᠢᠯᠡᠭᠡᠨ᠎ᠤ ᠣᠶᠤᠨᠴᠢᠯᠠᠭᠰᠠᠨ ᠲᠦᠪᠰᠢᠨ᠎ᠢ ᠮᠡᠳᠡᠭᠳᠡᠮ᠎ᠡ ᠳᠡᠭᠡᠭᠰᠢᠯᠡᠭᠦᠯᠵᠦ᠂ ᠨᠡᠢ᠌ᠭᠡᠮ᠎ᠤᠨ ᠪᠠᠢ᠌ᠳᠠᠯ᠎ᠢ ᠨᠡᠩ ᠰᠠᠢ᠌ᠨ ᠣᠢ᠌ᠯᠠᠭ᠋ᠠᠵᠤ᠂ ᠨᠡᠪᠲᠡᠷᠡᠯᠴᠡᠬᠦ ᠠᠷᠭ᠎ᠠ ᠵᠠᠮ᠎ᠢ ᠰᠢᠯᠤᠭᠤᠳᠬᠠᠵᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠵᠠᠰᠠᠭ ᠶᠠᠪᠤᠭᠤᠯᠬᠤ᠎ᠳᠤ ᠬᠠᠪᠰᠤᠷᠴᠤ᠂ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠲᠦᠬᠦᠮ ᠦᠵᠡᠭᠦᠯᠦᠨ᠎ᠡ ᠬᠡᠵᠡᠢ᠃
《ᠮᠡᠳᠡᠭᠳᠡᠯ》᠎ᠳᠤ ᠱᠠᠭ᠋ᠠᠷᠳᠠᠬᠰᠠᠨ᠎ᠨᠢ᠂ ᠣᠶᠤᠨᠲᠤ ᠨᠡᠢ᠌ᠭᠡᠮ ᠲᠣᠭᠣᠷᠢᠭ᠎ᠤᠨ ᠲᠠᠪᠴᠠᠩ᠎ᠢ ᠡᠷᠴᠢᠮᠵᠢᠭᠦᠯᠦᠨ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠶᠤᠨᠴᠢᠯᠠᠯᠲᠠ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠣᠶᠤᠨᠴᠢᠯᠠᠯᠲᠠ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠠᠮᠢᠳᠤᠷᠠᠯ᠎ᠤᠨ ᠣᠶᠤᠨᠴᠢᠯᠠᠯᠲᠠ ᠵᠢ ᠠᠬᠢᠭᠤᠯᠵᠤ᠂ ᠲᠣᠮᠣ ᠳ᠋ᠠᠢ᠌ᠲ᠋ᠠ ᠵᠢᠨ ᠨᠡᠢ᠌ᠭᠡᠮ ᠲᠣᠭᠣᠷᠢᠭ᠎ᠤᠨ ᠬᠡᠷᠡᠭᠯᠡᠯᠲᠡ ᠵᠢ ᠠᠬᠢᠭᠤᠯᠵᠤ᠂ ᠣᠶᠤᠨᠲᠤ ᠨᠡᠢ᠌ᠭᠡᠮ ᠲᠣᠭᠣᠷᠢᠭ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠥᠭᠡᠷᠡᠴᠢᠯᠡᠯᠲᠡ ᠵᠢ ᠴᠢᠩᠭ᠋ᠠᠳᠬᠠᠵᠤ᠂ ᠠᠶᠤᠯᠬᠦᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠡᠯ᠎ᠡ ᠲᠥᠷᠥᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠣᠶᠤᠨᠲᠤ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠲᠠᠪᠴᠠᠩ᠎ᠯᠤᠭ᠎ᠠ ᠰᠦᠯᠵᠢᠶᠡᠵᠢᠭᠦᠯᠦᠨ ᠵᠣᠯᠭ᠋ᠠᠭᠤᠯᠬᠤ ᠪᠤᠶᠤ ᠲᠡᠭᠦᠨ᠎ᠳᠤ ᠰᠢᠯᠵᠢᠭᠦᠯᠦᠨ ᠴᠤᠭᠯᠠᠷᠠᠭᠤᠯᠬᠤ ᠵᠢ ᠠᠬᠢᠭᠤᠯᠵᠤ᠂ 《ᠡᠮᠦᠨ᠎ᠡ ᠲᠠᠪᠴᠠᠩ᠎ᠳᠤ ᠨᠢᠭᠡ ᠯᠡ ᠤᠷᠤᠴᠨ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠠᠷᠤ ᠲᠠᠪᠴᠠᠩ᠎ᠳᠤ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠬᠤ》 ᠠᠵᠢᠯᠯᠠᠭ᠋ᠠᠨ᠎ᠤ ᠵᠠᠭᠪᠤᠷ᠎ᠢ ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ᠂ ᠮᠡᠳᠡᠭᠡ ᠵᠠᠩᠭᠢ ᠵᠢ ᠴᠠᠭ ᠲᠤᠬᠠᠢ᠎ᠳᠤ ᠨᠢ ᠬᠠᠮᠳᠤ᠎ᠪᠠᠷ ᠡᠳ᠋ᠯᠡᠬᠦ ᠵᠢ ᠠᠬᠢᠭᠤᠯᠵᠤ᠂ 《ᠢᠨᠲᠸᠷ ᠰᠦᠯᠵᠢᠶ᠎ᠡ + ᠨᠡᠢ᠌ᠭᠡᠮ ᠲᠣᠭᠣᠷᠢᠭ᠎ᠤᠨ ᠨᠠᠮ᠎ᠤᠨ ᠪᠠᠢ᠌ᠭᠤᠯᠤᠯᠲᠠ᠂ ᠨᠡᠢ᠌ᠭᠡᠮ ᠲᠣᠭᠣᠷᠢᠭ᠎ᠤᠨ ᠲᠣᠣᠷᠵᠢᠯ᠎ᠤᠨ ᠬᠠᠮᠢᠶᠠᠷᠤᠯᠲᠠ᠂ ᠨᠡᠢ᠌ᠭᠡᠮ ᠲᠣᠭᠣᠷᠢᠭ᠎ᠤᠨ ᠭᠠᠢ ᠭᠠᠮᠰᠢᠭ᠎ᠤᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ》 ᠵᠡᠷᠭᠡ ᠵᠠᠭᠪᠤᠷ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠲᠣᠭ᠋ᠠᠴᠢᠯᠠᠭᠰᠠᠨ ᠬᠥᠭᠵᠢᠯᠲᠡ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠲᠣᠭ᠎ᠠ ᠪᠠᠷᠢᠮᠲᠠ ᠵᠢᠨ ᠣᠷᠣᠭᠤᠯᠤᠯᠲᠠ ᠵᠢ ᠴᠣᠮᠬᠠᠳᠬᠠᠨ ᠨᠡᠢ᠌ᠯᠡᠭᠦᠯᠵᠦ᠂ ᠪᠠᠷᠢᠮᠵᠢᠶ᠎ᠠ᠎ᠨᠢ ᠨᠢᠭᠡᠳᠦᠯᠲᠡᠢ᠂ ᠬᠥᠳᠡᠯᠦᠩᠭᠦᠢ᠎ᠪᠠᠷ ᠬᠠᠮᠢᠶᠠᠷᠤᠭᠰᠠᠨ ᠨᠡᠢ᠌ᠭᠡᠮ ᠲᠣᠭᠣᠷᠢᠭ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠲᠠᠲᠠᠭ᠋ᠠᠯᠢ ᠪᠠᠢ᠌ᠭᠤᠯᠤᠨ᠂ 《ᠭᠡᠭᠡᠨ ᠲᠤᠩᠭ᠋ᠠᠯᠠᠭ ᠢᠨᠵᠧᠨᠧᠷᠢᠩ》᠎ᠤᠨ ᠣᠶᠤᠨᠴᠢᠯᠠᠭᠰᠠᠨ ᠬᠡᠷᠡᠭᠯᠡᠭᠡ ᠵᠢ ᠠᠬᠢᠭᠤᠯᠵᠤ᠂ ᠰᠦᠯᠵᠢᠶᠡᠨ᠎ᠤ ᠠᠮᠤᠷ ᠲᠦᠪᠰᠢᠨ᠎ᠤ ᠲᠠᠰ᠎ᠤᠨ ᠬᠠᠮᠠᠭ᠋ᠠᠯᠠᠯᠲᠠ ᠵᠢᠨ ᠳᠦᠷᠢᠮ ᠪᠠ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠦᠬᠦᠬᠡᠷᠤᠮᠵᠢ ᠵᠢᠨ ᠬᠠᠮᠠᠭ᠋ᠠᠯᠠᠯᠲᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠰᠦᠯᠵᠢᠶᠡᠨ᠎ᠤ ᠠᠮᠤᠷ ᠲᠦᠪᠰᠢᠨ᠎ᠤ ᠲᠠᠰ᠎ᠤᠨ ᠬᠠᠮᠠᠭ᠋ᠠᠯᠠᠯᠲᠠ ᠵᠢᠨ ᠰᠢᠯᠭ᠋ᠠᠨ ᠦᠨᠡᠯᠡᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠠᠮᠤᠷ ᠲᠦᠪᠰᠢᠨ᠎ᠤ ᠪᠠᠢ᠌ᠭᠤᠯᠤᠯᠲᠠ ᠵᠢᠨ ᠴᠡᠭᠴᠡᠯᠡᠨ ᠰᠠᠢ᠌ᠵᠢᠷᠠᠭᠤᠯᠬᠤ ᠵᠢ ᠰᠢᠨᠵᠢᠯᠡᠬᠦ ᠤᠬᠠᠭ᠋ᠠᠨᠴᠢ᠎ᠪᠠᠷ ᠦᠷᠨᠢᠬᠦᠯᠬᠦ ᠬᠡᠷᠡᠭᠳᠡᠢ᠃
《ᠮᠡᠳᠡᠭᠳᠡᠯ》᠎ᠳᠤ ᠴᠢᠬᠤᠯᠠᠴᠢᠯᠠᠭᠰᠠᠨ᠎ᠨᠢ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠤᠳ ᠠᠢ᠌ᠮᠠᠭ ᠬᠣᠲᠠ ᠪᠣᠯᠣᠨ ᠬᠣᠰᠢᠭᠤ ᠰᠢᠶᠠᠨ (ᠬᠣᠲᠠ᠂ ᠲᠣᠭᠣᠷᠢᠭ)᠎ᠳᠤ᠎ᠬᠢ ᠵᠢᠯᠣᠭᠣᠳᠤᠯᠭ᠎ᠠ ᠪᠣᠯᠣᠨ ᠲᠥᠷᠥᠯ ᠵᠦᠢ᠍ᠯ᠎ᠤᠨ ᠳᠡᠮᠵᠢᠯᠭᠡ᠎ᠪᠠᠨ ᠴᠢᠩᠭ᠋ᠠᠳᠬᠠᠵᠤ᠂ ᠡᠯ᠎ᠡ ᠠᠢ᠌ᠮᠠᠭ ᠬᠣᠲᠠ᠎ᠨᠤᠭᠤᠳ ᠣᠶᠤᠨᠲᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ᠎ᠪᠠᠨ ᠨᠢᠭᠡᠳᠦᠯᠲᠡᠢ ᠨᠠᠢ᠌ᠷᠠᠭᠤᠯᠤᠨ ᠵᠣᠬᠢᠶᠠᠵᠤ᠂ ᠬᠡᠷᠡᠭᠴᠡᠭᠡ᠎ᠪᠠᠨ ᠦᠨᠳᠦᠰᠦᠯᠡᠨ ᠪᠤᠰᠤᠳ ᠪᠦᠲᠦᠭᠡᠨ ᠪᠠᠶ᠋ᠢᠭᠤᠯᠬᠤ (ᠥᠭᠡᠷᠡᠴᠢᠯᠡᠬᠦ) ᠵᠢᠨ ᠲᠥᠷᠥᠯ ᠵᠦᠢ᠍ᠯ᠎ᠢ ᠥᠷᠭᠡᠳᠬᠡᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠨᠢ ᠣᠶᠤᠨᠲᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠠᠮᠵᠢᠯᠲᠠ᠎ᠲᠠᠢ ᠲᠤᠷᠰᠢᠯᠭ᠎ᠠ ᠪᠠ ᠨᠡᠢ᠌ᠲᠡᠯᠢᠭ ᠠᠷᠭ᠎ᠠ ᠬᠢᠳᠡᠯ᠎ᠢ ᠴᠠᠭ ᠲᠤᠬᠠᠢᠳᠤᠨᠢ ᠳ᠋ᠦᠩᠨᠡᠨ ᠳᠡᠯᠭᠡᠷᠡᠭᠦᠯᠵᠦ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠨᠢ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠲᠣᠰ ᠭᠠᠵᠠᠷ ᠣᠷᠣᠨ᠎ᠤ ᠪᠣᠳᠠᠲᠠᠢ᠎ᠳᠤ ᠨᠡᠢ᠌ᠴᠡᠭᠰᠡᠨ ᠣᠨᠴᠠᠯᠢᠭ᠎ᠲᠠᠢ ᠬᠡᠷᠡᠭᠯᠡᠭᠡᠨ᠎ᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠣᠶᠤᠨᠲᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠠ ᠬᠡᠷᠡᠭᠯᠡᠭᠡᠨ᠎ᠳᠤ ᠣᠷᠣᠯᠴᠠᠭᠤᠯᠬᠤ ᠬᠡᠷᠡᠭᠲᠡᠢ᠃