ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠮᠠᠨ᠎ᠤ ᠤᠷᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ ᠎ᠳᠤ᠎ᠬᠢ ᠡᠨᠧᠷᠭᠢ ᠠᠷᠪᠢᠯᠠᠵᠤ ᠪᠣᠬᠢᠷᠳᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2022-06-13

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠣᠢ᠌ᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠭᠣᠣᠯ ᠬᠠᠷᠠᠯᠲᠠ ᠵᠢ ᠲᠣᠳᠣᠷᠬᠠᠢ᠌ᠯᠠᠪᠠ᠄ 2025 ᠣᠨ ᠪᠣᠯᠬᠤ᠎ᠳᠤ᠂ ᠪᠥᠬᠥ ᠣᠷᠣᠨ᠎ᠤ ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠡᠨᠧᠷᠭᠢ ᠵᠢᠨ ᠬᠣᠷᠣᠭᠳᠠᠯ᠎ᠢ 2020 ᠣᠨ᠎ᠤ᠎ᠬᠢ᠎ᠠᠴᠠ 15%᠎ᠪᠠᠷ ᠪᠠᠭᠤᠷᠠᠭᠤᠯᠵᠤ᠂ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢ ᠵᠦᠢ ᠵᠣᠬᠢᠰᠲᠠᠢ ᠬᠢᠵᠠᠭ᠋ᠠᠷᠯᠠᠵᠤ᠂ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ᠎ᠤᠨ ᠢᠰᠦᠮᠡᠭ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢ 2020 ᠣᠨ᠎ᠤ᠎ᠬᠢ᠎ᠠᠴᠠ ᠲᠣᠰ ᠲᠣᠰ 8%᠂ 8%᠂ 10%᠂ 10%᠎ᠠᠴᠠ ᠳᠡᠭᠡᠭᠰᠢ ᠪᠠᠭᠤᠷᠠᠭᠤᠯᠤᠨ᠎ᠠ᠃
    ᠡᠨᠡ ᠪᠣᠯ ᠰᠤᠷᠪᠤᠯᠵᠢᠯᠠᠭᠴᠢ 6 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠬᠣᠢ᠌ᠨ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ》᠎ᠤᠨ ᠲᠥᠷᠥ ᠵᠢᠨ ᠪᠣᠳᠣᠯᠭ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠮᠡᠳᠡᠭᠡ ᠪᠤᠯᠬᠤ ᠶᠤᠮ᠃
    ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠣᠯ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ》᠎ᠨᠢ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠲᠥᠰᠥᠯ》 ᠵᠶ᠋ᠡᠷ ᠰᠠᠭᠤᠷᠢ ᠪᠠᠷᠢᠮᠵᠢᠶ᠎ᠠ ᠪᠣᠯᠭ᠋ᠠᠵᠤ᠂ ᠨᠢᠭᠡᠨᠲᠡ ᠳᠠᠷᠤᠮᠠᠯᠯᠠᠨ ᠲᠠᠷᠬᠠᠭ᠋ᠠᠭᠰᠠᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠥᠲᠥᠯᠪᠦᠷᠢ᠂ ᠬᠣᠯᠪᠣᠭᠳᠠᠯ ᠪᠦᠬᠦᠢ ᠲᠤᠰᠬᠠᠢ ᠵᠦᠢ᠍ᠯ᠎ᠤᠨ ᠲᠥᠯᠦᠪᠵᠢᠭᠦᠯᠭᠡ ᠵᠢᠨ ᠬᠠᠮᠢᠶ᠎ᠠ ᠪᠦᠬᠦᠢ ᠠᠭᠤᠯᠭ᠎ᠠ᠎ᠪᠠᠷ ᠯᠠᠪᠯᠠᠯᠲᠠ ᠪᠣᠯᠭ᠋ᠠᠵᠤ᠂ ᠮᠠᠨ᠎ᠤ ᠣᠷᠣᠨ᠎ᠤ ᠪᠣᠳᠠᠲᠠᠢ᠎ᠲᠠᠢ ᠭᠦᠢ᠍ᠴᠡᠳ ᠤᠶᠠᠯᠳᠤᠭᠤᠯᠤᠨ᠂ ᠤᠯᠤᠰ᠎ᠤᠨ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠬᠤ ᠪᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠤᠯᠤᠰ ᠎ᠠᠴᠠ ᠪᠠᠢ᠌ᠷᠢᠯᠠᠭᠤᠯᠤᠭᠰᠠᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠮᠠᠨ᠎ᠤ ᠣᠷᠣᠨ᠎ᠳᠤ ᠨᠠᠷᠢᠯᠢᠭ ᠣᠨᠣᠴᠠᠲᠠᠢ ᠲᠤᠭᠤᠷᠰᠢᠯᠠᠭᠤᠯᠤᠨ ᠨᠠᠢ᠌ᠳᠠᠪᠤᠷᠢᠵᠢᠭᠤᠯᠬᠤ ᠵᠢ  ᠦᠨᠡᠨ ᠬᠦ᠌ ᠪᠠᠳᠤᠯᠠᠬᠰᠠᠨ ᠶᠤᠮ᠃
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ》᠎ᠳᠤ ᠨᠡᠶ᠋ᠢᠲᠡ ᠳᠥᠷᠪᠡᠨ ᠶᠡᠬᠡ ᠠᠭᠤᠯᠭ᠎ᠠ ᠵᠢ ᠪᠠᠬᠳᠠᠭ᠋ᠠᠪᠠ᠂ ᠡᠬᠦᠨ᠎ᠳᠤ ᠵᠢᠯᠤᠭᠣᠳᠬᠤ ᠦᠵᠡᠯ ᠰᠠᠨᠠᠭ᠎ᠠ ᠪᠠ ᠭᠣᠣᠯ ᠬᠠᠷᠠᠯᠲᠠ᠂ ᠠᠷᠪᠠᠨ ᠵᠦᠢ᠍ᠯ᠎ᠤᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠤᠨ ᠲᠣᠬᠢᠷᠠᠭᠤᠯᠤᠯᠲᠠ ᠪᠣᠯᠭ᠋ᠠᠵᠤ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠪᠦᠷᠢᠨᠰᠢᠭᠦᠯᠬᠦ᠎ᠪᠠᠷ ᠳᠤᠷᠠᠳᠤᠨ ᠭᠠᠷᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠡᠯ᠎ᠡ ᠠᠢ᠌ᠮᠠᠭ ᠬᠣᠲᠠ ᠵᠢᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠠᠵᠢᠯ ᠲᠥᠷᠥᠯ᠎ᠤᠨ ᠡᠨᠧᠷᠭᠢ ᠠᠷᠪᠢᠯᠠᠬᠤ ᠭᠦᠢ᠍ᠴᠡᠳᠬᠡᠯ ᠲᠣᠭ᠎ᠠ ᠵᠢ ᠬᠤᠪᠢᠶᠠᠷᠢᠯᠠᠨ ᠪᠠᠭᠤᠯᠭ᠋ᠠᠪᠠ᠃
    ᠡᠭᠦᠨ᠎ᠳᠤ᠂ ᠡᠨᠧᠷᠭᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠪᠠᠨ ᠵᠦᠢ᠍ᠯ᠎ᠤᠨ ᠭᠣᠣᠯᠳᠠᠯᠭ᠎ᠠ ᠎ᠲᠠᠢ ᠢᠨᠵᠧᠨᠧᠷᠢᠩ ᠪᠣᠯ ᡺ ᠭᠣᠣᠯᠳᠠᠯᠭ᠎ᠠ ᠎ᠲᠠᠢ ᠠᠵᠢᠯ ᠲᠥᠷᠥᠯ᠎ᠤᠨ ᠪᠣᠬᠢᠷᠳᠤᠯ ᠦᠭᠡᠢ᠎ᠪᠠᠷ ᠳᠡᠰ ᠳᠡᠪᠰᠢᠭᠦᠯᠬᠦ ᠢᠨᠵᠧᠨᠧᠷᠢᠩ᠂ ᠬᠦᠷᠢᠶᠡᠯᠡᠩ ᠲᠣᠭᠣᠷᠢᠭ ᠎ᠤᠨ ᠡᠨ᠋ᠸᠷᠬᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ  ᠵᠢ ᠳᠡᠭᠡᠭᠰᠢᠯᠡᠭᠦᠯᠬᠦ ᠢᠨᠵᠧᠨᠧᠷᠢᠩ᠂ ᠬᠣᠲᠠ ᠪᠠᠯᠭ᠋ᠠᠰᠤ ᠵᠢᠨ ᠪᠣᠬᠢᠷᠳᠤᠯ ᠦᠭᠡᠢ ᠡᠨ᠋ᠸᠷᠬᠢ  ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠂ ᠵᠠᠮ ᠬᠠᠷᠢᠯᠴᠠᠭ᠎ᠠ ᠪᠠᠷᠠᠭ᠋ᠠᠨ ᠎ᠤ ᠭᠦᠢ᠍ᠯᠭᠡᠭᠡᠨ᠎ᠤ ᠡᠨ᠋ᠸᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠢᠨᠵᠧᠨᠧᠷᠢᠩ᠂ ᠲᠠᠷᠢᠶᠠᠯᠠᠩ ᠮᠠᠯ ᠠᠵᠤ ᠠᠬᠤᠢ ᠵᠢᠨ ᠡᠨ᠋ᠸᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠢᠨᠵᠧᠨᠧᠷᠢᠩ᠂ ᠤᠯᠠᠨ ᠨᠡᠢ᠍ᠢ᠍ᠳᠡ ᠵᠢᠨ ᠪᠠᠢ᠌ᠭᠤᠯᠤᠮᠵᠢ  ᠵᠢᠨ ᠡᠨ᠋ᠸᠷᠬᠢ  ᠵᠢᠨ ᠠᠰᠢᠭᠯᠠᠮᠵᠢ ᠵᠢ ᠳᠡᠭᠡᠭᠰᠢᠯᠡᠭᠦᠯᠬᠦ ᠢᠨᠵᠧᠨᠧᠷᠢᠩ᠂  ᠭᠣᠣᠯᠳᠠᠯᠭ᠎ᠠ᠎ᠲᠠᠢ ᠣᠷᠣᠨ ᠪᠦᠰᠡ ᠵᠢᠨ ᠪᠣᠬᠢᠷ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ  ᠵᠢ ᠪᠠᠭ᠋ᠠᠰᠬᠠᠬᠤ ᠢᠨᠵᠧᠨᠧᠷᠢᠩ᠂ ᠨᠡᠭᠦᠷᠡᠰᠦ ᠵᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠢᠨᠵᠧᠨᠧᠷᠢᠩ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠢᠨᠵᠧᠨᠧᠷᠢᠩ᠂ ᠣᠷᠴᠢᠨ ᠲᠣᠭᠣᠷᠢᠨ᠎ᠤ ᠰᠠᠭᠤᠷᠢ ᠲᠦᠬᠦᠬᠡᠷᠤᠮᠵᠢ ᠵᠢᠨ ᠲᠦᠪᠰᠢᠨ᠎ᠢ ᠳᠡᠭᠡᠭᠰᠢᠯᠡᠭᠦᠯᠬᠦ ᠢᠨᠵᠧᠨᠧᠷᠢᠩ ᠵᠡᠷᠬᠡ ᠪᠤᠯᠤᠨ᠎ᠠ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠠᠮᠤᠷ ᠲᠦᠪᠰᠢᠨ᠎ᠤ ᠦᠨᠳᠤᠰᠤᠨ ᠵᠢᠷᠤᠮᠵᠢᠯ》 ᠎ᠢ ᠨᠡᠢ᠌ᠳᠡᠯᠡᠭᠳᠡᠵᠤ ᠠᠯᠪᠠᠳᠠᠨ ᠭᠡᠷᠡᠭᠵᠢᠬᠦᠯᠬᠦ ᠤᠯᠤᠰ᠎ᠤᠨ ᠪᠠᠷᠢᠮᠵᠢᠶ᠎ᠡ ᠭᠢᠭᠡᠤᠨ 8 ᠵᠤᠢ᠌ᠯ᠎ᠤᠨ ᠬᠠᠮᠢᠶ᠎ᠠ ᠪᠦᠬᠦᠢ ᠠᠵᠢᠯ ᠲᠦᠷᠤᠯ᠎ᠤᠨ ᠪᠠᠷᠢᠮᠵᠢᠶ᠎ᠡ ᠵᠢ ᠦᠨᠤ ᠵᠢᠯ᠎ᠤᠨ 1 ᠰᠠᠷ᠎ᠠ ᠵᠢᠨ 1 ᠎ᠤ ᠡᠳᠤᠷ᠎ᠠᠴᠠ ᠭᠡᠷᠡᠭᠵᠢᠬᠦᠯᠬᠦ᠎ᠪᠠᠷ ᠪᠤᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠳᠠ ᠬᠦᠭᠵᠢᠬᠦᠯᠤᠯᠳᠡ ᠵᠢᠨ ᠲᠦᠯᠦᠪᠵᠢᠬᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢ ᠲᠥᠷᠬᠦ ᠵᠢᠨ ᠲᠡᠮᠳᠡᠭ (LOGO)᠎ᠢ ᠡᠯᠰᠡᠬᠦ ᠲᠤᠬᠠᠢ ᠠᠯᠪᠠᠨ ᠵᠠᠷ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠤᠳᠠᠭ᠋ᠠᠨ᠎ᠤ ᠪᠦᠬᠦ ᠬᠡᠰᠢᠬᠦᠳ᠎ᠤᠨ ᠬᠤᠷᠠᠯ᠎ᠤᠨ ᠠᠯᠪᠠᠨ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠢ ᠬᠡᠢ ᠵᠢᠨ ᠬᠠᠮᠢᠶᠠᠷᠤᠯᠲᠠ ᠵᠢᠨ ᠳᠦᠷᠢᠮ》᠎ᠢ 7 ᠳ᠋ᠤᠭ᠋ᠠᠷ ᠰᠠᠷ᠎ᠠ ᠵᠢᠨ1᠎ᠤ ᠡᠳᠤᠷ᠎ᠠᠴᠠ ᠡᠬᠢᠯᠡᠨ ᠬᠡᠷᠡᠭᠵᠢᠬᠦᠯᠤᠨ᠎ᠡ
 
            