ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠦᠷᠬᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠳᠦᠮᠵᠢᠳᠡᠢ ᠵᠤᠯᠭ᠋ᠠᠭᠤᠯᠬᠤ 2022 ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠠᠵᠢᠯ ᠎ᠤᠨ ᠬᠤᠪᠢᠶᠠᠷᠢᠯᠠᠯ᠎ᠤᠨ ᠲᠥᠰᠥᠯ》
ᠨᠡᠶᠢᠲᠡᠯᠡᠭᠰᠡᠨ ᠴᠠᠭ᠄ 2022-05-11

    ᠰᠢ ᠵᠢᠨ ᠫᠢᠩ ᠶᠡᠷᠦᠩᠬᠡᠢ ᠱᠦᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ  ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠳᠦᠮᠵᠢᠳᠠᠢ ᠵᠤᠯᠭ᠋ᠠᠭᠤᠯᠬᠤ ᠵᠢ ᠠᠬᠢᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ  ᠬᠡᠪᠴᠢᠶᠡᠵᠢᠯ᠎ᠤᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠢ᠌ᠬᠤ ᠬᠢᠵᠠᠭ᠋ᠠᠷ ᠱᠤᠭᠤᠮ᠎ᠢ ᠪᠠᠲᠤ ᠰᠠᠬᠢᠬᠤ ᠲᠤᠬᠠᠢ ᠬᠣᠯᠪᠣᠭᠳᠠᠯ ᠪᠦᠬᠦᠢ ᠲᠤᠬᠳᠠᠭ᠋ᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ  ᠰᠢᠪᠳᠤᠯᠤᠯᠳᠠ ᠵᠢᠨ ᠦᠨᠳᠦᠰᠦᠨ  ᠵᠦᠢ᠍ᠯ᠎ᠤᠨ ᠪᠠᠳᠤᠯᠠᠭ᠎ᠠ ᠵᠢᠨ ᠦᠷ᠎ᠡ ᠪᠦᠲᠦᠭᠡᠯ᠎ᠢ ᠯᠠᠪᠳᠠᠭᠤᠨ ᠪᠠᠲᠤᠲᠠᠢ ᠪᠦᠲᠦᠮᠵᠢᠲᠡᠢ ᠪᠡᠬᠢᠵᠢᠭᠦᠯᠦᠨ ᠥᠷᠭᠡᠳᠬᠡᠵᠦ᠂ ᠣᠨᠴᠠᠭ᠋ᠠᠢ ᠬᠦᠴᠢᠷᠳᠡᠯᠲᠡᠢ ᠬᠥᠮᠥᠰ᠎ᠢ ᠬᠠᠯᠠᠮᠵᠢᠯᠠᠬᠤ ᠦᠢ᠍ᠯᠡᠴᠢᠯᠡᠭᠡᠨ᠎ᠤ ᠪᠠᠳᠤᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠣᠯᠣᠨ ᠬᠥᠳᠡᠭᠡ ᠲᠣᠰᠬᠣᠨ᠎ᠤ ᠵᠠᠰᠠᠯᠲᠠ ᠵᠢᠨ ᠡᠷᠴᠢᠮ᠎ᠢ ᠲᠠᠰᠤᠷᠠᠯᠳᠡ ᠦᠭᠡᠢ ᠴᠢᠩᠭ᠋ᠠᠷᠠᠭᠤᠯᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ  ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠦᠷᠬᠡᠳᠬᠡᠬᠦ ᠵᠢᠨ ᠬᠠᠮᠳᠤ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠠᠯᠬᠤᠮ᠎ᠢ ᠠᠯᠬᠤᠬᠤ ᠬᠡᠷᠡᠭᠲᠡᠢ᠃

  ᠨᠢᠭᠡ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ  ᠰᠢᠪᠳᠤᠯᠤᠯᠳᠠ ᠵᠢᠨ ᠦᠨᠳᠦᠰᠦᠨ ᠵᠦᠢ᠍ᠯ᠎ᠤᠨ 
    ᠪᠠᠲᠤᠯᠠᠭ᠎ᠠ ᠵᠢᠨ ᠦᠷ᠎ᠡ ᠪᠦᠲᠦᠭᠡᠯ᠎ᠢ ᠯᠠᠪᠳᠠᠭᠤᠨ ᠪᠠᠲᠤᠲᠠᠢ ᠪᠡᠬᠢᠵᠢᠭᠦᠯᠦᠨ ᠦᠷᠬᠡᠳᠬᠡᠬᠦ ᠬᠡᠷᠡᠭᠳᠡᠢ

   (ᠨᠢᠭᠡ) ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠦᠨᠡᠨ ᠬᠦ᠌ ᠰᠠᠢ᠌ᠲᠤᠷ ᠬᠢᠬᠦ ᠬᠡᠷᠡᠭᠳᠡᠢ᠃
   《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠨᠳᠦᠰᠦᠨ ᠵᠦᠢ᠍ᠯ᠎ᠢ ᠪᠠᠲᠤᠯᠠᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠲᠥᠰᠥᠯ》 (ᠥᠪᠥᠷ ᠠᠷᠠᠳ᠎ᠤᠨ ᠶᠠᠪᠤᠳᠠᠯ ᠲᠠᠷᠬᠠᠭ᠋ᠠᠭᠰᠠᠨ ([2021] 74  ᠳ᠋ᠤᠬᠡᠷ ᠲᠣᠭ᠋ᠠᠲᠤ)᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠲᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠵᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢᠨ ᠬᠦᠨᠳᠦ ᠡᠪᠡᠳᠴᠢᠲᠡᠢ ᠨᠤᠴᠢᠳᠠᠢ  ᠵᠡᠮᠳᠡᠭᠴᠤᠳ ᠵᠡᠷᠭᠡ  ᠤᠨᠴᠨ ᠬᠦᠴᠢᠷᠳᠡᠯᠲᠡᠢ  ᠬᠦᠮᠦᠰ᠎ᠲᠤ 《ᠭᠠᠭᠴᠠ ᠬᠥᠮᠥᠨ᠎ᠤ ᠪᠠᠲᠤᠯᠠᠭ᠎ᠠ》 ᠣᠯᠭᠣᠬᠤ᠂ ᠡᠪᠡᠳᠴᠢᠨ᠎ᠤ ᠰᠢᠯᠲᠠᠭ᠋ᠠᠨ᠎ᠠᠴᠠ ᠪᠣᠯᠵᠤ ᠵᠡᠮᠳᠡᠭ ᠪᠣᠯᠤᠭᠰᠠᠨ ᠵᠡᠷᠭᠡ ᠵᠠᠢ᠌ᠯᠠᠰᠢ ᠦᠭᠡᠢ ᠵᠠᠷᠤᠯᠭ᠎ᠠ ᠪᠠ ᠠᠵᠢᠯ ᠣᠯᠭᠣᠯᠲᠠ ᠵᠢᠨ ᠥᠪᠡᠷ᠎ᠤᠨ ᠥᠷᠲᠡᠭ᠎ᠢ ᠰᠠᠭᠤᠯᠭ᠋ᠠᠨ ᠬᠠᠰᠤᠬᠤ᠂ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠮᠥᠩᠭᠥ ᠵᠢ ᠭᠡᠷ ᠪᠦᠯᠢ ᠵᠢᠨ ᠣᠷᠣᠯᠭ᠎ᠠ᠎ᠳᠤ ᠪᠤᠳᠤᠵᠤ ᠣᠷᠣᠭᠤᠯᠬᠤ ᠦᠭᠡᠢ ᠵᠡᠷᠭᠡ ᠠᠷᠭ᠎ᠠ ᠬᠡᠮᠵᠢᠶ᠎ᠡ ᠵᠢ  ᠨᠠᠢ᠌ᠳᠠᠪᠤᠷᠢᠵᠢᠭᠤᠯᠤᠨ᠎ᠠ᠃ ᠲᠤᠰᠠᠯᠠᠮᠵᠢ ᠬᠦᠷᠳᠡᠭᠰᠡᠳ᠎ᠤᠨ ᠬᠠᠮᠤᠷᠬᠤ ᠬᠡᠪᠴᠢᠶ᠎ᠡ ᠵᠢ ᠲᠣᠳᠣᠷᠬᠠᠢ ᠪᠣᠯᠭ᠋ᠠᠵᠤ᠂ ᠠᠵᠢᠯ᠎ᠤᠨ ᠲᠠᠰ ᠳᠠᠷᠠᠭ᠋ᠠᠯᠠᠯ᠎ᠢ ᠴᠢᠩᠳᠠᠯᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠢᠳᠡᠭ ᠢᠳᠡᠭ ᠵᠶ᠋ᠡᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ᠂ ᠵᠢᠷᠤᠮᠵᠢᠭᠤᠨ᠂ ᠲᠥᠷᠥᠯ ᠬᠤᠪᠢᠶᠠᠨ  ᠬᠡᠷᠡᠭᠵᠢᠬᠦᠯᠬᠦ ᠬᠡᠷᠡᠭᠳᠡᠢ᠃ ᠲᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠵᠢ ᠬᠢᠨᠠᠨ ᠰᠢᠯᠭ᠋ᠠᠬᠤ ᠡᠲᠡᠭᠡᠳ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠠᠢ᠌ᠳᠠᠯ᠎ᠢ ᠣᠢ᠌ᠯᠠᠭ᠋ᠠᠵᠤ ᠵᠢᠭᠰᠠᠭ᠋ᠠᠨ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠶᠠᠳᠠᠭᠤ᠎ᠠᠴᠠ ᠠᠡᠭᠬᠢᠵᠢᠷᠠᠬᠰᠠᠨ ᠴᠦ᠍ ᠲᠠᠬᠢᠨ ᠶᠠᠳᠠᠭᠤᠷᠠᠵᠤ ᠮᠡᠳᠡᠬᠦ ᠡᠷᠦᠬᠡ᠂ ᠠᠨ᠎ᠠ ᠮᠠᠨ᠎ᠠ ᠪᠠᠢ᠌ᠭ᠎ᠠ ᠡᠷᠤᠬᠡ᠂ ᠬᠡᠨᠡᠳᠳᠡ ᠵᠢᠨ ᠨᠣᠴᠢᠲᠠᠢ ᠬᠦᠴᠢᠷᠳᠡᠯ᠎ᠳᠤ ᠲᠤᠯᠭ᠋ᠠᠷᠠᠵᠤ ᠮᠡᠳᠡᠬᠦ᠎ᠲᠠᠢ ᠡᠷᠦᠬᠡ ᠵᠢ ᠴᠠᠭ ᠲᠤᠬᠠᠢ᠎ᠳᠤ᠎ᠨᠢ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ  ᠬᠦᠴᠢᠷᠳᠡᠯᠳᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ᠎ᠳᠤ ᠣᠷᠣᠭᠤᠯᠵᠤ᠂ ᠵᠤᠬᠢᠬᠤ ᠬᠡᠪᠴᠢᠶ᠎ᠠ᠎ᠪᠠᠷ ᠲᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ  ᠵᠠᠭ᠋ᠠᠭ᠎ᠢ ᠪᠠᠲᠤ ᠰᠠᠬᠢᠬᠤ ᠬᠡᠷᠡᠭᠲᠡᠢ᠃ (ᠬᠠᠷᠢᠭᠤᠴᠠᠬᠤ ᠨᠢᠬᠡᠴᠢ᠄ ᠨᠡᠢ᠌ᠭᠡᠮ᠎ᠤᠨ  ᠲᠤᠰᠠᠯᠠᠮᠵᠢ ᠵᠢᠨ ᠭᠠᠵᠠᠷ᠂ ᠨᠠᠰᠤᠵᠢᠯ᠎ᠤᠨ ᠦᠢ᠍ᠯᠡᠴᠢᠯᠡᠭᠡ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ (ᠨᠡᠢ᠌ᠭᠡᠮ᠎ᠤᠨ  ᠲᠤᠰᠠᠯᠠᠮᠵᠢ) ᠦᠢ᠍ᠯᠡᠴᠢᠯᠡᠭᠡᠨ᠎ᠤ ᠲᠥᠪ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
   (ᠬᠣᠶᠠᠷ) ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠳᠠ ᠠᠬᠢᠭᠤᠯᠬᠤ ᠬᠡᠷᠡᠭᠳᠡᠢ
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠠᠯᠪᠠᠨ ᠭᠡᠷ᠎ᠤᠨ 《ᠨᠡᠢ᠌ᠭᠡᠮ᠎ᠤᠨ ᠲᠤᠰᠠᠯᠠᠮᠵᠢ ᠵᠢᠨ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 ᠵᠢ ᠭᠦᠨᠵᠡᠭᠡᠢ ᠨᠠᠢ᠌ᠳᠠᠪᠤᠷᠢᠵᠢᠭᠤᠯᠵᠤ᠂  ᠲᠤᠰᠠᠯᠠᠮᠵᠢ ᠵᠢᠨ ᠳᠦᠷᠢᠮ᠎ᠤᠨ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠰᠠᠯᠠᠭ᠎ᠠ ᠮᠥᠴᠢᠷ᠎ᠤᠨ  ᠬᠠᠮᠵᠢᠯᠴᠠᠭ᠎ᠠ ᠵᠢ ᠴᠢᠩᠭ᠋ᠠᠷᠠᠭᠤᠯᠵᠤ᠂ ᠦᠨᠳᠦᠰᠦᠨ ᠠᠮᠢᠳᠤᠷᠠᠯ ᠎ᠤᠨ ᠲᠤᠰᠠᠯᠠᠮᠵᠢ᠂ ᠲᠤᠰᠬᠠᠢ ᠵᠦᠢ᠍ᠯ᠎ᠤᠨ ᠨᠡᠢ᠌ᠭᠡᠮ᠎ᠤᠨ ᠲᠤᠰᠠᠯᠠᠮᠵᠢ᠂ ᠪᠠᠴᠢᠮ ᠬᠦᠴᠢᠷᠳᠡᠯᠳᠡᠢ ᠬᠦᠮᠦᠰ᠎ᠲᠤ ᠲᠤᠰᠠᠯᠠᠬᠤ ᠨᠡᠢ᠌ᠭᠡᠮ᠎ᠤᠨ ᠲᠤᠰᠠᠯᠠᠮᠵᠢ᠎ᠪᠠᠷ ᠭᠣᠣᠯ ᠴᠣᠭᠴᠠ ᠪᠣᠯᠭ᠋ᠠᠭᠰᠠᠨ᠂ ᠨᠡᠢ᠌ᠭᠡᠮ᠎ᠤᠨ ᠬᠦᠴᠦᠨ ᠣᠷᠤᠯᠴᠠᠬᠤ᠎ᠪᠠᠷ ᠨᠥᠬᠥᠪᠦᠷᠢ ᠪᠣᠯᠭ᠋ᠠᠭᠰᠠᠨ᠂ ᠪᠥᠬᠥ ᠲᠠᠯ᠎ᠠ ᠵᠢ ᠬᠠᠮᠤᠷᠤᠭᠰᠠᠨ᠂ ᠲᠠᠰ ᠬᠤᠪᠢᠶᠠᠨ ᠲᠥᠷᠥᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠦᠷ᠎ᠡ ᠪᠦᠲᠦᠮᠵᠢᠲᠡᠶ ᠨᠡᠢ᠌ᠭᠡᠮ᠎ᠤᠨ  ᠲᠤᠰᠠᠯᠠᠮᠵᠢ ᠵᠢᠨ ᠪᠠᠢ᠌ᠷᠢᠰᠢᠯ᠎ᠢ ᠲᠦᠷᠬᠡᠨ ᠪᠣᠶ ᠪᠣᠯᠭ᠋ᠠᠨ᠎ᠠ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠮᠠᠭ᠋ᠠᠳᠯᠠᠨ ᠲᠣᠭᠲᠠᠭ᠋ᠠᠬᠤ ᠠᠷᠭ᠎ᠠ ᠵᠢ ᠨᠠᠢ᠌ᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢ ᠬᠡᠷᠡᠭᠯᠡᠬᠦ ᠨᠥᠬᠥᠴᠡᠯ᠎ᠳᠤ ᠲᠣᠬᠢᠷᠠᠭᠤᠯᠤᠯᠲᠠ ᠬᠢᠬᠦ ᠡᠯ᠎ᠡ ᠲᠥᠷᠥᠯ᠎ᠤᠨ ᠪᠠᠢ᠌ᠳᠠᠯ᠎ᠢ ᠣᠨᠣᠪᠴᠢᠲᠠᠶ ᠡᠵᠡᠮᠳᠡᠨ᠂ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠦᠨᠳᠦᠰᠦᠨ ᠠᠮᠢᠳᠤᠷᠠᠯ᠎ᠤᠨ  ᠲᠤᠰᠠᠯᠠᠮᠵᠢ ᠵᠢᠨ ᠳᠦᠷᠢᠮ᠎ᠤᠨ ᠬᠣᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠵᠢ ᠦᠷᠭᠦᠯᠵᠢᠯᠡᠨ ᠠᠬᠢᠭᠤᠯᠤᠨ᠎ᠠ᠃ ᠲᠦᠷ ᠴᠠᠭ᠎ᠤᠨ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠵᠦ᠂ ᠬᠢᠵᠢᠭ ᠭᠠᠮᠰᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠢ ᠲᠤᠰᠠᠯᠠᠬᠤ ᠡᠷᠴᠢᠮ᠎ᠢ ᠴᠢᠩᠭ᠋ᠠᠷᠠᠭᠤᠯᠤᠨ᠂ ᠪᠠᠴᠢᠮ ᠪᠡᠷᠬᠡ ᠭᠠᠷᠤᠭᠰᠠᠨ ᠲᠤᠬᠠᠢ ᠵᠢᠨ ᠭᠠᠵᠠᠷ᠎ᠤᠨ᠎ᠬᠢᠨ ᠲᠦᠷ ᠴᠠᠭ᠎ᠤᠨ ᠲᠤᠰᠠᠯᠠᠮᠵᠢ ᠦᠵᠡᠬᠦᠯᠬᠦ ᠠᠷᠭ᠎ᠠ ᠵᠢ ᠦᠷᠭᠦᠯᠵᠢᠯᠡᠨ ᠬᠡᠷᠡᠭᠵᠢᠭᠦᠯᠵᠦ᠂ 《ᠤᠷᠢᠳ ᠵᠶ᠋ᠡᠷ ᠲᠤᠰᠠᠯᠠᠬᠤ》 《ᠳᠠᠭ᠋ᠠᠵᠤ ᠲᠤᠰᠠᠯᠠᠬᠤ》 ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠲᠦᠷ ᠴᠠᠭ᠎ᠤᠨ  ᠲᠤᠰᠠᠯᠠᠮᠵᠢ ᠵᠢᠨ ᠪᠡᠯᠡᠳᠬᠡᠯ ᠮᠥᠩᠭᠥ ᠵᠢᠨ ᠳᠦᠷᠢᠮ᠎ᠢ ᠭᠦᠢ᠍ᠴᠡᠳ ᠰᠠᠢ᠌ᠲᠤᠷ ᠬᠡᠷᠡᠭᠯᠡᠵᠦ᠂ ᠲᠦᠷ ᠴᠠᠭ᠎ᠤᠨ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ  ᠦᠨᠡᠨ ᠬᠦ᠌  ᠪᠠᠳᠤᠯᠠᠬᠤ ᠬᠡᠷᠡᠭᠳᠡᠢ᠃ 2022 ᠣᠨ᠎ᠤ ᠨᠡᠢ᠌ᠭᠡᠮ᠎ᠤᠨ  ᠲᠤᠰᠠᠯᠠᠮᠵᠢ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ ᠪᠠ ᠪᠠᠷᠢᠮᠵᠢᠶ᠎ᠠ ᠵᠢ ᠲᠣᠬᠢᠷᠠᠭᠤᠯᠬᠤ ᠪᠡᠯᠡ ᠮᠥᠩᠭᠥ ᠵᠢ ᠨᠥᠬᠥᠪᠦᠷᠢᠯᠡᠨ ᠣᠯᠭᠣᠬᠤ ᠠᠵᠢᠯ᠎ᠢ ᠰᠠᠢ᠌ᠲᠤᠷ ᠬᠢᠬᠦ ᠬᠡᠷᠡᠭᠳᠡᠢ᠃ ᠨᠡᠢ᠌ᠭᠡᠮ᠎ᠤᠨ ᠲᠤᠰᠠᠯᠠᠮᠵᠢ ᠵᠢᠨ ᠳᠦᠷᠢᠮ᠎ᠤᠨ ᠥᠭᠡᠷᠡᠴᠢᠯᠡᠯᠲᠡ ᠵᠢ ᠰᠠᠢ᠌ᠳᠤᠷ ᠬᠢᠵᠦ ᠰᠢᠨ᠎ᠡ ᠵᠢ ᠡᠭᠦᠳᠬᠦ ᠲᠤᠷᠰᠢᠯᠲᠠ ᠵᠢ ᠭᠦᠨᠵᠡᠭᠡᠢ᠌ᠷᠡᠭᠦᠯᠵᠦ᠂ ᠨᠡᠢ᠌ᠭᠡᠮ᠎ᠤᠨ  ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠦᠨᠳᠦᠰᠦᠨ ᠱᠠᠲᠤᠨ᠎ᠤ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ  ᠦᠷᠨᠢᠬᠦᠯᠬᠦ ᠬᠡᠷᠡᠭᠳᠡᠢ᠃  (ᠬᠠᠷᠢᠭᠤᠴᠠᠬᠤ ᠨᠢᠬᠡᠴᠢ᠄ ᠨᠡᠢ᠌ᠭᠡᠮ᠎ᠤᠨ  ᠲᠤᠰᠠᠯᠠᠮᠵᠢ ᠵᠢᠨ ᠭᠠᠵᠠᠷ᠂ ᠨᠠᠰᠤᠵᠢᠯ᠎ᠤᠨ ᠦᠢ᠍ᠯᠡᠴᠢᠯᠡᠭᠡ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ (ᠨᠡᠢ᠌ᠭᠡᠮ᠎ᠤᠨ  ᠲᠤᠰᠠᠯᠠᠮᠵᠢ) ᠦᠢ᠍ᠯᠡᠴᠢᠯᠡᠭᠡᠨ᠎ᠤ ᠲᠥᠪ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
   (ᠭᠤᠷᠪᠠ) ᠣᠷᠣᠯᠭ᠎ᠠ ᠪᠠᠭ᠋ᠠᠲᠠᠢ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠲᠣᠭᠲᠠᠴᠠ ᠵᠢ ᠪᠦᠷᠢᠨᠰᠢᠭᠦᠯᠦᠨ᠎ᠡ᠃ ᠣᠷᠣᠯᠭ᠎ᠠ ᠪᠠᠭ᠋ᠠᠲᠠᠢ ᠬᠦᠮᠦᠰ᠎ᠢ ᠰᠠᠨᠠᠭ᠋ᠠᠴᠢᠯᠠᠭ᠎ᠠ᠎ᠠᠴᠠ᠎ᠪᠠᠨ ᠤᠯᠵᠤ ᠮᠡᠳᠡᠬᠦ᠂ ᠬᠥᠳᠡᠯᠦᠩᠭᠦᠢ᠎ᠪᠠᠷ ᠬᠢᠨᠠᠨ ᠬᠡᠮᠵᠢᠬᠦ᠂ ᠲᠤᠰᠠᠯᠠᠵᠤ ᠲᠡᠳᠬᠦᠬᠦ ᠵᠡᠷᠭᠡ ᠲᠣᠭᠲᠠᠴᠠ ᠪᠠ ᠨᠡᠢ᠌ᠭᠡᠮ᠎ᠤᠨ ᠲᠤᠰᠠᠯᠠᠮᠵᠢ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠲᠣᠭᠲᠠᠴᠠ ᠵᠢ ᠪᠦᠷᠢᠨᠰᠢᠭᠦᠯᠵᠦ᠂ ᠪᠥᠬᠥ ᠣᠷᠣᠨ᠎ᠤ ᠣᠷᠣᠯᠭ᠎ᠠ ᠪᠠᠭ᠋ᠠᠲᠠᠢ  ᠬᠦᠮᠦᠰ ᠎ᠤᠨ ᠬᠥᠳᠡᠯᠦᠩᠭᠦᠢ ᠬᠡᠮᠵᠢᠯᠳᠡ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠲᠠᠪᠴᠠᠩ᠎ᠤᠨ ᠴᠢᠳᠠᠮᠵᠢ ᠪᠠ ᠦᠢ᠍ᠯᠡᠴᠢᠯᠡᠭᠡᠨ᠎ᠤ ᠬᠡᠷᠡᠭᠯᠡᠯᠲᠡ ᠵᠢ ᠥᠷᠭᠡᠳᠬᠡᠨ᠂ ᠣᠷᠣᠯᠭ᠎ᠠ ᠪᠠᠭ᠋ᠠᠲᠠᠢ ᠬᠦᠮᠦᠰ᠎ᠤᠨ ᠮᠡᠳᠡᠭᠡ ᠵᠠᠩᠭᠢ ᠵᠢ ᠣᠯᠠᠨ ᠲᠠᠯ᠎ᠠ᠎ᠪᠠᠷ ᠬᠤᠷᠠᠮᠳᠤᠭᠤᠯᠵᠤ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠴᠢᠮ᠎ᠢ  ᠠᠷᠭ᠋ᠠᠴᠠᠭ᠋ᠠᠬᠤ᠂ ᠡᠮᠴᠢᠯᠡᠭᠡᠨ᠎ᠤ ᠳᠠᠭ᠋ᠠᠳᠬᠠᠯ ᠵᠡᠷᠭᠡ ᠰᠠᠯᠠᠭ᠎ᠠ ᠮᠥᠴᠢᠷ᠎ᠯᠦᠭᠡ ᠲᠤᠭ᠎ᠠ ᠪᠠᠷᠢᠮᠳᠠ ᠵᠢ ᠬᠠᠮᠳᠤ᠎ᠪᠠᠷ ᠠᠰᠢᠬᠯᠠᠬᠤ ᠵᠢ ᠪᠠᠢ᠌ᠡᠭᠭᠤᠵᠢᠭᠤᠯᠬᠤ ᠬᠡᠷᠡᠭᠳᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠯᠭ᠎ᠠ ᠪᠠᠭ᠋ᠠᠲᠠᠢ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠳᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠢᠨᠠᠨ ᠬᠡᠮᠵᠢᠯᠳᠡ ᠵᠢᠨ ᠮᠡᠳᠡᠭᠡ ᠵᠠᠩᠭᠢ ᠵᠢᠨ ᠲᠠᠪᠴᠠᠩ᠎ᠤᠨ ᠲᠣᠭ᠎ᠠ ᠪᠠᠷᠢᠮᠲᠠ ᠵᠢ ᠬᠠᠮᠳᠤ ᠎ᠪᠠᠷ ᠠᠰᠢᠬᠯᠠᠬᠤ ᠠᠷᠭ᠎ᠠ》 (ᠥᠪᠥᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ  ᠲᠠᠷᠬᠠᠭ᠋ᠠᠭᠰᠠᠨ [2022] 16 ᠳ᠋ᠤᠭ᠋ᠠᠷ ᠲᠣᠭ᠋ᠠᠲᠤ) ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠎ᠤ ᠣᠷᠣᠯᠭ᠎ᠠ ᠪᠠᠭ᠋ᠠᠲᠠᠢ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠳᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠢᠨᠠᠨ ᠭᠡᠮᠵᠢᠯᠳᠡ ᠵᠢᠨ ᠲᠣᠭᠲᠠᠴᠠ ᠵᠢ ᠵᠣᠯᠭ᠋ᠠᠭᠤᠯᠬᠤ᠂ ᠮᠡᠳᠡᠭᠡ ᠵᠠᠩᠭᠢ ᠵᠢ ᠵᠣᠯᠭ᠋ᠠᠭᠤᠯᠬᠤ ᠵᠢ ᠠᠬᠢᠭᠤᠯᠬᠤ ᠬᠡᠷᠡᠭᠳᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠮᠦᠰ᠂ ᠵᠠᠷᠤᠯᠭ᠎ᠠ ᠶᠡᠬᠡ᠎ᠠᠴᠠ ᠪᠤᠯᠵᠤ ᠬᠦᠴᠢᠷᠳᠡᠯᠳᠡᠢ ᠪᠤᠯᠤᠬᠰᠠᠨ ᠬᠦᠮᠦᠰ ᠵᠡᠷᠭᠡ ᠣᠷᠣᠯᠭ᠎ᠠ ᠪᠠᠭ᠋ᠠᠲᠠᠢ ᠬᠥᠮᠥᠨ ᠠᠮᠠ ᠵᠢ ᠮᠠᠭ᠋ᠠᠳᠯᠠᠨ ᠲᠣᠭᠲᠠᠭ᠋ᠠᠬᠤ ᠪᠠ ᠲᠤᠰᠠᠯᠠᠵᠤ ᠲᠡᠳᠬᠦᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠡᠳᠡᠨ᠎ᠤ ᠬᠦᠴᠢᠷᠳᠡᠯ᠎ᠤᠨ ᠲᠦᠷᠦᠯ ᠬᠡᠯᠪᠡᠷᠢ ᠪᠠ ᠬᠡᠷᠡᠭᠴᠡᠭᠡ ᠵᠢ ᠦᠨᠳᠦᠰᠦᠯᠡᠨ ᠪᠠᠢ᠌ᠭ᠋ᠠᠳ ᠲᠦᠷᠦ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ  ᠬᠡᠷᠡᠭᠵᠢᠭᠦᠯᠵᠦ᠂ ᠦᠨᠳᠦᠰᠦᠨ ᠵᠦᠢ᠍ᠯ᠎ᠢ ᠪᠠᠲᠤᠯᠠᠬᠤ᠂ ᠦᠨᠳᠦᠰᠦᠨ ᠵᠦᠢ᠍ᠯ᠎ᠢ ᠰᠠᠢ᠌ᠲᠤᠷ ᠪᠠᠲᠤᠯᠠᠬᠤ ᠵᠢ ᠦᠨᠡᠨ ᠬᠦ᠌  ᠪᠡᠶᠡᠯᠡᠬᠦᠯᠬᠦ ᠬᠡᠷᠡᠭᠳᠡᠢ᠃  ᠲᠤᠰᠠᠯᠠᠮᠵᠢ ᠵᠢᠨ ᠡᠬᠢ ᠪᠠᠶᠠᠯᠢᠭ᠎ᠢ ᠤᠯᠠᠮ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠵᠦ᠂ ᠨᠢᠭᠦᠯᠡᠰᠦᠩᠭᠦᠢ ᠵᠢᠨ ᠬᠦᠴᠦᠨ ᠵᠶ᠋ᠡᠷ ᠬᠠᠪᠰᠤᠷᠤᠨ ᠲᠡᠳᠬᠦᠬᠦ ᠵᠢ ᠴᠢᠩᠭ᠋ᠠᠳᠬᠠᠨ᠂ ᠲᠤᠰᠠᠯᠠᠮᠵᠢ ᠵᠢᠨ ᠬᠠᠮ ᠬᠦᠴᠦᠨ᠎ᠢ ᠨᠢᠭᠲᠠᠷᠠᠭᠤᠯᠤᠨ᠎ᠠ᠃ (ᠬᠠᠷᠢᠭᠤᠴᠠᠬᠤ ᠨᠢᠬᠡᠴᠢ᠄ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠂ ᠨᠠᠰᠤᠵᠢᠯ᠎ᠤᠨ ᠦᠢ᠍ᠯᠡᠴᠢᠯᠡᠭᠡ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ (ᠨᠡᠢ᠌ᠭᠡᠮ᠎ᠤᠨ  ᠲᠤᠰᠠᠯᠠᠮᠵᠢ) ᠦᠢ᠍ᠯᠡᠴᠢᠯᠡᠭᠡᠨ᠎ᠤ ᠲᠥᠪ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
    (ᠳᠥᠷᠪᠡ) ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠪᠠᠢ᠌ᠭᠤᠯᠤᠮᠵᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠢᠨᠵᠧᠨᠧᠷᠢᠩ᠎ᠢ ᠥᠷᠨᠢᠭᠦᠯᠵᠦ᠂ ᠣᠨᠴᠠ ᠬᠦᠴᠢᠷᠳᠡᠯ᠎ᠲᠠᠢ ᠬᠥᠮᠥᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠲᠥᠬᠦᠭᠡᠷᠦᠮᠵᠢ (ᠨᠠᠰᠤᠲᠠᠨ᠎ᠢ ᠠᠰᠠᠷᠠᠬᠤ ᠬᠦᠷᠢᠶᠡᠯᠡᠩ) ᠵᠢ ᠦᠷᠭᠦᠯᠵᠢᠯᠡᠨ ᠳᠡᠰ ᠳᠡᠪᠰᠢᠭᠦᠯᠦᠨ ᠥᠭᠡᠷᠡᠴᠢᠯᠡᠨ᠎ᠡ᠃ ᠰᠢᠶᠠᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ ᠥᠭᠡᠷᠡᠴᠢᠯᠡᠯᠲᠡ ᠵᠢ ᠳᠡᠮᠵᠢᠵᠦ᠂  ᠪᠡᠶ᠎ᠡ᠎ᠳᠤ᠎ᠪᠠᠨ ᠵᠦᠪ ᠦᠬᠡᠢ᠂ ᠬᠦᠳᠡᠯᠮᠤᠷᠢ ᠵᠢᠨ ᠴᠢᠳᠠᠪᠤᠷᠢ᠎ᠪᠠᠨ ᠬᠠᠭ᠋ᠠᠰ ᠲᠤᠳᠠᠭᠤ ᠠᠯᠳᠠᠭᠰᠠᠨ ᠣᠨᠴᠠ ᠬᠦᠴᠢᠷᠳᠡᠯᠲᠡᠢ ᠬᠥᠮᠥᠰ᠎ᠢ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠴᠢᠩᠭ᠋ᠠᠳᠬᠠᠨ᠂ ᠨᠥᠬᠥᠴᠡᠯ᠎ᠨᠢ ᠪᠦᠷᠢᠯᠳᠦᠭᠰᠡᠨ ᠪᠦᠷᠢᠯᠳᠦᠭᠦᠯᠦᠭᠰᠡᠨ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠡᠯᠡᠳᠬᠡᠯ ᠲᠦᠬᠦᠬᠡᠷᠤᠮᠵᠢ (ᠨᠠᠰᠤᠲᠠᠨ᠎ᠤ ᠠᠰᠠᠷᠠᠮᠵᠢ ᠵᠢᠨ ᠬᠦᠷᠢᠶᠡᠯᠡᠩ) ᠵᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠵᠦ᠂ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠪᠣᠯᠭ᠋ᠠᠬᠤ ᠵᠢ ᠳᠡᠮᠵᠢᠨ᠎ᠡ᠃ ᠪᠥᠬᠥ ᠣᠷᠣᠨ᠎ᠳᠤ 4 ᠬᠣᠰᠢᠭᠤ ᠰᠢᠶᠠᠨ᠎ᠢ ᠰᠣᠩᠭᠣᠵᠤ᠂ ᠤᠷᠢᠳ ᠵᠶ᠋ᠡᠷ ᠲᠤᠷᠰᠢᠯᠲᠠ ᠬᠢᠬᠦ ᠠᠷᠭ᠎ᠠ᠎ᠪᠠᠷ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠠᠵᠢᠯᠯᠠᠭ᠎ᠠ ᠵᠢ ᠥᠷᠨᠢᠭᠦᠯᠵᠦ᠂ ᠰᠢᠶᠠᠨ᠎ᠤ ᠱᠠᠲᠤᠨ᠎ᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠢ᠌ᠭᠤᠯᠤᠮᠵᠢ᠎ᠪᠠᠷ ᠲᠥᠪ ᠪᠣᠯᠭ᠋ᠠᠭᠰᠠᠨ᠂ ᠰᠢᠶᠠᠩ ᠪᠠᠯᠭ᠋ᠠᠰᠤᠨ᠎ᠤ ᠨᠠᠰᠤᠲᠠᠨ᠎ᠢ ᠠᠰᠠᠷᠠᠬᠤ ᠬᠦᠷᠢᠶᠡᠯᠡᠩ᠂ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯ᠎ᠤᠨ ᠬᠦᠷᠢᠶᠡᠯᠡᠩ ᠵᠶ᠋ᠡᠷ ᠨᠥᠬᠥᠪᠦᠷᠢ ᠪᠣᠯᠭ᠋ᠠᠭᠰᠠᠨ ᠬᠥᠳᠡᠭᠡ ᠲᠣᠰᠬᠣᠨ᠎ᠤ ᠨᠠᠰᠤᠵᠢᠯ᠎ᠤᠨ ᠭᠤᠷᠪᠠᠳᠤᠭ᠋ᠠᠷ ᠳᠡᠰ᠎ᠤᠨ ᠦᠢ᠍ᠯᠡᠴᠢᠯᠡᠭᠡᠨ᠎ᠤ ᠲᠤᠤᠷᠵᠢᠯ᠎ᠢ ᠪᠣᠶ ᠪᠣᠯᠭ᠋ᠠᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠤᠯᠬᠤᠢ᠌ᠴᠨ ᠬᠥᠳᠡᠭᠡ ᠲᠣᠰᠬᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠴᠢᠷᠮᠠᠢ᠌ᠨ ᠪᠣᠶ ᠪᠣᠯᠭ᠋ᠠᠨ᠎ᠠ᠃ ᠤᠨᠴᠨ ᠬᠦᠴᠢᠷᠳᠡᠯᠲᠡᠢ ᠨᠠᠰᠤᠲᠠᠢ᠌ᠴᠤᠳ᠎ᠢ ᠲᠣᠭᠣᠷᠢᠨ ᠰᠡᠷᠭᠡᠢ᠌ᠯᠡᠬᠦ ᠪᠠ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠲᠣᠭᠲᠠᠴᠠ ᠵᠢ ᠪᠠᠢ᠌ᠭᠤᠯᠵᠤ᠂ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠢ  ᠬᠠᠯᠠᠮᠵᠢᠯᠠᠬᠤ ᠦᠢ᠍ᠯᠡᠴᠢᠯᠡᠭᠡ ᠵᠢ ᠦᠷᠭᠦᠯᠵᠢᠯᠡᠨ ᠰᠠᠢ᠌ᠲᠤᠷ ᠬᠢᠨ᠎ᠡ᠃ ᠱᠠᠩᠨᠠᠯ ᠨᠥᠬᠥᠪᠦᠷᠢ ᠵᠢᠨ ᠪᠡᠯᠡ ᠮᠥᠩᠭᠥ ᠣᠷᠣᠭᠤᠯᠵᠤ᠂ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠨᠠᠰᠤᠵᠢᠯᠲᠠ ᠵᠢᠨ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠤᠨ᠎ᠠ᠃ (ᠬᠠᠷᠢᠭᠤᠴᠠᠬᠤ ᠨᠢᠬᠡᠴᠢ᠄ ᠨᠠᠰᠤᠵᠢᠯ᠎ᠤᠨ ᠦᠢ᠍ᠯᠡᠴᠢᠯᠡᠭᠡᠨ᠎ᠤ ᠭᠠᠵᠠᠷ᠂ ᠨᠠᠰᠤᠵᠢᠯ᠎ᠤᠨ ᠦᠢ᠍ᠯᠡᠴᠢᠯᠡᠭᠡ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ (ᠨᠡᠢ᠌ᠭᠡᠮ᠎ᠤᠨ  ᠲᠤᠰᠠᠯᠠᠮᠵᠢ) ᠦᠢ᠍ᠯᠡᠴᠢᠯᠡᠭᠡᠨ᠎ᠤ ᠲᠥᠪ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
    (ᠲᠠᠪᠤ) ᠬᠡᠦᠬᠡᠳ᠎ᠤᠨ ᠠᠰᠠᠷᠠᠮᠵᠢ ᠵᠢᠨ ᠳᠦᠷᠢᠮ ᠪᠠ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ  ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠡᠦᠬᠡᠳ᠎ᠤᠨ ᠠᠰᠠᠷᠠᠮᠵᠢ ᠵᠢᠨ ᠳᠦᠷᠢᠮ ᠪᠠ ᠨᠠᠰᠤᠨ᠎ᠳᠤ ᠦᠯᠤ ᠬᠥᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠰᠲ᠋ᠧᠮ᠎ᠤᠨ ᠦᠨᠳᠦᠰᠦᠨ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠤᠷ᠎ᠢ ᠨᠢᠬᠳᠠᠵᠢᠭᠤᠯᠤᠨ ᠪᠡᠬᠢᠵᠢᠭᠦᠯᠵᠦ᠂ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠬᠤ ᠰᠠᠷ᠎ᠠ》 ᠵᠢᠨ ᠠᠵᠢᠯ᠎ᠢ ᠭᠦᠨᠵᠡᠭᠡᠢ ᠠᠬᠢᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠬᠥᠳᠡᠭᠡ ᠲᠣᠰᠬᠣᠨ᠎ᠤ ᠭᠡᠷ ᠎ᠲᠤ᠎ᠪᠠᠨ ᠬᠣᠴᠣᠷᠤᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠵᠤ ᠬᠠᠮᠠᠭ᠋ᠠᠯᠠᠬᠤ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠨᠠᠷᠢᠨ ᠠᠷᠭ᠎ᠠ ᠵᠢ ᠨᠠᠢ᠌ᠳᠠᠪᠤᠷᠢᠵᠢᠭᠤᠯᠤᠨ᠎ᠠ᠃ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠬᠡᠦᠬᠡᠳ᠎ᠤᠨ ᠡᠷᠬᠢᠯᠡᠭᠴᠢ ᠵᠢ ᠰᠢᠯᠢᠳᠡᠭ᠎ᠢ᠎ᠨᠢ ᠰᠣᠩᠭᠣᠨ ᠲᠣᠬᠢᠷᠠᠭᠤᠯᠵᠤ᠂ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠬᠡᠦᠬᠡᠳ᠎ᠤᠨ ᠡᠷᠬᠢᠯᠡᠭᠴᠢ ᠵᠢᠨ ᠡᠩᠨᠡᠭᠡ ᠵᠢᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠪᠠᠲᠤᠯᠠᠭ᠎ᠠ ᠵᠢᠨ ᠠᠵᠢᠯ᠎ᠢ ᠴᠢᠩᠭ᠋ᠠᠳᠬᠠᠵᠤ᠂ ᠬᠡᠦᠬᠡᠳ᠎ᠤᠨ ᠠᠰᠠᠷᠠᠮᠵᠢ ᠪᠠ ᠨᠠᠰᠤᠨ᠎ᠳᠤ ᠥᠯᠥ ᠭᠦᠷᠦᠭᠰᠡᠳ᠎ᠤᠨ ᠬᠠᠮᠠᠭ᠋ᠠᠯᠠᠯᠲᠠ ᠵᠢᠨ ᠮᠡᠳᠡᠭᠡ ᠵᠠᠩᠭᠢ ᠵᠢ ᠨᠠᠷᠢᠯᠢᠭ ᠣᠨᠣᠴᠠᠲᠠᠢ ᠬᠠᠮᠢᠶᠠᠷᠬᠤ ᠲᠤᠰᠬᠠᠢ ᠵᠦᠢ᠍ᠯ᠎ᠤᠨ ᠵᠢᠭᠰᠠᠭ᠋ᠠᠨ ᠪᠠᠢ᠌ᠴᠠᠭ᠋ᠠᠯᠲᠠ ᠵᠢ ᠥᠷᠨᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃ (ᠬᠠᠷᠢᠭᠤᠴᠠᠬᠤ ᠨᠢᠬᠡᠴᠢ᠄ ᠬᠡᠦᠬᠡᠳ᠎ᠤᠨ ᠠᠰᠠᠷᠠᠮᠵᠢ ᠵᠢᠨ ᠭᠠᠵᠠᠷ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
   (ᠵᠢᠷᠭᠤᠭ᠎ᠠ) ᠵᠡᠮᠳᠡᠭᠴᠦᠳ᠎ᠢ ᠪᠠᠲᠤᠯᠠᠬᠤ ᠪᠠ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠵᠡᠮᠳᠡᠭᠴᠦᠳ᠎ᠤᠨ 《ᠬᠣᠶᠠᠷ ᠨᠥᠬᠥᠪᠦᠷᠢ》 ᠵᠢᠨ ᠪᠠᠷᠢᠮᠵᠢᠶ᠎ᠠ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠭᠠᠵᠠᠷ᠎ᠢ ᠵᠢᠯᠣᠭᠣᠳᠤᠨ ᠵᠡᠮᠳᠡᠭᠴᠦᠳ᠎ᠤᠨ 《ᠬᠣᠶᠠᠷ ᠨᠥᠬᠥᠪᠦᠷᠢ》 ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠨᠥᠬᠥᠪᠦᠷᠢ ᠵᠢᠨ ᠬᠠᠮᠤᠷᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ᠎ᠤ ᠵᠡᠮᠳᠡᠭᠴᠦᠳ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠵᠡᠮᠳᠡᠭᠴᠦᠳ᠎ᠤᠨ 《ᠬᠣᠶᠠᠷ  ᠨᠥᠬᠥᠪᠦᠷᠢ》 ᠵᠢ ᠮᠤᠵᠢ ᠠᠯᠤᠰᠯᠠᠨ ᠲᠤᠭᠤᠰᠢᠳᠠᠢ ᠰᠢᠢ᠍ᠳᠪᠦᠷᠢᠯᠡᠬᠦ ᠦᠢ᠍ᠯᠡᠴᠢᠯᠡᠭᠡᠨ᠎ᠤ ᠵᠠᠭᠪᠤᠷ᠎ᠢ ᠥᠷᠭᠡᠳᠬᠡᠨ᠂ ᠪᠥᠬᠥ ᠶᠠᠪᠤᠴᠠ ᠵᠢ ᠰᠦᠯᠵᠢᠶ᠎ᠡ᠎ᠪᠠᠷ ᠡᠷᠭᠢᠯᠡᠬᠦ ᠴᠢᠳᠠᠮᠵᠢ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠵᠡᠮᠳᠡᠭᠴᠦᠳ᠎ᠤᠨ 《ᠬᠣᠶᠠᠷ ᠨᠥᠬᠥᠪᠦᠷᠢ》 ᠭᠤᠶᠤᠴᠢᠯᠠᠬᠤ ᠶᠠᠪᠤᠴᠨ ᠵᠢ ᠤᠯᠠᠮ ᠲᠦᠬᠦᠮ ᠪᠤᠯᠭ᠋ᠠᠨ᠎ᠠ᠃ ᠬᠦᠴᠢᠷᠳᠡᠯᠳᠡᠢ ᠨᠤᠴᠢᠳᠠᠢ ᠵᠡᠮᠳᠡᠭᠴᠦᠳ᠎ᠢ ᠠᠰᠠᠷᠠᠨ ᠰᠤᠪᠢᠯᠠᠬᠤ ᠦᠢ᠍ᠯᠡᠴᠢᠯᠡᠭᠡᠨ᠎ᠤ ᠲᠤᠬᠠᠢ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠠᠵᠢᠯ᠎ᠯᠤᠭ᠎ᠠ ᠵᠣᠯᠭ᠋ᠠᠭᠤᠯᠬᠤ ᠵᠢ ᠰᠠᠢ᠌ᠲᠤᠷ ᠬᠢᠨ᠎ᠡ᠃ (ᠬᠠᠷᠢᠭᠤᠴᠠᠬᠤ  ᠨᠢᠬᠡᠴᠢ᠄ ᠨᠡᠢ᠌ᠭᠡᠮ᠎ᠤᠨ  ᠠᠵᠢᠯ᠎ᠤᠨ ᠭᠠᠵᠠᠷ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
   (ᠳᠣᠯᠣᠭ᠎ᠠ) ᠣᠶᠣᠨ᠎ᠤ  ᠡᠷᠡᠬᠦᠯ ᠮᠡᠨᠳᠤ ᠵᠢᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠲᠦᠷᠭᠡᠳᠬᠡᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠨᠡᠢ᠌ᠭᠡᠮ᠎ᠤᠨ ᠦᠢ᠍ᠯᠡᠴᠢᠯᠡᠭᠡᠨ᠎ᠤ  ᠪᠡᠯᠡᠳᠬᠡᠯ ᠲᠦᠬᠦᠬᠡᠷᠤᠮᠵᠢ ᠵᠢᠨ ᠬᠣᠷᠢᠭ᠎ᠠ ᠱᠤᠭᠤᠮ᠎ᠢ ᠪᠠᠲᠤᠯᠠᠬᠤ ᠢᠨᠵᠧᠨᠧᠷᠢᠩ᠎ᠳᠤ ᠲᠦᠰᠢᠭᠯᠡᠨ᠂ ᠣᠶᠣᠨ᠎ᠤ ᠡᠷᠡᠭᠦᠯ ᠮᠡᠨᠳᠤ ᠵᠢᠨ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ᠎ᠤ ᠣᠶᠣᠨ᠎ᠤ ᠡᠷᠡᠬᠦᠯ ᠮᠡᠨᠳᠤ ᠵᠢᠨ ᠨᠡᠢ᠌ᠭᠡᠮ᠎ᠤᠨ ᠠᠰᠠᠷᠠᠮᠵᠢ ᠵᠢᠨ ᠦᠢ᠍ᠯᠡᠴᠢᠯᠡᠬᠡ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ 3 ᠵᠢᠯ ᠣᠷᠴᠢᠮ᠎ᠤᠨ ᠴᠠᠭ᠎ᠢ ᠠᠰᠢᠭᠯᠠᠨ᠂  ᠣᠶᠣᠨ᠎ᠤ ᠰᠠᠭ᠋ᠠᠳ᠎ᠢ ᠨᠡᠢ᠌ᠭᠡᠮ ᠲᠣᠭᠣᠷᠢᠭ᠎ᠲᠤ ᠡᠷᠡᠬᠦᠯᠵᠢᠬᠦᠯᠬᠦ ᠦᠢ᠍ᠯᠡᠴᠢᠯᠡᠭᠡᠨ᠎ᠤ ᠰᠢᠰᠲᠸᠮ᠎ᠢ ᠦᠨᠳᠤᠰᠤᠨ᠎ᠳᠤ᠎ᠨᠢ ᠪᠠᠢ᠌ᠭᠤᠯᠤᠨ᠎ᠠ᠃ ᠣᠶᠣᠨ᠎ᠤ ᠰᠠᠭ᠋ᠠᠳ᠎ᠢ ᠨᠡᠢ᠌ᠭᠡᠮ ᠲᠣᠭᠣᠷᠢᠭ᠎ᠲᠤ ᠡᠷᠡᠬᠦᠯᠵᠢᠬᠦᠯᠬᠦ ᠦᠢ᠍ᠯᠡᠴᠢᠯᠡᠬᠡ ᠵᠢ ᠬᠤᠳᠠ ᠬᠦᠳᠡᠬᠡ᠎ᠳᠤ ᠨᠢᠬᠡᠳᠤᠯᠳᠡᠢ ᠲᠦᠯᠦᠪᠵᠢᠬᠦᠯᠵᠤ᠂ ᠮᠠᠯᠵᠢᠬᠤ ᠲᠠᠷᠢᠶᠠᠯᠠᠬᠤ ᠣᠷᠣᠨ᠎ᠳᠤ ᠲᠣᠬᠢᠷᠠᠬᠤ ᠣᠶᠤᠨ᠎ᠤ ᠰᠠᠭ᠋ᠠᠳ᠎ᠢ ᠡᠷᠡᠬᠦᠯᠵᠢᠬᠦᠯᠬᠦ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠬᠦ ᠪᠠ ᠳᠡᠯᠭᠡᠷᠡᠭᠦᠯᠬᠦ ᠵᠢ ᠳᠡᠮᠵᠢᠵᠦ᠂ ᠥᠪᠡᠷ᠎ᠤᠨ ᠥᠷᠲᠡᠭ ᠵᠶ᠋ᠡᠨ ᠡᠭᠦᠷᠭᠡᠯᠡᠵᠦ ᠳᠡᠶ᠋ᠢᠯᠬᠦ᠂ ᠦᠷ᠎ᠡ ᠪᠦᠲᠦᠮᠵᠢ ᠢᠯᠡᠷᠬᠡᠢ᠂ ᠲᠥᠬᠥᠮ ᠪᠥᠭᠡᠳ ᠬᠢᠵᠤ ᠳᠡᠶ᠋ᠢᠯᠬᠦ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠰᠠᠭ᠋ᠠᠳ᠎ᠢ ᠨᠡᠢ᠌ᠭᠡᠮ ᠲᠣᠭᠣᠷᠢᠭ᠎ᠲᠤ ᠡᠷᠡᠬᠦᠯᠵᠢᠬᠦᠯᠬᠦ  ᠦᠢ᠍ᠯᠡᠴᠢᠯᠡᠬᠡ ᠵᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠰᠠᠭ᠋ᠠᠳ᠎ᠲᠠᠢ ᠡᠪᠡᠳᠴᠢᠲᠡᠨ᠎ᠳᠤ ᠨᠡᠢ᠌ᠭᠡᠮ᠎ᠤᠨ ᠬᠠᠷᠢᠯᠴᠠᠭ᠎ᠠ᠂ ᠠᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠂ ᠰᠡᠳᠬᠢᠴᠡ ᠵᠢᠨ ᠵᠢᠯᠣᠭᠣᠳᠤᠯᠭ᠎ᠠ ᠵᠡᠷᠭᠡ ᠣᠯᠠᠨ ᠲᠠᠯ᠎ᠠ ᠵᠢᠨ ᠨᠡᠢ᠌ᠭᠡᠮ᠎ᠤᠨ ᠦᠢ᠍ᠯᠡᠴᠢᠯᠡᠭᠡ ᠬᠠᠩᠭ᠋ᠠᠨ᠎ᠠ᠃ (  ᠬᠠᠷᠢᠭᠤᠴᠠᠬᠤ ᠨᠢᠬᠡᠴᠢ᠄ ᠨᠡᠢ᠌ᠭᠡᠮ᠎ᠤᠨ ᠠᠵᠢᠯ᠎ᠤᠨ ᠭᠠᠵᠠᠷ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)

ᠬᠣᠶᠠᠷ᠂ ᠶᠠᠳᠠᠭᠤ᠎ᠠᠴᠠ ᠠᠡᠭᠭᠢᠵᠢᠷᠠᠬᠰᠠᠨ ᠭᠠᠵᠠᠷ ᠣᠷᠣᠨ᠎ᠤ ᠬᠥᠳᠡᠭᠡ ᠲᠣᠰᠬᠣᠨ᠎ᠢ
       ᠬᠥᠭᠵᠢᠭᠦᠯᠦᠨ ᠮᠠᠨᠳᠤᠭᠤᠯᠬᠤ ᠠᠵᠢᠯ᠎ᠢ ᠪᠦᠬᠦ ᠬᠦᠴᠤᠨ ᠵᠶ᠋ᠡᠷ ᠠᠬᠢᠭᠤᠯᠤᠨ᠎ᠠ

   (ᠨᠠᠢ᠍ᠮᠠ) ᠶᠠᠳᠠᠭᠤ ᠵᠢ ᠲᠡᠳᠬᠦᠬᠦ᠎ᠪᠠᠷ ᠨᠡᠬᠦᠯᠭᠡᠵᠤ ᠲᠥᠪᠯᠡᠷᠡᠭᠦᠯᠦᠨ ᠲᠦᠪᠬᠢᠨᠡᠬᠦᠯᠦᠭᠰᠡᠨ ᠨᠡᠢ᠌ᠭᠡᠮ ᠲᠣᠭᠣᠷᠢᠭ᠎ᠤᠨ ᠵᠠᠰᠠᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠢ ᠵᠢᠯᠣᠭᠣᠳᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ 《〈ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠢ ᠨᠠᠢ᠌ᠳᠠᠪᠤᠷᠢᠵᠢᠭᠤᠯᠬᠤ ᠠᠷᠭ᠎ᠠ》᠎ᠢ ᠳᠠᠷᠤᠮᠠᠯᠯᠠᠨ ᠲᠠᠷᠬᠠᠭ᠋ᠠᠵᠤ᠂ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠢᠯᠠᠩᠭᠤᠶ᠎ᠠ ᠲᠦᠪᠬᠢᠨᠡᠬᠦᠯᠦᠭᠰᠡᠨ ᠣᠷᠣᠨ᠎ᠤ ᠠᠷᠭ᠎ᠠ ᠲᠤᠷᠰᠢᠯᠭ᠎ᠠ ᠴᠠᠭ ᠲᠤᠬᠠᠢ᠎ᠳᠤ᠎ᠨᠢ ᠳ᠋ᠦᠩᠨᠡᠨ᠂  ᠲᠦᠪᠬᠢᠨᠡᠬᠦᠯᠦᠭᠰᠡᠨ ᠣᠷᠣᠨ᠎ᠤ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠤᠯᠤᠰ᠎ᠤᠨ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠬᠤᠭᠤᠴᠠᠭ᠋ᠠᠨ ᠎ᠳᠤ᠎ᠬᠢ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠲᠥᠯᠦᠪᠵᠢᠭᠦᠯᠭᠡ》 ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠶᠠᠳᠠᠭᠤ ᠵᠢ ᠲᠡᠳᠬᠦᠬᠦ᠎ᠪᠠᠷ ᠨᠡᠬᠦᠯᠬᠡᠵᠤ ᠲᠥᠪᠯᠡᠷᠡᠭᠦᠯᠦᠨ  ᠲᠦᠪᠬᠢᠨᠡᠬᠦᠯᠦᠭᠰᠡᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠡᠬᠢ ᠪᠠᠶᠠᠯᠢᠭ᠎ᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠠᠷᠠᠳ᠎ᠤᠨ ᠲᠥᠯᠥᠭᠡ ᠲᠥᠪᠬᠢᠨᠡᠭᠦᠯᠬᠦ᠂ ᠠᠷᠠᠳ᠎ᠲᠤ ᠲᠦᠬᠦᠮ ᠦᠵᠡᠭᠦᠯᠬᠦ᠂ ᠠᠷᠠᠳ᠎ᠢ ᠠᠮᠤᠷᠵᠢᠭᠤᠯᠬᠤ ᠴᠢᠳᠠᠮᠵᠢ ᠵᠢ ᠴᠢᠩᠭ᠋ᠠᠷᠠᠭᠤᠯᠤᠨ᠎ᠠ᠃ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠥᠪᠳᠡᠯᠴᠡᠬᠦ ᠠᠵᠢᠯ᠎ᠢ ᠭᠦᠨᠵᠡᠭᠡᠢ   ᠠᠬᠢᠭᠤᠯᠵᠤ᠂ ᠲᠣᠰᠬᠣᠨ᠎ᠤ ᠱᠠᠲᠤᠨ᠎ᠤ ᠬᠡᠷᠡᠭ ᠵᠥᠪᠯᠡᠵᠦ ᠵᠥᠪᠳᠡᠯᠴᠡᠬᠦ ᠲᠠᠯ᠎ᠠ᠎ᠪᠠᠷ ᠰᠢᠨ᠎ᠡ ᠵᠢ ᠡᠭᠦᠳᠬᠦ ᠲᠤᠷᠰᠢᠯᠲᠠ ᠵᠢ ᠦᠷᠭᠦᠯᠵᠢᠯᠡᠨ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠤᠯᠠᠨ ᠲᠦᠮᠡᠨ᠎ᠢ ᠲᠣᠰᠬᠣᠨ᠎ᠤ ᠱᠠᠲᠤᠨ᠎ᠤ ᠬᠡᠷᠡᠭ ᠶᠠᠪᠤᠳᠠᠯ᠎ᠳᠤ ᠣᠷᠣᠯᠴᠠᠭᠤᠯᠬᠤ᠎ᠪᠠᠷ ᠳᠦᠷᠢᠮᠵᠢᠭᠰᠡᠨ ᠠᠷᠭ᠎ᠠ ᠵᠠᠮ᠎ᠢ ᠥᠷᠭᠡᠳᠬᠡᠨ᠎ᠡ᠃ ᠲᠦᠪᠯᠡᠷᠡᠬᠦᠯᠤᠨ ᠲᠦᠪᠬᠢᠨᠡᠬᠦᠯᠦᠭᠰᠡᠨ ᠨᠡᠢ᠌ᠭᠡᠮ ᠲᠣᠭᠣᠷᠢᠭ᠎ᠢ ᠵᠢᠯᠣᠭᠣᠳᠤᠨ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ ᠪᠤᠶᠤ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠨᠡᠬᠦᠵᠤ ᠢᠷᠡᠭᠰᠡᠨ ᠣᠯᠠᠨ ᠲᠦᠮᠡᠨ᠎ᠤ ᠨᠡᠢ᠌ᠭᠡᠮ ᠲᠣᠭᠣᠷᠢᠭ᠎ᠲᠤ ᠠᠭᠤᠰᠤᠯᠴᠠᠬᠤ ᠵᠢ ᠠᠬᠢᠭᠤᠯᠤᠨ᠎ᠠ᠃ (  ᠬᠠᠷᠢᠭᠤᠴᠠᠬᠤ ᠨᠢᠬᠡᠴᠢ᠄ ᠦᠨᠳᠦᠰᠦᠨ ᠱᠠᠲᠤᠨ᠎ᠤ ᠵᠠᠰᠠᠭ᠎ᠤᠨ ᠡᠷᠬᠡ ᠪᠠ ᠨᠡᠢ᠌ᠭᠡᠮ ᠲᠣᠭᠣᠷᠢᠭ᠎ᠤᠨ ᠵᠠᠰᠠᠯᠳᠠ ᠵᠢᠨ ᠭᠠᠵᠠᠷ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
    (ᠶᠢᠰᠦ) ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠣᠷᠣᠯᠴᠠᠭᠤᠯᠤᠨ᠎ᠠ᠃ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠶ᠋ᠢᠴᠢᠯᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠣᠷᠣᠯᠴᠠᠭᠤᠯᠬᠤ ᠲᠤᠬᠠᠢ ᠮᠡᠳᠡᠭᠳᠡᠯ》 (ᠥᠪᠥᠷ ᠮᠤᠡᠭᠭᠤᠯ᠎ᠤᠨ ᠠᠷᠠᠳ᠎ᠤᠨ ᠶᠠᠪᠤᠳᠠᠯ ᠲᠠᠷᠬᠠᠭ᠋ᠠᠭᠰᠠᠨ [2022] 36 ᠳ᠋ᠤᠭ᠋ᠠᠷ ᠲᠣᠭ᠋ᠠᠲᠤ)᠎ᠢ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠳᠤ ᠣᠷᠤᠯᠴᠠᠬᠤ ᠬᠥᠮᠥᠷᠭᠡ ᠵᠢ ᠪᠦᠷᠢᠨᠰᠢᠭᠦᠯᠵᠦ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠬᠣᠣᠰᠯᠠᠯ ᠪᠠᠢ᠌ᠭᠤᠯᠤᠨ ᠬᠠᠪᠰᠤᠷᠤᠨ ᠲᠡᠳᠬᠦᠬᠦ ᠠᠵᠢᠯᠯᠠᠭ᠎ᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ ᠲᠤᠰᠠᠯᠠᠬᠤ ᠠᠵᠢᠯᠯᠠᠭ᠎ᠠ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠤ ᠠᠶᠠᠯᠠᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠎ᠡ᠃ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠤᠨ ᠬᠥᠭᠵᠢᠭᠦᠯᠬᠦ ᠵᠢ ᠵᠢᠯᠤᠭᠣᠳᠴᠤ᠂ ᠬᠣᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠢᠳᠡᠪᠬᠢᠲᠡᠢ ᠬᠣᠯᠪᠣᠭ᠋ᠠᠯᠠᠵᠤ᠂ ᠮᠡᠳᠡᠭᠡ ᠵᠠᠩᠭᠢ ᠵᠢ ᠪᠦᠷᠢᠳᠬᠡᠬᠦ ᠪᠠ ᠬᠠᠮᠳᠤ᠎ᠪᠠᠷ ᠵᠶ᠋ᠡᠨ ᠠᠰᠢᠬᠯᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠲᠤᠯᠭ᠋ᠠᠷᠠᠭᠰᠠᠨ ᠬᠦᠴᠢᠷ ᠠᠰᠠᠭᠤᠳᠠᠯ᠎ᠢ ᠴᠠᠭ ᠲᠤᠬᠠᠢ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠤ ᠣᠷᠤᠯᠴᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠲᠡᠮᠵᠢᠵᠤ᠂ ᠨᠥᠬᠥᠴᠡᠯ ᠬᠠᠩᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠳᠤᠮᠳᠠ ᠢᠳᠡᠪᠬᠢᠲᠡᠢ ᠦᠢ᠍ᠯᠡᠳᠦᠯ ᠵᠶ᠋ᠡᠨ ᠪᠠᠳᠠᠷᠠᠭᠤᠯᠬᠤ ᠵᠢ ᠠᠬᠢᠭᠤᠯᠬᠤ ᠬᠡᠷᠡᠭᠲᠡᠢ᠃ ᠨᠡᠢ᠌ᠭᠡᠮ᠎ᠤᠨ ᠬᠦᠴᠦᠨ᠎ᠤ ᠨᠢᠭᠦᠯᠡᠰᠦᠩᠭᠦᠢ ᠵᠢᠨ ᠬᠠᠨᠳᠢᠪ᠂ ᠲᠥᠷᠥᠯ ᠵᠦᠢ᠍ᠯ᠎ᠢ ᠬᠡᠷᠡᠭᠵᠢᠭᠦᠯᠬᠦ ᠵᠡᠷᠭᠡ ᠠᠷᠭ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠬᠥᠲᠥᠯᠥᠨ ᠵᠢᠯᠤᠭᠣᠳᠬᠤ ᠪᠠ ᠵᠣᠷᠢᠭᠵᠢᠭᠤᠯᠤᠨ᠎ᠠ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠪᠡᠯᠡᠳᠬᠡᠯ ᠲᠦᠬᠦᠬᠡᠷᠤᠮᠵᠢ ᠵᠢᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠥᠷᠲᠡᠭᠡ ᠴᠡᠭ᠎ᠤᠨ  ᠪᠦᠷᠬᠦᠴᠡ ᠵᠢᠨ ᠨᠤᠷᠮ᠎ᠠ ᠵᠢ ᠭᠣᠣᠯᠳᠠᠯᠭ᠎ᠠ᠎ᠲᠠᠢ ᠠᠵᠢᠯ᠎ᠤᠨ ᠶᠡᠷᠦᠩᠬᠡᠢ᠌ᠯᠡᠭᠰᠡᠨ ᠦᠨᠡᠯᠡᠯᠳᠡ᠎ᠳᠤ ᠣᠷᠣᠭᠤᠯᠵᠤ᠂ ᠡᠯ᠎ᠡ ᠭᠠᠵᠠᠷ᠎ᠢ ᠵᠢᠯᠣᠭᠣᠳᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠥᠷᠲᠡᠭᠡ ᠴᠡᠭ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠠᠢ᠌ᠨ  ᠲᠤᠷᠠᠴᠤᠤᠯ᠎ᠤᠨ ᠣᠢ᠌ᠷ᠎ᠠ ᠬᠠᠪᠢ᠎ᠳᠤ᠎ᠪᠠᠨ ᠶᠠᠳᠠᠭᠤ ᠵᠢ ᠲᠡᠳᠬᠦᠵᠦ ᠬᠦᠴᠢᠷᠳᠡᠯᠲᠡᠢ ᠵᠢ ᠲᠤᠰᠠᠯᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠤᠷᠤᠯᠴᠠᠬᠤ ᠦᠢ᠍ᠯᠡᠴᠢᠯᠡᠬᠡᠨ᠎ᠤ ᠲᠠᠪᠴᠠᠡᠭ᠎ᠢ ᠪᠦᠷᠢᠯᠳᠤᠬᠦᠯᠵᠤ ᠦᠭᠭᠦᠨ᠎ᠡ᠃ ᠠᠷᠪᠠᠨ ᠬᠣᠶᠠᠳᠤᠭ᠋ᠠᠷ ᠬᠤᠭᠤᠴᠠᠭ᠋ᠠᠨ᠎ᠤ 《ᠳᠤᠮᠳᠠᠳᠤ ᠵᠢᠨ ᠨᠢᠭᠦᠯᠡᠰᠦᠩᠭᠦᠢ ᠵᠢᠨ ᠱᠠᠩᠨᠠᠯ》᠎ᠤᠨ ᠰᠢᠯᠭ᠋ᠠᠷᠠᠭᠤᠯᠤᠯᠳᠠ᠎ᠳᠤ ᠲᠠᠨᠢᠯᠴᠠᠭᠤᠯᠬᠤ ᠠᠵᠢᠯ᠎ᠢ ᠰᠠᠢ᠌ᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ᠎ᠪᠠᠷ ᠬᠤᠪᠢ ᠨᠡᠮᠡᠷᠢ ᠦᠵᠡᠭᠦᠯᠦᠭᠰᠡᠨ  ᠨᠢᠬᠡᠴᠢ᠂ ᠬᠤᠪᠢ ᠬᠥᠮᠥᠨ᠂ ᠬᠠᠨᠳᠢᠪ ᠡᠷᠬᠦᠭᠰᠡᠨ ᠪᠦᠯᠬᠦᠮ ᠨᠡᠶ᠋ᠢᠲᠡ᠂ ᠨᠢᠭᠦᠯᠡᠰᠦᠩᠭᠦᠢ ᠵᠢᠨ ᠲᠥᠷᠥᠯ ᠵᠦᠢ᠍ᠯ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢ ᠭᠣᠣᠯᠳᠠᠯᠭ᠎ᠠ᠎ᠲᠠᠢ ᠳᠣᠪᠣᠶ᠋ᠢᠯᠭ᠋ᠠᠨ᠎ᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠭᠠᠷ ᠭᠠᠷ ᠵᠶ᠋ᠡᠨ ᠬᠣᠯᠪᠣᠬᠤ ᠲᠥᠯᠥᠪᠯᠡᠭᠡ》 《ᠭᠤᠷᠪᠠᠨ ᠣᠷᠣᠨ》᠎ᠤ ᠲᠥᠯᠥᠪᠯᠡᠭᠡ ᠵᠢ ᠬᠡᠷᠡᠭᠵᠢᠭᠦᠯᠵᠦ᠂ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠬᠦᠴᠦᠨ᠎ᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠳᠤᠮᠳᠠᠬᠢ ᠢᠳᠡᠪᠬᠢᠲᠡᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ (ᠬᠠᠷᠢᠭᠤᠴᠠᠬᠤ ᠨᠢᠬᠡᠴᠢ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠂ ᠨᠡᠢ᠌ᠭᠡᠮ᠎ᠤᠨ ᠠᠵᠢᠯᠴᠢᠨ ᠴᠢᠳᠠᠪᠤᠷᠢᠲᠠᠨ (ᠨᠢᠭᠦᠯᠡᠰᠦᠩᠭᠦᠢ ᠵᠢᠨ ᠶᠡᠷᠦᠩᠬᠡᠢ ᠡᠪᠯᠡᠯ)᠎ᠤ ᠦᠢ᠍ᠯᠡᠴᠢᠯᠡᠭᠡᠨ᠎ᠤ ᠲᠥᠪ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
    (ᠠᠷᠪᠠ) ᠭᠠᠵᠠᠷ᠎ᠤᠨ ᠨᠡᠷ᠎ᠡ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠢᠯᠣᠭᠣᠳᠤᠨ ᠰᠢᠶᠠᠨ᠎ᠤ ᠬᠡᠪᠴᠢᠶᠡᠨ ᠳᠣᠲᠣᠷᠠᠬᠢ ᠰᠢᠶᠠᠩ ᠪᠠᠯᠭ᠋ᠠᠰᠤᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠳᠤ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠯᠲᠠ ᠬᠢᠬᠦ ᠵᠢ ᠭᠣᠣᠯᠳᠠᠯᠭ᠎ᠠ᠎ᠲᠠᠢ ᠬᠠᠪᠰᠤᠷᠤᠨ ᠲᠡᠳᠬᠦᠵᠦ᠂ ᠪᠠᠢ᠌ᠭ᠋ᠠᠯᠢ ᠵᠢᠨ ᠡᠬᠢ ᠪᠠᠶᠠᠯᠢᠭ᠎ᠢ ᠲᠣᠬᠢᠷᠠᠭᠤᠯᠬᠤ᠂ ᠦᠢ᠍ᠯᠡᠳᠪᠦᠷᠢᠯᠡᠯ᠎ᠤᠨ ᠡᠯᠧᠮᠧᠨ᠋ᠲ᠎ᠢ ᠡᠮᠬᠢᠯᠡᠨ ᠨᠡᠶ᠋ᠢᠯᠡᠭᠦᠯᠬᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠣᠨ᠎ᠤ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠳᠠ᠂ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ᠌ᠷᠡᠭᠦᠯᠵᠦ᠂ ᠭᠠᠵᠠᠷ᠎ᠤᠨ ᠨᠡᠷ᠎ᠡ ᠵᠢᠨ ᠵᠢᠷᠤᠮᠵᠢᠯ᠂ ᠭᠠᠵᠠᠷ᠎ᠤᠨ ᠨᠡᠷ᠎ᠡ ᠵᠢᠨ ᠲᠡᠮᠳᠡᠭ᠂ ᠲᠣᠭ᠋ᠠᠴᠢᠯᠠᠭᠰᠠᠨ ᠭᠠᠵᠠᠷ᠎ᠤᠨ ᠨᠡᠷ᠎ᠡ ᠵᠢᠨ ᠲᠤᠰᠬᠠᠢ ᠲᠦᠷᠤᠯ᠎ᠤᠨ ᠠᠵᠢᠯ᠎ᠢ ᠭᠤᠤᠯᠳᠠᠯᠭ᠎ᠠ᠎ᠲᠠᠢ ᠦᠷᠨᠢᠬᠦᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠭᠤᠤᠯᠳᠠᠯᠭ᠎ᠠ᠎ᠲᠠᠢ ᠲᠡᠳᠬᠦᠬᠦ ᠰᠢᠶᠠᠨ᠎ᠢ ᠵᠢᠯᠣᠭᠣᠳᠤᠨ ᠬᠢᠯᠢ ᠵᠢᠨ ᠵᠠᠭ᠋ᠠᠭ᠎ᠤᠨ ᠬᠠᠮᠢᠶᠠᠷᠤᠯᠲᠠ ᠪᠠ ᠠᠮᠤᠷ ᠠᠮᠤᠭᠤᠯᠠᠩ ᠬᠢᠯᠢ ᠵᠢᠨ ᠵᠠᠭ᠋ᠠᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ᠎ᠳᠤ ᠠᠮᠤᠷ ᠲᠦᠪᠰᠢᠨ᠂ ᠲᠣᠭᠲᠠᠭᠤᠨ ᠣᠷᠴᠢᠨ᠎ᠢ ᠪᠤᠢ ᠪᠤᠯᠭ᠋ᠠᠨ᠎ᠠ᠃ (  ᠬᠠᠷᠢᠭᠤᠴᠠᠬᠤ ᠨᠢᠬᠡᠴᠢ᠄ ᠣᠷᠣᠨ  ᠬᠤᠪᠢᠶᠠᠷᠢᠯᠠᠯ ᠭᠠᠵᠠᠷ᠎ᠤᠨ ᠨᠡᠷ᠎ᠡ ᠵᠢᠨ ᠭᠠᠵᠠᠷ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
    (ᠠᠷᠪᠠᠨ ᠨᠢᠭᠡ) ᠭᠣᠣᠯᠳᠠᠯᠭ᠎ᠠ᠎ᠲᠠᠢ ᠲᠡᠳᠬᠦᠬᠦ ᠰᠢᠶᠠᠨ ᠪᠠ ᠴᠡᠭ ᠲᠣᠭᠲᠠᠭ᠋ᠠᠨ ᠬᠠᠪᠰᠤᠷᠤᠨ ᠲᠡᠳᠬᠦᠬᠦ ᠠᠵᠢᠯ᠎ᠢ ᠭᠦᠨᠵᠡᠭᠡᠢ ᠠᠬᠢᠭᠤᠯᠤᠨ᠎ᠠ᠃ ᠲᠥᠷᠥᠯ ᠵᠦᠢ᠍ᠯ ᠵᠶ᠋ᠡᠷ ᠲᠡᠳᠬᠦᠬᠦ ᠪᠠ ᠪᠡᠯᠡ ᠮᠥᠩᠭᠥ᠎ᠪᠠᠷ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ 《《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠥᠪᠵᠢᠬᠦᠯᠬᠡ᠎ᠳᠤ᠎ᠬᠢ ᠠᠷᠠᠳ᠎ᠤᠨ ᠶᠠᠪᠤᠳᠠᠯ᠎ᠤᠨ ᠬᠠᠮᠢᠶ᠎ᠠ ᠪᠦᠬᠦᠢ ᠲᠥᠯᠦᠪᠵᠢᠭᠦᠯᠭᠡ ᠵᠢ ᠨᠠᠢ᠌ᠳᠠᠪᠤᠷᠢᠵᠢᠭᠤᠯᠤᠨ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠲᠥᠷᠥᠯ ᠵᠦᠢ᠍ᠯ᠎ᠢ ᠲᠣᠬᠢᠷᠠᠭᠤᠯᠬᠤ᠎ᠳᠤ᠎ᠪᠠᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠭᠣᠣᠯᠳᠠᠯᠭ᠎ᠠ᠎ᠲᠠᠢ ᠲᠡᠳᠬᠦᠬᠦ ᠤᠯᠤᠰ ᠪᠠ ᠥᠪᠡᠷᠲᠡᠭᠡᠨ ᠵᠠᠰᠠᠬᠤ ᠣᠷᠣᠨ᠎ᠤ 15 ᠰᠢᠶᠠᠨ᠎ᠤ ᠭᠣᠣᠯᠳᠠᠯᠭ᠎ᠠ᠎ᠲᠠᠢ ᠬᠥᠭᠵᠢᠯᠲᠡ ᠵᠢᠨ ᠡᠭᠦᠷᠭᠡ᠂ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠂ ᠴᠢᠬᠤᠯᠠ ᠥᠭᠡᠷᠡᠴᠢᠯᠡᠯᠲᠡ ᠵᠢᠨ ᠲᠤᠷᠰᠢᠯᠲᠠ ᠵᠡᠷᠭᠡ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠵᠤ᠂ ᠢᠯᠡᠭᠦᠦ ᠳᠡᠮᠵᠢᠯᠭᠡ ᠦᠵᠡᠭᠦᠯᠦᠨ᠎ᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠨᠳᠤᠭᠤᠯᠤᠨ ᠭᠣᠣᠯᠳᠠᠯᠭ᠎ᠠ᠎ᠲᠠᠢ ᠲᠡᠳᠬᠦᠬᠦ ᠰᠢᠶᠠᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠺᠠᠳ᠋ᠷ ᠪᠣᠯᠣᠨ ᠠᠷᠠᠳ᠎ᠤᠨ ᠶᠠᠪᠤᠳᠠᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠥᠷᠨᠢᠭᠦᠯᠵᠦ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠴᠢᠳᠠᠪᠤᠷᠢᠲᠠᠨ᠎ᠤ ᠴᠡᠭ᠎ᠲᠤ ᠰᠠᠭᠤᠵᠤ ᠪᠠᠢ᠌ᠴᠠᠭ᠋ᠠᠨ ᠰᠤᠳᠤᠯᠬᠤ᠂ ᠲᠤᠬᠠᠢ᠌ᠯᠠᠭᠰᠠᠨ ᠠᠵᠢᠯ᠎ᠤᠨ ᠪᠠᠢ᠌ᠴᠠᠭ᠋ᠠᠨ ᠰᠤᠳᠤᠯᠤᠯᠲᠠ ᠵᠡᠷᠭᠡ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠵᠦ᠂ ᠭᠣᠣᠯᠳᠠᠯᠭ᠎ᠠ᠎ᠲᠠᠢ ᠭᠠᠵᠠᠷ ᠣᠷᠣᠨ᠎ᠤ ᠪᠣᠳᠠᠲᠤ ᠪᠠᠢ᠌ᠳᠠᠯ᠎ᠢ ᠭᠦᠨᠵᠡᠭᠡᠢ ᠡᠵᠡᠮᠰᠢᠵᠦ᠂ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠠᠬᠢᠭᠤᠯᠤᠨ᠎ᠠ᠃ ᠴᠡᠭ ᠲᠣᠭᠲᠠᠭ᠋ᠠᠨ ᠲᠡᠳᠬᠦᠬᠦ ᠭᠠᠵᠠᠷ ᠣᠷᠣᠨ᠎ᠳᠤ ᠲᠤᠰᠢᠶᠠᠯ ᠡᠭᠦᠷᠭᠡᠯᠡᠭᠦᠯᠬᠦ᠎ᠪᠠᠷ ᠰᠣᠩᠭᠣᠨ ᠲᠣᠮᠢᠯᠠᠭᠰᠠᠨ 《ᠨᠢᠭᠡᠳᠦᠭᠡᠷ ᠱᠦᠵᠢ》 ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠢ ᠬᠢᠨᠠᠮᠠᠭ᠋ᠠᠢ ᠰᠠᠢ᠌ᠲᠤᠷ ᠬᠢᠵᠦ᠂ ᠲᠤᠰᠢᠶᠠᠯ ᠡᠭᠦᠷᠭᠡᠯᠡᠭᠦᠯᠬᠦ ᠤᠯᠠᠷᠢᠯ᠎ᠤᠨ ᠮᠡᠳᠡᠭᠦᠯᠦᠯᠲᠡ᠂ ᠣᠨ᠎ᠤ ᠮᠡᠳᠡᠭᠦᠯᠦᠯᠲᠡ ᠵᠢᠨ ᠳᠦᠷᠢᠮ᠎ᠢ ᠴᠢᠩᠭ᠎ᠠ ᠬᠡᠷᠡᠭᠵᠢᠭᠦᠯᠦᠨ᠂ ᠲᠤᠰᠢᠶᠠᠯ ᠡᠬᠦᠷᠬᠡᠯᠡᠬᠦ ᠺᠠᠳ᠋ᠷᠴᠤᠳ᠎ᠢ ᠤᠷᠮᠠᠰᠢᠭᠤᠯᠤᠨ ᠬᠡᠷᠡᠭᠯᠡᠬᠦ ᠵᠢ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠨᠢᠭᠡᠴᠢ ᠵᠢ ᠵᠣᠬᠢᠴᠠᠭᠤᠯᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠬᠣᠢ᠌ᠰᠢᠳᠠ ᠵᠢᠨ ᠵᠣᠪᠠᠨᠢᠯ᠎ᠢ᠎ᠨᠢ ᠰᠢᠢ᠍ᠳᠪᠦᠷᠢᠯᠡᠨ᠎ᠡ᠃ (  ᠬᠠᠷᠢᠭᠤᠴᠠᠬᠤ ᠨᠢᠬᠡᠴᠢ᠄ ᠠᠯᠪᠠᠨ ᠭᠡᠷ᠂ ᠲᠥᠯᠦᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠂ ᠪᠠᠢ᠌ᠭᠤᠯᠤᠯᠭ᠎ᠠ ᠵᠢᠨ ᠨᠠᠮ᠎ᠤᠨ ᠬᠣᠷᠢᠶ᠎ᠠ᠂ ᠠᠵᠢᠯᠲᠠᠨ᠎ᠤ ᠶᠠᠪᠤᠳᠠᠯ᠎ᠤᠨ ᠭᠠᠵᠠᠷ᠂ ᠪᠤᠰᠤᠳ ᠬᠠᠮᠢᠶ᠎ᠠ ᠪᠦᠬᠦᠢ ᠭᠠᠵᠠᠷ ᠲᠠᠰᠤᠭ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)

   ᠭᠤᠷᠪᠠ᠂ ᠪᠦᠲᠦᠮᠵᠢᠲᠡᠶ ᠵᠣᠯᠭ᠋ᠠᠭᠤᠯᠬᠤ ᠪᠠᠲᠤᠯᠠᠭ᠎ᠠ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ

   (ᠠᠷᠪᠠᠨ ᠬᠣᠶᠠᠷ) ᠮᠡᠳᠡᠭᠡ ᠵᠠᠩᠭᠢ ᠵᠢᠨ ᠰᠣᠯᠢᠯᠴᠠᠭ᠎ᠠ ᠪᠠ ᠤᠬᠠᠭᠤᠯᠭ᠎ᠠ ᠵᠢ ᠴᠢᠩᠭ᠋ᠠᠳᠬᠠᠨ᠎ᠠ᠃ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠨᠠᠢ᠌ᠷᠠᠭᠤᠯᠤᠨ ᠮᠡᠳᠡᠭᠦᠯᠬᠦ ᠠᠵᠢᠯ᠎ᠢ ᠴᠢᠩᠭ᠋ᠠᠳᠬᠠᠵᠤ᠂ ᠰᠣᠨᠢᠨ ᠮᠡᠳᠡᠭᠡᠨ᠎ᠤ ᠵᠠᠭᠤᠴᠢᠯᠠᠭᠤᠷ᠎ᠯᠤᠭ᠎ᠠ ᠵᠢᠨ ᠬᠠᠷᠢᠯᠴᠠᠭ᠎ᠠ᠎ᠪᠠᠨ ᠭᠦᠨᠵᠡᠭᠡᠢ᠌ᠷᠡᠭᠦᠯᠦᠨ᠂ ᠭᠣᠣᠯ ᠪᠣᠯᠬᠤ ᠵᠠᠭᠤᠴᠢᠯᠠᠭᠤᠷ᠎ᠤᠨ ᠭᠣᠣᠯᠯᠠᠭᠴᠢ ᠤᠬᠠᠭᠤᠯᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠶᠠᠪᠤᠳᠠᠯ᠎ᠤᠨ ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠪᠠ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠠᠷᠢᠶ᠎ᠠ ᠵᠠᠭᠤᠴᠢᠯᠠᠭᠤᠷ᠎ᠲᠤ ᠲᠦᠰᠢᠭᠯᠡᠨ᠂ ᠰᠤᠷᠪᠤᠯᠵᠢᠯᠠᠨ ᠮᠡᠳᠡᠭᠡᠯᠡᠬᠦ᠂ ᠲᠤᠰᠬᠠᠢ ᠪᠤᠯᠤᠩ ᠨᠡᠭᠡᠭᠡᠬᠦ᠂ ᠰᠣᠨᠢᠨ ᠮᠡᠳᠡᠭᠡᠨ᠎ᠤ ᠡᠬᠡ ᠪᠢᠴᠢᠭ ᠨᠡᠢ᠌ᠲᠡᠯᠡᠬᠦ᠂ ᠲᠠᠢ᠌ᠯᠤᠮᠵᠢ ᠵᠢᠷᠤᠭ ᠵᠡᠷᠭᠡ ᠠᠷᠭ᠎ᠠ᠎ᠪᠠᠷ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠪᠦᠲᠦᠮᠵᠢᠲᠡᠶ ᠵᠤᠯᠭ᠋ᠠᠭᠤᠯᠬᠤ ᠠᠵᠢᠯ᠎ᠤᠨ ᠰᠢᠨ᠎ᠡ ᠠᠬᠢᠴᠠ᠂ ᠰᠢᠨ᠎ᠡ ᠪᠦᠲᠦᠮᠵᠢ ᠵᠢ ᠴᠠᠭ ᠲᠤᠬᠠᠢ᠎ᠳᠤ᠎ᠨᠢ ᠲᠤᠰᠬᠠᠨ᠎ᠠ᠃ ᠲᠤᠰᠬᠠᠢ ᠮᠡᠷᠭᠡᠵᠢᠯᠲᠡᠨ ᠡᠷᠳᠡᠮᠲᠡᠨ᠎ᠤ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠬᠤ᠂ ᠦᠨᠳᠦᠰᠦᠨ ᠵᠦᠢ᠍ᠯ᠎ᠤᠨ ᠪᠠᠳᠤᠯᠠᠭ᠎ᠠ ᠵᠢ ᠴᠢᠩᠭ᠋ᠠᠳᠬᠠᠬᠤ ᠵᠡᠷᠭᠡ᠎ᠳᠤ ᠠᠷᠭ᠎ᠠ ᠤᠬᠠᠭ᠋ᠠᠨ ᠭᠠᠷᠭ᠋ᠠᠨ᠎ᠠ᠃ (ᠬᠠᠷᠢᠭᠤᠴᠠᠬᠤ ᠨᠢᠬᠡᠴᠢ᠄ ᠠᠯᠪᠠᠨ ᠭᠡᠷ᠂ ᠡᠯ᠎ᠡ ᠬᠠᠮᠢᠶ᠎ᠠ ᠪᠦᠬᠦᠢ ᠭᠠᠵᠠᠷ ᠲᠠᠰᠤᠭ᠂ ᠡᠯ᠎ᠡ ᠨᠢᠬᠡᠴᠢ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)
    (ᠠᠷᠪᠠᠨ ᠭᠤᠷᠪᠠ) ᠬᠢᠨᠠᠯᠲᠠ ᠲᠠᠯᠪᠢᠵᠤ ᠪᠠᠢ᠌ᠴᠠᠭ᠋ᠠᠬᠤ ᠲᠣᠭᠲᠠᠴᠠ ᠵᠢ ᠪᠦᠷᠢᠨᠰᠢᠭᠦᠯᠦᠨ᠎ᠡ᠃ ᠪᠡᠯᠡ ᠮᠥᠩᠭᠥ ᠣᠯᠭᠣᠬᠤ ᠵᠢ ᠬᠢᠨᠠᠨ ᠬᠠᠮᠢᠶᠠᠷᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠮᠥᠩᠭᠥ᠂ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠮᠥᠩᠭᠥ᠂ ᠵᠡᠮᠳᠡᠭᠴᠦᠳ᠎ᠤᠨ ᠬᠣᠶᠠᠷ ᠨᠥᠬᠥᠪᠦᠷᠢ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠂ ᠦᠳᠡᠬᠦᠰ᠎ᠤᠨ ᠨᠦᠬᠦᠪᠤᠷᠢ ᠵᠡᠷᠭᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠣᠯᠭᠣᠬᠤ ᠬᠡᠷᠡᠭᠲᠡᠢ᠃ 《ᠬᠠᠷᠢᠴᠠᠭ᠎ᠠ᠎ᠪᠠᠷ ᠪᠠᠲᠤᠯᠠᠬᠤ》 《ᠨᠠᠢ᠌ᠷ ᠲᠠᠯ᠎ᠠ᠎ᠪᠠᠷ ᠪᠠᠲᠤᠯᠠᠬᠤ》᠎ᠪᠠᠷ ᠭᠣᠣᠯᠳᠠᠯᠭ᠎ᠠ ᠪᠣᠯᠭ᠋ᠠᠨ᠂ ᠨᠡᠢ᠌ᠭᠡᠮ᠎ᠤᠨ  ᠲᠤᠰᠠᠯᠠᠮᠵᠢ ᠵᠢᠨ ᠬᠦᠷᠢᠶ᠎ᠡ ᠴᠠᠷᠠᠭ᠎ᠠ ᠵᠢ ᠶᠡᠷᠦᠩᠬᠡᠢ᠌ᠯᠡᠨ ᠵᠠᠰᠠᠬᠤ ᠠᠵᠢᠯ᠎ᠢ ᠥᠷᠨᠢᠭᠦᠯᠵᠦ᠂ ᠲᠥᠷᠥᠯ ᠰᠠᠳᠤᠨ ᠨᠠᠢ᠌ᠵᠠ ᠨᠥᠬᠥᠳ ᠵᠶ᠋ᠡᠨ ᠬᠠᠷᠠᠭ᠋ᠠᠯᠵᠠᠬᠤ᠂ ᠬᠤᠳᠠᠯ ᠵᠶ᠋ᠠᠷ ᠮᠡᠳᠡᠭᠦᠯᠵᠦ ᠮᠡᠬᠡᠯᠡᠨ ᠠᠪᠬᠤ᠂ ᠱᠠᠮᠰᠢᠬᠤ ᠬᠢᠬᠠᠬᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ  ᠲᠤᠰᠯᠠᠮᠵᠢ ᠵᠢᠨ ᠪᠡᠯᠡ ᠮᠥᠩᠭᠥ ᠵᠢ ᠨᠡᠭᠦᠯᠭᠡᠨ ᠬᠡᠷᠡᠭᠯᠡᠬᠦ ᠵᠡᠷᠭᠡ ᠬᠠᠤᠯᠢ ᠰᠠᠬᠢᠯᠭ᠎ᠠ ᠵᠢ ᠵᠥᠷᠢᠴᠡᠭᠰᠡᠨ ᠠᠵᠢᠯᠯᠠᠭ᠎ᠠ ᠵᠢ ᠵᠠᠯᠬᠠᠭ᠋ᠠᠨ  ᠰᠢᠢ᠍ᠳᠬᠡᠵᠤ᠂ ᠬᠦᠴᠢᠷᠳᠡᠯᠲᠡᠢ ᠣᠯᠠᠨ ᠲᠦᠮᠡᠨ᠎ᠤ 《ᠲᠤᠰᠠᠯᠠᠮᠵᠢ ᠵᠢᠨ ᠮᠥᠩᠭᠥ》 ᠪᠠ 《ᠠᠮᠢᠨ᠎ᠳᠤ ᠤᠷᠤᠬᠤ ᠮᠥᠩᠭᠥ》 ᠵᠢ ᠰᠠᠢ᠌ᠲᠤᠷ ᠬᠠᠮᠠᠭ᠋ᠠᠯᠠᠨ᠎ᠠ᠃ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤ ᠵᠢ ᠰᠠᠭ᠋ᠠᠳ ᠦᠭᠡᠢ ᠨᠠᠪᠲᠠᠷᠡᠭᠦᠯᠵᠦ᠂  ᠪᠠᠢ᠌ᠡᠭᠭᠤ ᠵᠢᠨ ᠤᠲᠠᠰᠤ ᠵᠢᠨ ᠵᠢᠵᠢᠭᠦᠷᠯᠡᠨ ᠰᠠᠬᠢᠬᠤ ᠠᠵᠢᠯ᠎ᠢ ᠤᠯᠠᠮ ᠵᠢᠷᠤᠮᠵᠢᠭᠤᠯᠤᠨ᠂ ᠬᠦᠴᠢᠷᠳᠡᠯᠲᠡᠢ ᠣᠯᠠᠨ ᠲᠦᠮᠡᠨ᠎ᠤ 《ᠲᠤᠰᠠᠯᠠᠮᠵᠢ ᠣᠯᠬᠤ ᠭᠠᠵᠠᠷ᠎ᠲᠠᠢ᠂ ᠴᠠᠭ ᠲᠤᠬᠠᠢ᠎ᠳᠤ᠎ᠨᠢ ᠲᠤᠰᠠᠯᠠᠮᠵᠢ ᠭᠥᠷᠳᠡᠬᠦ》 ᠵᠢ ᠦᠨᠡᠨ ᠬᠦ᠌ ᠪᠠᠲᠤᠯᠠᠨ᠎ᠠ᠃ ᠨᠡᠢ᠌ᠭᠡᠮ᠎ᠤᠨ  ᠲᠤᠰᠠᠯᠠᠮᠵᠢ ᠵᠢᠨ ᠮᠡᠳᠡᠭᠡ ᠵᠠᠩᠭᠢ ᠵᠢ ᠢᠯᠡᠵᠢᠬᠦᠯᠬᠦ ᠵᠢ ᠴᠢᠩᠭ᠋ᠠᠳᠬᠠᠵᠤ᠂ ᠢᠯᠡᠵᠢᠬᠦᠯᠬᠦ ᠠᠭᠤᠯᠭ᠎ᠠ᠂ ᠠᠷᠭ᠎ᠠ ᠪᠠ ᠬᠦᠷᠢᠶ᠎ᠡ ᠬᠡᠪᠴᠢᠶ᠎ᠡ ᠵᠢ ᠵᠢᠷᠤᠮᠵᠢᠭᠤᠯᠤᠨ᠂ ᠬᠤᠪᠢ ᠬᠥᠮᠥᠨ᠎ᠤ ᠰᠤᠷᠠᠭ ᠵᠠᠩᠭᠢ ᠵᠢᠨ ᠨᠢᠭᠤᠴᠨ ᠵᠢ ᠬᠠᠮᠠᠭ᠋ᠠᠯᠠᠨ᠎ᠠ᠃ (  ᠬᠠᠷᠢᠭᠤᠴᠠᠬᠤ ᠨᠢᠬᠡᠴᠢ᠄ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠂ ᠨᠡᠢ᠌ᠭᠡᠮ᠎ᠤᠨ ᠶᠠᠪᠤᠳᠠᠯ᠎ᠤᠨ ᠭᠠᠵᠠᠷ᠂ ᠨᠠᠰᠤᠵᠢᠯ᠎ᠤᠨ ᠦᠢ᠍ᠯᠡᠴᠢᠯᠡᠭᠡᠨ᠎ᠤ ᠭᠠᠵᠠᠷ᠂ ᠬᠡᠦᠬᠡᠳ᠎ᠤᠨ ᠠᠰᠠᠷᠠᠮᠵᠢ ᠵᠢᠨ ᠭᠠᠵᠠᠷ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ)

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ ᠲᠤᠰᠠᠯᠠᠮᠵᠢ ᠵᠢᠨ ᠮᠥᠩᠭᠥ ᠲᠠᠷᠬᠠᠭ᠋ᠠᠬᠤ ᠠᠵᠢᠯ᠎ᠢ ᠯᠠᠪᠳᠠᠭᠤᠨ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠵᠤ ᠪᠠᠢ᠌ᠨ᠎ᠠ
ᠵᠡᠮᠳᠡᠭᠴᠦᠳ᠎ᠲᠤ ᠰᠠᠢ᠌ᠨ ᠴᠢᠮᠡᠭᠡ ᠢᠷᠡᠯ᠎ᠡ — ᠥᠪᠥᠷ ᠮᠣᠩᠭᠣᠯ ᠵᠡᠮᠳᠡᠭᠴᠦᠳ᠎ᠤᠨ ᠬᠣᠶᠠᠷ ᠨᠦᠬᠦᠪᠤᠷᠢ ᠵᠢᠨ ᠪᠥᠬᠥ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ ᠪᠤᠯᠪᠠ
ᠮᠠᠨ᠎ᠤ ᠤᠷᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ ᠎ᠳᠤ᠎ᠬᠢ ᠡᠨᠧᠷᠭᠢ ᠠᠷᠪᠢᠯᠠᠵᠤ ᠪᠣᠬᠢᠷᠳᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠠᠮᠤᠷ ᠲᠦᠪᠰᠢᠨ᠎ᠤ ᠦᠨᠳᠤᠰᠤᠨ ᠵᠢᠷᠤᠮᠵᠢᠯ》 ᠎ᠢ ᠨᠡᠢ᠌ᠳᠡᠯᠡᠭᠳᠡᠵᠤ ᠠᠯᠪᠠᠳᠠᠨ ᠭᠡᠷᠡᠭᠵᠢᠬᠦᠯᠬᠦ ᠤᠯᠤᠰ᠎ᠤᠨ ᠪᠠᠷᠢᠮᠵᠢᠶ᠎ᠡ ᠭᠢᠭᠡᠤᠨ 8 ᠵᠤᠢ᠌ᠯ᠎ᠤᠨ ᠬᠠᠮᠢᠶ᠎ᠠ ᠪᠦᠬᠦᠢ ᠠᠵᠢᠯ ᠲᠦᠷᠤᠯ᠎ᠤᠨ ᠪᠠᠷᠢᠮᠵᠢᠶ᠎ᠡ ᠵᠢ ᠦᠨᠤ ᠵᠢᠯ᠎ᠤᠨ 1 ᠰᠠᠷ᠎ᠠ ᠵᠢᠨ 1 ᠎ᠤ ᠡᠳᠤᠷ᠎ᠠᠴᠠ ᠭᠡᠷᠡᠭᠵᠢᠬᠦᠯᠬᠦ᠎ᠪᠠᠷ ᠪᠤᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠳᠠ ᠬᠦᠭᠵᠢᠬᠦᠯᠤᠯᠳᠡ ᠵᠢᠨ ᠲᠦᠯᠦᠪᠵᠢᠬᠦᠯᠪᠡ
 
            