ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠳᠠ ᠬᠦᠭᠵᠢᠬᠦᠯᠤᠯᠳᠡ ᠵᠢᠨ ᠲᠦᠯᠦᠪᠵᠢᠬᠦᠯᠪᠡ
ᠨᠡᠶᠢᠲᠡᠯᠡᠭᠰᠡᠨ ᠴᠠᠭ᠄ 2021-12-22

                                              ᠵᠢᠨ ᠲᠠᠨ᠎ᠠ ᠤᠷᠴᠢᠭᠤᠯᠪᠠ

   ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠳᠣᠣᠷᠠᠬᠢ ᠵᠠᠰᠠᠭ᠎ᠤᠨ ᠣᠷᠳᠣᠨ᠎ᠤ ᠵᠠᠰᠠᠯᠲᠠ ᠪᠠ ᠨᠡᠢ᠌ᠭᠡᠮ᠎ᠤᠨ ᠵᠣᠬᠢᠴᠠᠭᠤᠯᠭ᠎ᠠ᠂ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ ᠰᠠᠢ᠌ᠨ ᠦᠢ᠍ᠯᠡᠳᠦᠯᠴᠡᠯ᠎ᠢ ᠪᠡᠶᠡᠯᠡᠭᠦᠯᠬᠦ ᠵᠢᠨ ᠲᠥᠯᠥᠭᠡ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠲᠦᠪᠰᠢᠨ᠎ᠢ ᠪᠦᠬᠦ ᠲᠠᠯ᠎ᠠ ᠎ᠪᠠᠷ ᠲᠡᠭᠡᠭᠰᠢᠯᠡᠬᠦᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ  ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠠᠷᠠᠳ᠎ᠤᠨ ᠶᠠᠪᠤᠳᠠᠯ᠎ᠤᠨ ᠶᠠᠮᠤᠨ᠎ᠤ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢᠨ ᠲᠥᠯᠦᠪᠵᠢᠭᠦᠯᠭᠡ (ᠰᠠᠨᠠᠯ ᠬᠤᠷᠢᠶᠠᠬᠤ ᠨᠣᠣᠷᠠᠭ)》 ᠵᠢ ᠦᠨᠳᠦᠰᠦᠯᠡᠨ᠂ ᠲᠣᠰ ᠲᠥᠯᠦᠪᠵᠢᠭᠦᠯᠭᠡ ᠵᠢ ᠲᠣᠭᠲᠠᠭ᠋ᠠᠪᠠ᠃

    ᠨᠢᠭᠡ᠂ ᠬᠦᠭᠵᠢᠬᠦᠯᠤᠯᠳᠡ ᠵᠢᠨ ᠣᠷᠴᠢᠨ ᠲᠣᠭᠣᠷᠢᠨ

     ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠣᠯ ᠨᠠᠮ ᠪᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ ᠵᠶ᠋ᠠᠷ ᠦᠨᠳᠦᠰᠦᠨ ᠨᠢᠭᠡᠴᠢ ᠪᠣᠯᠭ᠋ᠠᠨ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠡᠬᠢ ᠪᠠᠶᠠᠯᠢᠭ᠎ᠢ ᠨᠡᠢ᠌ᠳᠬᠡᠵᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠴᠢᠳᠠᠮᠵᠢ ᠵᠢ ᠴᠢᠩᠭ᠋ᠠᠷᠠᠭᠤᠯᠤᠨ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠪᠠ ᠦᠨᠳᠦᠰᠦᠨ ᠠᠮᠢᠳᠤᠷᠠᠯ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠬᠠᠩᠭ᠋ᠠᠵᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ ᠵᠢ ᠪᠡᠶᠡᠯᠡᠭᠦᠯᠵᠦ᠂ ᠦᠨᠳᠦᠰᠦᠨ ᠱᠠᠲᠤᠨ᠎ᠤ ᠠᠮᠢᠳᠤᠯᠢᠭ ᠬᠦᠴᠦᠨ᠎ᠢ ᠬᠥᠭᠵᠢᠭᠡᠵᠦ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠲᠦᠪᠰᠢᠨ ᠪᠠ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃

   (ᠨᠢᠭᠡ) ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠬᠦᠭᠵᠢᠬᠦᠯᠤᠯᠳᠡ ᠵᠢᠨ ᠠᠮᠵᠢᠯᠲᠠ ᠪᠦᠲᠦᠮᠵᠢ

   ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠪᠠᠢ᠌ᠭᠤᠯᠤᠮᠵᠢ ᠲᠣᠭᠲᠠᠴᠠ ᠵᠢ ᠰᠢᠯᠤᠭᠤᠳᠬᠠᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠣᠯᠠᠨ ᠡᠰᠢᠲᠦ ᠬᠠᠮᠲᠤ ᠵᠢᠨ ᠵᠠᠰᠠᠯᠲᠠ ᠵᠢᠨ ᠰᠢᠨ᠎ᠡ ᠪᠠᠢ᠌ᠷᠢᠰᠢᠯ᠎ᠢ ᠪᠠᠶ᠋ᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ ᠪᠠ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠬᠠᠨᠳᠤᠭᠤᠯᠤᠭᠰᠠᠨ᠂  ᠤᠢ᠌ᠯᠠᠭ᠋ᠠᠬᠳᠠᠬᠤᠨ ᠲᠡᠷᠢᠭᠦᠨ᠎ᠤ᠂ ᠬᠠᠮᠢᠶᠠᠷᠤᠯᠲᠠ ᠰᠢᠨᠵᠢᠯᠡᠬᠦ ᠤᠬᠠᠭ᠋ᠠᠨᠴᠢ᠂ ᠦᠢ᠍ᠯᠡᠴᠢᠯᠡᠭᠡᠨ ᠨᠠᠷᠢᠯᠢᠭ ᠣᠨᠣᠪᠴᠢᠲᠠᠶ᠂ ᠭᠣᠣᠯ ᠴᠣᠭᠴᠠ᠎ᠨᠢ ᠣᠯᠠᠨ ᠡᠰᠢᠵᠢᠭᠰᠡᠨ᠂ ᠲᠦᠬᠦᠬᠡᠷᠤᠮᠵᠢ᠎ᠨᠢ ᠢᠵᠢ ᠪᠦᠷᠢᠳᠦᠭᠰᠡᠨ᠂ ᠴᠢᠳᠠᠮᠵᠢ᠂ ᠡᠡᠭᠨᠡᠬᠡ ᠪᠦᠷᠢᠨ ᠲᠡᠭᠦᠯᠳᠡᠷ᠂ ᠲᠣᠭᠲᠠᠴᠠ᠎ᠨᠢ ᠵᠦᠢ ᠵᠣᠬᠢᠰᠲᠠᠢ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠰᠢᠰᠲᠸᠮ᠎ᠢ ᠴᠢᠷᠮᠠᠢ᠌ᠨ ᠪᠠᠢ᠌ᠭᠤᠯᠵᠤ᠂ ᠪᠥᠬᠥ ᠣᠷᠣᠨ᠎ᠤ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ  ᠲᠡᠭᠡᠭᠰᠢᠯᠡᠬᠦᠯᠪᠡ᠃
— ᠨᠡᠢ᠌ᠭᠡᠮ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠢᠨ᠎ᠡ ᠬᠠᠭᠤᠳᠠᠰᠤ ᠵᠢ ᠨᠡᠭᠡᠭᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ 《ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢ ᠴᠢᠩᠭ᠋ᠠᠳᠬᠠᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠰᠤᠮᠤ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠲᠠᠢ ᠬᠠᠮᠲᠤᠷᠠᠨ 《ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ ᠵᠡᠷᠭᠡ ᠵᠢᠷᠭᠤᠭ᠋ᠠᠨ ᠶᠠᠮᠤᠨ ᠬᠣᠷᠢᠶ᠎ᠠ ᠵᠢᠨ 〈ᠦᠨᠳᠦᠰᠦᠨ ᠱᠠᠲᠤᠨ᠎ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠭᠡᠷᠡᠴᠢ ᠭᠠᠷᠭ᠋ᠠᠬᠤ ᠠᠵᠢᠯ᠎ᠢ ᠰᠠᠢ᠌ᠵᠢᠷᠠᠭᠤᠯᠤᠨ ᠵᠢᠷᠤᠮᠵᠢᠭᠤᠯᠬᠤ ᠲᠤᠬᠠᠢ ᠵᠢᠯᠤᠭᠣᠳᠬᠤ ᠰᠠᠨᠠᠯ〉᠎ᠢ ᠬᠢᠨᠠᠮᠠᠭ᠋ᠠᠢ  ᠨᠠᠢ᠌ᠳᠠᠪᠤᠷᠢᠵᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠨᠡᠢ᠌ᠭᠡᠮ ᠲᠣᠭᠣᠷᠢᠭ᠎ᠤᠨ ᠲᠡᠭᠦᠰ ᠴᠢᠳᠠᠪᠤᠷᠢᠲᠤ ᠲᠠᠮᠠᠭ᠎ᠠ》 ᠵᠢ ᠵᠠᠰᠠᠬᠤ ᠭᠤᠷᠪᠠᠨ ᠵᠢᠯ᠎ᠤᠨ ᠲᠤᠰᠬᠠᠢ ᠠᠵᠢᠯᠯᠠᠭ᠎ᠠ ᠵᠢ ᠪᠠᠢ᠌ᠷᠢᠯᠠᠭᠤᠯᠪᠠ᠃ ᠡᠷᠢᠶᠡᠨ ᠬᠣᠲᠠ᠂ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠂ ᠬᠥᠨᠳᠡᠯᠡᠨ ᠲᠣᠭᠣᠷᠢᠭ᠂ ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ᠎ᠨᠢ ᠪᠦᠬᠦ ᠤᠯᠤᠰ᠎ᠤᠨ ᠨᠡᠢ᠌ᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠲᠤᠷᠰᠢᠯᠲᠠ ᠵᠢᠨ ᠲᠣᠭᠣᠷᠢᠭ ᠪᠣᠯᠤᠭᠰᠠᠨ᠎ᠤ ᠬᠤᠪᠢ᠎ᠳᠤ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ᠎ᠨᠢ ᠪᠥᠬᠥ ᠤᠯᠤᠰ᠎ᠤᠨ ᠠᠩᠬᠠᠳᠠᠭᠴᠢ ᠪᠦᠯᠦᠭ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠲᠤᠷᠰᠢᠯᠲᠠ ᠵᠢᠨ ᠲᠣᠭᠣᠷᠢᠭ ᠪᠣᠯᠤᠭᠰᠠᠨ᠎ᠤ ᠬᠤᠪᠢ᠎ᠳᠤ᠂ ᠨᠡᠢ᠌ᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠵᠢ ᠰᠦᠪᠡᠭᠴᠢᠯᠡᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢᠨ ᠭᠣᠣᠯᠯᠠᠭᠴᠢ ᠵᠢᠨ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠲᠣᠪᠤᠢ᠌ᠯᠭ᠋ᠠᠨ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠨᠠᠩ ᠪᠣᠳᠠᠲᠠᠢ᠌ᠵᠢᠭᠤᠯᠵᠤ᠂ ᠭᠠᠴᠠᠭ᠎ᠠ ᠲᠣᠰᠬᠣᠨ (ᠰᠠᠭᠤᠭ᠋ᠠᠯᠢ ᠠᠷᠠᠳ)᠎ᠤ ᠠᠷᠠᠳ᠎ᠤᠨ ᠵᠥᠪᠯᠡᠯ᠎ᠤᠨ ᠴᠢᠳᠠᠮᠵᠢ ᠵᠢ ᠴᠢᠩᠭ᠋ᠠᠷᠠᠭᠤᠯᠤᠨ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠳᠬᠠᠪᠠ᠃
— ᠬᠤᠳᠠ ᠬᠥᠳᠡᠭᠡ ᠵᠢᠨ ᠶᠡᠷᠦᠩᠬᠡᠢ᠌ᠯᠡᠭᠰᠡᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠬᠢᠷᠢ ᠬᠡᠮᠵᠢᠶ᠎ᠡ ᠵᠢ ᠰᠢᠨ᠎ᠡ ᠠᠬᠢᠯᠲᠠ᠎ᠲᠠᠢ ᠪᠤᠯᠭ᠋ᠠᠪᠠ᠃ ᠬᠣᠲᠠ ᠬᠥᠳᠡᠭᠡ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠲᠥᠬᠦᠭᠡᠷᠦᠮᠵᠢ ᠵᠢᠨ ᠲᠣᠭ᠎ᠠ ᠬᠡᠮᠵᠢᠶ᠎ᠡ᠂ ᠬᠡᠪᠴᠢᠶ᠎ᠡ᠂ ᠭᠠᠵᠠᠷ ᠰᠣᠩᠭᠣᠨ ᠴᠡᠭ ᠪᠠᠢ᠌ᠷᠢᠯᠠᠭᠤᠯᠬᠤ᠂ ᠴᠢᠳᠠᠮᠵᠢ ᠵᠢᠨ ᠵᠢᠷᠤᠭ ᠲᠥᠯᠥᠪᠯᠡᠭᠡ ᠪᠠ ᠪᠦᠲᠦᠭᠡᠨ ᠪᠠᠢ᠌ᠭᠤᠯᠤᠯᠲᠠ ᠵᠢᠨ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠬᠦᠭᠡᠷᠦᠮᠵᠢ᠎ᠪᠠᠷ ᠲᠦᠰᠢᠭ ᠪᠣᠯᠭ᠋ᠠᠭᠰᠠᠨ᠂ ᠲᠤᠰᠬᠠᠢ ᠵᠦᠢ᠍ᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ᠎ᠪᠠᠷ ᠨᠥᠬᠥᠪᠦᠷᠢ ᠪᠣᠯᠭ᠋ᠠᠭᠰᠠᠨ᠂ ᠦᠢ᠍ᠯᠡᠴᠢᠯᠡᠭᠡᠨ᠎ᠤ ᠲᠣᠣᠷ ᠴᠡᠭ ᠵᠶ᠋ᠡᠷ ᠢᠵᠢ ᠪᠦᠷᠢᠳᠦᠭᠦᠯᠦᠭᠰᠡᠨ᠂ ᠨᠡᠢ᠌ᠭᠡᠮ ᠲᠣᠭᠣᠷᠢᠭ᠎ᠤᠨ ᠮᠡᠳᠡᠭᠡ ᠵᠠᠩᠭᠢ ᠵᠢᠨ ᠲᠠᠪᠴᠠᠩ ᠵᠶ᠋ᠠᠷ ᠲᠤᠯᠭ᠋ᠠᠭᠤᠷᠢ ᠪᠣᠯᠭ᠋ᠠᠭᠰᠠᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠲᠣᠣᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠪᠠᠷᠢᠮᠵᠢᠶ᠎ᠠ ᠥᠨᠳᠥᠷ᠂ ᠴᠢᠳᠠᠮᠵᠢ ᠪᠦᠷᠢᠨ᠂ ᠲᠥᠬᠦᠭᠡᠷᠦᠮᠵᠢ ᠭᠦᠢ᠍ᠴᠡᠳ᠂ ᠠᠵᠢᠯᠯᠠᠭ᠋ᠠᠨ ᠪᠦᠲᠦᠮᠵᠢᠲᠡᠶ᠂ ᠬᠥᠮᠥᠰ᠎ᠤᠨ ᠬᠦᠷᠢᠶᠡᠯᠡᠯ᠎ᠢ ᠣᠯᠣᠭᠰᠠᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠪᠠᠢ᠌ᠭᠤᠯᠪᠠ᠃ ᠪᠥᠬᠥ ᠣᠷᠣᠨ᠎ᠤ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ ᠵᠢ ᠪᠦᠬᠦᠨ᠎ᠢ ᠬᠠᠮᠤᠷᠬᠤ᠎ᠳᠤ ᠬᠦᠷᠦᠭᠦᠯᠵᠦ᠂ 2532 ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠲᠠᠯᠠᠪᠠᠶ ᠵᠢ ᠳᠤᠮᠳᠠᠴᠢ᠎ᠪᠠᠷ ᠵᠠᠭᠤᠨ ᠡᠷᠦᠬᠡ ᠪᠦᠷᠢ᠎ᠳᠤ 33 ᠲᠡᠭᠰᠢ ᠳᠥᠷᠪᠡᠯᠵᠢᠨ ᠮᠧᠲᠷ᠎ᠲᠤ ᠬᠦᠷᠦᠭᠦᠯᠵᠦ᠂ ᠪᠥᠬᠥ ᠤᠯᠤᠰ᠎ᠤᠨ ᠵᠠᠭᠤᠨ ᠡᠷᠦᠬᠡ ᠪᠦᠷᠢ᠎ᠳᠤ 30 ᠲᠡᠭᠰᠢ ᠳᠥᠷᠪᠡᠯᠵᠢᠨ ᠮᠧᠲᠷ᠎ᠤᠨ ᠱᠠᠭ᠋ᠠᠷᠳᠠᠯᠭ᠎ᠠ ᠵᠢ ᠳᠠᠪᠠᠭᠤᠯᠤᠨ ᠪᠡᠶᠡᠯᠡᠭᠦᠯᠪᠡ᠃ 11079 ᠭᠠᠴᠠᠭ᠎ᠠ ᠲᠣᠰᠬᠣᠨ᠎ᠤ ᠱᠠᠲᠤᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ᠎ᠨᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠨ᠎ᠳᠤ᠎ᠪᠠᠨ ᠬᠠᠩᠭ᠋ᠠᠵᠤ᠂ ᠪᠥᠬᠥ ᠣᠷᠣᠨ᠎ᠤ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠲᠠᠪᠴᠠᠩ᠎ᠤᠨ ᠪᠦᠷᠬᠦᠴᠡ ᠵᠢᠨ ᠨᠣᠷᠮ᠎ᠠ᠎ᠨᠢ 80%᠎ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠲᠠᠪᠴᠠᠩ᠎ᠤᠨ ᠪᠦᠷᠬᠦᠴᠡ ᠵᠢᠨ ᠨᠣᠷᠮ᠎ᠠ᠎ᠨᠢ 50%᠎ᠳᠤ ᠬᠥᠷᠪᠡ᠃
— ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠡᠩᠨᠡᠭᠡᠨ᠎ᠤ ᠪᠠᠢ᠌ᠭᠤᠯᠤᠯᠲᠠ ᠰᠢᠨ᠎ᠡ ᠪᠠᠢ᠌ᠳᠠᠯ᠎ᠢ ᠪᠤᠢ ᠪᠣᠯᠭ᠋ᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠲᠤᠰᠬᠠᠢ ᠲᠤᠰᠢᠶᠠᠯᠲᠤ ᠠᠵᠢᠯᠲᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 《ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠤ ᠬᠥᠯᠥᠰᠦ ᠣᠯᠭᠣᠮᠵᠢ ᠬᠠᠷᠠᠭ᠋ᠠᠯᠵᠠᠯ᠎ᠤᠨ ᠬᠣᠯᠪᠣᠭᠳᠠᠯ ᠪᠦᠬᠦᠢ ᠶᠠᠪᠤᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠡᠭᠭᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠵᠡᠷᠭᠡ 4 ᠰᠠᠯᠠᠭ᠎ᠠ ᠮᠥᠴᠢᠷ᠎ᠲᠠᠢ ᠬᠠᠮᠲᠤᠷᠠᠨ 《ᠨᠡᠢ᠌ᠭᠡᠮ ᠲᠣᠭᠣᠷᠢᠭ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠰᠢᠰᠲᠸᠮ᠎ᠤᠨ ᠪᠠᠢ᠌ᠭᠤᠯᠤᠯᠲᠠ ᠵᠢᠨ ᠲᠤᠷᠰᠢᠯᠲᠠ ᠵᠢᠨ ᠴᠡᠭ᠎ᠤᠨ ᠲᠥᠰᠥᠯ》᠎ᠢ ᠲᠣᠭᠲᠠᠭ᠋ᠠᠵᠤ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠲᠤᠰᠬᠠᠢ᠌ᠵᠢᠬᠤ᠂ ᠠᠵᠢᠯ ᠮᠡᠷᠭᠡᠵᠢᠬᠦ ᠪᠠᠢ᠌ᠭᠤᠯᠤᠯᠲᠠ ᠪᠠ ᠴᠠᠯᠢᠩ ᠣᠯᠭᠣᠮᠵᠢ ᠵᠡᠷᠭᠡ ᠲᠠᠯ᠎ᠠ᠎ᠪᠠᠷ ᠰᠢᠨ᠎ᠡ ᠲᠣᠭᠲᠠᠭ᠋ᠠᠯ ᠭᠠᠷᠭ᠋ᠠᠪᠠ᠃ ᠪᠥᠬᠥ ᠣᠷᠣᠨ᠎ᠤ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ 2 ᠲᠦᠮᠡ ᠭᠠᠷᠤᠢ ᠠᠵᠢᠯᠲᠠᠨ᠎ᠤ ᠳᠤᠮᠳᠠᠴᠢ ᠴᠠᠯᠢᠩ᠎ᠤᠨ ᠬᠢᠷᠢ ᠬᠡᠮᠵᠢᠶ᠎ᠡ 3050 ᠲᠥᠭᠥᠷᠢᠭ᠎ᠲᠤ ᠬᠦᠷᠴᠦ᠂ 50% ᠣᠷᠴᠢᠮ᠎ᠤᠨ ᠬᠣᠰᠢᠭᠤ ᠰᠢᠶᠠᠨ ᠬᠣᠲᠠ ᠲᠣᠭᠣᠷᠢᠭ᠎ᠤᠨ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠤ ᠣᠯᠭᠣᠮᠵᠢ᠎ᠨᠢ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠳᠤᠮᠳᠠᠴᠢ ᠴᠠᠯᠢᠩ᠎ᠤᠨ ᠬᠢᠷᠢ ᠬᠡᠮᠵᠢᠶ᠎ᠡ᠎ᠳᠤ ᠬᠥᠷᠪᠡ᠃ ᠭᠠᠴᠠᠭ᠋ᠠᠨ᠎ᠤ ᠠᠷᠠᠳ᠎ᠤᠨ ᠵᠥᠪᠯᠡᠯ᠎ᠤᠨ ᠪᠦᠷᠢᠯᠳᠦᠭᠦᠨ᠎ᠤ ᠠᠮᠢᠳᠤᠷᠠᠯ᠎ᠤᠨ ᠨᠥᠬᠥᠪᠦᠷᠢ ᠵᠢ ᠲᠤᠬᠠᠢ ᠵᠢᠨ ᠭᠠᠵᠠᠷ᠎ᠤᠨ ᠳᠡᠭᠡᠷ᠎ᠡ ᠨᠢᠭᠡ ᠵᠢᠯ᠎ᠤᠨ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ ᠵᠢᠨ ᠬᠣᠶᠠᠷ ᠳᠠᠬᠢᠨ ᠣᠷᠴᠢᠮ᠎ᠳᠤ ᠬᠦᠷᠦᠬᠦᠯᠪᠡ᠃ 2016 ᠣᠨ᠎ᠠᠴᠠ ᠨᠠᠭ᠋ᠠᠰᠢ  ᠮᠠᠨ᠎ᠤ ᠤᠷᠤᠨ ᠣᠷᠣᠨ 5000 ᠭᠠᠷᠤᠢ ᠬᠥᠮᠥᠨ ᠤᠳᠠᠭ᠎ᠠ ᠵᠢᠱ᠌ᠢᠶ᠎ᠡ ᠦᠵᠡᠭᠦᠯᠬᠦ ᠪᠣᠯᠪᠠᠰᠤᠷᠠᠯ᠎ᠢ ᠥᠷᠨᠢᠭᠦᠯᠵᠦ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠤ ᠦᠢ᠍ᠯᠡᠴᠢᠯᠡᠭᠡᠨ᠎ᠤ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ᠃
— ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠪᠤᠷᠢ ᠪᠣᠯᠣᠨ ᠦᠢ᠍ᠯᠡᠴᠢᠯᠡᠭᠡᠨ᠎ᠤ ᠶᠠᠰᠤ ᠴᠢᠨᠠᠷ᠎ᠢ ᠰᠢᠨ᠎ᠡ᠎ᠪᠠᠷ ᠳᠡᠭᠡᠭᠰᠢᠯᠡᠭᠦᠯᠪᠡ᠃ ᠨᠢᠭᠡ᠎ᠳᠤ᠂ ᠨᠡᠢ᠌ᠭᠡᠮ ᠨᠡᠶ᠋ᠢᠲᠡ ᠵᠢᠨ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠪᠦᠷᠬᠦᠭᠦᠯᠬᠦ ᠵᠢ  ᠠᠬᠢᠭᠤᠯᠪᠠ᠃ ᠦᠢ᠍ᠯᠡᠴᠢᠯᠡᠭᠡᠨ᠎ᠤ ᠠᠷᠭ᠎ᠠ ᠵᠢᠨ ᠰᠢᠨ᠎ᠡ ᠵᠢ ᠡᠭᠦᠳᠴᠦ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠨᠡᠢ᠌ᠳᠬᠡᠵᠤ ᠨᠡᠢ᠌ᠭᠡᠮ ᠲᠣᠭᠣᠷᠢᠭ ᠲᠡᠰᠢ ᠥᠷᠭᠡᠳᠬᠡᠨ᠂ 《  ᠦᠷᠳᠡᠬᠡᠴᠢᠯᠡᠭᠰᠡᠨ》 ᠦᠢ᠍ᠯᠡᠴᠢᠯᠡᠭᠡ ᠬᠠᠩᠭ᠋ᠠᠵᠤ᠂ ᠨᠡᠢ᠌ᠭᠡᠮ ᠲᠣᠭᠣᠷᠢᠭ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠨᠠᠷᠵᠢᠭᠤᠨ᠂ ᠥᠨᠳᠥᠷ ᠪᠦᠲᠦᠮᠵᠢᠲᠡᠶ᠂ ᠳᠥᠭᠥᠮ ᠳᠥᠲᠡ ᠪᠠᠢ᠌ᠬᠤ ᠵᠢ ᠪᠡᠶᠡᠯᠡᠭᠦᠯᠵᠦ᠂ ᠰᠠᠭᠤᠭ᠋ᠠᠯᠢ ᠠᠷᠠᠳ᠎ᠲᠤ   ᠲᠦᠬᠦᠮ ᠦᠵᠡᠭᠦᠯᠪᠡ᠃ ᠬᠣᠶᠠᠷ᠎ᠲᠤ᠂ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷᠴᠢᠯᠡᠭᠰᠡᠨ᠂ ᠲᠤᠰᠬᠠᠢ᠌ᠵᠢᠭᠰᠠᠨ ᠦᠢ᠍ᠯᠡᠴᠢᠯᠡᠭᠡ ᠲᠠᠰᠤᠷᠠᠯᠲᠠ ᠦᠭᠡᠢ ᠬᠥᠭᠵᠢᠪᠡ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠦᠢ᠍ᠯᠡᠴᠢᠯᠡᠭᠡᠨ᠎ᠤ ᠴᠢᠨᠠᠷᠲᠠᠢ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ᠂ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠤᠨ ᠬᠥᠲᠥᠯᠥᠨ ᠵᠢᠯᠤᠭᠣᠳᠴᠤ᠂ ᠨᠡᠢ᠌ᠭᠡᠮ ᠲᠣᠭᠣᠷᠢᠭ᠎ᠤᠨ ᠤᠯᠠᠨ ᠲᠡᠰ ᠳᠠᠪᠬᠤᠷᠭ᠎ᠠ ᠵᠢᠨ᠂ ᠤᠯᠠᠨ ᠶᠠᠩᠵᠤ ᠵᠢᠨ ᠦᠢ᠍ᠯᠡᠴᠢᠯᠡᠭᠡ ᠵᠢ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠠᠨᠳᠤᠯᠭ᠋ᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠭᠤᠷᠪᠠ᠎ᠳᠤ᠂ ᠰᠠᠭᠤᠭ᠋ᠠᠯᠢ ᠠᠷᠠᠳ᠎ᠤᠨ ᠬᠠᠷᠢᠯᠴᠠᠨ ᠬᠠᠪᠰᠤᠷᠤᠯᠴᠠᠬᠤ ᠦᠢ᠍ᠯᠡᠴᠢᠯᠡᠭᠡ ᠪᠠ ᠰᠠᠢ᠌ᠨ ᠲᠤᠷᠠᠴᠤᠤᠯ᠎ᠤᠨ ᠦᠢ᠍ᠯᠡᠴᠢᠯᠡᠭᠡ ᠡᠯᠪᠡᠭ ᠪᠠᠶᠠᠯᠢᠭ ᠪᠠᠢ᠌ᠨ᠎ᠠ᠃ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ ᠤᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠮᠢᠳᠤᠷᠠᠯ ᠪᠠ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠦᠢ᠍ᠯᠡᠴᠢᠯᠡᠭᠡ ᠵᠢ ᠥᠷᠨᠢᠭᠦᠯᠦᠨ᠂ ᠰᠠᠭᠤᠭ᠋ᠠᠯᠢ ᠠᠷᠠᠳ᠎ᠤᠨ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠵᠢ ᠲᠤᠢ᠌ᠯ᠎ᠤᠨ ᠶᠡᠬᠡ᠎ᠪᠠᠷ ᠬᠠᠩᠭ᠋ᠠᠵᠤ᠂ ᠨᠡᠢ᠌ᠭᠡᠮ ᠲᠣᠭᠣᠷᠢᠭ᠎ᠤᠨ ᠨᠢᠭᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠴᠢᠩᠭ᠋ᠠᠷᠠᠭᠤᠯᠵᠤ᠂ ᠬᠥᠷᠰᠢ ᠵᠡᠷᠭᠡᠯᠡᠳᠡᠭᠡ ᠵᠢᠨ ᠡᠶ᠎ᠡ ᠵᠣᠬᠢᠴᠠᠯ᠎ᠲᠠᠢ᠂ ᠬᠠᠷᠢᠯᠴᠠᠨ ᠬᠠᠪᠰᠤᠷᠤᠯᠴᠠᠨ ᠨᠥᠬᠥᠷᠰᠡᠭ᠂ ᠪᠦᠯᠬᠦᠮᠳᠡᠨ ᠲᠠᠪᠰᠢᠬᠰᠠᠨ ᠨᠡᠢ᠌ᠭᠡᠮ ᠲᠣᠭᠣᠷᠢᠭ᠎ᠤᠨ ᠠᠭᠤᠷ ᠠᠮᠢᠰᠬᠤᠯ᠎ᠢ ᠠᠩᠬ᠎ᠠ ᠠᠯᠬᠤᠮ ᠪᠤᠢ ᠪᠣᠯᠭ᠋ᠠᠪᠠ᠃ ᠳᠥᠷᠪᠡ᠎ᠳᠤ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢ ᠢᠳᠡᠪᠬᠢᠲᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠲᠦᠬᠦᠬᠡᠷᠤᠮᠵᠢ ᠵᠢ ᠲᠡᠭᠦᠯᠳᠡᠷᠵᠢᠭᠦᠯᠦᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠠᠳᠠᠯᠢ ᠲᠡᠭᠰᠢ ᠪᠣᠯᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠪᠥᠬᠥ ᠣᠷᠣᠨ᠎ᠳᠤ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠢ 4963 ᠪᠠᠢ᠌ᠭᠤᠯᠪᠠ᠃
— ᠰᠠᠭᠤᠭ᠋ᠠᠯᠢ ᠠᠷᠠᠳ᠎ᠤᠨ ᠣᠷᠤᠯᠴᠠᠬᠤ ᠴᠢᠳᠠᠪᠤᠷᠢ ᠰᠢᠨ᠎ᠡ ᠳᠡᠭᠡᠭᠰᠢᠯᠡᠯᠲᠡ᠎ᠲᠠᠢ ᠪᠣᠯᠪᠠ᠃ ᠨᠢᠭᠡ᠎ᠳᠤ᠂ ᠠᠷᠪᠠᠳᠤᠭ᠋ᠠᠷ ᠬᠤᠭᠤᠴᠠᠭ᠋ᠠᠨ᠎ᠤ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ》᠎ᠤᠨ ᠬᠤᠭᠤᠴᠠᠭ᠎ᠠ ᠰᠣᠯᠢᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ ᠪᠠ ᠰᠠᠭᠤᠭ᠋ᠠᠯᠢ ᠠᠷᠠᠳ᠎ᠤᠨ ᠵᠥᠪᠯᠡᠯ᠎ᠢ  ᠵᠡᠷᠬᠡ᠎ᠪᠠᠷ ᠬᠤᠭᠤᠴᠠᠭ᠎ᠠ ᠰᠣᠯᠢᠬᠤ ᠵᠢ ᠪᠡᠶᠡᠯᠡᠭᠦᠯᠵᠦ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠷᠠᠳᠴᠢᠯᠠᠭᠰᠠᠨ ᠰᠣᠩᠭᠣᠭᠤᠯᠢ ᠵᠢᠨ ᠲᠠᠰ ᠳᠠᠷᠠᠭ᠋ᠠᠯᠠᠯ᠎ᠢ ᠤᠯᠠᠮ ᠵᠢᠷᠤᠮᠵᠢᠭᠤᠯᠪᠠ᠃ ᠬᠣᠶᠠᠷ᠎ᠲᠤ᠂ ᠭᠠᠴᠠᠭ᠎ᠠ ᠲᠣᠰᠬᠣᠨ᠎ᠤ ᠰᠠᠭᠤᠭ᠋ᠠᠯᠢ ᠠᠷᠠᠳ᠎ᠤᠨ ᠳᠦᠷᠢᠮ ᠲᠣᠭᠲᠠᠭ᠋ᠠᠯ᠎ᠢ ᠵᠢᠷᠤᠮᠯᠠᠨ ᠭᠡᠷ᠎ᠡ ᠵᠢ ᠰᠠᠬᠢᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠪᠥᠬᠥ ᠣᠷᠣᠨ᠎ᠤ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ ᠵᠢ ᠲᠣᠭᠲᠠᠭ᠋ᠠᠵᠤ ᠵᠠᠰᠠᠪᠤᠷᠢ ᠣᠷᠣᠭᠤᠯᠤᠭᠰᠠᠨ ᠨᠣᠷᠮ᠎ᠠ ᠵᠢ 100%᠎ᠳᠤ  ᠬᠦᠷᠦᠬᠦᠯᠪᠡ᠃ ᠭᠤᠷᠪᠠ᠎ᠳᠤ᠂ ᠪᠥᠬᠥ ᠣᠷᠣᠨ᠎ᠤ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠥᠪᠳᠡᠯᠴᠡᠨ ᠦᠢ᠍ᠯᠡᠳᠦᠯᠭᠡᠵᠢᠭᠦᠯᠬᠦ ᠠᠵᠢᠯᠯᠠᠭ᠎ᠠ ᠵᠢ ᠥᠷᠨᠢᠩᠭᠦᠢ ᠥᠷᠨᠢᠭᠦᠯᠪᠡ᠃ ᠡᠯ᠎ᠡ ᠭᠠᠵᠠᠷ᠎ᠤᠨ᠎ᠬᠢᠨ ᠨᠡᠢ᠌ᠭᠡᠮ ᠲᠣᠭᠣᠷᠢᠭ᠎ᠤᠨ ᠠᠷᠠᠳᠴᠢᠯᠠᠯ ᠵᠶ᠋ᠠᠷ ᠵᠥᠪᠳᠡᠯᠴᠡᠬᠦ ᠵᠢ ᠬᠡᠷᠡᠭᠵᠢᠭᠦᠯᠬᠦ ᠲᠥᠰᠥᠯ᠎ᠢ ᠪᠦᠬᠦᠨ᠎ᠢ ᠨᠡᠢ᠌ᠲᠡᠯᠡᠵᠦ᠂ 86% ᠵᠢᠨ ᠬᠣᠰᠢᠭᠤ ᠰᠢᠶᠠᠨ ᠬᠣᠲᠠ ᠲᠣᠭᠣᠷᠢᠭ᠎ᠤᠨ᠎ᠬᠢᠨ ᠵᠥᠪᠳᠡᠯᠴᠡᠬᠦ ᠭᠠᠷᠴᠠᠭ᠎ᠢ ᠲᠣᠭᠲᠠᠭ᠋ᠠᠨ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ᠎ᠬᠢᠨ ᠵᠥᠪᠳᠡᠯᠴᠡᠨ ᠦᠢ᠍ᠯᠡᠳᠦᠯᠭᠡᠵᠢᠭᠦᠯᠬᠦ ᠠᠵᠢᠯᠯᠠᠭ᠎ᠠ ᠵᠢ ᠨᠡᠢ᠌ᠳᠡᠮ ᠥᠷᠨᠢᠭᠦᠯᠪᠡ᠃

  (ᠬᠣᠶᠠᠷ) ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ

   ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠨᠢ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠦᠨᠳᠦᠰᠦᠨ ᠨᠢᠭᠡᠴᠢ ᠪᠣᠯᠤᠭᠰᠠᠨ᠎ᠤ ᠬᠤᠪᠢ᠎ᠳᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠪᠣᠯ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠦᠨᠳᠦᠰᠦᠨ ᠱᠠᠲᠤᠨ᠎ᠤ ᠵᠠᠰᠠᠯᠲᠠ ᠵᠢᠨ  ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ 《ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠬᠠᠷᠢᠭᠤᠴᠠᠬᠤ᠂ ᠠᠷᠠᠳᠴᠢᠯᠠᠯ ᠵᠶ᠋ᠠᠷ ᠵᠥᠪᠳᠡᠯᠴᠡᠬᠦ᠂ ᠨᠡᠢ᠌ᠭᠡᠮ ᠵᠶ᠋ᠡᠷ ᠵᠶ᠋ᠡᠨ ᠬᠠᠮᠵᠢᠯᠴᠠᠬᠤ᠂ ᠤᠯᠠᠨ ᠨᠡᠶ᠋ᠢᠲᠡ᠎ᠪᠠᠷ ᠵᠶ᠋ᠡᠨ ᠣᠷᠤᠯᠴᠠᠬᠤ᠂ ᠬᠠᠤᠯᠢᠵᠢᠯ᠎ᠤᠨ ᠪᠠᠲᠤᠯᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠭᠰᠠᠨ ᠨᠡᠢ᠌ᠭᠡᠮ᠎ᠤᠨ ᠵᠠᠰᠠᠯᠲᠠ ᠵᠢᠨ  ᠰᠢᠰᠲᠸᠮ᠎ᠢ ᠲᠡᠭᠦᠯᠳᠡᠷᠵᠢᠭᠦᠯᠵᠦ᠂ ᠬᠥᠮᠥᠨ ᠪᠦᠬᠦᠨ ᠬᠠᠷᠢᠭᠤᠴᠠᠯᠭ᠎ᠠ᠎ᠲᠠᠢ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠥᠮᠥᠨ ᠪᠦᠬᠦᠨ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ 《ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠨ ᠰᠢᠨ᠎ᠡ ᠵᠢ ᠡᠭᠦᠳᠴᠦ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠰᠢᠨ᠎ᠡ ᠪᠠᠢ᠌ᠷᠢᠯᠠᠭᠤᠯᠤᠯᠲᠠ ᠬᠢᠵᠦ᠂ ᠰᠢᠨ᠎ᠡ ᠬᠠᠷᠠᠯᠲᠠ ᠵᠢ ᠲᠣᠳᠣᠷᠬᠠᠢ᠌ᠯᠠᠨ᠂ ᠰᠢᠨ᠎ᠡ ᠱᠠᠭ᠋ᠠᠷᠳᠠᠯᠭ᠎ᠠ ᠳᠤᠷᠠᠳᠪᠠ᠃ ᠰᠢᠨ᠎ᠡ ᠴᠠᠭ ᠦᠶ᠎ᠡ᠎ᠳᠤ ᠰᠠᠭᠤᠷᠢᠯᠠᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠤᠨ ᠡᠮᠦᠨ᠎ᠡ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠠᠢ ᠬᠠᠷᠢᠴᠠᠭᠤᠯᠪᠠᠯ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠪᠠᠰᠠ ᠴᠥᠭᠡᠨ ᠪᠤᠰᠤ ᠳᠤᠲᠠᠭᠤᠳᠠᠯ ᠪᠠ ᠪᠠᠭᠤᠷᠠᠢ ᠵᠦᠢ᠍ᠯ ᠣᠷᠣᠰᠢᠵᠤ ᠪᠠᠢ᠌ᠨ᠎ᠠ᠂ ᠡᠭᠦᠨ᠎ᠳᠤ ᠭᠣᠣᠯᠳᠠᠭᠤ᠄ ᠨᠢᠭᠡ᠎ᠳᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢ᠌ᠭᠡᠮ᠎ᠤᠨ ᠤᠯᠠᠨ ᠲᠠᠯ᠎ᠠ ᠵᠢᠨ᠎ᠬᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠪᠠᠢ᠌ᠷᠢᠰᠢᠯ ᠬᠠᠷᠠᠬᠠᠨ ᠲᠡᠭᠦᠯᠳᠡᠷᠵᠢᠭᠡᠳᠦᠢ᠂ ᠨᠡᠢ᠌ᠭᠡᠮ ᠲᠣᠭᠣᠷᠢᠭ᠎ᠤᠨ ᠵᠠᠰᠠᠭ ᠵᠠᠬᠢᠷᠭ᠋ᠠᠨᠴᠢᠯᠠᠬᠤ ᠦᠵᠡᠭᠳᠡᠯ ᠮᠥᠨ ᠯᠡ ᠬᠦᠨᠳᠦ ᠨᠣᠴᠢᠲᠠᠢ ᠪᠠᠢ᠌ᠨ᠎ᠠ᠃ ᠬᠣᠶᠠᠷ᠎ᠲᠤ᠂ ᠦᠨᠳᠦᠰᠦᠨ ᠱᠠᠲᠤᠨ᠎ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠣᠯᠠᠨ ᠲᠦᠮᠡᠨ᠎ᠳᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠᠲᠠᠢ ᠪᠠᠢ᠌ᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠲᠠᠯ᠎ᠠ ᠪᠠ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠵᠣᠬᠢᠴᠠᠭᠤᠯᠬᠤ ᠲᠣᠭᠲᠠᠴᠠ ᠲᠡᠭᠦᠯᠳᠡᠷ ᠪᠤᠰᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠨᠠᠷᠢᠯᠢᠭᠵᠢᠭᠤᠯᠤᠯᠲᠠ ᠵᠢᠨ ᠣᠨᠣᠪᠴᠢ ᠵᠢᠨ ᠬᠡᠮᠵᠢᠶ᠎ᠡ ᠥᠨᠳᠥᠷ ᠪᠤᠰᠤ ᠪᠠᠢ᠌ᠵᠤ᠂ ᠬᠣᠲᠠ ᠵᠢᠨ ᠬᠠᠭᠤᠴᠢᠨ ᠬᠤᠷᠢᠶᠠᠯᠠᠯ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ᠎ᠳᠤ ᠳᠤᠲᠠᠭᠤᠳᠠᠯ ᠣᠷᠣᠰᠢᠵᠤ ᠪᠠᠢ᠌ᠨ᠎ᠠ᠃ ᠭᠤᠷᠪᠠ᠎ᠳᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠮᠥᠨ ᠬᠦ᠌ ᠴᠢᠩᠭ᠋ᠠᠳᠬᠠᠬᠤ ᠴᠢᠬᠤᠯᠠᠲᠠᠢ ᠪᠠᠢ᠌ᠵᠤ᠂ ᠠᠵᠢᠯ ᠣᠯᠭᠣᠯᠲᠠ ᠵᠢᠨ ᠲᠠᠲᠠᠬᠤ ᠬᠦᠴᠦᠨ᠂ ᠠᠵᠢᠯ᠎ᠤᠨ ᠪᠠᠢ᠌ᠷᠢ ᠵᠢᠨ ᠮᠡᠳᠡᠷᠡᠬᠦ ᠰᠡᠳᠬᠢᠯᠭᠡ᠂ ᠡᠩᠨᠡᠭᠡ ᠵᠢᠨ ᠲᠣᠭᠲᠠᠪᠤᠷᠢᠲᠤ ᠴᠢᠨᠠᠷ ᠴᠥᠮ ᠴᠢᠩᠭ᠎ᠠ ᠪᠢᠰᠢ ᠪᠠᠢ᠌ᠵᠤ᠂ ᠣᠯᠠᠨ ᠲᠦᠮᠡᠨ᠎ᠤ ᠣᠯᠠᠨ ᠡᠰᠢᠲᠦ᠂ ᠴᠢᠨᠠᠷ ᠰᠠᠢ᠌ᠲᠠᠢ᠂ ᠳᠥᠭᠥᠮ ᠳᠥᠲᠡ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠳᠤ ᠬᠦᠴᠢᠷᠲᠡᠢ ᠪᠠᠢ᠌ᠨ᠎ᠠ᠃ ᠳᠥᠷᠪᠡ᠎ᠳᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠮᠡᠳᠡᠭᠡ ᠵᠠᠩᠭᠢᠵᠢᠯᠲᠠ ᠵᠢᠨ ᠰᠠᠭᠤᠷᠢ ᠲᠥᠬᠦᠭᠡᠷᠦᠮᠵᠢ ᠪᠠ ᠮᠡᠷᠭᠡᠵᠢᠯ᠎ᠤᠨ ᠬᠡᠷᠡᠭᠯᠡᠯᠲᠡ ᠪᠠᠰᠠ ᠮᠠᠰᠢ ᠪᠠᠭᠤᠷᠠᠢ ᠪᠠᠢ᠌ᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠭᠰᠠᠨ ᠦᠢ᠍ᠯᠡᠴᠢᠯᠡᠭᠡᠨ᠎ᠤ ᠲᠣᠭᠲᠠᠴᠠ ᠵᠢ ᠪᠠᠰᠠ ᠲᠡᠭᠦᠯᠳᠡᠷᠵᠢᠭᠦᠯᠬᠦ ᠴᠢᠬᠤᠯᠠᠲᠠᠢ ᠪᠠᠢ᠌ᠨ᠎ᠠ᠃

ᠬᠣᠶᠠᠷ᠂ ᠶᠡᠷᠦᠩᠬᠡᠢ ᠱᠠᠭ᠋ᠠᠷᠳᠠᠯᠭ᠎ᠠ

(ᠨᠢᠭᠡ) ᠵᠢᠯᠤᠭᠣᠳᠬᠤ ᠦᠵᠡᠯ ᠰᠠᠨᠠᠭ᠎ᠠ

   ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠬᠤᠪᠢᠷᠠᠯᠲᠠ᠎ᠳᠤ ᠢᠳᠡᠪᠬᠢᠲᠡᠢ ᠵᠣᠬᠢᠴᠠᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠪᠠ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠨ ᠰᠠᠢ᠌ᠵᠢᠷᠠᠭᠤᠯᠵᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢ᠌ᠭᠡᠮ᠎ᠤᠨ ᠤᠯᠠᠨ ᠲᠠᠯ᠎ᠠ ᠵᠢᠨ᠎ᠬᠢᠨ᠎ᠤ ᠣᠷᠤᠯᠴᠠᠬᠤ ᠪᠠᠢ᠌ᠷᠢᠰᠢᠯ᠎ᠢ ᠪᠠᠢ᠌ᠭᠤᠯᠵᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠪᠤᠷᠢ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠰᠠᠢ᠌ᠨ ᠡᠬᠢᠯᠡᠯᠲᠡ᠂ ᠰᠠᠢ᠌ᠨ ᠠᠯᠬᠤᠴᠠ᠎ᠲᠠᠢ ᠪᠣᠯᠭ᠋ᠠᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠦᠨ᠎ᠡ᠃

(ᠬᠣᠶᠠᠷ) ᠦᠨᠳᠦᠰᠦᠨ ᠵᠠᠷᠴᠢᠮ

—  ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠰᠠᠭᠤᠭ᠋ᠠᠯᠢ ᠠᠷᠠᠳ᠎ᠲᠤ ᠦᠢ᠍ᠯᠡᠴᠢᠯᠡᠨ᠎ᠡ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠦᠨᠳᠦᠰᠦᠨ ᠠᠰᠢᠭ ᠲᠤᠰᠠ ᠵᠢ ᠰᠠᠢ᠌ᠲᠤᠷ ᠪᠡᠶᠡᠯᠡᠭᠦᠯᠬᠦ᠂ ᠰᠠᠢ᠌ᠲᠤᠷ ᠬᠠᠮᠠᠭ᠋ᠠᠯᠠᠬᠤ᠂ ᠰᠠᠢ᠌ᠲᠤᠷ ᠬᠥᠭᠵᠢᠭᠦᠯᠬᠦ᠎ᠪᠠᠷ ᠢᠮᠠᠭᠲᠠ ᠡᠬᠢᠯᠡᠳᠡ ᠪᠠ ᠲᠡᠭᠦᠰᠬᠡᠯ ᠪᠣᠯᠭ᠋ᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠨᠢᠭᠡᠳᠦᠭᠡᠷ ᠳᠣᠬᠢᠶ᠎ᠠ ᠪᠣᠯᠭ᠋ᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠠᠨᠤᠮᠵᠢᠲᠠᠶ ᠪᠠᠢ᠌ᠬᠤ ᠬᠡᠮᠵᠢᠶ᠎ᠡ᠎ᠪᠠᠷ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠬᠤ ᠲᠡᠷᠢᠬᠦᠨ ᠪᠠᠷᠢᠮᠵᠢᠶ᠎ᠠ ᠪᠣᠯᠭ᠋ᠠᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ ᠵᠢ ᠬᠥᠭᠵᠢᠭᠦᠯᠬᠦ ᠪᠠ ᠰᠠᠭᠤᠭ᠋ᠠᠯᠢ ᠠᠷᠠᠳ᠎ᠤᠨ ᠣᠯᠠᠨ ᠲᠦᠮᠡᠨ᠎ᠳᠤ ᠦᠢ᠍ᠯᠡᠴᠢᠯᠡᠬᠦ ᠳᠡᠭᠡᠷ᠎ᠡ ᠦᠨᠡᠨ ᠬᠦ᠌ ᠨᠠᠢ᠌ᠳᠠᠪᠤᠷᠢᠵᠢᠭᠤᠯᠬᠤ ᠬᠡᠷᠡᠭᠲᠡᠢ᠃
 —  ᠬᠠᠷᠢᠴᠠᠭ᠎ᠠ ᠵᠢ ᠰᠢᠯᠤᠭᠤᠳᠬᠠᠵᠤ᠂ ᠡᠭᠦᠷᠭᠡ ᠬᠠᠷᠢᠭᠤᠴᠠᠯᠭ᠎ᠠ ᠵᠢ  ᠲᠤᠳᠤᠷᠬᠠᠢ᠌ᠯᠠᠬᠤ ᠬᠡᠷᠡᠭᠳᠡᠢ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠵᠤ᠂ ᠨᠡᠢ᠌ᠭᠡᠮ ᠲᠣᠭᠣᠷᠢᠭ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠨ᠂ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ᠎ᠳᠤ ᠣᠷᠤᠯᠴᠠᠬᠤ ᠳᠦᠷᠢ ᠵᠢ ᠵᠢᠷᠤᠮᠵᠢᠭᠤᠯᠵᠤ᠂ ᠦᠨᠳᠦᠰᠦᠨ ᠱᠠᠲᠤᠨ᠎ᠤ ᠵᠠᠰᠠᠭ᠎ᠤᠨ ᠣᠷᠳᠣᠨ ᠬᠢᠭᠡᠳ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠡᠷᠬᠡ ᠬᠠᠷᠢᠭᠤᠴᠠᠯᠭ᠎ᠠ ᠵᠢ ᠬᠤᠪᠢᠶᠠᠷᠢᠯᠠᠨ᠂ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ ᠵᠡᠷᠭᠡ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠲᠣᠰ ᠲᠣᠰ᠎ᠤᠨ ᠠᠵᠢᠯ᠎ᠤᠨ ᠬᠠᠷᠠᠯᠲᠠ᠎ᠪᠠᠨ ᠪᠡᠶᠡᠯᠡᠭᠦᠯᠬᠦ ᠵᠢ ᠠᠬᠢᠭᠤᠯᠤᠨ᠎ᠠ᠃
— ᠬᠤᠳᠠ ᠬᠥᠳᠡᠭᠡ ᠵᠢ ᠨᠢᠭᠡᠳᠦᠯᠲᠡᠢ ᠲᠥᠯᠥᠪᠯᠡᠵᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠨ᠎ᠡ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠢ ᠠᠳᠠᠯᠢ ᠲᠡᠭᠰᠢ᠎ᠪᠠᠷ ᠬᠦᠭᠵᠢᠬᠦᠯᠤᠨ᠎ᠡ᠃
 —  ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ᠂ ᠲᠥᠷᠥᠯ ᠬᠤᠪᠢᠶᠠᠨ ᠵᠢᠯᠣᠭᠣᠳᠤᠨ᠎ᠠ᠃ ᠡᠯ᠎ᠡ ᠭᠠᠵᠠᠷ᠎ᠤᠨ ᠪᠣᠳᠠᠲᠤ ᠪᠠᠢ᠌ᠳᠠᠯ᠎ᠢ ᠦᠨᠳᠦᠰᠦᠯᠡᠨ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠬᠢᠵᠦ ᠳᠡᠶ᠋ᠢᠯᠬᠦ ᠶᠠᠪᠤᠳᠠᠯ᠎ᠠᠴᠠ᠎ᠪᠠᠨ ᠡᠬᠢᠯᠡᠵᠦ ᠬᠢᠬᠦ ᠵᠢ ᠪᠠᠷᠢᠮᠲᠠᠯᠠᠬᠤ ᠬᠡᠷᠡᠭᠲᠡᠢ᠃ ᠠᠳᠠᠯᠢ ᠪᠤᠰᠤ ᠪᠠᠢ᠌ᠳᠠᠯ᠎ᠢ ᠢᠯᠭ᠋ᠠᠨ᠂ ᠭᠣᠣᠯᠳᠠᠯᠭ᠎ᠠ ᠵᠢ ᠲᠣᠪᠤᠢ᠌ᠯᠭ᠋ᠠᠨ᠂ ᠣᠨᠴᠠᠯᠢᠭ ᠵᠶ᠋ᠠᠨ ᠴᠢᠩᠭ᠋ᠠᠷᠠᠭᠤᠯᠵᠤ᠂ ᠲᠦᠷᠦᠯ ᠬᠤᠪᠢᠶᠠᠨ ᠵᠢᠯᠤᠭᠣᠳᠬᠤ ᠵᠢ ᠬᠡᠷᠡᠭᠵᠢᠭᠦᠯᠵᠦ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠨ᠎ᠡ᠃

(ᠭᠤᠷᠪᠠ) ᠬᠦᠭᠵᠢᠬᠦᠯᠤᠯᠤᠳᠡ ᠵᠢᠨ ᠬᠠᠷᠠᠯᠲᠠ

   ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠳᠣᠣᠷᠠᠬᠢ ᠥᠪᠡᠷᠲᠡᠭᠡᠨ ᠵᠠᠰᠠᠬᠤ ᠬᠠᠤᠯᠢ᠎ᠪᠠᠷ ᠵᠠᠰᠠᠬᠤ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠵᠠᠰᠠᠬᠤ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠦᠨᠳᠦᠰᠦᠨ ᠱᠠᠲᠤᠨ᠎ᠤ ᠠᠷᠠᠳᠴᠢᠯᠠᠯ ᠵᠶ᠋ᠠᠷ ᠵᠥᠪᠯᠡᠬᠦ ᠳᠦᠷᠢᠮ᠎ᠢ ᠲᠡᠭᠦᠯᠳᠡᠷᠵᠢᠭᠦᠯᠦᠨ᠂ ᠬᠣᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ᠎ᠳᠤ᠎ᠬᠢ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠶᠡᠬᠡ᠎ᠪᠠᠷ ᠪᠣᠢ᠌ᠵᠢᠭᠤᠯᠤᠨ᠂ ᠨᠡᠢ᠌ᠭᠡᠮ᠎ᠤᠨ ᠬᠦᠴᠦᠨ᠎ᠤ ᠨᠡᠢ᠌ᠭᠡᠮ ᠲᠣᠭᠣᠷᠢᠭ᠎ᠤᠨ ᠵᠠᠰᠠᠯᠲᠠ᠎ᠳᠤ ᠣᠷᠤᠯᠴᠠᠬᠤ ᠵᠢ ᠵᠣᠷᠢᠭᠵᠢᠭᠤᠯᠤᠨ᠂ ᠦᠨᠳᠦᠰᠦᠨ ᠱᠠᠲᠤᠨ᠎ᠤ ᠠᠷᠠᠳᠴᠢᠯᠠᠯᠲᠠ᠂ ᠵᠢᠷᠤᠮᠵᠢᠭᠤᠯᠤᠯᠲᠠ᠂ ᠲᠡᠰ ᠲᠠᠷᠠᠭ᠋ᠠᠵᠢᠭᠤᠯᠤᠯᠲᠠ ᠵᠢ ᠠᠬᠢᠭᠤᠯᠤᠨ᠎ᠠ᠃ ᠨᠡᠢ᠌ᠭᠡᠮ ᠲᠣᠭᠣᠷᠢᠭ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ᠂ ᠵᠠᠬ᠎ᠠ ᠳᠡᠯᠭᠡᠭᠦᠷᠴᠢᠯᠡᠭᠰᠡᠨ ᠦᠢ᠍ᠯᠡᠴᠢᠯᠡᠭᠡ ᠵᠢ ᠪᠦᠲᠦᠮᠵᠢᠲᠡᠶ ᠵᠣᠯᠭ᠋ᠠᠭᠤᠯᠬᠤ ᠵᠢ ᠢᠳᠡᠪᠬᠢᠲᠡᠢ    ᠠᠬᠢᠭᠤᠯᠵᠤ᠂  ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠨ᠎ᠠ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠤᠰᠬᠠᠢ᠌ᠵᠢᠭᠰᠠᠨ᠂ ᠠᠵᠢᠯ ᠮᠡᠷᠭᠡᠵᠢᠭᠰᠡᠨ᠂ ᠵᠢᠷᠤᠮᠵᠢᠭᠰᠠᠨ ᠨᠡᠢ᠌ᠭᠡᠮ ᠲᠣᠭᠣᠷᠢᠭ᠎ᠤᠨ ᠠᠵᠢᠯᠲᠠᠨ᠎ᠤ ᠡᠩᠨᠡᠭᠡ ᠵᠢ ᠪᠠᠢ᠌ᠭᠤᠯᠤᠨ᠎ᠠ᠃ ᠢᠨᠲ᠋ᠧᠷ ᠰᠦᠯᠵᠢᠶ᠎ᠡ + ᠨᠡᠢ᠌ᠭᠡᠮ ᠲᠣᠭᠣᠷᠢᠭ᠎ᠲᠤ ᠲᠦᠰᠢᠭᠯᠡᠨ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠬᠡᠵᠦ᠂ ᠢᠨᠲ᠋ᠧᠷ ᠰᠦᠯᠵᠢᠶ᠎ᠡ ᠬᠢᠭᠡᠳ ᠨᠡᠢ᠌ᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠭᠦᠨᠵᠡᠭᠡᠢ ᠠᠭᠤᠰᠤᠯᠴᠠᠯ᠎ᠢ ᠪᠡᠶᠡᠯᠡᠭᠦᠯᠦᠨ᠂ ᠣᠶᠤᠨᠲᠤ ᠨᠡᠢ᠌ᠭᠡᠮ ᠲᠣᠭᠣᠷᠢᠭ᠎ᠤᠨ ᠪᠠᠢ᠌ᠭᠤᠯᠤᠯᠲᠠ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠣᠶᠤᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ᠃ 2025 ᠣᠨ ᠪᠣᠯᠬᠤ᠎ᠳᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠢ ᠡᠶ᠎ᠡ ᠵᠣᠬᠢᠴᠠᠩᠭᠤᠢ ᠡᠮᠬᠢ ᠳᠢᠭᠯᠢᠮ᠎ᠲᠠᠢ᠂ ᠪᠣᠬᠢᠷᠳᠤᠯ ᠦᠭᠡᠢ᠂ ᠪᠣᠯᠪᠠᠰᠤᠨ᠂ ᠰᠢᠨ᠎ᠡ ᠵᠢ ᠡᠭᠦᠳᠬᠦ᠂ ᠪᠠᠭᠲᠠᠭ᠋ᠠᠮᠵᠢᠲᠠᠢ᠂  ᠬᠠᠮᠳᠤ᠎ᠪᠠᠷ ᠪᠠᠢ᠌ᠭᠤᠯᠵᠤ ᠬᠠᠮᠳᠤ᠎ᠪᠠᠷ ᠵᠠᠰᠠᠵᠤ  ᠬᠠᠮᠳᠤ᠎ᠪᠠᠷ ᠡᠳ᠋ᠯᠡᠬᠦ ᠵᠣᠯ ᠵᠢᠷᠭ᠋ᠠᠯᠲᠤ ᠭᠡᠷ ᠣᠷᠣᠨ ᠪᠣᠯᠭ᠋ᠠᠨ ᠪᠦᠲᠦᠭᠡᠨ ᠪᠠᠢ᠌ᠭᠤᠯᠤᠨ᠎ᠠ᠃

ᠭᠤᠷᠪᠠ᠂ ᠭᠣᠣᠯ ᠡᠭᠦᠷᠭᠡ

(ᠨᠢᠭᠡ) ᠬᠤᠳᠠ ᠬᠥᠳᠡᠭᠡ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠤᠨ᠎ᠠ
— ᠨᠠᠮ᠎ᠤᠨ ᠤᠳᠤᠷᠢᠳᠤᠭᠰᠠᠨ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠭᠠᠴᠠᠭ᠎ᠠ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠠᠷᠠᠳ᠎ᠤᠨ ᠵᠥᠪᠯᠡᠯ᠎ᠤᠨ ᠠᠷᠠᠳᠴᠢᠯᠠᠯ ᠵᠶ᠋ᠠᠷ ᠰᠣᠩᠭᠣᠬᠤ ᠲᠠᠰ ᠳᠠᠷᠠᠭ᠋ᠠᠯᠠᠯ᠎ᠢ ᠤᠯᠠᠮ ᠵᠢᠷᠤᠮᠵᠢᠭᠤᠯᠵᠤ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ》᠎ᠤᠨ ᠪᠠᠭ᠎ᠤᠨ ᠪᠦᠷᠢᠯᠳᠦᠭᠦᠨ᠎ᠤ ᠬᠢᠷᠢ ᠬᠡᠮ᠎ᠢ ᠬᠠᠮᠲᠤᠷᠠᠨ ᠬᠢᠨᠠᠬᠤ ᠲᠣᠭᠲᠠᠴᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ》᠎ᠤᠨ ᠪᠠᠭ᠎ᠢ ᠬᠠᠤᠯᠢ ᠶᠣᠰᠣᠭ᠋ᠠᠷ ᠰᠢᠯᠢᠳᠡᠭ᠎ᠢ ᠰᠣᠩᠭᠣᠨ ᠲᠣᠬᠢᠷᠠᠭᠤᠯᠤᠨ᠎ᠠ᠃ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠣᠨᠴᠠᠭ᠋ᠠᠶ ᠬᠠᠤᠯᠢ ᠵᠢᠨ ᠬᠥᠮᠥᠨ᠎ᠤ ᠬᠣᠯᠪᠣᠭᠳᠠᠯ ᠪᠦᠬᠦᠢ ᠳᠦᠷᠢᠮ ᠪᠠ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠭᠡᠷᠡᠴᠢ ᠭᠠᠷᠭ᠋ᠠᠵᠤ ᠥᠭᠬᠦ ᠠᠵᠢᠯ᠎ᠢ ᠵᠢᠷᠤᠮᠵᠢᠭᠤᠯᠬᠤ ᠳᠦᠷᠢᠮ᠎ᠢ ᠰᠤᠳᠤᠯᠤᠨ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃ ᠭᠠᠴᠠᠭ᠎ᠠ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠶᠠᠪᠤᠳᠠᠯ᠎ᠳᠤ ᠬᠢᠨᠠᠯᠲᠠ ᠲᠠᠯᠪᠢᠬᠤ ᠵᠥᠪᠯᠡᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠠᠴᠠᠭ᠎ᠠ ᠲᠣᠰᠬᠣᠨ (ᠰᠠᠭᠤᠭ᠋ᠠᠯᠢ ᠠᠷᠠᠳ)᠎ᠤ ᠶᠠᠪᠤᠳᠠᠯ᠎ᠢ ᠢᠯᠡ ᠪᠣᠯᠭ᠋ᠠᠬᠤ ᠳᠦᠷᠢᠮ᠎ᠢ ᠨᠠᠢ᠌ᠳᠠᠪᠤᠷᠢᠵᠢᠭᠤᠯᠤᠨ᠎ᠠ᠃ ᠣᠯᠠᠨ ᠡᠰᠢᠲᠦ ᠭᠣᠣᠯ ᠴᠣᠭᠴᠠ ᠵᠢᠨ ᠣᠷᠤᠯᠴᠠᠬᠤ ᠵᠢ ᠪᠣᠢ᠌ᠵᠢᠭᠤᠯᠤᠨ ᠬᠥᠭᠵᠢᠭᠦᠯᠵᠦ᠂ ᠠᠵᠢᠯ ᠦᠢ᠍ᠯᠡᠰ᠎ᠤᠨ ᠵᠥᠪᠯᠡᠯ ᠵᠡᠷᠭᠡ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠬᠢᠭᠡᠳ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ ᠬᠠᠷᠢᠯᠴᠠᠨ ᠦᠢ᠍ᠯᠡᠳᠦᠯᠴᠡᠵᠦ ᠰᠣᠯᠢᠯᠴᠠᠬᠤ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ᠂ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠭᠣᠣᠯᠯᠠᠨ ᠤᠳᠤᠷᠢᠳᠤᠭᠰᠠᠨ᠂ ᠨᠡᠢ᠌ᠭᠡᠮ ᠲᠣᠭᠣᠷᠢᠭ᠎ᠤᠨ ᠡᠯ᠎ᠡ ᠲᠥᠷᠥᠯ᠎ᠤᠨ ᠭᠣᠣᠯ ᠴᠣᠭᠴᠠ ᠵᠢᠨ ᠣᠯᠠᠨ ᠡᠰᠢᠴᠢᠯᠡᠨ ᠣᠷᠣᠯᠴᠠᠭᠰᠠᠨ᠂  ᠬᠠᠮᠳᠤ᠎ᠪᠠᠷ ᠵᠠᠰᠠᠭᠰᠠᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠤᠨ᠎ᠠ᠃
 —  ᠤᠯᠠᠨ ᠲᠦᠮᠡᠨ᠎ᠤ ᠦᠨᠳᠦᠰᠦᠨ ᠱᠠᠲᠤᠨ᠎ᠤ ᠵᠠᠰᠠᠯᠲᠠ᠎ᠳᠤ ᠣᠷᠤᠯᠴᠠᠬᠤ ᠳᠦᠷᠢᠮᠵᠢᠭᠰᠡᠨ ᠠᠷᠭ᠎ᠠ ᠵᠠᠮ᠎ᠢ ᠥᠷᠭᠡᠳᠬᠡᠨ᠎ᠡ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠥᠪᠳᠡᠯᠴᠡᠬᠦ ᠳᠦᠷᠢᠮ᠎ᠢ ᠪᠦᠷᠢᠨᠰᠢᠭᠦᠯᠵᠦ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠵᠥᠪᠳᠡᠯᠴᠡᠬᠦ ᠪᠠ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠥᠪᠳᠡᠯᠴᠡᠬᠦ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠢᠳᠡᠪᠬᠢᠲᠡᠢ᠎ᠪᠠᠷ ᠰᠦᠪᠡᠭᠴᠢᠯᠡᠨ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠬᠡᠷᠡᠭ ᠵᠥᠪᠯᠡᠵᠦ ᠵᠥᠪᠳᠡᠯᠴᠡᠬᠦ ᠠᠵᠢᠯ᠎ᠢ ᠥᠷᠨᠢᠭᠦᠯᠦᠨ᠂ ᠵᠥᠪᠳᠡᠯᠴᠡᠭᠰᠡᠨ ᠦᠷ᠎ᠡ ᠪᠦᠲᠦᠭᠡᠯ᠎ᠢ  ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃ ᠭᠠᠴᠠᠭ᠎ᠠ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠠᠷᠠᠳ᠎ᠤᠨ ᠣᠯᠠᠨ ᠨᠡᠶ᠋ᠢᠲᠡ ᠵᠢᠨ ᠵᠦᠢ᠍ᠯᠡᠰ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠤᠯᠴᠠᠬᠤ ᠪᠦᠲᠦᠮᠵᠢᠲᠡᠶ ᠬᠡᠯᠪᠡᠷᠢ ᠵᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠭᠠᠳᠠᠨ᠎ᠠ᠎ᠠᠴᠠ ᠢᠷᠡᠭᠰᠡᠨ ᠬᠥᠮᠥᠨ ᠠᠮᠠ ᠵᠢᠨ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ᠎ᠳᠤ ᠣᠷᠤᠯᠴᠠᠬᠤ ᠠᠵᠢᠯ᠎ᠤᠨ ᠲᠣᠭᠲᠠᠴᠠ ᠵᠢ ᠢᠳᠡᠪᠬᠢᠲᠡᠢ᠎ᠪᠠᠷ ᠰᠦᠪᠡᠭᠴᠢᠯᠡᠬᠦ ᠬᠡᠷᠡᠭᠲᠡᠢ᠃ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ ᠵᠢ ᠪᠦᠬᠦᠨ᠎ᠢ ᠬᠠᠮᠤᠷᠬᠤ ᠵᠢ ᠠᠬᠢᠭᠤᠯᠵᠤ᠂ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠠᠷᠠᠳᠴᠢᠯᠠᠯ ᠵᠶ᠋ᠠᠷ ᠬᠠᠤᠯᠢ᠎ᠪᠠᠷ ᠵᠠᠰᠠᠬᠤ ᠵᠢᠨ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠢ ᠡᠭᠦᠳᠦᠨ ᠪᠠᠶ᠋ᠢᠭᠤᠯᠬᠤ᠂ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠥᠭᠡᠷᠡᠴᠢᠯᠡᠬᠦ ᠵᠡᠷᠭᠡ ᠠᠵᠢᠯ᠎ᠢ ᠬᠠᠮᠵᠢᠯᠴᠠᠨ ᠥᠷᠨᠢᠭᠦᠯᠵᠦ᠂ ᠣᠯᠠᠨ ᠲᠦᠮᠡᠨ᠎ᠢ ᠳᠠᠶ᠋ᠢᠴᠢᠯᠠᠨ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠳᠤ ᠥᠷᠭᠡᠨ ᠵᠶ᠋ᠡᠷ ᠣᠷᠣᠯᠴᠠᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠠᠰᠤᠷᠠᠯᠲᠠ ᠦᠭᠡᠢ ᠠᠬᠢᠭᠤᠯᠤᠨ᠎ᠠ᠃ ᠬᠤᠳᠠ ᠵᠢᠨ ᠰᠠᠭᠤᠭ᠋ᠠᠯᠢ ᠠᠷᠠᠳ᠎ᠤᠨ ᠵᠥᠪᠯᠡᠯ᠎ᠤᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠢ ᠬᠠᠮᠵᠢᠯᠴᠠᠨ ᠠᠬᠢᠭᠤᠯᠤᠨ᠎ᠠ᠃
 —  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠦᠨ᠎ᠡ᠃ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠠᠷᠠᠳ ᠲᠦᠮᠡᠨ᠎ᠤ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ᠂ ᠡᠯ᠎ᠡ ᠭᠠᠵᠠᠷ᠎ᠤᠨ᠎ᠬᠢᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠬᠤ ᠵᠢ ᠵᠣᠷᠢᠭᠵᠢᠭᠤᠯᠤᠨ᠎ᠠ᠃ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠣᠷᠣᠯᠠᠨ ᠭᠦᠢ᠍ᠴᠡᠳᠬᠡᠬᠦ ᠵᠢ ᠵᠢᠷᠤᠮᠵᠢᠭᠤᠯᠤᠨ᠎ᠠ᠃ ᠰᠤᠮᠤ ᠰᠢᠶᠠᠩ ᠪᠠᠯᠭ᠋ᠠᠰᠤ ᠵᠢᠨ ᠬᠠᠷᠢᠶ᠎ᠠ ᠣᠷᠣᠨ᠎ᠤ ᠳᠣᠲᠣᠷᠠᠬᠢ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠴᠢᠩᠭ᠋ᠠᠷᠠᠭᠤᠯᠵᠤ᠂ ᠰᠤᠮᠤ ᠰᠢᠶᠠᠩ ᠪᠠᠯᠭ᠋ᠠᠰᠤ ᠵᠢᠨ ᠦᠷᠳᠡᠭᠡᠴᠢᠯᠡᠭᠰᠡᠨ ᠦᠢ᠍ᠯᠡᠴᠢᠯᠡᠭᠡᠨ᠎ᠤ ᠲᠥᠪ ᠪᠤᠶᠤ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠵᠢ ᠪᠦᠬᠦᠨ᠎ᠢ ᠬᠠᠮᠤᠷᠬᠤ ᠵᠢ ᠠᠬᠢᠭᠤᠯᠤᠨ᠎ᠠ᠃

ᠲᠤᠰᠬᠠᠢ ᠪᠤᠯᠤᠩ 1᠄ ᠬᠣᠲᠠ ᠬᠥᠳᠡᠭᠡ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠨ᠎ᠡ ᠵᠢ ᠡᠭᠦᠳᠦᠨ ᠬᠥᠭᠵᠢᠭᠦᠯᠦᠨ᠎ᠡ

   ᠤᠯᠠᠨ ᠡᠰᠢᠲᠦ ᠭᠣᠣᠯ ᠴᠣᠭᠴᠠ ᠵᠢᠨ ᠣᠷᠤᠯᠴᠠᠯᠭ᠎ᠠ ᠵᠢ ᠪᠣᠢ᠌ᠵᠢᠭᠤᠯᠤᠨ ᠬᠥᠭᠵᠢᠭᠦᠯᠵᠦ᠂ ᠨᠡᠢ᠌ᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠂ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠂ ᠨᠡᠢ᠌ᠭᠡᠮ ᠲᠣᠭᠣᠷᠢᠭ᠎ᠤᠨ ᠡᠯ᠎ᠡ ᠲᠦᠷᠦᠯ᠎ᠤᠨ ᠭᠣᠣᠯ ᠴᠣᠭᠴᠠ ᠵᠢᠨ ᠤᠯᠠᠨ ᠡᠰᠢᠲᠦ ᠣᠷᠤᠯᠴᠠᠯᠭ᠎ᠠ᠂ ᠬᠠᠮᠳᠤ᠎ᠪᠠᠷ ᠵᠠᠰᠠᠬᠤ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠪᠠ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ ᠪᠠ ᠨᠡᠢ᠌ᠭᠡᠮ ᠲᠣᠭᠣᠷᠢᠭ᠎ᠤᠨ ᠠᠷᠠᠳᠴᠢᠯᠠᠭᠰᠠᠨ ᠰᠣᠩᠭᠣᠭᠤᠯᠢ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠵᠥᠪᠳᠡᠯᠴᠡᠬᠦ ᠳᠦᠷᠢᠮ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠨ᠎ᠠ᠃

(ᠬᠣᠶᠠᠷ) ᠨᠡᠢ᠌ᠭᠡᠮ ᠲᠣᠭᠣᠷᠢᠭ ᠎ᠤᠨ ᠦᠢ᠍ᠯᠡᠴᠢᠯᠡᠭᠡᠨ᠎ᠤ ᠴᠢᠳᠠᠪᠤᠷᠢ ᠬᠢᠭᠡᠳ ᠦᠢ᠍ᠯᠡᠴᠢᠯᠡᠭᠡᠨ ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ
— ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠨ ᠰᠢᠯᠢᠳᠡᠭᠵᠢᠭᠦᠯᠦᠨ᠎ᠡ᠃ ᠤᠯᠠᠨ ᠨᠡᠶ᠋ᠢᠲᠡ ᠵᠢᠨ ᠦᠢ᠍ᠯᠡᠴᠢᠯᠡᠭᠡ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ᠂ ᠰᠠᠢ᠌ᠨ ᠳᠤᠷ᠎ᠠ ᠵᠢᠨ ᠬᠠᠷᠢᠯᠴᠠᠨ ᠬᠠᠪᠰᠤᠷᠤᠯᠴᠠᠬᠤ ᠦᠢ᠍ᠯᠡᠴᠢᠯᠡᠭᠡ᠂ ᠵᠠᠬ᠎ᠠ ᠳᠡᠯᠭᠡᠭᠦᠷᠴᠢᠯᠡᠭᠰᠡᠨ ᠦᠢ᠍ᠯᠡᠴᠢᠯᠡᠭᠡ ᠵᠢ ᠪᠦᠲᠦᠮᠵᠢᠲᠡᠶ ᠵᠣᠯᠭ᠋ᠠᠭᠤᠯᠤᠭᠰᠠᠨ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠤᠯᠠᠨ ᠨᠡᠶ᠋ᠢᠲᠡ ᠵᠢᠨ ᠡᠬᠢ ᠪᠠᠶᠠᠯᠢᠭ᠎ᠢ ᠬᠤᠳᠠ ᠬᠥᠳᠡᠭᠡ ᠵᠢᠨ ᠬᠣᠭᠣᠷᠣᠨᠳᠤ ᠲᠡᠩᠴᠡᠭᠦᠷᠢᠲᠡᠢ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠨᠡᠢ᠌ᠭᠡᠮ ᠲᠣᠭᠣᠷᠢᠭ ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠤᠯᠠᠭ᠋ᠠᠯᠠᠭ᠎ᠠ᠂ ᠤᠰᠤ ᠴᠠᠬᠢᠯᠭ᠋ᠠᠨ᠂ ᠨᠡᠭᠦᠷᠡᠰᠦᠨ ᠬᠡᠢ᠂ ᠴᠠᠬᠢᠯᠭ᠋ᠠᠨ ᠎ᠤ ᠵᠠᠷᠤᠳᠠᠯ᠎ᠢ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠬᠡᠷᠡᠭᠯᠡᠬᠦ ᠦᠨ᠎ᠡ ᠬᠠᠩᠰᠢ ᠵᠢᠨ ᠪᠠᠷᠢᠮᠵᠢᠶ᠎ᠠ᠎ᠪᠠᠷ ᠬᠤᠷᠢᠶᠠᠬᠤ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠣᠷᠣᠨ ᠪᠦᠰᠡ ᠵᠢ ᠬᠠᠮᠤᠷᠬᠤ᠂ ᠳᠦᠷᠢᠮ᠎ᠢ ᠨᠢᠭᠡᠳᠦᠯᠲᠡᠢ ᠲᠥᠯᠥᠪᠯᠡᠬᠦ ᠱᠠᠭ᠋ᠠᠷᠳᠠᠯᠭ᠎ᠠ ᠶᠣᠰᠣᠭ᠋ᠠᠷ᠂ ᠬᠤᠳᠠ ᠬᠥᠳᠡᠭᠡ ᠵᠢᠨ ᠵᠠᠭ᠋ᠠᠭ ᠬᠢᠵᠠᠭ᠋ᠠᠷ᠎ᠢ ᠡᠪᠳᠡᠵᠦ᠂ ᠣᠷᠣᠨ ᠵᠠᠢ ᠵᠢᠨ ᠪᠠᠢ᠌ᠷᠢᠰᠢᠯ᠎ᠢ ᠨᠢᠭᠡᠳᠦᠯᠲᠡᠢ ᠲᠥᠯᠥᠪᠯᠡᠵᠦ᠂ ᠬᠤᠳᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ ᠪᠠ ᠨᠢᠭᠦᠯᠡᠰᠦᠩᠭᠦᠢ ᠵᠢᠨ ᠦᠢ᠍ᠯᠡᠰ᠂ ᠨᠡᠢ᠌ᠭᠡᠮ᠎ᠤᠨ ᠠᠵᠢᠯ᠎ᠤᠨ ᠡᠬᠢ ᠪᠠᠶᠠᠯᠢᠭ᠎ᠢ ᠬᠥᠳᠡᠭᠡ ᠲᠣᠰᠬᠣᠨ᠂ ᠮᠠᠯᠵᠢᠬᠤ ᠣᠷᠣᠨ ᠢᠯᠠᠩᠭᠤᠶ᠎ᠠ ᠣᠨᠳᠣᠣ ᠭᠠᠵᠠᠷ ᠨᠡᠭᠦᠯᠭᠡᠨ ᠶᠠᠳᠠᠭᠤ ᠵᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠨᠡᠢ᠌ᠭᠡᠮ ᠲᠣᠭᠣᠷᠢᠭ ᠪᠠ ᠠᠮᠢ ᠠᠬᠤᠢ ᠵᠢᠨ ᠨᠡᠭᠦᠳᠡᠯ ᠠᠷᠠᠳ᠎ᠢ ᠨᠡᠭᠦᠯᠭᠡᠨ ᠲᠥᠪᠬᠢᠨᠡᠭᠦᠯᠬᠦ ᠨᠡᠢ᠌ᠭᠡᠮ ᠲᠣᠭᠣᠷᠢᠭ ᠵᠡᠷᠭᠡ ᠲᠡᠰᠢ ᠰᠠᠴᠤᠷᠠᠭᠯᠠᠨ ᠤᠷᠲᠤᠳᠬᠠᠬᠤ ᠵᠢ ᠠᠬᠢᠭᠤᠯᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠨᠢᠭᠡ ᠴᠣᠭᠴᠠᠵᠢᠭᠤᠯᠬᠤ ᠪᠠ ᠲᠡᠩᠴᠡᠭᠦᠷᠢᠰᠢᠭᠦᠯᠦᠨ ᠬᠥᠭᠵᠢᠭᠦᠯᠬᠦ ᠵᠢ ᠲᠦᠷᠭᠡᠳᠬᠡᠨ᠎ᠡ᠃ 《ᠰᠢᠨ᠎ᠡ ᠴᠠᠭ ᠦᠶ᠎ᠡ ᠰᠢᠨ᠎ᠡ ᠨᠡᠢ᠌ᠭᠡᠮ ᠲᠣᠭᠣᠷᠢᠭ ᠰᠢᠨ᠎ᠡ ᠠᠮᠢᠳᠤᠷᠠᠯ》᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠲᠤᠷᠰᠢᠯᠲᠠ ᠵᠢᠨ ᠲᠣᠭᠣᠷᠢᠭ᠎ᠢ ᠡᠭᠦᠳᠦᠨ ᠪᠠᠶ᠋ᠢᠭᠤᠯᠬᠤ᠎ᠪᠠᠷ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠲᠦᠭᠵᠢᠷᠡᠯ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠬᠡ ᠰᠤᠷᠭ᠋ᠠᠭᠤᠯᠢ ᠵᠢᠨ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂ ᠨᠡᠢ᠌ᠭᠡᠮ ᠲᠣᠭᠣᠷᠢᠭ᠎ᠤᠨ ᠨᠠᠰᠤᠨ ᠲᠤᠷᠰᠢᠲᠠ ᠵᠢᠨ ᠰᠤᠷᠭ᠋ᠠᠨ ᠬᠥᠮᠦᠵᠢᠯ᠎ᠢ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠲᠤᠷᠰᠢᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠤᠨ ᠮᠤᠬᠤᠷ ᠰᠠᠬᠢᠬᠰᠠᠨ ᠨᠠᠰᠤᠲᠠᠢ᠌ᠴᠤᠳ᠂ ᠭᠡᠷ ᠎ᠲᠤ᠎ᠪᠠᠨ ᠬᠤᠴᠤᠷᠤᠬᠰᠠᠨ ᠡᠮᠡᠭᠲᠡᠢ᠌ᠴᠦᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ ᠪᠣᠯᠣᠨ ᠪᠤᠰᠤᠳ ᠣᠨᠴᠠ ᠬᠦᠴᠢᠷᠳᠡᠯᠲᠡᠢ ᠬᠥᠮᠥᠰ᠎ᠢ ᠬᠠᠷᠠᠭ᠋ᠠᠯᠵᠠᠬᠤ᠂ ᠬᠠᠪᠰᠤᠷᠤᠨ ᠲᠡᠳᠬᠦᠬᠦ ᠵᠡᠷᠭᠡ᠎ᠪᠠᠷ ᠭᠣᠣᠯᠳᠠᠯᠭ᠎ᠠ ᠪᠣᠯᠭ᠋ᠠᠨ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠵᠢ ᠬᠥᠭᠵᠢᠭᠦᠯᠦᠨ᠎ᠡ᠃ ᠬᠥᠳᠡᠭᠡ ᠲᠣᠰᠬᠣᠨ᠎ᠤ ᠵᠠᠰᠠᠯᠲᠠ ᠬᠢᠭᠡᠳ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠣᠯᠪᠤᠭ᠋ᠠᠯᠠᠨ ᠬᠥᠳᠡᠯᠦᠯᠴᠡᠬᠦ ᠵᠢ ᠠᠬᠢᠭᠤᠯᠵᠤ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠣᠰᠬᠣᠨ᠎ᠤ ᠠᠷᠠᠳ ᠵᠡᠷᠭᠡ ᠭᠣᠣᠯ ᠴᠣᠭᠴᠠ ᠵᠢᠨ ᠬᠠᠮᠲᠤᠪᠠᠷ ᠣᠷᠣᠯᠴᠠᠭᠰᠠᠨ ᠦᠢ᠍ᠯᠡᠴᠢᠯᠡᠭᠡᠨ᠎ᠤ ᠪᠠᠢ᠌ᠷᠢᠰᠢᠯ᠎ᠢ ᠪᠠᠢ᠌ᠭᠤᠯᠤᠨ᠎ᠠ᠃
— ᠨᠡᠢ᠌ᠭᠡᠮ ᠲᠣᠭᠣᠷᠢᠭ᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡ ᠪᠠ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭᠲᠠᠢ ᠦᠢ᠍ᠯᠡᠴᠢᠯᠡᠭᠡ ᠵᠢ  ᠶᠡᠬᠡ᠎ᠪᠠᠷ ᠬᠥᠭᠵᠢᠭᠦᠯᠦᠨ᠎ᠡ᠃ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ᠎ᠢ ᠪᠣᠢ᠌ᠵᠢᠭᠤᠯᠤᠨ ᠬᠥᠭᠵᠢᠭᠦᠯᠵᠦ᠂ ᠨᠢᠭᠡ ᠪᠦᠯᠦᠭ  ᠲᠤᠰᠬᠠᠢ ᠮᠡᠷᠭᠡᠵᠢᠯ᠎ᠤᠨ ᠰᠢᠨᠵᠢ ᠨᠡᠯᠢᠶᠡᠳ ᠴᠢᠩᠭ᠎ᠠ ᠢᠳᠡᠬᠡᠮᠵᠢᠳᠡᠢ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠡᠳᠬᠦᠨ ᠳᠡᠮᠵᠢᠵᠦ᠂ ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠵᠢ ᠴᠢᠩᠭ᠋ᠠᠷᠠᠭᠤᠯᠤᠨ᠂ ᠨᠡᠢ᠌ᠭᠡᠮ ᠪᠠ ᠵᠠᠬ᠎ᠠ ᠳᠡᠯᠭᠡᠭᠦᠷ᠎ᠲᠤ ᠣᠷᠤᠯᠴᠠᠬᠤ ᠣᠷᠣᠨ ᠵᠠᠢ ᠵᠢ ᠥᠷᠭᠡᠳᠬᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠲᠤᠰᠬᠠᠢ᠌ᠵᠢᠭᠰᠠᠨ᠂ ᠥᠪᠡᠷᠮᠢᠴᠡ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠬᠠᠩᠭ᠋ᠠᠬᠤ ᠵᠢ ᠳᠡᠮᠵᠢᠨ᠎ᠡ᠃ ᠡᠯ᠎ᠡ ᠲᠥᠷᠥᠯ᠎ᠤᠨ ᠵᠣᠬᠢᠶᠠᠨ ᠪᠠᠢ᠌ᠭᠤᠯᠤᠯᠲᠠ᠂ ᠠᠵᠤ ᠠᠬᠤᠢ᠌ᠯᠠᠯ ᠪᠣᠯᠣᠨ ᠬᠤᠪᠢ ᠬᠥᠮᠥᠨ᠎ᠤ ᠭᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ ᠵᠶ᠋ᠡᠷ ᠭᠣᠣᠯ ᠪᠣᠯᠭ᠋ᠠᠭᠰᠠᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ ᠡᠷᠭᠢᠯᠡᠬᠦ ᠵᠢ ᠵᠣᠷᠢᠭᠵᠢᠭᠤᠯᠤᠨ ᠳᠡᠮᠵᠢᠵᠦ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠎ᠡ᠃ ᠢᠳᠡᠪᠬᠢᠲᠡᠢ᠎ᠪᠠᠷ ᠨᠥᠬᠥᠴᠡᠯ ᠡᠭᠦᠳᠴᠦ᠂ ᠲᠣᠭᠣᠷᠢᠭ᠎ᠲᠤ ᠰᠠᠭᠤᠭ᠎ᠠ ᠨᠢᠬᠡᠴᠢ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠨᠡᠢ᠌ᠭᠡᠮᠴᠢᠯᠡᠯᠲᠡ ᠵᠢ ᠵᠣᠷᠢᠭᠵᠢᠭᠤᠯᠤᠨ ᠬᠥᠲᠥᠯᠥᠨ ᠵᠢᠯᠣᠭᠣᠳᠤᠨ᠎ᠠ᠃ ᠨᠡᠢ᠌ᠭᠡᠮ ᠲᠣᠭᠣᠷᠢᠭ᠎ᠤᠨ ᠬᠠᠮᠢᠶᠠᠷᠤᠯᠲᠠ ᠪᠠ ᠠᠳᠠᠯ ᠠᠬᠤᠢ ᠵᠢᠨ ᠬᠠᠮᠢᠶᠠᠷᠤᠯᠲᠠ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠲᠡᠭᠡᠭᠰᠢᠯᠡᠬᠦᠯᠤᠨ᠎ᠡ᠃
— ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠢᠯᠡᠳᠬᠡᠬᠦ ᠲᠣᠭᠲᠠᠴᠠ ᠪᠠ ᠦᠨᠡᠯᠡᠬᠦ ᠲᠣᠭᠲᠠᠴᠠ ᠵᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ᠎ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮ ᠲᠣᠭᠣᠷᠢᠭ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠳᠣᠷᠬᠠᠢ ᠬᠠᠭᠤᠳᠠᠰᠤ ᠪᠠ ᠡᠬᠢ ᠪᠠᠶᠠᠯᠢᠭ᠎ᠤᠨ ᠬᠠᠩᠭ᠋ᠠᠯᠭ᠎ᠠ ᠵᠢᠨ ᠲᠣᠳᠣᠷᠬᠠᠢ ᠬᠠᠭᠤᠳᠠᠰᠤ ᠵᠢᠨ ᠳᠦᠷᠢᠮ᠎ᠢ ᠪᠠᠶ᠋ᠢᠭᠤᠯᠬᠤ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠲᠠᠯ᠎ᠠ ᠪᠠ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠵᠣᠬᠢᠴᠠᠯᠳᠤᠨ ᠵᠣᠯᠭ᠋ᠠᠯᠳᠤᠬᠤ ᠵᠢ ᠠᠬᠢᠭᠤᠯᠤᠨ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠨᠠᠷᠢᠯᠢᠭᠵᠢᠭᠤᠯᠬᠤ ᠪᠠ ᠨᠠᠷᠢᠯᠢᠭ ᠣᠨᠣᠴᠠᠲᠠᠢ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠪᠠ ᠡᠵᠡᠩᠨᠡᠯᠲᠡ ᠵᠢᠨ ᠪᠠᠢ᠌ᠳᠠᠯ᠎ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠢ ᠴᠢᠩᠭ᠋ᠠᠳᠬᠠᠨ᠎ᠠ᠃ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠰᠠᠭᠤᠭ᠋ᠠᠯᠢ ᠠᠷᠠᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠣᠢ᠌ᠯᠠᠭ᠋ᠠᠬᠤ᠂ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠨᠢᠭᠡᠳᠦᠯᠲᠡᠢ ᠲᠥᠯᠥᠪᠯᠡᠨ ᠵᠢᠷᠤᠭᠯᠠᠨ ᠲᠥᠯᠥᠪᠯᠡᠬᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠯᠭ᠋ᠠᠨ ᠠᠪᠬᠤ ᠵᠢ ᠳᠡᠮᠵᠢᠬᠦ᠂ ᠨᠡᠢ᠌ᠭᠡᠮ᠎ᠤᠨ ᠲᠤᠰᠬᠠᠢ ᠠᠵᠢᠯ᠎ᠤᠨ ᠪᠦᠯᠬᠦᠮ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠣᠷᠣᠯᠴᠠᠭᠤᠯᠬᠤ ᠠᠵᠢᠯ᠎ᠤᠨ  ᠰᠢᠰᠲᠸᠮ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠬᠤ ᠪᠠ ᠡᠬᠢ ᠪᠠᠶᠠᠯᠢᠭ ᠬᠠᠩᠭ᠋ᠠᠬᠤ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

ᠲᠤᠰᠬᠠᠢ ᠪᠤᠯᠤᠩ 2᠄ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠠᠬᠢᠭᠤᠯᠤᠨ᠎ᠠ

   ᠨᠡᠢ᠌ᠭᠡᠮ ᠲᠣᠭᠣᠷᠢᠭ᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡ ᠪᠠ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡ ᠵᠢ  ᠶᠡᠬᠡ᠎ᠪᠠᠷ ᠬᠥᠭᠵᠢᠭᠦᠯᠵᠦ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ᠎ᠢ ᠪᠣᠢ᠌ᠵᠢᠭᠤᠯᠤᠨ ᠬᠥᠭᠵᠢᠭᠦᠯᠵᠦ᠂ ᠲᠤᠰᠬᠠᠢ ᠮᠡᠷᠭᠡᠵᠢᠯ᠎ᠤᠨ ᠰᠢᠨᠵᠢ ᠨᠡᠯᠢᠶᠡᠳ ᠴᠢᠡᠭᠭ᠎ᠠ᠂ ᠢᠳᠡᠭᠡᠮᠵᠢᠳᠡᠢ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠡᠮᠵᠢᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠰᠠᠭᠤᠭ᠋ᠠᠯᠢ ᠠᠷᠠᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠢᠯᠡᠷᠡᠭᠦᠯᠦᠭᠰᠡᠨ᠂ ᠦᠢ᠍ᠯᠡᠴᠢᠯᠡᠭᠡᠨ᠎ᠤ ᠵᠦᠢ᠍ᠯᠡᠰ᠎ᠢ ᠨᠢᠭᠡᠳᠦᠯᠲᠡᠢ ᠲᠥᠯᠥᠪᠯᠡᠨ ᠵᠢᠷᠤᠵᠤ ᠲᠥᠯᠥᠪᠯᠡᠭᠰᠡᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮ᠎ᠤᠨ ᠲᠤᠰᠬᠠᠢ ᠠᠵᠢᠯ᠎ᠤᠨ ᠪᠦᠯᠬᠦᠮ ᠨᠡᠶ᠋ᠢᠲᠡ ᠵᠢ ᠬᠥᠲᠥᠯᠥᠨ ᠵᠢᠯᠤᠭᠣᠳᠴᠤ ᠣᠷᠣᠯᠴᠠᠭᠤᠯᠤᠭᠰᠠᠨ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ᠃
   ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ 2025 ᠣᠨ᠎ᠤ ᠰᠡᠭᠦᠯᠴᠢ᠎ᠪᠠᠷ ᠪᠥᠬᠥ ᠣᠷᠣᠨ᠎ᠳᠤ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠢ 6000 ᠪᠠᠢ᠌ᠭᠤᠯᠤᠨ᠎ᠠ᠃

(ᠭᠤᠷᠪᠠ) ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠡᠩᠨᠡᠭᠡᠨ᠎ᠤ ᠪᠠᠢ᠌ᠭᠤᠯᠤᠯᠲᠠ ᠵᠢ  
ᠠᠬᠢᠭᠤᠯᠤᠨ᠎ᠠ

— ᠥᠨᠳᠥᠷ ᠬᠡᠪ ᠪᠣᠯᠪᠠᠰᠤᠷᠠᠯ᠎ᠲᠠᠢ ᠨᠡᠢ᠌ᠭᠡᠮ ᠲᠣᠭᠣᠷᠢᠭ᠎ᠤᠨ ᠠᠵᠢᠯᠲᠠᠨ᠎ᠤ ᠡᠩᠨᠡᠭᠡ ᠵᠢ ᠪᠠᠢ᠌ᠭᠤᠯᠤᠨ᠎ᠠ᠃ ᠨᠡᠢ᠌ᠭᠡᠮ ᠲᠣᠭᠣᠷᠢᠭ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠠᠵᠢᠯ᠎ᠤᠨ ᠪᠠᠢ᠌ᠷᠢ ᠵᠢᠨ ᠣᠨᠴᠠᠯᠢᠭ᠂ ᠠᠵᠢᠯᠯᠠᠭᠰᠠᠨ ᠣᠨ ᠵᠢᠯ᠂ ᠰᠤᠷᠭ᠋ᠠᠨ ᠬᠥᠮᠦᠵᠢᠯ᠎ᠤᠨ ᠬᠡᠮᠵᠢᠶ᠎ᠡ᠂ ᠲᠤᠰᠬᠠᠢ ᠮᠡᠷᠭᠡᠵᠢᠯ᠎ᠤᠨ ᠬᠢᠷᠢ ᠬᠡᠮᠵᠢᠶ᠎ᠡ᠎ᠲᠠᠢ ᠲᠣᠬᠢᠷᠠᠯᠴᠠᠭᠰᠠᠨ ᠨᠡᠢ᠌ᠭᠡᠮ ᠲᠣᠭᠣᠷᠢᠭ᠎ᠤᠨ ᠠᠵᠢᠯᠲᠠᠨ᠎ᠤ ᠠᠵᠢᠯ᠎ᠤᠨ ᠪᠠᠢ᠌ᠷᠢ ᠵᠢᠨ ᠳᠡᠰ᠎ᠤᠨ ᠳᠡᠰ ᠳᠠᠷᠠᠭ᠋ᠠᠯᠠᠯ᠎ᠢ ᠪᠠᠢ᠌ᠭᠤᠯᠤᠨ ᠲᠡᠭᠦᠯᠳᠡᠷᠵᠢᠭᠦᠯᠵᠦ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠴᠠᠯᠢᠩ ᠬᠥᠯᠥᠰᠦ ᠵᠢᠨ  ᠰᠢᠰᠲᠸᠮ ᠪᠠ ᠬᠡᠪ᠎ᠤᠨ ᠨᠡᠮᠡᠭᠳᠡᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠨᠡᠢ᠌ᠭᠡᠮ᠎ᠤᠨ ᠳᠠᠭ᠋ᠠᠳᠬᠠᠯ᠎ᠳᠤ ᠣᠷᠤᠯᠴᠠᠬᠤ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠲᠤᠰᠢᠶᠠᠨ ᠬᠠᠳᠠᠭ᠋ᠠᠯᠠᠭᠤᠯᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠬᠥᠯᠥᠰᠦ ᠣᠯᠭᠣᠮᠵᠢ ᠵᠢᠨ ᠪᠠᠷᠢᠮᠵᠢᠶ᠎ᠠ ᠵᠢ ᠳᠡᠭᠡᠷ᠎ᠡ ᠵᠢᠯ᠎ᠤᠨ ᠲᠤᠬᠠᠢ ᠵᠢᠨ ᠭᠠᠵᠠᠷ᠎ᠤᠨ ᠬᠣᠲᠠ ᠪᠠᠯᠭ᠋ᠠᠰᠤ ᠵᠢᠨ ᠠᠵᠢᠯᠲᠠᠨ᠎ᠤ ᠡᠵᠡᠮᠳᠡᠵᠦ ᠪᠣᠯᠬᠤ ᠣᠷᠣᠯᠭ᠎ᠠ ᠵᠢᠨ ᠲᠦᠪᠰᠢᠨ᠎ᠳᠤ ᠬᠦᠷᠬᠡᠨ᠎ᠡ᠃ ᠨᠡᠢ᠌ᠭᠡᠮ ᠲᠣᠭᠣᠷᠢᠭ᠎ᠤᠨ ᠰᠢᠯᠢᠳᠡᠭ ᠠᠵᠢᠯᠲᠠᠨ᠎ᠤ ᠳᠣᠲᠣᠷ᠎ᠠ᠎ᠠᠴᠠ ᠨᠠᠮ᠎ᠤᠨ ᠭᠡᠰᠢᠭᠦᠨ᠎ᠢ ᠬᠥᠮᠥᠵᠢᠭᠦᠯᠬᠦ᠂ ᠦᠨᠳᠦᠰᠦᠨ ᠱᠠᠲᠤᠨ᠎ᠤ ᠺᠠᠳ᠋ᠷ᠎ᠢ ᠰᠢᠯᠢᠨ ᠰᠣᠩᠭᠣᠬᠤ ᠵᠡᠷᠭᠡ ᠳᠦᠷᠢᠮ᠎ᠤᠨ ᠠᠷᠭ᠎ᠠ ᠵᠠᠮ᠎ᠢ ᠬᠠᠢ᠌ᠨ ᠰᠦᠪᠡᠭᠴᠢᠯᠡᠨ᠎ᠡ᠃ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠪᠠ ᠨᠡᠢ᠌ᠭᠡᠮ ᠲᠣᠭᠣᠷᠢᠭ᠎ᠤᠨ ᠠᠵᠢᠯᠲᠠᠨ᠎ᠤ ᠨᠡᠢ᠌ᠲᠡᠯᠢᠭ ᠵᠢᠱ᠌ᠢᠶ᠎ᠡ ᠵᠢ ᠪᠣᠢ᠌ᠵᠢᠭᠤᠯᠬᠤ ᠪᠠ ᠬᠥᠬᠢᠭᠦᠯᠦᠨ ᠰᠠᠢ᠌ᠰᠢᠶᠠᠵᠤ ᠤᠷᠮᠠᠰᠢᠭᠤᠯᠬᠤ ᠲᠣᠭᠲᠠᠴᠠ ᠵᠢ ᠨᠠᠢ᠌ᠳᠠᠪᠤᠷᠢᠵᠢᠭᠤᠯᠤᠨ᠎ᠠ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠢ ᠱᠠᠲᠤ ᠬᠤᠪᠢᠶᠠᠨ ᠪᠣᠯᠪᠠᠰᠤᠷᠠᠭᠤᠯᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠶᠡᠷᠦᠩᠬᠡᠢ᠌ᠯᠡᠭᠰᠡᠨ ᠬᠡᠪ ᠴᠢᠨᠠᠷ᠎ᠢ ᠳᠡᠭᠡᠭᠰᠢᠯᠡᠭᠦᠯᠬᠦ ᠪᠠ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠨ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠲᠤᠰᠢᠶᠠᠯ᠎ᠤᠨ ᠬᠤᠭᠤᠴᠠᠭ᠋ᠠᠨ᠎ᠳᠤ ᠳᠤᠮᠳᠠᠴᠢ᠎ᠪᠠᠷ ᠵᠢᠯ ᠪᠦᠷᠢ ᠨᠢᠭᠡ ᠤᠳᠠᠭ᠎ᠠ ᠪᠣᠯᠪᠠᠰᠤᠷᠠᠯ᠎ᠳᠤ ᠣᠷᠤᠯᠴᠠᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠠᠵᠢᠯᠲᠠᠳ᠎ᠤᠨ ᠨᠡᠢ᠌ᠭᠡᠮ᠎ᠤᠨ ᠠᠵᠢᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠯᠡᠯᠲᠡ ᠪᠠ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠴᠢᠡᠭᠭ᠋ᠠᠳᠬᠠᠨ᠎ᠠ᠃
— ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ ᠪᠣᠢ᠌ᠵᠢᠭᠤᠯᠤᠨ᠎ᠠ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠲᠤ  ᠵᠠᠭᠤᠷᠠᠯᠳᠤᠭ᠋ᠠᠨ᠎ᠢ ᠡᠶᠡᠳᠡᠭᠦᠯᠬᠦ᠂ ᠡᠷᠡᠭᠦᠯ ᠮᠡᠨᠳᠦ ᠨᠠᠰᠤᠵᠢᠯ᠂ ᠬᠥᠮᠦᠵᠢᠯ ᠪᠣᠯᠪᠠᠰᠤᠷᠠᠯ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠦᠢ᠍ᠯᠡᠰ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ᠂ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠂ ᠬᠥᠷᠰᠢ ᠵᠡᠷᠭᠡᠯᠡᠳᠡᠭᠡ᠎ᠪᠠᠷ ᠵᠶ᠋ᠡᠨ ᠬᠠᠷᠢᠯᠴᠠᠨ ᠬᠠᠪᠰᠤᠷᠤᠯᠴᠠᠬᠤ᠂ ᠰᠠᠭᠤᠭ᠋ᠠᠯᠢ ᠠᠷᠠᠳ ᠠᠭᠤᠰᠤᠯᠴᠠᠬᠤ  ᠪᠠ ᠮᠠᠯᠵᠢᠬᠤ ᠲᠠᠷᠢᠶᠠᠯᠠᠬᠤ ᠣᠷᠣᠨ᠎ᠤ ᠦᠢ᠍ᠯᠡᠳᠪᠦᠷᠢᠯᠡᠯ᠎ᠤᠨ ᠮᠡᠷᠭᠡᠵᠢᠯ᠎ᠤᠨ ᠦᠢ᠍ᠯᠡᠴᠢᠯᠡᠭᠡ ᠵᠡᠷᠭᠡ ᠠᠵᠢᠯᠯᠠᠭ᠎ᠠ ᠵᠢ ᠥᠷᠨᠢᠭᠦᠯᠬᠦ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠪᠤᠰᠤᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠶᠡᠬᠡ᠎ᠪᠠᠷ ᠬᠥᠭᠵᠢᠭᠦᠯᠦᠨ᠎ᠡ᠃ ᠵᠠᠩᠭᠢᠯᠠᠭ᠎ᠠ ᠮᠠᠶᠢᠭ᠎ᠤᠨ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠤᠨ ᠬᠥᠭᠵᠢᠭᠦᠯᠵᠦ᠂ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠠᠨᠭ᠌ᠰᠠᠯᠠᠨ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠠᠬᠢᠭᠤᠯᠤᠨ᠎ᠠ᠃
— ᠨᠡᠢ᠌ᠭᠡᠮ ᠲᠣᠭᠣᠷᠢᠭ᠎ᠤᠨ ᠰᠠᠢ᠌ᠨ  ᠲᠤᠷᠠᠴᠤᠤᠯ᠎ᠤᠨ ᠦᠢ᠍ᠯᠡᠴᠢᠯᠡᠭᠡᠨ᠎ᠤ ᠡᠩᠨᠡᠭᠡ ᠵᠢ ᠶᠡᠬᠡ᠎ᠪᠠᠷ ᠬᠥᠮᠥᠵᠢᠭᠦᠯᠦᠨ᠎ᠡ᠃ ᠠᠳᠠᠯᠢ ᠪᠤᠰᠤ ᠲᠦᠷᠦᠯ ᠬᠡᠯᠪᠡᠷᠢ᠂ ᠠᠳᠠᠯᠢ ᠪᠤᠰᠤ ᠲᠡᠰ ᠳᠠᠪᠬᠤᠷᠭ᠎ᠠ ᠵᠢᠨ ᠨᠡᠢ᠌ᠭᠡᠮ ᠲᠣᠭᠣᠷᠢᠭ᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠵᠤ᠂ ᠨᠡᠢ᠌ᠭᠡᠮ ᠲᠣᠭᠣᠷᠢᠭ᠎ᠤᠨ ᠰᠠᠢ᠌ᠨ  ᠲᠤᠷᠠᠴᠤᠤᠯ᠎ᠤᠨ ᠦᠢ᠍ᠯᠡᠴᠢᠯᠡᠭᠡᠨ᠎ᠤ ᠡᠩᠨᠡᠭᠡ ᠵᠢ ᠪᠣᠢ᠌ᠵᠢᠭᠤᠯᠤᠨ ᠨᠠᠮ᠎ᠤᠨ ᠭᠡᠰᠢᠭᠦᠨ᠂ ᠡᠪᠯᠡᠯ᠎ᠤᠨ ᠭᠡᠰᠢᠭᠦᠨ᠂ ᠠᠯᠪᠠᠲᠠᠨ᠂ ᠠᠵᠢᠯ᠎ᠠᠴᠠ᠎ᠪᠠᠨ  ᠲᠠᠷᠬᠠᠯᠠᠬᠳᠠᠬᠰᠠᠳ ᠪᠣᠯᠣᠨ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ ᠨᠡᠢ᠌ᠭᠡᠮ ᠲᠣᠭᠣᠷᠢᠭ᠎ᠤᠨ ᠰᠠᠢ᠌ᠨ ᠲᠤᠷᠠᠴᠤᠤᠯ ᠪᠤᠯᠬᠤ ᠨᠡᠢ᠌ᠭᠡᠮ᠎ᠤᠨ ᠠᠵᠢᠯ᠎ᠤᠨ ᠲᠥᠯᠥᠪᠯᠡᠭᠡ ᠵᠢ ᠬᠡᠷᠡᠭᠵᠢᠭᠦᠯᠵᠦ᠂ ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢᠳ᠎ᠤᠨ ᠨᠡᠢ᠌ᠭᠡᠮ ᠲᠣᠭᠣᠷᠢᠭ᠎ᠲᠤ ᠣᠴᠢᠵᠤ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠬᠥᠲᠥᠯᠥᠨ ᠵᠢᠯᠣᠭᠣᠳᠤᠨ᠎ᠠ᠃

ᠲᠤᠰᠬᠠᠢ ᠪᠤᠯᠤᠩ 3᠄ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠡᠩᠨᠡᠭᠡᠨ᠎ᠤ ᠪᠠᠢ᠌ᠭᠤᠯᠤᠯᠲᠠ ᠵᠢ ᠴᠢᠡᠭᠭ᠋ᠠᠳᠬᠠᠨ᠎ᠠ

   ᠨᠡᠢ᠌ᠭᠡᠮ ᠲᠣᠭᠣᠷᠢᠭ᠎ᠤᠨ ᠠᠵᠢᠯᠲᠠᠨ᠎ᠤ ᠴᠠᠯᠢᠩ ᠬᠥᠯᠥᠰᠦ ᠵᠢᠨ  ᠰᠢᠰᠲᠸᠮ ᠪᠠ ᠬᠡᠪ᠎ᠤᠨ ᠨᠡᠮᠡᠭᠳᠡᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠢ ᠱᠠᠲᠤ ᠬᠤᠪᠢᠶᠠᠨ ᠪᠣᠯᠪᠠᠰᠤᠷᠠᠭᠤᠯᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠨᠡᠢ᠌ᠭᠡᠮ ᠲᠣᠭᠣᠷᠢᠭ᠎ᠤᠨ ᠠᠵᠢᠯᠲᠠᠨ᠎ᠤ ᠲᠤᠰᠢᠶᠠᠯ᠎ᠤᠨ ᠬᠤᠭᠤᠴᠠᠭ᠋ᠠᠨ᠎ᠳᠤ 1 ᠤᠳᠠᠭ᠎ᠠ᠎ᠠᠴᠠ ᠳᠡᠭᠡᠭᠰᠢ ᠪᠣᠯᠪᠠᠰᠤᠷᠠᠯ᠎ᠳᠤ ᠣᠷᠤᠯᠴᠠᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠵᠤ᠂ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠠᠨᠭ᠌ᠰᠠᠯᠠᠨ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠵᠦ᠂ ᠨᠡᠢ᠌ᠭᠡᠮ ᠲᠣᠭᠣᠷᠢᠭ᠎ᠤᠨ ᠰᠠᠭᠤᠷᠢ ᠮᠥᠩᠭᠥᠨ᠎ᠤ ᠨᠡᠢ᠌ᠭᠡᠮᠯᠢᠭ ᠪᠠᠶ᠋ᠢᠭᠤᠯᠬᠤ ᠵᠢ ᠰᠦᠪᠡᠭᠴᠢᠯᠡᠨ᠎ᠡ᠃ ᠠᠳᠠᠯᠢ ᠪᠤᠰᠤ ᠲᠦᠷᠦᠯ ᠬᠡᠯᠪᠡᠷᠢ᠂ ᠠᠳᠠᠯᠢ ᠪᠤᠰᠤ ᠲᠡᠰ ᠳᠠᠪᠬᠤᠷᠭ᠎ᠠ ᠵᠢᠨ ᠨᠡᠢ᠌ᠭᠡᠮ ᠲᠣᠭᠣᠷᠢᠭ᠎ᠤᠨ ᠰᠠᠢ᠌ᠨ  ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠵᠤ᠂ ᠨᠡᠢ᠌ᠭᠡᠮ ᠲᠣᠭᠣᠷᠢᠭ᠎ᠤᠨ ᠰᠠᠢ᠌ᠨ  ᠲᠤᠷᠠᠴᠤᠤᠯ᠎ᠤᠨ ᠦᠢ᠍ᠯᠡᠴᠢᠯᠡᠭᠡᠨ᠎ᠤ ᠡᠩᠨᠡᠭᠡ ᠵᠢ ᠪᠣᠢ᠌ᠵᠢᠭᠤᠯᠤᠨ 2025 ᠣᠨ᠎ᠳᠤ ᠬᠤᠳᠠ ᠪᠠᠯᠭ᠋ᠠᠰᠤᠨ᠎ᠤ ᠲᠦᠮᠡᠨ ᠬᠥᠮᠥᠨ ᠠᠮᠠ᠎ᠳᠤ ᠨᠡᠢ᠌ᠭᠡᠮ ᠲᠣᠭᠣᠷᠢᠭ᠎ᠤᠨ 18 ᠠᠵᠢᠯᠲᠠᠨ᠎ᠲᠠᠢ ᠪᠣᠯᠭ᠋ᠠᠬᠤ ᠵᠢ ᠠᠬᠢᠭᠤᠯᠤᠨ᠎ᠠ᠃

(ᠳᠥᠷᠪᠡ) ᠬᠤᠳᠠ ᠬᠥᠳᠡᠭᠡ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ
— ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠨᠢᠭᠡᠳᠦᠯᠲᠡᠢ ᠲᠥᠯᠦᠪᠵᠢᠭᠦᠯᠭᠡ ᠵᠢ ᠴᠢᠩᠭ᠋ᠠᠳᠬᠠᠨ᠎ᠠ᠃ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠪᠠ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠳᠤ ᠣᠷᠣᠭᠤᠯᠬᠤ ᠵᠢ  ᠠᠬᠢᠭᠤᠯᠬᠤ ᠵᠢᠨ ᠬᠠᠮᠲᠤ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠂ ᠴᠠᠭᠳᠠᠭ᠋ᠠᠨ᠎ᠤ ᠶᠠᠪᠤᠳᠠᠯ᠂ ᠰᠣᠶᠣᠯ᠂ ᠪᠡᠶ᠎ᠡ ᠵᠢᠨ ᠲᠠᠮᠢᠷ᠂ ᠨᠠᠰᠤᠵᠢᠯ᠂ ᠬᠤᠳᠠᠯᠳᠤᠭ᠎ᠠ ᠵᠡᠷᠭᠡ ᠦᠢ᠍ᠯᠡᠴᠢᠯᠡᠭᠡᠨ᠎ᠤ ᠲᠥᠬᠦᠭᠡᠷᠦᠮᠵᠢ᠎ᠲᠠᠢ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠢ᠌ᠭᠤᠯᠤᠨ᠎ᠠ᠃ ᠰᠢᠨ᠎ᠡ᠎ᠪᠠᠷ ᠪᠠᠢ᠌ᠭᠤᠯᠤᠭᠰᠠᠨ ᠬᠤᠷᠢᠶᠠᠯᠠᠯ ᠪᠠ ᠬᠠᠭᠤᠴᠢᠨ ᠬᠣᠲᠠ ᠵᠢᠨ ᠲᠣᠭᠣᠷᠢᠭ᠎ᠢ ᠵᠠᠯᠭ᠋ᠠᠯᠳᠤᠭᠤᠯᠤᠨ ᠥᠭᠡᠷᠡᠴᠢᠯᠡᠬᠦ ᠰᠠᠭᠤᠭ᠋ᠠᠯᠢ ᠠᠷᠠᠳ᠎ᠤᠨ ᠲᠣᠭᠣᠷᠢᠭ᠎ᠨᠢ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ ᠵᠢᠨ ᠢᠵᠢ ᠪᠦᠷᠢᠳᠦᠭᠦᠯᠬᠦ ᠪᠠᠢ᠌ᠭᠤᠯᠤᠯᠲᠠ ᠵᠢ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠲᠥᠰᠥᠯ᠎ᠳᠤ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ ᠪᠠᠢ᠌ᠬᠤ ᠦᠭᠡᠢ ᠪᠤᠶᠤ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠠᠴᠠ ᠬᠠᠷᠢᠭᠤᠴᠠᠨ ᠪᠦᠲᠦᠭᠡᠨ ᠪᠠᠶ᠋ᠢᠭᠤᠯᠬᠤ ᠬᠡᠷᠡᠭᠲᠡᠢ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠬᠦ᠂ ᠬᠤᠳᠠᠯᠳᠤᠨ ᠠᠪᠬᠤ᠂ ᠲᠥᠷᠥᠯ ᠵᠦᠢ᠍ᠯ᠎ᠢ ᠢᠵᠢ ᠪᠦᠷᠢᠳᠦᠭᠦᠯᠬᠦ᠂ ᠡᠮᠬᠢᠯᠡᠨ ᠨᠡᠢ᠌ᠯᠡᠭᠦᠯᠵᠦ  ᠬᠠᠮᠳᠤ᠎ᠪᠠᠷ ᠭᠥᠷᠳᠡᠬᠦ ᠵᠡᠷᠭᠡ ᠠᠷᠭ᠎ᠠ᠎ᠪᠠᠷ ᠰᠢᠢ᠍ᠳᠪᠦᠷᠢᠯᠡᠭᠰᠡᠨ ᠴᠦ᠍ ᠪᠣᠯᠣᠨ᠎ᠠ᠃
—  ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠬᠥᠮᠥᠨ ᠠᠮᠠ ᠵᠢᠨ ᠬᠡᠪᠴᠢᠶ᠎ᠡ᠂ ᠬᠠᠮᠢᠶᠠᠷᠤᠯᠲᠠ ᠵᠢᠨ ᠬᠡᠪᠴᠢᠶ᠎ᠡ ᠵᠡᠷᠭᠡ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠵᠤ᠂ ᠨᠡᠢ᠌ᠭᠡᠮ ᠲᠣᠭᠣᠷᠢᠭ᠎ᠤᠨ ᠬᠡᠪᠴᠢᠶ᠎ᠡ ᠵᠢ ᠵᠦᠢ ᠵᠣᠬᠢᠰᠲᠠᠢ ᠲᠣᠭᠲᠠᠭ᠋ᠠᠨ᠎ᠠ᠃ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ ᠵᠶ᠋ᠡᠷ ᠦᠨᠳᠦᠰᠦᠨ ᠵᠢᠭᠰᠠᠭ᠋ᠠᠯ᠎ᠤᠨ ᠭᠠᠵᠠᠷ ᠪᠣᠯᠭ᠋ᠠᠭᠰᠠᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ ᠬᠢᠭᠡᠳ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠬᠥᠷᠰᠢ ᠵᠡᠷᠭᠡᠯᠡᠳᠡᠭᠡ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠨᠡᠢ᠌ᠭᠡᠮ ᠲᠣᠭᠣᠷᠢᠭ᠎ᠤᠨ ᠲᠦᠬᠦᠬᠡᠷᠤᠮᠵᠢ ᠵᠢᠨ ᠰᠠᠭ᠋ᠠᠳ ᠦᠭᠡᠢ ᠪᠦᠲᠦᠭᠡᠨ ᠪᠠᠢ᠌ᠭᠤᠯᠤᠯᠲᠠ ᠪᠠ  ᠨᠠᠰᠤᠵᠢᠯ᠎ᠳᠤ ᠲᠣᠬᠢᠷᠠᠬᠤ ᠬᠣᠲᠠ ᠵᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠦᠢ᠍ᠯᠡᠴᠢᠯᠡᠭᠡᠨ᠎ᠤ ᠲᠣᠭᠣᠷᠢᠭ᠎ᠢ ᠪᠠᠶ᠋ᠢᠭᠤᠯᠬᠤ ᠠᠵᠢᠯ᠎ᠲᠠᠢ ᠤᠶᠠᠯᠳᠤᠭᠤᠯᠤᠨ᠂ ᠨᠡᠢ᠌ᠭᠡᠮ ᠲᠣᠭᠣᠷᠢᠭ᠎ᠤᠨ ᠠᠮᠢᠳᠤᠷᠠᠯ᠎ᠤᠨ ᠴᠢᠨᠠᠷᠲᠠᠢ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠠᠢ᠌ᠷᠢᠰᠢᠭᠤᠯᠤᠯ ᠪᠠ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠣᠲᠠ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠭᠣᠣᠯᠳᠠᠯᠭ᠎ᠠ ᠵᠢ ᠠᠮᠢᠳᠤᠷᠠᠯ᠎ᠤᠨ ᠴᠢᠨᠠᠷᠲᠠᠢ ᠦᠢ᠍ᠯᠡᠴᠢᠯᠡᠭᠡᠨ ᠳᠠᠰᠢ ᠬᠤᠪᠢᠷᠠᠭᠤᠯᠬᠤ ᠵᠢ ᠠᠬᠢᠭᠤᠯᠤᠨ᠎ᠠ᠃ ᠰᠢᠶᠠᠩ ᠪᠠᠯᠭ᠋ᠠᠰᠤᠨ᠎ᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ᠎ᠤᠨ ᠲᠠᠷᠢᠶᠠᠯᠠᠩ᠎ᠳᠤ ᠦᠢ᠍ᠯᠡᠴᠢᠯᠡᠬᠦ ᠴᠢᠳᠠᠮᠵᠢ ᠵᠢᠨ ᠪᠠᠢ᠌ᠷᠢᠯᠠᠭᠤᠯᠤᠯᠲᠠ ᠵᠢ ᠴᠢᠩᠭ᠋ᠠᠳᠬᠠᠵᠤ᠂ ᠭᠠᠴᠠᠭ᠋ᠠᠨ᠎ᠤ ᠱᠠᠲᠤᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠴᠢᠳᠠᠪᠤᠷᠢ ᠵᠢ ᠨᠡᠮᠡᠭᠳᠡᠭᠦᠯᠦᠨ᠎ᠡ᠃
— ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠵᠠᠭᠤᠨ ᠡᠷᠦᠬᠡ ᠪᠦᠷᠢ ᠵᠢᠨ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ ᠵᠢᠨ ᠲᠠᠯᠠᠪᠠᠶ ᠵᠢ 30 ᠲᠡᠭᠰᠢ ᠳᠥᠷᠪᠡᠯᠵᠢᠨ ᠮᠧᠲᠷ᠎ᠠᠴᠠ ᠳᠣᠣᠷ᠎ᠠ ᠪᠠᠢ᠌ᠯᠭ᠋ᠠᠬᠤ ᠦᠭᠡᠢ᠂ ᠶᠡᠷᠦᠩᠬᠡᠢ ᠲᠠᠯᠠᠪᠠᠶ ᠵᠢ 300 ᠲᠡᠭᠰᠢ ᠳᠥᠷᠪᠡᠯᠵᠢᠨ ᠮᠧᠲᠷ᠎ᠠᠴᠠ ᠳᠣᠣᠷ᠎ᠠ ᠪᠠᠢ᠌ᠯᠭ᠋ᠠᠬᠤ ᠦᠭᠡᠢ ᠪᠠᠢ᠌ᠬᠤ ᠪᠠᠷᠢᠮᠵᠢᠶ᠎ᠠ ᠶᠣᠰᠣᠭ᠋ᠠᠷ᠂ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃ ᠪᠠᠷᠢᠮᠵᠢᠶ᠎ᠠ᠎ᠳᠤ ᠥᠯᠥ ᠬᠦᠷᠦᠭᠰᠡᠨ ᠨᠡᠢ᠌ᠭᠡᠮ ᠲᠣᠭᠣᠷᠢᠭ᠎ᠨᠢ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠨᠢᠭᠡᠨᠲᠡ ᠪᠠᠷᠢᠮᠵᠢᠶ᠎ᠠ᠎ᠳᠤ ᠬᠦᠷᠦᠭᠰᠡᠨ ᠨᠡᠢ᠌ᠭᠡᠮ ᠲᠣᠭᠣᠷᠢᠭ᠎ᠨᠢ ᠵᠢᠷᠤᠮᠵᠢᠯ᠎ᠲᠠᠢ᠎ᠪᠠᠷ ᠬᠠᠮᠢᠶᠠᠷᠴᠤ ᠬᠡᠷᠡᠭᠯᠡᠬᠦ ᠬᠡᠷᠡᠭᠲᠡᠢ᠃ ᠰᠢᠨ᠎ᠡ᠎ᠪᠠᠷ ᠪᠠᠢ᠌ᠭᠤᠯᠤᠭᠰᠠᠨ  ᠬᠤᠷᠢᠶᠠᠯᠠᠯ ᠪᠣᠯᠣᠨ ᠬᠠᠭᠤᠴᠢᠨ ᠬᠤᠳᠠ ᠵᠢᠨ ᠲᠣᠭᠣᠷᠢᠭ᠎ᠢ ᠵᠠᠯᠭ᠋ᠠᠯᠳᠤᠭᠤᠯᠤᠨ ᠥᠭᠡᠷᠡᠴᠢᠯᠡᠨ ᠪᠠᠢ᠌ᠭᠤᠯᠤᠭᠰᠠᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠵᠠᠭᠤᠨ ᠡᠷᠥᠭᠡ ᠰᠠᠭᠤᠭ᠋ᠠᠯᠢ ᠠᠷᠠᠳ ᠨᠢᠬᠡ ᠪᠦᠷᠢ᠎ᠳᠤ 50 ᠲᠡᠭᠰᠢ ᠳᠥᠷᠪᠡᠯᠵᠢᠨ ᠮᠸᠲᠷ᠎ᠠᠴᠠ ᠳᠣᠣᠷ᠎ᠠ ᠦᠭᠡᠢ ᠪᠠᠢ᠌ᠯᠭ᠋ᠠᠬᠤ᠂ ᠶᠡᠷᠦᠩᠬᠡᠢ ᠲᠠᠯᠠᠪᠠᠢ ᠵᠢ 500 ᠲᠡᠭᠰᠢ ᠳᠥᠷᠪᠡᠯᠵᠢᠨ ᠮᠸᠲᠷ᠎ᠠᠴᠠ ᠳᠣᠣᠷ᠎ᠠ ᠦᠭᠡᠢ ᠪᠠᠢ᠌ᠯᠭ᠋ᠠᠬᠤ ᠪᠠᠷᠢᠮᠵᠢᠶ᠎ᠠ᠎ᠳᠤ ᠬᠦᠷᠦᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ ᠎ᠤ ᠰᠡᠭᠦᠯᠴᠢ ᠪᠣᠯᠬᠤ᠎ᠳᠤ ᠪᠥᠬᠥ ᠣᠷᠣᠨ᠎ᠤ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠵᠠᠭᠤᠨ ᠡᠷᠥᠭᠡ ᠰᠠᠭᠤᠭ᠋ᠠᠯᠢ ᠠᠷᠠᠳ ᠎ᠳᠤ ᠳᠤᠮᠳᠠᠴᠢ᠎ᠪᠠᠷ 33 ᠲᠡᠭᠰᠢ ᠳᠥᠷᠪᠡᠯᠵᠢᠨ ᠮᠸᠲᠷ᠎ᠠᠴᠠ ᠳᠣᠣᠷ᠎ᠠ ᠦᠭᠡᠢ ᠪᠠᠢ᠌ᠯᠭ᠋ᠠᠬᠤ ᠪᠠᠷᠢᠮᠵᠢᠶ᠎ᠠ᠎ᠳᠤ ᠬᠦᠷᠦᠭᠦᠯᠵᠦ᠂ ᠪᠦᠷᠬᠦᠴᠡ ᠵᠢᠨ ᠨᠤᠷᠮ᠎ᠠ ᠵᠢ 100% ᠟᠎ᠲᠤ ᠬᠦᠷᠦᠭᠦᠯᠦᠨ᠎ᠡ᠃ ᠬᠣᠲᠠ ᠪᠠᠯᠭ᠋ᠠᠰᠤ ᠵᠢᠨ ᠬᠠᠭᠤᠴᠢᠨ ᠬᠤᠷᠢᠶᠠᠯᠠᠯ᠎ᠢ ᠥᠭᠡᠷᠡᠴᠢᠯᠡᠬᠦ᠂ ᠬᠣᠲᠠ ᠵᠢ ᠰᠢᠨᠡᠳᠬᠡᠬᠦ ᠢᠨᠵᠧᠨᠧᠷᠢᠩ᠎ᠲᠠᠢ ᠤᠶᠠᠯᠳᠤᠭᠤᠯᠤᠨ᠂  ᠬᠤᠷᠢᠶᠠᠯᠠᠯ᠎ᠤᠨ ᠦᠢ᠍ᠯᠡᠴᠢᠯᠡᠭᠡᠨ᠎ᠤ ᠴᠡᠭ᠎ᠢ ᠲᠡᠭᠦᠯᠳᠡᠷᠵᠢᠭᠦᠯᠵᠦ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠵᠢ  ᠬᠤᠷᠢᠶᠠᠯᠠᠯ ᠳᠠᠰᠢ ᠤᠷᠲᠤᠳᠬᠠᠬᠤ ᠵᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ᠂ ᠰᠤᠮᠤ ᠰᠢᠶᠠᠩ ᠪᠠᠯᠭ᠋ᠠᠰᠤ᠂ ᠬᠣᠲᠠ ᠵᠢᠨ ᠳᠤᠮᠳᠠᠬᠢ ᠲᠣᠰᠬᠣᠨ᠂ ᠬᠣᠲᠠ ᠵᠢᠨ ᠲᠡᠭᠦᠷᠭᠡ ᠵᠢᠨ ᠲᠣᠰᠬᠣᠨ᠎ᠤ ᠨᠡᠢ᠌ᠭᠡᠮ ᠲᠣᠭᠣᠷᠢᠭ᠎ᠤᠨ ᠲᠦᠬᠦᠬᠡᠷᠤᠮᠵᠢ ᠵᠢᠨ ᠲᠠᠯᠠᠪᠠᠶ ᠵᠢ 300 ᠲᠡᠭᠰᠢ ᠳᠥᠷᠪᠡᠯᠵᠢᠨ ᠮᠧᠲᠷ᠎ᠠᠴᠠ ᠳᠣᠣᠷ᠎ᠠ ᠪᠠᠢ᠌ᠯᠭ᠋ᠠᠬᠤ ᠦᠭᠡᠢ᠂ ᠲᠥᠪ ᠲᠣᠰᠬᠣᠨ᠂ ᠤᠯᠠᠮᠵᠢᠯᠠᠯᠲᠤ ᠬᠥᠳᠡᠭᠡ ᠲᠣᠰᠬᠣᠨ᠂ ᠮᠠᠯᠵᠢᠬᠤ ᠣᠷᠣᠨ᠎ᠤ ᠨᠡᠢ᠌ᠭᠡᠮ ᠲᠣᠭᠣᠷᠢᠭ᠎ᠤᠨ ᠲᠦᠬᠦᠬᠡᠷᠤᠮᠵᠢ ᠵᠢᠨ ᠶᠡᠷᠦᠩᠬᠡᠢ ᠲᠠᠯᠠᠪᠠᠶ ᠵᠢ 150 ᠲᠡᠭᠰᠢ ᠳᠥᠷᠪᠡᠯᠵᠢᠨ ᠮᠧᠲᠷ᠎ᠠᠴᠠ ᠳᠣᠣᠷ᠎ᠠ ᠪᠠᠢ᠌ᠯᠭ᠋ᠠᠬᠤ ᠦᠭᠡᠢ᠂ ᠬᠥᠮᠥᠨ ᠠᠮᠠ ᠨᠡᠯᠢᠶᠡᠳ ᠲᠠᠷᠠᠬᠠᠢ ᠪᠤᠲᠠᠷᠬᠠᠢ᠂ ᠵᠠᠮ ᠬᠠᠷᠢᠯᠴᠠᠭ᠎ᠠ ᠳᠥᠭᠥᠮ ᠦᠭᠡᠢ ᠮᠠᠯᠵᠢᠬᠤ ᠲᠠᠷᠢᠶᠠᠯᠠᠬᠤ ᠣᠷᠣᠨ᠎ᠳᠤ ᠨᠡᠭᠦᠳᠡᠯ ᠦᠢ᠍ᠯᠡᠴᠢᠯᠡᠭᠡᠨ᠎ᠤ ᠲᠡᠷᠭᠡ᠂ ᠦᠢ᠍ᠯᠡᠴᠢᠯᠡᠭᠡᠨ᠎ᠤ ᠥᠷᠲᠡᠭᠡ  ᠴᠡᠭ᠂ ᠣᠷᠣᠯᠠᠨ ᠭᠦᠢ᠍ᠴᠡᠳᠭᠡᠭᠴᠢ ᠵᠢᠨ ᠳᠦᠷᠢᠮ ᠪᠠᠶ᠋ᠢᠭᠤᠯᠬᠤ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠦᠨ᠎ᠡ᠃
— ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠴᠢᠳᠠᠮᠵᠢ ᠵᠢ ᠴᠢᠩᠭ᠋ᠠᠳᠬᠠᠨ᠎ᠠ᠃ ᠦᠢ᠍ᠯᠡᠴᠢᠯᠡᠭᠡᠨ᠎ᠤ ᠬᠥᠮᠥᠰ ᠪᠣᠯᠣᠨ ᠬᠠᠮᠤᠷᠬᠤ ᠬᠡᠪᠴᠢᠶ᠎ᠡ ᠵᠢ ᠶᠡᠷᠦᠩᠬᠡᠢ᠌ᠯᠡᠨ ᠪᠣᠳᠣᠯᠬᠢᠯᠠᠵᠤ᠂ ᠨᠡᠢ᠌ᠭᠡᠮ ᠲᠣᠭᠣᠷᠢᠭ ᠎ᠤᠨ ᠦᠢ᠍ᠯᠡᠴᠢᠯᠡᠭᠡᠨ᠎ᠤ ᠥᠷᠳᠡᠭᠡ (ᠨᠡᠢ᠌ᠭᠡᠮ ᠲᠣᠭᠣᠷᠢᠭ᠎ᠤᠨ  ᠠᠵᠢᠯ ᠎ᠤᠨ  ᠥᠷᠳᠡᠭᠡ᠂ ᠨᠡᠢ᠌ᠭᠡᠮ ᠎ᠤᠨ ᠠᠵᠢᠯ ᠎ᠤᠨ ᠥᠷᠳᠡᠭᠡ) ᠵᠡᠷᠭᠡ ᠲᠤᠰᠬᠠᠢ ᠦᠢ᠍ᠯᠡᠴᠢᠯᠡᠭᠡᠨ᠎ᠤ ᠪᠠᠢ᠌ᠭᠤᠯᠤᠮᠵᠢ ᠪᠠᠢ᠌ᠭᠤᠯᠵᠤ᠂ ᠦᠢ᠍ᠯᠡᠴᠢᠯᠡᠭᠡᠨ᠎ᠤ ᠴᠢᠳᠠᠮᠵᠢ ᠵᠢ᠎ᠨᠢ ᠥᠷᠭᠡᠵᠢᠭᠦᠯᠦᠨ᠂ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠦᠨ᠎ᠡ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ᠎ᠳᠤ ᠠᠵᠢᠯᠯᠠᠬᠤ᠂ ᠦᠢ᠍ᠯᠡᠴᠢᠯᠡᠬᠦ ᠪᠠ ᠰᠠᠭᠤᠭ᠋ᠠᠯᠢ ᠠᠷᠠᠳ᠎ᠤᠨ ᠠᠵᠢᠯᠯᠠᠭ᠋ᠠᠨ᠎ᠤ ᠲᠠᠯᠠᠪᠤᠷ ᠭᠠᠵᠠᠷ᠎ᠢ ᠵᠦᠢ ᠵᠣᠬᠢᠰᠲᠠᠢ ᠲᠥᠯᠥᠪᠵᠢᠭᠦᠯᠵᠦ᠂ ᠠᠵᠢᠯᠯᠠᠬᠤ ᠣᠷᠣᠨ ᠵᠠᠢ ᠵᠢ ᠴᠣᠮᠬᠠᠳᠬᠠᠨ ᠡᠮᠬᠢᠯᠡᠨ ᠨᠡᠢ᠌ᠯᠡᠭᠦᠯᠵᠦ᠂ ᠨᠡᠭᠡᠭᠡᠯᠲᠡᠲᠤ ᠮᠠᠶᠢᠭ᠎ᠤᠨ ᠠᠵᠢᠯᠯᠠᠬᠤ ᠲᠦᠷᠢᠮ᠎ᠢ ᠬᠡᠷᠡᠭᠵᠢᠭᠦᠯᠦᠨ᠂ ᠲᠣᠭᠲᠠᠮᠠᠯ ᠣᠷᠣᠨ ᠵᠠᠢ ᠪᠠ ᠳᠡᠯᠭᠡᠨ ᠦᠵᠡᠭᠦᠯᠬᠦ ᠣᠷᠣᠨ ᠵᠠᠢ ᠵᠢ ᠪᠠᠭ᠋ᠠᠰᠬᠠᠵᠤ᠂ ᠰᠠᠭᠤᠭ᠋ᠠᠯᠢ ᠠᠷᠠᠳ᠎ᠤᠨ ᠠᠵᠢᠯᠯᠠᠭ᠋ᠠᠨ᠎ᠤ ᠣᠷᠣᠨ ᠵᠠᠢ ᠵᠢ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠨᠤᠭᠤᠳ ᠤᠯᠠᠨ ᠲᠦᠮᠡᠨ᠎ᠤ ᠤᠯᠠᠭ᠋ᠠᠨ ᠴᠠᠭ᠋ᠠᠨ᠎ᠤ ᠶᠠᠪᠤᠳᠠᠯ ᠵᠡᠷᠭᠡ ᠠᠵᠢᠯᠯᠠᠭ᠎ᠠ ᠡᠷᠬᠢᠯᠡᠵᠤ ᠪᠠᠢ᠌ᠭ᠎ᠠ ᠤᠯᠠᠨ ᠨᠡᠶ᠋ᠢᠲᠡ ᠵᠢᠨ ᠲᠠᠯᠠᠪᠤᠷ᠎ᠢ ᠵᠦᠢ ᠵᠣᠬᠢᠰᠲᠠᠢ ᠲᠥᠯᠥᠪᠵᠢᠭᠦᠯᠬᠦ ᠬᠡᠷᠡᠭᠲᠡᠢ᠃ ᠨᠡᠢ᠌ᠭᠡᠮ ᠲᠣᠭᠣᠷᠢᠭ᠎ᠤᠨ ᠤᠯᠠᠨ ᠨᠡᠶ᠋ᠢᠲᠡ ᠵᠢᠨ ᠣᠷᠣᠨ ᠵᠠᠢ ᠵᠢ ᠶᠡᠷᠦᠩᠬᠡᠢ᠌ᠯᠡᠨ ᠠᠰᠢᠭᠯᠠᠬᠤ ᠲᠣᠭᠲᠠᠴᠠ ᠵᠢ ᠪᠠᠢ᠌ᠭᠤᠯᠵᠤ᠂ 《ᠨᠢᠭᠡ ᠲᠠᠰᠤᠯᠭ᠎ᠠ ᠵᠢ ᠤᠯᠠᠨ ᠲᠠᠯ᠎ᠠ᠎ᠪᠠᠷ ᠬᠡᠷᠡᠭᠯᠡᠬᠦ》 ᠵᠢ ᠰᠠᠨᠠᠭ᠋ᠠᠴᠢᠯᠠᠵᠤ᠂ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠨᠡᠢ᠌ᠭᠡᠮ ᠲᠣᠭᠣᠷᠢᠭ᠎ᠤᠨ ᠬᠥᠮᠥᠨ ᠠᠮᠠ ᠵᠢᠨ ᠪᠦᠲᠦᠴᠡ ᠵᠢ ᠦᠨᠳᠦᠰᠦᠯᠡᠨ᠂ ᠨᠠᠰᠤᠲᠠᠢ᠌ᠴᠤᠳ᠂ ᠨᠠᠰᠤᠨ᠎ᠳᠤ ᠥᠯᠥ ᠬᠥᠷᠥᠭᠰᠡᠳ᠂ ᠵᠡᠮᠳᠡᠭᠴᠦᠳ᠎ᠢ ᠡᠩ ᠲᠡᠷᠢᠭᠦᠨ᠎ᠳᠤ  ᠪᠤᠳᠤᠯᠬᠢᠯᠠᠬᠤ ᠵᠠᠷᠴᠢᠮ ᠶᠣᠰᠣᠭ᠋ᠠᠷ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠣᠷᠣᠨ ᠵᠠᠢ ᠵᠢᠨ ᠪᠠᠢ᠌ᠷᠢᠰᠢᠭᠤᠯᠤᠯ᠎ᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃

(ᠲᠠᠪᠤ) ᠬᠤᠳᠠ ᠬᠥᠳᠡᠭᠡ ᠨᠡᠢ᠌ᠭᠡᠮ ᠲᠣᠭᠣᠷᠢᠭ᠎ᠤᠨ ᠮᠡᠳᠡᠭᠡ ᠵᠠᠩᠭᠢᠵᠢᠭᠤᠯᠬᠤ ᠪᠠᠢ᠌ᠭᠤᠯᠤᠯᠲᠠ ᠵᠢ ᠠᠬᠢᠭᠤᠯᠤᠨ᠎ᠠ
 —  ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠲᠣᠭ᠋ᠠᠴᠢᠯᠠᠯᠲᠠ ᠵᠢ ᠬᠡᠷᠡᠭᠵᠢᠭᠦᠯᠦᠨ᠎ᠡ᠃ 《ᠢᠨᠲ᠋ᠧᠷ ᠰᠦᠯᠵᠢᠶ᠎ᠡ + ᠨᠡᠢ᠌ᠭᠡᠮ ᠲᠣᠭᠣᠷᠢᠭ》᠎ᠤᠨ ᠠᠵᠢᠯᠯᠠᠭ᠎ᠠ ᠵᠢ ᠬᠡᠷᠡᠭᠵᠢᠭᠦᠯᠵᠦ᠂ ᠣᠶᠤᠨᠲᠤ ᠬᠣᠲᠠ᠂ ᠣᠶᠤᠨᠲᠤ ᠨᠡᠢ᠌ᠭᠡᠮ ᠲᠣᠭᠣᠷᠢᠭ᠎ᠤᠨ ᠰᠠᠭᠤᠷᠢ  ᠲᠦᠬᠦᠬᠡᠷᠤᠮᠵᠢ᠂ ᠰᠢᠰᠲ᠋ᠧᠮ᠎ᠤᠨ ᠲᠠᠪᠴᠠᠩ ᠪᠠ ᠰᠦᠯᠵᠢᠶᠡᠨ᠎ᠤ ᠬᠡᠷᠡᠭᠯᠡᠬᠡ ᠵᠢᠨ ᠪᠦᠲᠦᠭᠡᠨ ᠪᠠᠢ᠌ᠭᠤᠯᠤᠯᠲᠠ ᠵᠢ ᠵᠢᠯᠣᠭᠣᠳᠤᠨ ᠠᠬᠢᠭᠤᠯᠤᠨ᠎ᠠ᠃ ᠪᠦᠬᠦ ᠤᠯᠤᠰ᠎ᠤᠨ ᠦᠨᠳᠦᠰᠦᠨ ᠱᠠᠲᠤᠨ᠎ᠤ ᠵᠠᠰᠠᠯᠲᠠ ᠵᠢᠨ ᠲᠤᠭ᠎ᠠ ᠪᠦᠷᠢᠳᠬᠡᠯ᠎ᠤᠨ ᠬᠥᠮᠥᠷᠭᠡ ᠵᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠲᠤᠭ᠎ᠠ ᠪᠦᠷᠢᠳᠬᠡᠯ᠎ᠤᠨ ᠡᠬᠢ ᠪᠠᠶᠠᠯᠢᠭ᠎ᠢ ᠵᠡᠭᠡᠯᠢ ᠭᠤᠳᠤᠮᠵᠢ᠎ᠤᠨ ᠬᠡᠷᠡᠭ ᠡᠷᠬᠢᠯᠡᠬᠦ ᠭᠠᠵᠠᠷ ᠬᠢᠭᠡᠳ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢ  ᠬᠠᠮᠳᠤ᠎ᠪᠠᠷ ᠬᠦᠷᠲᠡᠵᠦ ᠰᠣᠯᠢᠯᠴᠠᠬᠤ ᠲᠣᠭᠲᠠᠴᠠ ᠵᠢ ᠵᠢᠯᠣᠭᠣᠳᠤᠨ ᠨᠡᠢ᠌ᠭᠡᠮ ᠲᠣᠭᠣᠷᠢᠭ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠲᠣᠭ᠎ᠠ ᠪᠠᠷᠢᠮᠲᠠ ᠵᠢ ᠶᠡᠷᠦᠩᠬᠡᠢ᠌ᠯᠡᠨ ᠴᠤᠭᠯᠠᠭᠤᠯᠬᠤ ᠵᠢ ᠬᠡᠷᠡᠭᠵᠢᠭᠦᠯᠦᠨ᠂ ᠨᠢᠭᠡ ᠯᠡ ᠤᠳᠠᠭ᠎ᠠ᠎ᠳᠤ ᠴᠤᠭᠯᠠᠭᠤᠯᠬᠤ᠂ ᠣᠯᠠᠨ ᠲᠠᠯ᠎ᠠ᠎ᠪᠠᠷ   ᠬᠡᠷᠡᠭᠯᠡᠬᠦ ᠵᠢ ᠠᠬᠢᠭᠤᠯᠤᠨ᠎ᠠ᠃ —

—  ᠨᠡᠢ᠌ᠭᠡᠮ ᠲᠣᠭᠣᠷᠢᠭ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠬᠠᠮᠢᠶ᠎ᠠ ᠪᠦᠬᠦᠢ ᠭᠣᠣᠯᠳᠠᠯᠭ᠎ᠠ ᠎ᠲᠠᠢ ᠢᠨᠵᠧᠨᠧᠷᠢᠩ᠎ᠳᠤ ᠲᠦᠰᠢᠭᠯᠡᠨ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ ᠪᠠᠶ᠋ᠢᠭᠤᠯᠬᠤ ᠵᠢ ᠵᠢᠯᠤᠭᠣᠳᠴᠤ᠂ ᠬᠣᠲᠠ ᠪᠠᠯᠭ᠋ᠠᠰᠤ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ᠎ᠤᠨ ᠪᠦᠷᠬᠦᠴᠡ ᠵᠢᠨ ᠨᠣᠷᠮ᠎ᠠ ᠵᠢ 90%᠎ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠲᠠᠪᠴᠠᠩ᠎ᠤᠨ ᠪᠦᠷᠬᠦᠴᠡ ᠵᠢᠨ ᠨᠣᠷᠮ᠎ᠠ ᠵᠢ 60%᠎ᠳᠤ ᠬᠦᠷᠦᠭᠦᠯᠬᠦ᠎ᠪᠠᠷ ᠴᠢᠷᠮᠠᠢ᠌ᠵᠤ᠂ ᠪᠣᠳᠠᠲᠤ ᠴᠣᠭᠴᠠ ᠵᠢᠨ ᠭᠥᠯᠢᠶᠡᠨ ᠠᠪᠴᠤ ᠰᠢᠢ᠍ᠳᠪᠦᠷᠢᠯᠡᠬᠦ ᠴᠣᠩᠬᠣ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢ᠍ᠴᠡᠳᠬᠡᠬᠦ ᠲᠢᠩᠬᠢᠮ᠂  ᠴᠢᠮᠡᠬᠡ ᠬᠤᠯᠪᠤᠭ᠎ᠠ ᠭᠡᠵᠤ ᠬᠦᠢ᠍ᠴᠡᠳᠬᠡᠬᠦ᠂ ᠥᠪᠡᠰᠦᠪᠡᠨ ᠦᠢ᠍ᠯᠡᠴᠢᠯᠡᠬᠦ  ᠵᠡᠷᠬᠡ ᠣᠯᠠᠨ ᠶᠠᠩᠵᠤ ᠵᠢᠨ ᠦᠢ᠍ᠯᠡᠴᠢᠯᠡᠭᠡᠨ᠎ᠤ ᠪᠠᠢ᠌ᠷᠢᠰᠢᠯ᠎ᠢ ᠪᠠᠢ᠌ᠭᠤᠯᠵᠤ᠂ ᠨᠢᠭᠡ ᠴᠣᠩᠬᠣ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠨᠢᠭᠡ ᠰᠦᠯᠵᠢᠶ᠎ᠡ᠎ᠪᠠᠷ ᠲᠤᠭᠤᠰᠢᠳᠠᠢ ᠭᠦᠢ᠍ᠴᠡᠳᠬᠡᠬᠦ ᠵᠢ  ᠪᠡᠶᠡᠯᠡᠬᠦᠯᠤᠨ᠎ᠡ᠃ ᠡᠯ᠎ᠡ ᠲᠥᠷᠥᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ ᠳᠠᠰᠢ  ᠦᠷᠬᠡᠳᠬᠡᠨ ᠪᠦᠷᠬᠦᠭᠦᠯᠬᠦ ᠵᠢ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠨᠡᠢ᠌ᠭᠡᠮ ᠲᠣᠭᠣᠷᠢᠭ᠎ᠤᠨ ᠰᠡᠷᠡᠨ ᠮᠡᠳᠡᠷᠡᠬᠦ ᠲᠥᠬᠦᠭᠡᠷᠦᠮᠵᠢ ᠪᠠ ᠭᠡᠷ ᠪᠦᠯᠢ ᠵᠢᠨ ᠴᠢᠮᠡᠬᠡ ᠬᠤᠯᠪᠤᠭ᠎ᠠ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠣᠶᠤᠨᠴᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ᠎ᠢ  ᠠᠷᠭ᠋ᠠᠴᠠᠭ᠋ᠠᠵᠤ ᠠᠪᠤᠷᠠᠨ  ᠲᠤᠰᠠᠯᠠᠬᠤ ᠪᠠ ᠣᠶᠤᠨᠴᠢ ᠨᠠᠰᠤᠵᠢᠯ ᠵᠡᠷᠭᠡ ᠨᠡᠢ᠌ᠭᠡᠮ ᠲᠣᠭᠣᠷᠢᠭ᠎ᠤᠨ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡ ᠵᠢ ᠬᠥᠭᠵᠢᠭᠦᠯᠦᠨ᠎ᠡ᠃
 — ᠰᠠᠢ᠌ᠨ ᠰᠠᠢ᠌ᠬᠠᠨ ᠲᠣᠭ᠋ᠠᠴᠢᠯᠠᠭᠰᠠᠨ ᠨᠡᠢ᠌ᠭᠡᠮ ᠲᠣᠭᠣᠷᠢᠭ᠎ᠢ ᠪᠠᠢ᠌ᠭᠤᠯᠤᠨ᠎ᠠ᠃ ᠣᠶᠤᠨᠲᠤ ᠨᠡᠢ᠌ᠭᠡᠮ ᠲᠣᠭᠣᠷᠢᠭ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ ᠦᠢ᠍ᠯᠡᠴᠢᠯᠡᠭᠡᠨ᠎ᠤ ᠲᠥᠷᠥᠯ ᠵᠦᠢ᠍ᠯ᠂ ᠡᠬᠢ ᠪᠠᠶᠠᠯᠢᠭ ᠪᠠ ᠮᠡᠳᠡᠭᠡ ᠵᠠᠩᠭᠢ ᠵᠢᠨ ᠣᠯᠠᠨ ᠲᠠᠪᠴᠠᠩ᠎ᠤᠨ ᠬᠠᠷᠢᠯᠴᠠᠨ ᠰᠣᠯᠢᠯᠴᠠᠬᠤ ᠪᠠ ᠣᠯᠠᠨ ᠦᠵᠦᠭᠦᠷ᠎ᠢ ᠵᠡᠷᠭᠡᠪᠡᠷ ᠶᠠᠪᠤᠭᠳᠠᠭᠤᠯᠬᠤ ᠵᠢ ᠪᠡᠶᠡᠯᠡᠭᠦᠯᠦᠨ᠎ᠡ᠃ 《ᠢᠨᠲ᠋ᠧᠷ ᠰᠦᠯᠵᠢᠶ᠎ᠡ +》 ᠬᠢᠭᠡᠳ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠵᠤ᠂  ᠲᠦᠬᠦᠬᠡᠷᠤᠮᠵᠢ᠎ᠨᠢ ᠣᠶᠤᠨᠴᠢᠯᠠᠭᠰᠠᠨ᠂ ᠦᠢ᠍ᠯᠡᠴᠢᠯᠡᠭᠡ᠎ᠨᠢ ᠳᠥᠭᠥᠮ ᠳᠥᠲᠡ᠂ ᠬᠠᠮᠢᠶᠠᠷᠤᠯᠲᠠ᠎ᠨᠢ ᠨᠠᠷᠢᠯᠢᠭ᠂ ᠣᠷᠴᠢᠨ ᠲᠣᠭᠣᠷᠢᠨ᠎ᠨᠢ ᠣᠷᠣᠰᠢᠨ ᠰᠠᠭᠤᠬᠤ᠎ᠳᠤ ᠲᠣᠬᠢᠷᠠᠮᠵᠢᠲᠠᠢ ᠣᠶᠤᠨᠲᠤ ᠨᠡᠢ᠌ᠭᠡᠮ ᠲᠣᠭᠣᠷᠢᠭ᠎ᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃ 《ᠨᠡᠢ᠌ᠭᠡᠮ ᠲᠣᠭᠣᠷᠢᠭ + ᠠᠳᠠᠯ ᠠᠬᠤᠢ》 《ᠨᠡᠢ᠌ᠭᠡᠮ ᠲᠣᠭᠣᠷᠢᠭ + ᠪᠠᠷᠠᠭ᠋ᠠᠨ᠎ᠤ ᠭᠦᠢ᠍ᠯᠭᠡᠭᠡᠨ》 《ᠨᠡᠢ᠌ᠭᠡᠮ ᠲᠣᠭᠣᠷᠢᠭ + ᠠᠮᠤᠷ ᠲᠦᠪᠰᠢᠨ》 ᠠᠭᠤᠰᠤᠯᠴᠠᠭᠰᠠᠨ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠰᠢᠨ᠎ᠡ ᠵᠢ ᠡᠭᠦᠳᠬᠦ ᠵᠢ ᠵᠢᠯᠣᠭᠣᠳᠤᠨ ᠰᠦᠪᠡᠭᠴᠢᠯᠡᠨ᠎ᠡ᠃ ᠲᠣᠭ᠋ᠠᠵᠢᠭᠤᠯᠤᠭᠰᠠᠨ ᠨᠡᠢ᠌ᠭᠡᠮ ᠲᠣᠭᠣᠷᠢᠭ᠂ ᠢᠷᠡᠭᠡᠳᠦᠢ ᠵᠢᠨ ᠨᠡᠢ᠌ᠭᠡᠮ ᠲᠣᠭᠣᠷᠢᠭ᠂ ᠥᠨᠳᠥᠷ ᠪᠦᠲᠦᠮᠵᠢᠲᠡᠶ ᠢᠵᠢ ᠪᠦᠷᠢᠳᠦᠭᠦᠯᠦᠭᠰᠡᠨ ᠨᠡᠢ᠌ᠭᠡᠮ ᠲᠣᠭᠣᠷᠢᠭ᠎ᠤᠨ ᠪᠦᠬᠦ ᠠᠮᠢᠳᠤᠷᠠᠯ᠎ᠤᠨ ᠬᠡᠯᠬᠢᠶ᠎ᠡ ᠵᠢᠨ ᠬᠠᠩᠭ᠋ᠠᠯᠭ᠎ᠠ ᠬᠡᠷᠡᠭᠴᠡᠭᠡ ᠵᠢ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃

ᠲᠤᠰᠬᠠᠢ ᠪᠤᠯᠤᠩ 4᠄ ᠨᠡᠢ᠌ᠭᠡᠮ ᠲᠣᠭᠣᠷᠢᠭ᠎ᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠠᠬᠢᠭᠤᠯᠤᠨ᠎ᠠ

1. ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠲᠣᠭ᠎ᠠ ᠪᠠᠷᠢᠮᠲᠠ ᠵᠢ ᠨᠢᠭᠡ ᠯᠡ ᠤᠳᠠᠭ᠎ᠠ᠎ᠳᠤ ᠴᠤᠭᠯᠠᠭᠤᠯᠵᠤ᠂ ᠣᠯᠠᠨ ᠲᠠᠯ᠎ᠠ᠎ᠳᠤ ᠬᠡᠷᠡᠭᠯᠡᠬᠦ ᠵᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ ᠳᠠᠰᠢ ᠦᠷᠬᠡᠳᠬᠡᠬᠦ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠨᠡᠢ᠌ᠳᠡᠮ ᠬᠡᠷᠡᠭᠯᠡᠬᠦ ᠥᠪᠡᠰᠦᠪᠡᠨ ᠦᠢ᠍ᠯᠡᠴᠢᠯᠡᠬᠦ ᠨᠢᠭᠡ ᠴᠣᠭᠴᠠᠲᠤ ᠮᠠᠰᠢᠨ᠎ᠢ ᠬᠣᠲᠠ ᠬᠥᠳᠡᠭᠡ ᠵᠢᠨ ᠨᠡᠢ᠌ᠭᠡᠮ ᠲᠣᠭᠣᠷᠢᠭ ᠳᠠᠰᠢ ᠤᠷᠲᠤᠳᠬᠠᠨ᠎ᠠ᠃
2. ᠣᠶᠤᠨᠲᠤ ᠨᠡᠢ᠌ᠭᠡᠮ ᠲᠣᠭᠣᠷᠢᠭ᠎ᠤᠨ ᠲᠤᠷᠰᠢᠯᠲᠠ ᠵᠢᠨ  ᠴᠡᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠣᠶᠤᠨᠲᠤ ᠨᠡᠢ᠌ᠭᠡᠮ ᠲᠣᠭᠣᠷᠢᠭ᠎ᠤᠨ ᠪᠠᠢ᠌ᠭᠤᠯᠤᠯᠲᠠ ᠵᠢᠨ ᠲᠤᠷᠰᠢᠯᠲᠠ ᠵᠢᠨ  ᠴᠡᠭ᠎ᠤᠨ 10 ᠨᠢᠬᠡᠴᠢ ᠵᠢ ᠲᠣᠭᠲᠠᠭ᠋ᠠᠵᠤ᠂ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠵᠶ᠋ᠡᠷ ᠨᠡᠢ᠌ᠭᠡᠮ ᠲᠣᠭᠣᠷᠢᠭ᠎ᠤᠨ ᠲᠥᠬᠦᠭᠡᠷᠦᠮᠵᠢ᠂ ᠣᠷᠴᠢᠨ ᠲᠣᠭᠣᠷᠢᠨ᠂ ᠰᠣᠶᠣᠯ᠎ᠢ ᠥᠭᠡᠷᠡᠴᠢᠯᠡᠵᠦ᠂ ᠣᠷᠣᠨ ᠵᠠᠢ᠂ ᠰᠡᠳᠬᠢᠯᠭᠡ᠂ ᠦᠨ᠎ᠡ ᠥᠷᠲᠡᠭ᠎ᠢ ᠨᠢᠭᠡ ᠴᠣᠭᠴᠠᠵᠢᠭᠤᠯᠤᠭᠰᠠᠨ ᠣᠶᠤᠨᠲᠤ ᠨᠡᠢ᠌ᠭᠡᠮ ᠲᠣᠭᠣᠷᠢᠭ᠎ᠤᠨ ᠦᠵᠡᠭᠳᠡᠯ᠎ᠢ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠪᠠ ᠬᠥᠭᠵᠢᠯᠲᠡ ᠵᠢᠨ ᠠᠵᠠ ᠲᠣᠬᠢᠶᠠᠯ᠎ᠢ ᠳᠡᠭᠡᠭᠰᠢᠯᠡᠭᠦᠯᠦᠨ᠎ᠡ᠃

ᠳᠥᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ

 — ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢᠨ ᠲᠣᠭᠲᠠᠴᠠ ᠵᠢ ᠴᠢᠩᠭ᠋ᠠᠳᠬᠠᠨ᠎ᠠ᠃ ᠨᠠᠮ᠎ᠤᠨ ᠦᠨᠳᠦᠰᠦᠨ ᠱᠠᠲᠤᠨ᠎ᠤ ᠵᠠᠰᠠᠯᠲᠠ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ᠎ᠳᠤ᠎ᠬᠢ ᠪᠦᠬᠦ ᠲᠠᠯ᠎ᠠ ᠵᠢ ᠶᠡᠷᠦᠩᠬᠡᠢ᠌ᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠ ᠬᠥᠳᠡᠭᠡ  ᠵᠢᠨ ᠨᠡᠢ᠌ᠭᠡᠮ ᠲᠣᠭᠣᠷᠢᠭ᠎ᠤᠨ ᠪᠠᠢ᠌ᠭᠤᠯᠤᠯᠲᠠ ᠵᠢᠨ ᠤᠳᠤᠷᠢᠳᠬᠤ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠤᠨ᠂ ᠨᠡᠢ᠌ᠭᠡᠮ ᠲᠣᠭᠣᠷᠢᠭ  ᠎ᠤᠨ ᠦᠢ᠍ᠯᠡᠴᠢᠯᠡᠭᠡᠨ ᠎ᠤ ᠡᠬᠢ ᠪᠠᠶᠠᠯᠢᠭ᠎ᠤᠨ ᠤᠯᠠᠨ ᠰᠠᠯᠠᠭ᠎ᠠ ᠮᠥᠴᠢᠷ᠎ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠥᠯᠦᠪᠵᠢᠭᠦᠯᠭᠡ ᠵᠢᠨ ᠬᠢᠨᠠᠨ ᠬᠡᠮᠵᠢᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠶᠡᠷᠦᠩᠬᠡᠢ᠌ᠯᠡᠭᠰᠡᠨ  ᠦᠨᠡᠯᠡᠯᠳᠡ ᠪᠣᠯᠣᠨ ᠲᠤᠰᠬᠠᠢ  ᠦᠨᠡᠯᠡᠯᠳᠡ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠵᠦ᠂ ᠲᠣᠪᠣᠢ᠌ᠮ᠎ᠠ ᠠᠰᠠᠭᠤᠳᠠᠯ᠎ᠢ ᠴᠠᠭ ᠲᠤᠬᠠᠢ᠎ᠳᠤ᠎ᠨᠢ ᠣᠯᠵᠤ ᠮᠡᠳᠡᠨ ᠰᠢᠢ᠍ᠳᠪᠦᠷᠢᠯᠡᠵᠦ᠂ ᠨᠠᠮ ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠳᠤ ᠪᠠᠢ᠌ᠳᠠᠯ ᠵᠶ᠋ᠡᠨ ᠮᠡᠳᠡᠭᠦᠯᠬᠦ ᠬᠡᠷᠡᠭᠲᠡᠢ᠃
— ᠨᠡᠢ᠌ᠭᠡᠮ ᠲᠣᠭᠣᠷᠢᠭ᠎ᠤᠨ ᠪᠡᠯᠡ ᠮᠥᠩᠭᠥ ᠵᠢ ᠤᠯᠠᠨ ᠠᠷᠭ᠎ᠠ ᠵᠠᠮ ᠵᠶ᠋ᠠᠷ ᠴᠤᠭᠯᠠᠭᠤᠯᠤᠨ᠎ᠠ᠃ ᠡᠯ᠎ᠡ ᠱᠠᠲᠤᠨ᠎ᠤ ᠡᠳ᠋᠎ᠤᠨ ᠵᠠᠰᠠᠭ᠎ᠢ ᠵᠣᠬᠢᠴᠠᠭᠤᠯᠤᠨ᠂ ᠤᠯᠠᠨ ᠲᠠᠯ᠎ᠠ᠎ᠠᠴᠠ ᠪᠡᠯᠡ ᠮᠥᠩᠭᠥ ᠴᠤᠭᠯᠠᠭᠤᠯᠵᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠵᠢ ᠨᠡᠢ᠌ᠳᠡᠮ ᠪᠦᠷᠬᠦᠭᠦᠯᠬᠦ ᠵᠢ ᠦᠨᠡᠨ ᠬᠦ᠌ ᠪᠠᠲᠤᠯᠠᠨ᠎ᠠ᠃ ᠠᠰᠠᠷᠠᠮᠵᠢ ᠵᠢᠨ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠵᠦᠢ᠍ᠯᠡᠰ᠂ ᠠᠵᠤ ᠠᠬᠤᠢ᠌ᠯᠠᠯ ᠠᠵᠢᠯ ᠦᠢ᠍ᠯᠡᠰ ᠎ᠤᠨ ᠨᠢᠬᠡᠴᠢ᠂ ᠨᠡᠢ᠌ᠭᠡᠮ᠎ᠤᠨ ᠪᠦᠯᠬᠦᠮ᠂ ᠬᠤᠪᠢ ᠬᠥᠮᠥᠨ᠎ᠤ ᠤᠯᠠᠨ ᠵᠦᠢ᠍ᠯ ᠎ᠤᠨ ᠬᠡᠯᠪᠡᠷᠢ᠎ᠪᠠᠷ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ᠎ᠢ  ᠲᠤᠰᠠᠯᠠᠬᠤ ᠪᠤᠶᠤ ᠡᠷᠬᠢᠯᠡᠬᠥ ᠵᠢ ᠵᠣᠷᠢᠭᠵᠢᠭᠤᠯᠵᠤ᠂  ᠤᠯᠠᠨ ᠡᠰᠢᠲᠦ ᠣᠷᠣᠭᠤᠯᠤᠯᠲᠠ ᠵᠢ ᠬᠤᠪᠢᠳᠠᠨ ᠡᠭᠦᠷᠭᠡᠯᠡᠬᠦ ᠲᠣᠭᠲᠠᠴᠠ ᠵᠢ ᠪᠠᠢ᠌ᠭᠤᠯᠤᠨ᠎ᠠ᠃ ᠨᠡᠢ᠌ᠭᠡᠮ ᠲᠣᠭᠣᠷᠢᠭ᠎ᠤᠨ ᠬᠥᠭᠵᠢᠯᠲᠡ ᠵᠢᠨ ᠰᠠᠭᠤᠷᠢ ᠮᠥᠩᠭᠥ ᠪᠠᠶ᠋ᠢᠭᠤᠯᠬᠤ ᠵᠡᠷᠭᠡ ᠬᠡᠯᠪᠡᠷᠢ ᠵᠢ ᠬᠠᠢ᠌ᠨ ᠰᠦᠪᠡᠭᠴᠢᠯᠡᠵᠦ᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠪᠡᠯᠨ ᠣᠷᠣᠭᠤᠯᠤᠯᠲᠠ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠳᠡᠮᠵᠢᠯᠭᠡ᠂ ᠨᠡᠢ᠌ᠭᠡᠮ᠎ᠤᠨ ᠬᠦᠴᠦᠨ᠎ᠤ ᠳᠡᠮᠵᠢᠯᠭᠡ᠂ ᠰᠠᠭᠤᠭ᠋ᠠᠯᠢ ᠠᠷᠠᠳ ᠥᠪᠡᠷ ᠵᠶ᠋ᠡᠨ ᠴᠤᠭᠯᠠᠭᠤᠯᠬᠤ ᠵᠡᠷᠭᠡ ᠤᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃
— ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ  ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠣᠷᠣᠨ ᠨᠤᠲᠤᠭ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ ᠣᠷᠣᠭᠤᠯᠵᠤ᠂ ᠨᠡᠢ᠌ᠭᠡᠮ ᠲᠣᠭᠣᠷᠢᠭ᠎ᠤᠨ ᠰᠠᠭᠤᠷᠢ  ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ ᠶᠣᠰᠣᠭ᠋ᠠᠷ ᠬᠤᠪᠢᠶᠠᠷᠢᠯᠠᠨ ᠥᠭᠬᠦ ᠠᠷᠭ᠎ᠠ ᠮᠠᠶᠢᠭ ᠵᠶ᠋ᠠᠷ ᠭᠠᠵᠠᠷ ᠬᠠᠩᠭ᠋ᠠᠵᠤ ᠪᠣᠯᠬᠤ᠎ᠳᠤ ᠭᠦᠷᠪᠡᠯ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠠᠲᠤᠯᠠᠬᠤ ᠬᠡᠷᠡᠭᠲᠡᠢ᠃ ᠰᠤᠯᠠ ᠪᠠᠢ᠌ᠬᠤ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ᠂ ᠪᠠᠭᠤᠳᠠᠯ᠂ ᠪᠣᠯᠪᠠᠰᠤᠷᠠᠯ᠎ᠤᠨ ᠲᠥᠪ᠂ ᠠᠰᠠᠷᠠᠮᠵᠢ ᠵᠢᠨ ᠲᠥᠬᠦᠭᠡᠷᠦᠮᠵᠢ  ᠠᠯᠪᠠᠨ᠎ᠳᠤ ᠬᠡᠷᠡᠭᠯᠡᠬᠦ ᠭᠡᠷ ᠪᠠᠢ᠌ᠰᠢᠩ᠎ᠢ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ ᠡᠷᠬᠢᠯᠡᠬᠦ᠎ᠳᠤ  ᠤᠷᠢᠳ ᠵᠶ᠋ᠡᠷ ᠬᠡᠷᠡᠭᠯᠡᠨ᠎ᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠢᠳᠡᠪᠬᠢᠲᠡᠢ᠎ᠪᠠᠷ ᠬᠠᠮᠵᠢᠯᠴᠠᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠭᠠᠢ᠌ᠯᠢ ᠲᠠᠲᠠᠪᠤᠷᠢ᠂ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ᠎ᠤᠨ ᠰᠦᠢ᠍ᠳᠬᠡᠯ ᠬᠤᠷᠢᠶᠠᠬᠤ᠂ ᠠᠵᠢᠯᠴᠢᠨ ᠬᠡᠷᠡᠭᠯᠡᠬᠦ ᠳᠠᠭ᠋ᠠᠳᠬᠠᠯ᠂ ᠠᠵᠤ ᠦᠢ᠍ᠯᠡᠳᠪᠦᠷᠢ ᠬᠤᠳᠠᠯᠳᠤᠭ᠎ᠠ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠯᠲᠠ ᠵᠡᠷᠭᠡ ᠬᠠᠷᠠᠭ᠋ᠠᠯᠵᠠᠯᠲᠤ ᠲᠦᠷᠦ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠵᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠦᠨ᠎ᠡ᠃

  ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ

 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢ ᠲᠥᠷᠬᠦ ᠵᠢᠨ ᠲᠡᠮᠳᠡᠭ (LOGO)᠎ᠢ ᠡᠯᠰᠡᠬᠦ ᠲᠤᠬᠠᠢ ᠠᠯᠪᠠᠨ ᠵᠠᠷ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠤᠳᠠᠭ᠋ᠠᠨ᠎ᠤ ᠪᠦᠬᠦ ᠬᠡᠰᠢᠬᠦᠳ᠎ᠤᠨ ᠬᠤᠷᠠᠯ᠎ᠤᠨ ᠠᠯᠪᠠᠨ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠢ ᠬᠡᠢ ᠵᠢᠨ ᠬᠠᠮᠢᠶᠠᠷᠤᠯᠲᠠ ᠵᠢᠨ ᠳᠦᠷᠢᠮ》᠎ᠢ 7 ᠳ᠋ᠤᠭ᠋ᠠᠷ ᠰᠠᠷ᠎ᠠ ᠵᠢᠨ1᠎ᠤ ᠡᠳᠤᠷ᠎ᠠᠴᠠ ᠡᠬᠢᠯᠡᠨ ᠬᠡᠷᠡᠭᠵᠢᠬᠦᠯᠤᠨ᠎ᠡ
ᠳᠡᠭᠡᠳᠦ ᠰᠤᠷᠭ᠋ᠠᠭᠤᠯᠢ ᠲᠡᠭᠦᠰᠦᠭᠰᠡᠳ ᠬᠢᠯᠢ ᠬᠢᠵᠠᠭ᠋ᠠᠷ᠎ᠤᠨ ᠬᠣᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠣᠰᠢᠭᠤ ᠰᠢᠶᠠᠨ᠎ᠤ ᠦᠨᠳᠦᠰᠦᠨ ᠱᠠᠲᠤᠨ᠎ᠳᠤ ᠬᠦᠷᠴᠦ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠬᠤ ᠲᠥᠷᠥ ᠵᠢᠨ ᠪᠣᠳᠣᠯᠭ᠎ᠠ ᠵᠢᠨ ᠠᠷᠭ᠎ᠠ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠮᠠᠨ᠎ᠤ ᠣᠷᠣᠨ 《ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠬᠦᠨᠳᠦ ᠤᠨᠴᠠᠭ᠋ᠠᠢ ᠡᠪᠡᠳᠴᠢᠨ ᠡᠮᠬᠡᠭ᠎ᠤᠨ ᠲᠤᠬᠠᠢ ᠡᠮᠴᠢᠯᠡᠭᠡᠨ᠎ᠤ ᠳᠠᠭ᠋ᠠᠳᠬᠠᠯ ᠪᠠ ᠲᠤᠰᠠᠯᠠᠮᠵᠢ ᠵᠢᠨ ᠳᠦᠷᠢᠮ᠎ᠢ ᠪᠦᠷᠢᠨᠰᠢᠬᠦᠯᠪᠡ
 
            