ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ ᠪᠡᠬᠢᠵᠢᠬᠦᠯᠤᠨ ᠦᠷᠬᠡᠳᠬᠡᠬᠦ ᠵᠢ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ᠎ᠯᠤᠭ᠎ᠠ ᠪᠦᠳᠦᠮᠵᠢᠳᠡᠢ ᠵᠤᠯᠭ᠋ᠠᠭᠤᠯᠬᠤ ᠲᠤᠬᠠᠢ 2022 ᠣᠨ᠎ᠤ ᠭᠣᠣᠯᠳᠠᠯᠭ᠎ᠠ᠎ᠲᠠᠢ ᠡᠬᠦᠷᠬᠡ ᠵᠢᠨ ᠬᠤᠪᠢᠶᠠᠷᠢᠯᠠᠯ᠎ᠤᠨ ᠲᠥᠰᠥᠯ》᠎ᠤᠨ ᠮᠡᠳᠡᠭᠳᠡᠯ
ᠨᠡᠶᠢᠲᠡᠯᠡᠭᠰᠡᠨ ᠴᠠᠭ᠄ 2022-05-11

ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠯ᠎ᠡ ᠭᠠᠵᠠᠷ ᠲᠠᠰᠤᠭ᠂ ᠰᠢᠭᠤᠳ  ᠬᠠᠷᠢᠶ᠎ᠠ ᠨᠢᠬᠡᠴᠢ᠎ᠳᠤ᠄

   ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ᠎ᠢ ᠠᠬᠢᠭᠤᠯᠬᠤ ᠸᠢᠳᠢᠤ᠋ ᠬᠤᠷᠠᠯ᠎ᠤᠨ ᠵᠣᠷᠢᠭ ᠰᠠᠨᠠᠭ᠎ᠠ ᠪᠣᠯᠣᠨ ᠠᠷᠠᠳ᠎ᠤᠨ ᠶᠠᠪᠤᠳᠠᠯ᠎ᠤᠨ ᠶᠠᠮᠤᠨ᠎ᠤ ᠬᠠᠮᠢᠶ᠎ᠠ ᠪᠦᠬᠦᠢ ᠪᠢᠴᠢᠭ ᠮᠠᠲᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠮᠠᠨ᠎ᠤ ᠲᠢᠩᠬᠢᠮ 《ᠠᠷᠠᠳ᠎ᠤᠨ ᠶᠠᠪᠤᠳᠠᠯ᠎ᠤᠨ  ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ  ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ 2022 ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠥᠰᠥᠯ》᠎ᠢ ᠲᠣᠭᠲᠠᠭ᠋ᠠᠵᠤ᠂ ᠡᠳᠦᠭᠡ  ᠲᠠ ᠨᠠᠷ᠎ᠲᠤ ᠳᠠᠷᠤᠮᠠᠯᠯᠠᠨ ᠲᠠᠷᠬᠠᠭ᠋ᠠᠬᠤ ᠵᠢᠨ ᠬᠠᠮᠲᠤ  ᠲᠠᠷᠠᠭ᠋ᠠᠬᠢ ᠰᠠᠨᠠᠯ᠎ᠢ ᠳᠤᠷᠠᠳᠪᠠ᠂ ᠬᠠᠮᠲᠤ᠎ᠳᠤ᠎ᠨᠢ ᠲᠤᠭᠤᠰᠢᠯᠠᠭᠤᠯᠤᠨ ᠬᠡᠷᠡᠭᠵᠢᠬᠦᠯᠳᠤᠬᠡᠢ᠃
   ᠨᠢᠭᠡ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠣᠯᠬᠤ ᠬᠡᠷᠡᠭᠲᠡᠢ
   ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠦᠳᠡᠬᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠢᠮᠠᠭᠲᠠ ᠬᠠᠯᠠᠮᠵᠢᠯᠠᠨ ᠠᠩᠬᠠᠷᠴᠤ ᠪᠠᠢ᠌ᠭ᠎ᠠ ᠶᠡᠬᠡ ᠶᠠᠪᠤᠳᠠᠯ ᠴᠢᠬᠤᠯᠠ ᠶᠠᠪᠤᠳᠠᠯ ᠪᠣᠯᠣᠨ᠎ᠠ᠃ ᠰᠢ ᠵᠢᠨ ᠫᠢᠩ ᠶᠡᠷᠦᠩᠬᠡᠢ ᠱᠦᠵᠢ ᠦᠨᠤ ᠵᠢᠯ᠎ᠤᠨ ᠪᠥᠬᠥ ᠤᠯᠤᠰ᠎ᠤᠨ 《ᠬᠣᠶᠠᠷ ᠬᠤᠷᠠᠯ》᠎ᠤᠨ ᠤᠯᠤᠰ ᠲᠥᠷᠥ ᠵᠢᠨ ᠵᠥᠪᠯᠡᠯᠭᠡᠨ᠎ᠤ ᠬᠠᠮᠲᠤᠷᠠᠭᠰᠠᠨ ᠳᠤᠭᠤᠢ᠌ᠯᠠᠩ᠎ᠤᠨ ᠬᠤᠷᠠᠯ ᠳᠡᠭᠡᠷ᠎ᠡ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠵᠦᠢ᠍ᠯ᠎ᠢ ᠪᠠᠲᠤᠯᠠᠬᠤ᠂ ᠣᠨᠴᠠᠭ᠋ᠠᠶ ᠬᠦᠴᠢᠷᠳᠡᠯᠲᠡᠢ  ᠬᠦᠮᠦᠰ᠎ᠢ ᠬᠠᠯᠠᠮᠵᠢᠯᠠᠨ ᠬᠠᠮᠠᠭ᠋ᠠᠯᠠᠬᠤ ᠵᠡᠷᠭᠡ ᠠᠵᠢᠯ᠎ᠤᠨ ᠲᠤᠬᠠᠢ ᠲᠤᠰᠬᠠᠢ᠌ᠯᠠᠨ ᠴᠢᠬᠤᠯᠠ ᠵᠢᠭ᠋ᠠᠪᠤᠷᠢ ᠭᠠᠷᠭ᠋ᠠᠪᠠ᠃ ᠡᠯ᠎ᠡ ᠭᠠᠵᠠᠷ ᠡᠯ᠎ᠡ ᠨᠢᠬᠡᠴᠢ ᠵᠢᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠶᠠᠳᠠᠭᠤ᠎ᠠᠴᠠ ᠠᠡᠭᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠎ᠤ ᠠᠵᠢᠯ ᠪᠣᠯᠣᠨ ᠠᠷᠠᠳ᠎ᠤᠨ ᠶᠠᠪᠤᠳᠠᠯ᠎ᠤᠨ ᠠᠵᠢᠯ ᠵᠡᠷᠭᠡ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠵᠤ ᠲᠤᠭᠤᠰᠢᠯᠠᠭᠤᠯᠬᠤ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠬᠦ ᠵᠢ ᠨᠢᠭᠡ ᠴᠣᠭᠴᠠᠵᠢᠭᠤᠯᠤᠨ ᠲᠣᠬᠢᠷᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ᠂ ᠨᠢᠭᠡ ᠴᠣᠭᠴᠠᠵᠢᠭᠤᠯᠤᠨ ᠨᠠᠢ᠌ᠳᠠᠪᠤᠷᠢᠵᠢᠭᠤᠯᠬᠤ᠎ᠳᠤ ᠣᠷᠣᠭᠤᠯᠬᠤ ᠬᠡᠷᠡᠭᠲᠡᠢ᠃
   ᠬᠣᠶᠠᠷ᠂ ᠬᠠᠷᠠᠯᠲᠠ ᠡᠭᠦᠷᠭᠡ ᠵᠢ ᠴᠢᠩᠭ᠎ᠠ ᠠᠩᠬᠠᠷᠴᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ
   ᠡᠯ᠎ᠡ ᠭᠠᠵᠠᠷ ᠡᠯ᠎ᠡ ᠨᠢᠬᠡᠴᠢ ᠵᠢᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ   ᠠᠵᠢᠯᠯᠠᠵᠤ᠂ ᠪᠦᠲᠦᠮᠵᠢᠲᠡᠶ ᠵᠣᠯᠭ᠋ᠠᠭᠤᠯᠬᠤ ᠠᠵᠢᠯ᠎ᠤᠨ ᠡᠷᠴᠢᠮ ᠪᠠ ᠲᠥᠷᠥ ᠵᠢᠨ ᠪᠣᠳᠣᠯᠭ᠎ᠠ ᠵᠢᠨ ᠡᠷᠴᠢᠮ᠎ᠢ ᠦᠷᠭᠦᠯᠵᠢᠯᠡᠨ ᠪᠠᠲᠤᠯᠠᠵᠤ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠥᠰᠥᠯ᠎ᠤᠨ ᠠᠭᠤᠯᠭ᠎ᠠ᠎ᠲᠠᠢ ᠬᠠᠷᠢᠴᠠᠭᠤᠯᠤᠨ᠂ ᠣᠨ᠎ᠤ ᠠᠵᠢᠯ᠎ᠤᠨ ᠭᠣᠣᠯᠳᠠᠯᠭ᠎ᠠ᠎ᠪᠠᠨ ᠲᠡᠭᠦᠯᠳᠡᠷᠵᠢᠭᠦᠯᠵᠦ᠂ ᠰᠠᠷ᠎ᠠ ᠤᠯᠠᠷᠢᠯ᠎ᠤᠨ ᠬᠠᠷᠠᠯᠲᠠ᠎ᠪᠠᠨ ᠲᠣᠳᠣᠷᠬᠠᠢ᠌ᠯᠠᠨ᠂ ᠠᠵᠢᠯ ᠵᠶ᠋ᠠᠨ ᠵᠠᠪᠰᠠᠷ ᠦᠭᠡᠢ ᠵᠣᠯᠭ᠋ᠠᠭᠤᠯᠬᠤ ᠵᠢ ᠠᠬᠢᠭᠤᠯᠵᠤ᠂ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠲᠠᠩᠰᠠ ᠡᠪᠬᠡᠮᠡᠯ᠎ᠲᠠᠢ ᠪᠠᠢ᠌ᠯᠭ᠋ᠠᠵᠤ᠂ ᠬᠣᠭᠣᠰᠤᠨ  ᠬᠠᠶᠠᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠴᠢᠬᠤᠯᠠ ᠶᠡᠬᠡ ᠲᠦᠷᠦ ᠵᠢᠨ ᠪᠣᠳᠣᠯᠭ᠎ᠠ᠂ ᠭᠣᠣᠯᠳᠠᠯᠭ᠎ᠠ᠎ᠲᠠᠢ ᠲᠦᠷᠦᠯ ᠵᠦᠢ᠍ᠯ᠂ ᠴᠢᠬᠤᠯᠠ ᠥᠭᠡᠷᠡᠴᠢᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠵᠦᠢ᠍ᠯ᠎ᠢ ᠨᠠᠷᠢᠨ ᠬᠢᠨᠠᠮᠠᠭ᠋ᠠᠢ ᠡᠮᠬᠢᠯᠡᠨ ᠵᠠᠳᠠᠯᠵᠤ᠂ ᠰᠢᠨᠵᠢᠯᠡᠬᠦ ᠤᠬᠠᠭ᠋ᠠᠨᠴᠢ᠎ᠪᠠᠷ ᠤᠨᠢᠨ ᠳᠡᠭᠡᠷ᠎ᠡ᠎ᠨᠢ ᠬᠦᠴᠦᠯᠡᠵᠦ᠂ ᠡᠯ᠎ᠡ ᠵᠦᠢ᠍ᠯ᠎ᠤᠨ ᠠᠵᠢᠯ᠎ᠤᠨ ᠬᠠᠷᠠᠯᠲᠠ ᠡᠭᠦᠷᠭᠡ ᠵᠢ  ᠴᠢᠨᠠᠷᠵᠢᠭᠤᠨ ᠪᠡᠶᠡᠯᠡᠭᠦᠯᠬᠦ ᠬᠡᠷᠡᠭᠲᠡᠢ᠃
   ᠭᠤᠷᠪᠠ᠂ ᠱᠠᠯᠠᠪᠳᠠᠭᠣᠯᠤᠨ ᠵᠢᠯᠤᠭᠣᠳᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ
   ᠡᠯ᠎ᠡ ᠭᠠᠵᠠᠷ ᠡᠯ᠎ᠡ ᠨᠢᠬᠡᠴᠢ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠨ᠂ ᠳᠡᠯᠭᠡᠷᠡᠭᠦᠯᠬᠦ ᠠᠵᠢᠯ᠎ᠤᠨ ᠲᠤᠮᠳᠠᠬᠢ ᠠᠮᠵᠢᠯᠲᠠ᠎ᠲᠠᠢ ᠲᠤᠷᠰᠢᠯᠭ᠎ᠠ᠂ ᠠᠷᠭ᠎ᠠ᠎ᠪᠠᠨ ᠴᠠᠭ ᠲᠤᠬᠠᠢ᠎ᠳᠤ᠎ᠨᠢ ᠳ᠋ᠦᠡᠭᠨᠡᠨ ᠰᠣᠯᠢᠯᠴᠠᠵᠤ᠂ ᠠᠵᠢᠯ ᠎ᠤᠨ ᠳᠤᠮᠳᠠ ᠢᠯᠡᠷᠡᠭᠰᠡᠨ ᠬᠦᠴᠢᠷᠳᠡᠯ ᠪᠣᠯᠣᠨ ᠠᠰᠠᠭᠤᠳᠠᠯ᠎ᠢ ᠴᠠᠭ ᠲᠤᠬᠠᠢ᠎ᠳᠤ᠎ᠨᠢ ᠣᠯᠵᠤ ᠮᠡᠳᠡᠬᠦ ᠵᠢᠨ ᠬᠠᠮᠲᠤ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠢ ᠬᠦᠴᠦᠲᠡᠢ ᠠᠬᠢᠭᠤᠯᠤᠭᠰᠠᠨ ᠦᠭᠡᠢ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ ᠭᠠᠵᠠᠷ ᠣᠷᠣᠨ᠎ᠢ ᠵᠠᠷᠯᠠᠨ ᠰᠢᠭᠦᠮᠵᠢᠯᠡᠬᠦ᠂ ᠲᠤᠰᠬᠠᠢ ᠬᠡᠷᠡᠭ᠎ᠢ ᠱᠠᠯᠠᠪᠳᠠᠭᠤᠯᠤᠨ ᠰᠢᠢ᠍ᠳᠪᠦᠷᠢᠯᠡᠭᠦᠯᠬᠦ᠂ ᠠᠭᠤᠯᠵᠠᠵᠤ ᠶᠠᠷᠢᠯᠴᠠᠬᠤ ᠵᠡᠷᠭᠡ ᠠᠷᠭ᠎ᠠ᠎ᠪᠠᠷ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠬᠤ ᠬᠡᠷᠡᠭᠳᠡᠢ᠃ ᠲᠣᠭᠲᠠᠮᠠᠯ ᠬᠤᠭᠤᠴᠠᠭ᠎ᠠ᠎ᠲᠠᠢ ᠲᠣᠬᠢᠷᠠᠭᠤᠯᠬᠤ ᠲᠣᠭᠲᠠᠴᠠ ᠵᠢ ᠪᠠᠢ᠌ᠭᠤᠯᠵᠤ᠂ ᠡᠯ᠎ᠡ ᠭᠠᠵᠠᠷ᠎ᠤᠨ᠎ᠬᠢᠨ ᠲᠣᠰ ᠲᠣᠰ 2022 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠂ 9 ᠳ᠋ᠦᠭᠡᠷ ᠰᠠᠷ᠎ᠠ ᠵᠢᠨ 30᠎ᠤ ᠡᠳᠦᠷ᠂ 12 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠠᠵᠢᠯ᠎ᠤᠨ ᠡᠭᠦᠷᠭᠡ᠎ᠪᠠᠨ ᠠᠬᠢᠭᠤᠯᠤᠭᠰᠠᠨ ᠪᠠᠢ᠌ᠳᠠᠯ ᠵᠶ᠋ᠠᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ ᠴᠠᠭ᠎ᠳᠤ᠎ᠨᠢ ᠲᠣᠬᠢᠷᠠᠭᠤᠯᠤᠨ ᠡᠯ᠎ᠡ ᠭᠠᠵᠠᠷ᠎ᠤᠨ ᠠᠵᠢᠯ᠎ᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠮᠥᠷᠳᠡᠨ ᠰᠢᠮᠳᠠᠭᠤᠯᠤᠨ ᠭᠦᠢ᠍ᠴᠡᠳᠬᠡᠬᠦ ᠵᠢᠨ ᠬᠠᠮᠲᠤ᠂ ᠠᠵᠢᠯ᠎ᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠯᠤᠭ᠎ᠠ ᠬᠣᠯᠪᠣᠭᠳᠠᠭᠤᠯᠬᠤ ᠬᠡᠷᠡᠭᠲᠡᠢ᠃


   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ
 
     2022 ᠣᠨ᠎ᠤ 4 ᠰᠠᠷ᠎ᠠ ᠵᠢᠨ 29





 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠦᠷᠬᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠳᠦᠮᠵᠢᠳᠡᠢ ᠵᠤᠯᠭ᠋ᠠᠭᠤᠯᠬᠤ 2022 ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠠᠵᠢᠯ ᠎ᠤᠨ ᠬᠤᠪᠢᠶᠠᠷᠢᠯᠠᠯ᠎ᠤᠨ ᠲᠥᠰᠥᠯ》
ᠠᠷᠠᠳ᠎ᠤᠨ ᠶᠠᠪᠤᠳᠠᠯ᠎ᠤᠨ ᠲᠢᠩᠬᠢᠮ ᠲᠤᠰᠠᠯᠠᠮᠵᠢ ᠵᠢᠨ ᠮᠥᠩᠭᠥ ᠲᠠᠷᠬᠠᠭ᠋ᠠᠬᠤ ᠠᠵᠢᠯ᠎ᠢ ᠯᠠᠪᠳᠠᠭᠤᠨ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠵᠤ ᠪᠠᠢ᠌ᠨ᠎ᠠ
ᠵᠡᠮᠳᠡᠭᠴᠦᠳ᠎ᠲᠤ ᠰᠠᠢ᠌ᠨ ᠴᠢᠮᠡᠭᠡ ᠢᠷᠡᠯ᠎ᠡ — ᠥᠪᠥᠷ ᠮᠣᠩᠭᠣᠯ ᠵᠡᠮᠳᠡᠭᠴᠦᠳ᠎ᠤᠨ ᠬᠣᠶᠠᠷ ᠨᠦᠬᠦᠪᠤᠷᠢ ᠵᠢᠨ ᠪᠥᠬᠥ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ ᠪᠤᠯᠪᠠ
ᠮᠠᠨ᠎ᠤ ᠤᠷᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ ᠎ᠳᠤ᠎ᠬᠢ ᠡᠨᠧᠷᠭᠢ ᠠᠷᠪᠢᠯᠠᠵᠤ ᠪᠣᠬᠢᠷᠳᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠠᠮᠤᠷ ᠲᠦᠪᠰᠢᠨ᠎ᠤ ᠦᠨᠳᠤᠰᠤᠨ ᠵᠢᠷᠤᠮᠵᠢᠯ》 ᠎ᠢ ᠨᠡᠢ᠌ᠳᠡᠯᠡᠭᠳᠡᠵᠤ ᠠᠯᠪᠠᠳᠠᠨ ᠭᠡᠷᠡᠭᠵᠢᠬᠦᠯᠬᠦ ᠤᠯᠤᠰ᠎ᠤᠨ ᠪᠠᠷᠢᠮᠵᠢᠶ᠎ᠡ ᠭᠢᠭᠡᠤᠨ 8 ᠵᠤᠢ᠌ᠯ᠎ᠤᠨ ᠬᠠᠮᠢᠶ᠎ᠠ ᠪᠦᠬᠦᠢ ᠠᠵᠢᠯ ᠲᠦᠷᠤᠯ᠎ᠤᠨ ᠪᠠᠷᠢᠮᠵᠢᠶ᠎ᠡ ᠵᠢ ᠦᠨᠤ ᠵᠢᠯ᠎ᠤᠨ 1 ᠰᠠᠷ᠎ᠠ ᠵᠢᠨ 1 ᠎ᠤ ᠡᠳᠤᠷ᠎ᠠᠴᠠ ᠭᠡᠷᠡᠭᠵᠢᠬᠦᠯᠬᠦ᠎ᠪᠠᠷ ᠪᠤᠯᠪᠡ
 
            