ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2022 ᠣᠨ᠎ᠤ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ 《ᠳᠥᠷᠪᠡᠨ ᠰᠤᠷᠲᠠᠯ》᠎ᠢ ᠵᠠᠯᠠᠷᠠᠭᠤᠯᠵᠤ ᠰᠢᠨ᠎ᠡ ᠰᠤᠷᠲᠠᠯ᠎ᠢ ᠪᠣᠶ ᠪᠣᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠮᠡᠳᠡᠭᠳᠡᠯ
ᠨᠡᠶᠢᠲᠡᠯᠡᠭᠰᠡᠨ ᠴᠠᠭ᠄ 2021-12-30


  
2022 ᠣᠨ᠎ᠤ ᠰᠢᠨ᠎ᠡ ᠵᠢᠯ᠂ ᠴᠠᠭ᠋ᠠᠨ ᠰᠠᠷ᠎ᠠ ᠤᠢ᠌ᠷᠠᠳᠤᠵᠤ ᠪᠠᠢ᠌ᠨ᠎ᠠ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ 《ᠳᠥᠷᠪᠡᠨ ᠰᠤᠷᠲᠠᠯ》᠎ᠢ ᠵᠠᠯᠠᠷᠠᠭᠤᠯᠵᠤ ᠰᠢᠨ᠎ᠡ ᠰᠤᠷᠲᠠᠯ᠎ᠢ ᠪᠣᠶ ᠪᠣᠯᠭ᠋ᠠᠬᠤ ᠠᠵᠢᠯ᠎ᠢ ᠰᠠᠶ᠋ᠢᠲᠤᠷ ᠬᠢᠵᠦ᠂ ᠬᠤᠶᠠᠷ ᠪᠠᠶᠠᠷ᠎ᠤᠨ ᠬᠤᠭᠤᠴᠠᠭ᠋ᠠᠨ᠎ᠳᠤ ᠰᠤᠷᠲᠠᠯ ᠴᠢᠭᠴᠢ ᠣᠪᠣᠷ ᠲᠥᠪ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ᠎ᠢ  ᠮᠡᠳᠡᠭᠳᠡᠶ᠎ᠡ᠄

  ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)  ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠰᠤᠷᠲᠠᠯ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠵᠢᠨ ᠲᠠᠯ᠎ᠠ᠎ᠠᠴᠠ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠴᠢᠨᠠᠷ᠂ ᠲᠤᠯᠭ᠋ᠠᠮ ᠴᠢᠨᠠᠷ᠎ᠢ ᠲᠠᠨᠢᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠲᠦᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠵᠢ ᠥᠴᠦᠬᠡᠨ ᠴᠦ᠍ ᠰᠤᠯᠠᠷᠠᠭᠤᠯᠬᠤ ᠦᠭᠡᠢ ᠪᠠᠶ᠋ᠢᠬᠤ ᠬᠡᠷᠡᠭᠲᠡᠢ᠃ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ 《ᠳᠥᠷᠪᠡᠨ ᠰᠤᠷᠲᠠᠯ》᠎ᠢ ᠵᠠᠯᠠᠷᠠᠭᠤᠯᠵᠤ ᠰᠢᠨ᠎ᠡ ᠰᠤᠷᠲᠠᠯ᠎ᠢ ᠪᠤᠶ ᠪᠣᠯᠭ᠋ᠠᠬᠤ ᠠᠵᠢᠯ᠎ᠢ ᠤᠷᠢᠳᠴᠢᠯᠠᠨ ᠲᠣᠬᠢᠷᠠᠭᠤᠯᠤᠨ ᠪᠠᠶ᠋ᠢᠷᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠪᠣᠯᠤᠨ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠂ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠪᠤᠯᠤᠨ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠂ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠂ ᠬᠢᠨᠠᠨ ᠪᠠᠶ᠋ᠢᠴᠠᠭ᠋ᠠᠬᠤ ᠵᠥᠪᠯᠡᠯ᠎ᠤᠨ ᠣᠶ᠋ᠢᠷ᠎ᠠ᠎ᠳᠤ ᠨᠡᠶ᠋ᠢᠲᠡᠯᠡᠨ ᠢᠯᠡᠴᠢᠯᠡᠭᠰᠡᠨ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠰᠤᠷᠤᠯᠴᠠᠵᠤ᠂ ᠡᠷᠲᠡ ᠰᠠᠨᠠᠭᠤᠯᠵᠤ᠂ ᠡᠷᠲᠡ ᠬᠥᠮᠦᠵᠢᠭᠦᠯᠵᠦ᠂ ᠡᠷᠲᠡ ᠰᠡᠷᠡᠮᠵᠢᠯᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ ᠪᠣᠯᠤᠨ ᠠᠯᠪᠠᠨ ᠲᠤᠰᠢᠶᠠᠯᠲᠠᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠪᠤᠯᠭᠤᠮᠵᠢᠯᠠᠵᠤ᠂ ᠰᠡᠷᠡᠮᠵᠢᠯᠡᠬᠦ ᠵᠢᠨ ᠲᠠᠭ᠋ᠠᠤ ᠬᠤᠷᠢᠭ᠎ᠠ ᠱᠤᠭᠤᠮ᠎ᠢ ᠰᠠᠬᠢᠬᠤ᠂ ᠠᠷᠢᠭᠤᠨ  ᠴᠢᠭᠴᠢ ᠪᠦᠬᠡᠳ ᠪᠣᠯᠪᠠᠰᠤᠨ ᠵᠶ᠋ᠠᠷ ᠪᠠᠶᠠᠷ᠎ᠤᠨ ᠡᠳᠦᠷ᠎ᠢ ᠥᠩᠭᠡᠷᠡᠭᠦᠯᠬᠦ ᠪᠣᠯᠭ᠋ᠠᠬᠤ ᠬᠡᠷᠡᠭᠲᠡᠢ᠃
ᠪᠦᠬᠦ ᠣᠷᠣᠨ᠎ᠤ ᠨᠠᠮ᠎ᠤᠨ ᠭᠡᠰᠢᠭᠦᠨ ᠺᠠᠳ᠋ᠷᠴᠤᠳ ᠪᠣᠯᠤᠨ ᠠᠯᠪᠠᠨ ᠲᠤᠰᠢᠶᠠᠯᠲᠠᠨ ᠨᠠᠷ ᠨᠠᠮ᠎ᠤᠨ ᠲᠥᠪ ᠬᠤᠷᠢᠶᠠᠨ᠎ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠬᠤᠯᠪᠣᠭᠳᠠᠯ ᠪᠦᠬᠦᠢ ᠱᠠᠭ᠋ᠠᠷᠳᠠᠯᠭ᠎ᠠ ᠪᠣᠯᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠵᠢ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭ᠋ᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠨᠠᠷᠢᠨ ᠬᠢᠨᠠᠮᠠᠭ᠋ᠠᠢ ᠥᠷᠨᠢᠭᠦᠯᠵᠦ᠂ ᠪᠠᠶᠠᠷ᠎ᠤᠨ ᠡᠳᠦᠷ᠎ᠤᠨ ᠬᠤᠯᠪᠣᠭᠳᠠᠯ ᠪᠦᠬᠦᠢ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠵᠢᠱ᠌ᠢᠶᠡᠴᠢ᠎ᠪᠠᠷ ᠵᠢᠷᠤᠮᠯᠠᠵᠤ᠂ ᠭᠠᠵᠢᠭᠤ ᠰᠤᠷᠲᠠᠯ᠎ᠢ ᠰᠠᠨᠠᠭ᠋ᠠᠴᠢᠯᠠᠭ᠎ᠠ᠎ᠠᠴᠠ᠎ᠪᠠᠨ ᠡᠰᠡᠷᠭᠦᠴᠡᠵᠦ᠂ ᠰᠢᠯᠢᠳᠡᠭ ᠰᠤᠷᠲᠠᠯ᠎ᠢ ᠶᠡᠬᠡ᠎ᠪᠠᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠪᠠᠶᠠᠷ ᠳᠤᠷᠠᠰᠬᠠᠯ᠎ᠤᠨ ᠡᠳᠦᠷ᠎ᠢ ᠠᠷᠢᠭᠤᠨ  ᠴᠢᠭᠴᠢ᠎ᠪᠠᠷ ᠥᠩᠭᠡᠷᠡᠭᠦᠯᠬᠦ ᠲᠠᠯ᠎ᠠ᠎ᠪᠠᠷ 《ᠲᠦᠷᠤᠬᠦᠴᠢ ᠭᠠᠯᠠᠭᠤ ᠵᠢᠨ ᠦᠢ᠍ᠯᠡᠳᠦᠯ》 ᠵᠶ᠋ᠠᠨ ᠪᠠᠳᠠᠷᠠᠭᠤᠯᠬᠤ ᠬᠡᠷᠡᠭᠲᠡᠶ᠃ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠠᠯᠪᠠᠨ᠎ᠤ ᠵᠣᠭᠤᠰ ᠵᠶ᠋ᠠᠷ ᠴᠠᠭ᠋ᠠᠨ ᠰᠠᠷ᠎ᠠ ᠵᠢᠨ ᠪᠡᠯᠡᠭ ᠬᠤᠳᠠᠯᠳᠤᠨ ᠠᠪᠬᠤ ᠪᠠ ᠪᠡᠯᠡᠭᠯᠡᠬᠦ ᠵᠢ ᠴᠢᠩᠭ᠎ᠠ ᠴᠠᠭ᠋ᠠᠵᠠᠯᠠᠨ᠎ᠠ᠃ ᠨᠥᠬᠦᠪᠥᠷᠢ᠂ ᠱᠠᠩᠨᠠᠯ᠎ᠤᠨ ᠮᠥᠩᠭᠦ ᠪᠠ ᠪᠣᠳᠠᠲᠤ ᠶᠠᠭᠤᠮ᠎ᠠ ᠵᠢ ᠲᠣᠭᠲᠠᠭ᠋ᠠᠯ᠎ᠠᠴᠠ ᠵᠥᠷᠢᠴᠡᠨ ᠣᠯᠭᠤᠬᠤ ᠵᠢ ᠴᠢᠩᠭ᠎ᠠ ᠴᠠᠭ᠋ᠠᠵᠠᠯᠠᠨ᠎ᠠ᠃ ᠠᠯᠪᠠᠨ᠎ᠤ ᠵᠣᠭᠤᠰ ᠵᠶ᠋ᠠᠷ ᠬᠠᠷᠢᠯᠴᠠᠨ ᠳᠠᠶ᠋ᠢᠯᠠᠯᠴᠠᠬᠤ᠂ ᠵᠢᠭᠤᠯᠴᠢᠯᠠᠬᠤ ᠪᠠ ᠥᠨᠳᠥᠷ ᠬᠡᠷᠡᠭᠯᠡᠭᠡᠨ᠎ᠤ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠨ᠎ᠠ᠃ ᠬᠤᠪᠣᠷ ᠴᠤᠬᠠᠭ ᠣᠨᠴᠠ ᠭᠠᠷᠤᠯᠲᠠ ᠪᠤᠯᠤᠨ ᠪᠤᠰᠤᠳ ᠪᠡᠯᠡᠭ᠎ᠤᠨ ᠡᠳ᠋᠂ ᠸᠢᠴᠠᠲ᠎ᠤᠨ ᠤᠯᠠᠭ᠋ᠠᠨ ᠪᠠᠭᠯᠠᠭ᠎ᠠ ᠪᠤᠯᠤᠨ ᠪᠤᠰᠤᠳ ᠬᠡᠯᠪᠡᠷᠢ ᠵᠢᠨ ᠪᠡᠯᠡᠭ᠎ᠤᠨ ᠵᠣᠭᠤᠰ᠂ ᠬᠡᠷᠡᠭᠯᠡᠭᠡᠨ᠎ᠤ ᠺᠠᠷᠲ ᠵᠡᠷᠭᠡ ᠵᠢ ᠲᠣᠭᠲᠠᠭ᠋ᠠᠯ᠎ᠠᠴᠠ ᠵᠥᠷᠢᠴᠡᠨ ᠭᠥᠯᠢᠶᠡᠨ ᠠᠪᠴᠤ ᠬᠦᠷᠭᠡᠬᠦ ᠵᠢ ᠴᠢᠩᠭ᠎ᠠ ᠴᠠᠭ᠋ᠠᠵᠠᠯᠠᠨ᠎ᠠ᠃ ᠲᠣᠭᠲᠠᠭ᠋ᠠᠯ᠎ᠢ ᠵᠥᠷᠢᠴᠡᠨ ᠬᠤᠷᠢᠮ ᠪᠡᠯᠪᠡᠰᠦᠷᠡᠯ᠎ᠤᠨ ᠶᠠᠪᠤᠳᠠᠯ᠎ᠢ ᠬᠢᠬᠦ ᠪᠤᠶᠤ ᠵᠠᠪᠰᠢᠶᠠᠨ᠎ᠢ ᠳᠠᠯᠢᠮᠳᠠᠭᠤᠯᠤᠨ ᠡᠳ᠋ ᠠᠰᠢᠭ ᠤᠯᠬᠤ ᠵᠢ ᠴᠢᠩᠭ᠎ᠠ ᠴᠠᠭ᠋ᠠᠵᠠᠯᠠᠨ᠎ᠠ᠃ ᠠᠯᠪᠠᠨ᠎ᠤ ᠲᠡᠷᠭᠡ ᠵᠢ ᠬᠤᠪᠢᠨ᠎ᠳᠤ᠎ᠪᠠᠨ ᠬᠡᠷᠡᠭᠯᠡᠬᠦ᠂ 《ᠬᠤᠪᠢ ᠵᠢᠨ ᠲᠡᠷᠭᠡ ᠵᠢ ᠠᠯᠪᠠᠨ᠎ᠤ᠎ᠬᠢ᠎ᠪᠠᠷ ᠲᠡᠵᠢᠭᠡᠬᠦ》 ᠪᠤᠯᠤᠨ ᠬᠠᠮᠢᠶᠠᠷᠬᠤ ᠪᠠ  ᠦᠢ᠍ᠯᠡᠴᠢᠯᠡᠬᠦ ᠡᠲᠡᠭᠡᠳ᠎ᠠᠴᠠ ᠲᠡᠷᠭᠡ ᠤᠨᠤᠭ᠎ᠠ ᠵᠢᠬᠡᠯᠡᠬᠦ ᠵᠢ ᠴᠢᠩᠭ᠎ᠠ ᠴᠠᠭ᠋ᠠᠵᠠᠯᠠᠨ᠎ᠠ᠃ ᠠᠷᠢᠬᠢ ᠤᠤᠭᠤᠭ᠋ᠠᠳ ᠮᠠᠰᠢᠨ ᠪᠠᠷᠢᠬᠤ ᠵᠢ ᠴᠢᠩᠭ᠎ᠠ ᠴᠠᠭ᠋ᠠᠵᠠᠯᠠᠨ᠎ᠠ᠃ ᠲᠣᠭᠲᠠᠭ᠋ᠠᠯ᠎ᠢ ᠵᠥᠷᠢᠴᠡᠨ ᠬᠤᠪᠢ ᠬᠥᠮᠦᠨ᠎ᠤ ᠨᠠᠶ᠋ᠢᠷ ᠨᠠᠭ᠋ᠠᠳᠤᠮ᠎ᠤᠨ ᠭᠠᠵᠠᠷ᠎ᠲᠤ  ᠤᠴᠢᠬᠤ᠂ ᠲᠣᠭᠲᠠᠭ᠋ᠠᠯ᠎ᠢ ᠵᠥᠷᠢᠴᠡᠨ ᠨᠤᠲᠤᠭ ᠨᠢᠬᠡᠳᠡᠨ᠎ᠤ ᠴᠤᠬᠯᠠᠭ᠋ᠠᠨ᠂ ᠬᠠᠮᠳᠤ ᠰᠤᠷᠤᠬ᠍ᠴᠢᠳ᠎ᠤᠨ ᠴᠤᠬᠯᠠᠭ᠋ᠠᠨ᠂ ᠳᠠᠶ᠋ᠢᠴᠢᠨ ᠨᠥᠬᠦᠳ᠎ᠤᠨ ᠴᠤᠬᠯᠠᠭ᠋ᠠᠨ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠨ᠎ᠠ᠃ ᠬᠠᠮᠢᠶᠠᠷᠤᠯᠲᠠ ᠪᠠ  ᠦᠢ᠍ᠯᠡᠴᠢᠯᠡᠬᠡ ᠬᠦᠷᠳᠡᠭᠰᠡᠳ᠎ᠤᠨ ᠲᠣᠬᠢᠷᠠᠭᠤᠯᠤᠭᠰᠠᠨ ᠳᠠᠶ᠋ᠢᠯᠠᠯᠭ᠎ᠠ ᠪᠠ ᠵᠢᠭᠤᠯᠴᠢᠯᠠᠯ ᠵᠡᠷᠭᠡ ᠠᠵᠢᠯᠯᠠᠭ᠎ᠠ ᠵᠢ ᠲᠣᠭᠲᠠᠭ᠋ᠠᠯ᠎ᠠᠴᠠ ᠵᠥᠷᠢᠴᠡᠨ ᠭᠥᠯᠢᠶᠡᠨ ᠠᠪᠬᠤ ᠵᠢ ᠴᠢᠩᠭ᠎ᠠ ᠴᠠᠭ᠋ᠠᠵᠠᠯᠠᠨ᠎ᠠ᠃ ᠵᠣᠭᠤᠰ ᠨᠠᠭ᠋ᠠᠳᠬᠤ ᠵᠢ ᠴᠢᠩᠭ᠎ᠠ ᠴᠠᠭ᠋ᠠᠵᠠᠯᠠᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠵᠢ ᠵᠥᠷᠢᠴᠡᠬᠦ ᠵᠢ ᠴᠢᠩᠭ᠎ᠠ ᠴᠠᠭ᠋ᠠᠵᠠᠯᠠᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠲᠣᠭᠲᠠᠭ᠋ᠠᠯ᠎ᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠴᠠᠭ᠋ᠠᠵᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠬᠢᠬᠦ ᠵᠢ ᠴᠢᠩᠭ᠎ᠠ ᠴᠠᠭ᠋ᠠᠵᠠᠯᠠᠨ᠎ᠠ᠃
   ᠪᠦᠬᠦ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ 《ᠳᠦᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠵᠢ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠤᠯᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠶᠠᠳᠤᠭ᠋ᠠᠷ ᠪᠦᠬᠦᠳᠡ ᠬᠤᠷᠠᠯ ᠪᠠ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠱᠠᠯᠠᠪᠳᠠᠭᠤᠯᠤᠨ ᠠᠬᠢᠭᠤᠯᠬᠤ᠎ᠲᠠᠢ ᠨᠢᠬᠳᠠ ᠤᠶᠠᠯᠳᠤᠭᠤᠯᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠭᠡ ᠰᠢᠢ᠍ᠳᠪᠤᠷᠢᠳᠤ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠤᠯᠤᠰ ᠲᠥᠷᠥ ᠵᠢᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠤᠯᠤᠰ ᠲᠥᠷᠥ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠰᠤᠷᠲᠠᠯ ᠴᠢᠭᠴᠢ ᠣᠪᠣᠷ ᠲᠥᠪ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠲᠣᠭᠲᠠᠭ᠋ᠠᠯ᠎ᠢ ᠵᠥᠷᠢᠴᠡᠨ ᠢᠳᠡᠵᠦ ᠤᠤᠭᠤᠬᠤ᠂ ᠲᠣᠭᠲᠠᠭ᠋ᠠᠯ᠎ᠢ ᠵᠥᠷᠢᠴᠡᠨ ᠪᠡᠯᠡᠭ ᠰᠡᠯᠲᠡ ᠪᠡᠯᠡᠭ᠎ᠤᠨ ᠵᠣᠭᠤᠰ ᠬᠤᠷᠢᠶᠠᠵᠤ ᠬᠦᠷᠭᠡᠬᠦ ᠵᠡᠷᠭᠡ ᠠᠷᠬᠠᠭ ᠭᠡᠮ ᠮᠠᠭᠤ ᠳᠠᠳᠬᠠᠯ ᠪᠤᠯᠤᠨ 《ᠠᠯᠪᠠᠨ᠎ᠤ᠎ᠬᠢ ᠵᠢ ᠢᠳᠡᠬᠦ ᠦᠬᠡᠢ ᠪᠤᠯ ᠵᠠᠩᠭᠤᠶ᠋ᠢᠳᠠ ᠵᠢᠨ᠎ᠬᠢ ᠵᠢ ᠢᠳᠡᠬᠦ》᠂ ᠡᠯᠸᠺᠲᠷᠤᠨ ᠤᠯᠠᠭ᠋ᠠᠨ ᠪᠠᠭᠯᠠᠭ᠎ᠠ ᠵᠢ ᠬᠤᠷᠢᠶᠠᠨ ᠬᠦᠷᠭᠡᠬᠦ ᠵᠡᠷᠭᠡ ᠰᠢᠨ᠎ᠡ ᠬᠠᠨᠳᠤᠰᠢ ᠰᠢᠨ᠎ᠡ ᠬᠤᠪᠢᠷᠠᠯᠲᠠ ᠵᠢ ᠲᠠᠬᠢᠨ ᠳᠠᠪᠲᠠᠨ ᠠᠳᠬᠤᠬᠤ ᠬᠡᠷᠡᠭᠲᠡᠢ᠃ ᠠᠷᠭ᠎ᠠ ᠬᠡᠯᠪᠡᠷᠢ ᠵᠢᠨ ᠰᠢᠨ᠎ᠡ ᠵᠢ ᠦᠷᠭᠦᠯᠵᠢᠯᠡᠨ ᠡᠭᠦᠳᠴᠦ᠂ ᠬᠠᠷᠢᠯᠴᠠᠨ ᠪᠠᠶ᠋ᠢᠴᠠᠭ᠋ᠠᠬᠤ᠂ ᠲᠤᠬᠠᠢ ᠵᠢᠨ ᠲᠠᠯᠠᠪᠤᠷ᠎ᠲᠤ ᠪᠠᠶ᠋ᠢᠴᠠᠭ᠋ᠠᠬᠤ᠂ ᠲᠤᠮᠤ ᠳ᠋ᠠᠶ᠋ᠢᠲ᠋ᠠ ᠵᠢ ᠰᠢᠭᠰᠢᠨ ᠪᠠᠶ᠋ᠢᠴᠠᠭ᠋ᠠᠬᠤ ᠵᠡᠷᠭᠡ ᠠᠷᠭ᠎ᠠ  ᠬᠡᠮᠵᠢᠶ᠎ᠡ᠎ᠪᠠᠷ ᠳᠠᠮᠵᠢᠭᠤᠯᠤᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢᠨ ᠬᠠᠨᠳᠤᠯᠭ᠋ᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠠᠷᠠᠳ ᠤᠯᠠᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠶ᠃ ᠵᠠᠰᠠᠭ ᠵᠠᠬᠢᠷᠭ᠎ᠠ᠂ ᠬᠠᠤᠯᠢ ᠴᠠᠭ᠋ᠠᠵᠠ᠂ ᠬᠢᠨᠠᠨ ᠪᠤᠳᠤᠯᠳᠠ᠂ ᠡᠳ᠋᠎ᠤᠨ ᠶᠠᠪᠤᠳᠠᠯ ᠨᠢᠭᠲᠠᠯᠠᠨ ᠪᠤᠳᠤᠬᠤ ᠵᠡᠷᠭᠡ ᠰᠠᠯᠠᠭ᠎ᠠ ᠮᠥᠴᠢᠷ᠎ᠯᠦᠭᠡ ᠵᠢᠨ ᠮᠡᠳᠡᠭᠡ ᠵᠠᠩᠭᠢ ᠵᠢᠨ ᠨᠡᠪᠲᠡᠷᠡᠯᠴᠡᠭᠡ ᠪᠠ ᠰᠦᠪᠡᠭᠴᠢ ᠵᠢ ᠰᠢᠯᠵᠢᠭᠦᠯᠦᠨ ᠬᠦᠷᠭᠡᠬᠦ ᠠᠵᠢᠯ᠎ᠢ ᠴᠢᠩᠭ᠋ᠠᠳᠬᠠᠬᠤ ᠬᠡᠷᠡᠭᠲᠡᠶ᠃ ᠢᠯᠡᠷᠡᠭᠦᠯᠦᠭᠰᠡᠨ 《ᠲᠦᠷᠪᠡᠨ ᠰᠤᠷᠲᠠᠯ》᠎ᠤᠨ ᠠᠰᠠᠭᠤᠳᠠᠯ᠎ᠢ ᠲᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠬᠦ ᠵᠢᠨ ᠬᠠᠮᠲᠤ ᠵᠠᠷᠯᠠᠨ ᠮᠡᠳᠡᠭᠳᠡᠵᠦ ᠢᠯᠡᠴᠢᠯᠡᠬᠦ ᠡᠷᠴᠢᠮ ᠵᠶ᠋ᠠᠨ ᠴᠢᠡᠭᠭ᠋ᠠᠷᠠᠭᠤᠯᠬᠤ ᠬᠡᠷᠡᠭᠳᠡᠢ᠃ 《ᠭᠤᠷᠪᠠᠨ ᠦᠭᠡᠶ》 ᠵᠢ ᠨᠢᠭᠡ ᠴᠤᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠴᠢᠩᠭ᠎ᠠ ᠬᠥᠮᠦᠵᠢᠭᠦᠯᠬᠦ᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠲᠠ ᠲᠠᠯᠪᠢᠬᠤ᠂ ᠴᠢᠩᠭ᠎ᠠ ᠵᠠᠯᠬᠠᠭ᠋ᠠᠨ  ᠰᠢᠢ᠍ᠳᠬᠡᠬᠦ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠬᠡᠷᠡᠭᠵᠢᠭᠦᠯᠬᠦ ᠠᠷᠭ᠎ᠠ  ᠪᠤᠯᠤᠨ ᠢᠵᠢ ᠪᠦᠷᠢᠳᠦᠭᠰᠡᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠢ 《ᠡᠷᠬᠢᠨ ᠬᠠᠷᠠᠬᠤ》 ᠠᠵᠢᠯ᠎ᠢ ᠥᠷᠨᠢᠭᠦᠯᠵᠦ᠂ ᠠᠰᠠᠭᠤᠳᠠᠯ᠎ᠢ ᠪᠠᠶ᠋ᠢᠴᠠᠭ᠋ᠠᠨ ᠰᠢᠢ᠍ᠳᠪᠤᠷᠢᠯᠡᠬᠦ ᠵᠢᠨ ᠵᠡᠷᠬᠡ ᠲᠦᠷᠢᠮ᠎ᠢ ᠲᠡᠭᠦᠯᠳᠡᠷᠵᠢᠭᠦᠯᠵᠦ᠂ ᠪᠠᠶ᠋ᠢᠴᠠᠭ᠋ᠠᠨ ᠰᠢᠢ᠍ᠳᠪᠦᠷᠢᠯᠡᠬᠦ᠂ ᠴᠡᠭᠴᠡᠯᠡᠨ ᠰᠠᠶ᠋ᠢᠵᠢᠷᠠᠭᠤᠯᠬᠤ᠂ ᠵᠠᠰᠠᠬᠤ ᠵᠢ ᠨᠡᠪᠲᠡᠷᠡᠭᠦᠯᠵᠦ᠂ ᠵᠠᠯᠬᠠᠭ᠋ᠠᠨ ᠰᠢᠳᠬᠡᠬᠦ᠂ ᠬᠢᠨᠠᠯᠲᠠ ᠲᠠᠯᠪᠢᠬᠤ᠂ ᠰᠤᠷᠭ᠋ᠠᠨ ᠬᠥᠮᠦᠵᠢᠭᠦᠯᠬᠦ ᠵᠢ ᠠᠭᠤᠰᠤᠯᠴᠠᠭᠤᠯᠵᠤ᠂ ᠨᠢᠭᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠂ ᠨᠢᠭᠡ ᠲᠠᠯ᠎ᠠ᠎ᠪᠠᠷ ᠰᠡᠷᠡᠮᠵᠢᠯᠡᠭᠦᠯᠬᠦ᠂ ᠨᠢᠭᠡ ᠲᠠᠯ᠎ᠠ᠎ᠪᠠᠷ ᠵᠠᠰᠠᠬᠤ ᠶᠡᠷᠦᠩᠬᠡᠶ᠋ᠢᠯᠡᠭᠰᠡᠨ ᠦᠢ᠍ᠯᠡᠳᠦᠯ᠎ᠢ ᠪᠡᠶᠡᠯᠡᠭᠦᠯᠪᠡ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷᠴᠤᠳ ᠬᠠᠮᠤᠭ᠎ᠤᠨ ᠴᠢᠩᠭ᠎ᠠ ᠬᠢᠵᠠᠭ᠋ᠠᠷᠯᠠᠯ ᠪᠠ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠢᠭᠤᠨ ᠴᠢᠭᠴᠢ᠎ᠪᠠᠷ ᠪᠠᠶᠠᠷ ᠳᠤᠷᠠᠰᠬᠠᠯ᠎ᠤᠨ ᠡᠳᠦᠷ᠎ᠢ ᠥᠩᠭᠡᠷᠡᠭᠦᠯᠬᠦ ᠲᠠᠯ᠎ᠠ᠎ᠪᠠᠷ ᠲᠦᠷᠦᠭᠦᠨ᠎ᠳᠤ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃

    ᠢᠯᠡᠴᠢᠯᠡᠨ ᠮᠡᠳᠡᠭᠦᠯᠬᠦ ᠤᠲᠠᠰᠤ᠄ 0471 — 12388
    ᠢᠯᠡᠴᠢᠯᠡᠨ ᠮᠡᠳᠡᠭᠦᠯᠬᠦ ᠰᠦᠯᠵᠢᠶ᠎ᠡ᠄ neimeng.12388.gov.cn
   ᠢᠯᠡᠴᠢᠯᠡᠨ ᠮᠡᠳᠡᠭᠦᠯᠬᠦ ᠵᠠᠬᠢᠳᠠᠯ᠎ᠤᠨ ᠬᠠᠶ᠋ᠢᠷᠴᠠᠭ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠵᠠᠬᠢᠳᠠᠯ ᠰᠤᠷᠪᠤᠯᠵᠢᠯᠠᠭ᠎ᠠ ᠵᠢᠨ ᠲᠠᠰᠤᠭ


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ ᠪᠡᠬᠢᠵᠢᠬᠦᠯᠤᠨ ᠦᠷᠬᠡᠳᠬᠡᠬᠦ ᠵᠢ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ᠎ᠯᠤᠭ᠎ᠠ ᠪᠦᠳᠦᠮᠵᠢᠳᠡᠢ ᠵᠤᠯᠭ᠋ᠠᠭᠤᠯᠬᠤ ᠲᠤᠬᠠᠢ 2022 ᠣᠨ᠎ᠤ ᠭᠣᠣᠯᠳᠠᠯᠭ᠎ᠠ᠎ᠲᠠᠢ ᠡᠬᠦᠷᠬᠡ ᠵᠢᠨ ᠬᠤᠪᠢᠶᠠᠷᠢᠯᠠᠯ᠎ᠤᠨ ᠲᠥᠰᠥᠯ》᠎ᠤᠨ ᠮᠡᠳᠡᠭᠳᠡᠯ
《ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠦᠷᠬᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠳᠦᠮᠵᠢᠳᠡᠢ ᠵᠤᠯᠭ᠋ᠠᠭᠤᠯᠬᠤ 2022 ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠠᠵᠢᠯ ᠎ᠤᠨ ᠬᠤᠪᠢᠶᠠᠷᠢᠯᠠᠯ᠎ᠤᠨ ᠲᠥᠰᠥᠯ》
ᠠᠷᠠᠳ᠎ᠤᠨ ᠶᠠᠪᠤᠳᠠᠯ᠎ᠤᠨ ᠲᠢᠩᠬᠢᠮ ᠲᠤᠰᠠᠯᠠᠮᠵᠢ ᠵᠢᠨ ᠮᠥᠩᠭᠥ ᠲᠠᠷᠬᠠᠭ᠋ᠠᠬᠤ ᠠᠵᠢᠯ᠎ᠢ ᠯᠠᠪᠳᠠᠭᠤᠨ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠵᠤ ᠪᠠᠢ᠌ᠨ᠎ᠠ
ᠵᠡᠮᠳᠡᠭᠴᠦᠳ᠎ᠲᠤ ᠰᠠᠢ᠌ᠨ ᠴᠢᠮᠡᠭᠡ ᠢᠷᠡᠯ᠎ᠡ — ᠥᠪᠥᠷ ᠮᠣᠩᠭᠣᠯ ᠵᠡᠮᠳᠡᠭᠴᠦᠳ᠎ᠤᠨ ᠬᠣᠶᠠᠷ ᠨᠦᠬᠦᠪᠤᠷᠢ ᠵᠢᠨ ᠪᠥᠬᠥ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ ᠪᠤᠯᠪᠠ
ᠮᠠᠨ᠎ᠤ ᠤᠷᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ ᠎ᠳᠤ᠎ᠬᠢ ᠡᠨᠧᠷᠭᠢ ᠠᠷᠪᠢᠯᠠᠵᠤ ᠪᠣᠬᠢᠷᠳᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
 
            