ᠰᠢ ᠵᠢᠨ ᠫᠢᠩ ᠶᠡᠷᠦᠩᠬᠡᠢ ᠱᠦᠵᠢ ᠵᠢᠨ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ 《ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠭᠢᠮ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠠᠯᠪᠠᠨ ᠲᠢᠡᠭᠭᠢᠮ᠎ᠤᠨ ᠵᠡᠮᠳᠡᠭᠴᠦᠳ ᠬᠤᠶᠠᠷ ᠨᠥᠬᠥᠪᠦᠷᠢ ᠵᠢ ᠡᠷᠡᠮᠡᠯᠵᠡᠯᠡᠬᠦ ᠪᠦᠬᠦ ᠶᠠᠪᠤᠴᠨ ᠵᠢ ᠰᠦᠯᠵᠢᠶ᠎ᠡ᠎ᠪᠠᠷ ᠬᠦᠢ᠍ᠴᠡᠳᠬᠡᠬᠦ ᠲᠤᠬᠠᠢ ᠮᠡᠳᠡᠭᠳᠡᠯ》 ᠤᠨ ᠱᠠᠭ᠋ᠠᠷᠳᠠᠯᠭ᠎ᠠ ᠶᠤᠰᠤᠭ᠋ᠠᠷ᠂ ᠮᠠᠨ᠎ᠤ ᠤᠷᠤᠨ 2022 ᠣᠨ᠎ᠤ 5 ᠰᠠᠷ᠎ᠠ ᠵᠢᠨ 15᠎ᠤ ᠡᠳᠦᠷ᠂ ᠦᠬᠡᠷ᠎ᠡ᠎ᠪᠠᠷ ᠬᠡᠯᠡᠪᠡᠯ ᠭᠤᠴᠢᠨ ᠬᠣᠶᠠᠳᠤᠭ᠋ᠠᠷ 《ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ》᠎ᠠᠴᠠ ᠡᠬᠢᠯᠡᠨ᠂ ᠵᠡᠮᠳᠡᠭᠴᠦᠳ᠎ᠤᠨ ᠬᠣᠶᠠᠷ ᠨᠥᠬᠥᠪᠦᠷᠢ ᠡᠷᠡᠮᠡᠯᠵᠡᠯᠡᠬᠦ ᠪᠦᠬᠦ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ ᠪᠤᠯᠪᠠ᠃ ᠵᠡᠮᠳᠡᠭᠴᠦᠳ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠤᠯᠤᠨ ᠰᠢᠯᠵᠢᠮᠡᠯ ᠬᠤᠯᠪᠤᠭ᠎ᠠ ᠵᠢᠨ 《ᠲᠤᠭᠤᠰᠢᠳᠠᠢ ᠠᠷᠠᠳ᠎ᠤᠨ ᠶᠠᠪᠤᠳᠠᠯ》᠂ ᠥᠪᠥᠷ ᠮᠣᠩᠭᠣᠯ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠤᠯᠤᠨ ᠰᠢᠯᠵᠢᠮᠡᠯ ᠬᠤᠯᠪᠤᠭ᠎ᠠ᠎ᠪᠠᠷ ᠭᠤᠶᠤᠴᠢᠯᠠᠬᠤ᠂ ᠪᠠᠢ᠌ᠴᠠᠭ᠋ᠠᠨ ᠯᠠᠪᠯᠠᠬᠤ᠂ ᠭᠡᠷᠡᠴᠢᠯᠡᠬᠦ ᠮᠠᠲ᠋ᠧᠷᠢᠶᠠᠯ ᠵᠶ᠋ᠠᠨ ᠵᠠᠰᠠᠬᠤ ᠵᠡᠷᠭᠡ ᠴᠢᠳᠠᠮᠵᠢ ᠵᠢ ᠪᠠᠭᠲᠠᠭ᠋ᠠᠭᠰᠠᠨ ᠵᠡᠮᠳᠡᠭᠴᠦᠳ᠎ᠤᠨ 《ᠬᠣᠶᠠᠷ ᠨᠥᠬᠥᠪᠦᠷᠢ》 ᠵᠢ ᠪᠥᠬᠥ ᠶᠠᠪᠤᠴᠠ᠎ᠳᠤ ᠰᠦᠯᠵᠢᠶᠡᠨ ᠳᠡᠭᠡᠷ᠎ᠡ ᠭᠤᠶᠤᠴᠢᠯᠠᠵᠤ᠂ ᠵᠡᠮᠳᠡᠭᠴᠦᠳ᠎ᠤᠨ ᠨᠥᠬᠥᠪᠦᠷᠢ ᠡᠷᠡᠮᠡᠯᠵᠡᠯᠡᠬᠦ᠎ᠳᠤ 《ᠨᠢᠭᠡ ᠴᠦ᠍ ᠤᠳᠠᠭ᠎ᠠ ᠭᠦᠶᠦᠯᠭᠡᠬᠦ ᠦᠭᠡᠢ》 ᠪᠠ 《 ᠨᠢᠭᠤᠷ ᠠᠭᠤᠯᠵᠠᠬᠤ᠎ᠪᠠᠷ ᠬᠢᠨᠠᠨ ᠬᠠᠷᠭᠤᠭᠤᠯᠬᠤ》 ᠪᠤᠯᠵᠤ ᠴᠢᠳᠠᠯ᠎ᠠ᠃
《ᠪᠥᠬᠥ ᠶᠠᠪᠤᠴᠠ ᠵᠢᠨ ᠰᠦᠯᠵᠢᠶᠡᠨ᠎ᠤ ᠠᠯᠪᠠᠨ ᠭᠡᠷ》 ᠪᠣᠯ ᠤᠯᠤᠰ᠎ᠠᠴᠠ ᠵᠡᠮᠳᠡᠭᠴᠦᠳ᠎ᠤᠨ ᠬᠣᠶᠠᠷ ᠨᠥᠬᠥᠪᠦᠷᠢ ᠵᠢᠨ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ ᠠᠯᠪᠠᠨ ᠭᠡᠷ》᠎ᠤᠨ ᠳᠠᠷᠠᠭ᠎ᠠ ᠬᠡᠷᠡᠭᠵᠢᠭᠦᠯᠦᠭᠰᠡᠨ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠷᠭ᠎ᠠ ᠪᠣᠯᠣᠨ᠎ᠠ᠃ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠭᠤᠶᠤᠴᠢᠯᠠᠯ᠎ᠤᠨ ᠠᠷᠭ᠎ᠠ ᠵᠢᠨ ᠴᠢᠬᠤᠯᠠ ᠨᠥᠬᠥᠪᠦᠷᠢ ᠪᠠ ᠳᠠᠪᠰᠢᠯᠲᠠ ᠮᠥᠨ᠂ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》᠎ᠳᠤ ᠵᠡᠮᠳᠡᠭᠴᠦᠳ ᠮᠥᠨ ᠯᠡ ᠨᠥᠬᠥᠪᠦᠷᠢ ᠡᠷᠡᠮᠡᠯᠵᠡᠯᠡᠬᠦ ᠮᠠᠲ᠋ᠧᠷᠢᠶᠠᠯ ᠵᠶ᠋ᠠᠨ ᠰᠦᠯᠵᠢᠶᠡᠨ᠎ᠤ ᠭᠠᠳᠠᠨ᠎ᠠ ᠲᠤᠰᠢᠶᠠᠬᠤ ᠬᠡᠷᠡᠭᠲᠡᠢ ᠶᠤᠮ᠂ ᠬᠡᠳᠡᠯ᠎ᠡ 《ᠪᠦᠬᠦ ᠶᠠᠪᠤᠴᠠ ᠵᠢᠨ ᠰᠦᠯᠵᠢᠶᠡᠨ᠎ᠤ ᠠᠯᠪᠠᠨ ᠭᠡᠷ》᠎ᠲᠤ ᠵᠡᠮᠳᠡᠭᠴᠤᠳ ᠰᠦᠯᠵᠢᠶᠡᠨ ᠳᠡᠭᠡᠷ᠎ᠡ ᠰᠢᠭᠤᠳ ᠨᠥᠬᠥᠪᠦᠷᠢ ᠭᠤᠶᠤᠴᠢᠯᠠᠬᠤ ᠭᠡᠷᠡᠴᠢ ᠮᠠᠲ᠋ᠧᠷᠢᠶᠠᠯ᠎ᠢ ᠲᠤᠰᠢᠶᠠᠵᠤ᠂ ᠲᠤᠬᠠᠢ᠌ᠯᠠᠭᠰᠠᠨ ᠠᠵᠢᠯ᠎ᠤᠨ ᠬᠠᠷᠢᠶ᠎ᠠ ᠭᠠᠵᠠᠷ᠎ᠨᠢ 《ᠪᠥᠬᠥ ᠶᠠᠪᠤᠴᠠ ᠵᠢᠨ ᠰᠦᠯᠵᠢᠶᠡᠨ᠎ᠤ ᠠᠯᠪᠠᠨ ᠭᠡᠷ》᠎ᠤᠨ ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠣᠯᠤᠭᠰᠠᠨ᠎ᠤ ᠳᠠᠷᠠᠭ᠎ᠠ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠲᠤᠨᠢ ᠬᠦᠷᠭᠡᠵᠦ᠂ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠨᠢ 10 ᠠᠵᠢᠯᠯᠠᠬᠤ ᠡᠳᠦᠷ᠎ᠤᠨ ᠳᠣᠲᠣᠷ᠎ᠠ ᠨᠥᠬᠥᠪᠦᠷᠢ ᠵᠢᠨ ᠬᠢᠷᠢ ᠬᠡᠮ᠎ᠢ ᠮᠠᠭ᠋ᠠᠳᠯᠠᠨ ᠲᠤᠬᠠᠳᠠᠭ᠋ᠠᠵᠤ᠂ ᠭᠦᠢ᠍ᠴᠡᠳᠬᠡᠭᠰᠡᠨ ᠠᠬᠢᠴᠠ᠂ ᠦᠷ᠎ᠡ ᠳ᠋ᠦᠩ᠎ᠢ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠠᠷᠠᠳ᠎ᠤᠨ ᠶᠠᠪᠤᠳᠠᠯ᠎ᠤᠨ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ 《ᠠᠷᠠᠳ᠎ᠤᠨ ᠶᠠᠪᠤᠳᠠᠯ᠎ᠤᠨ ᠬᠦᠮᠦᠷᠬᠡ》᠎ᠪᠠᠷ ᠳᠠᠮᠵᠢᠭᠤᠯᠤᠨ ᠭᠤᠶᠤᠴᠢᠯᠠᠭᠴᠢ᠎ᠳᠤ ᠬᠦᠷᠭᠡᠨ ᠥᠭᠭᠦᠨ᠎ᠡ᠃ ᠡᠭᠦᠨ᠎ᠤ ᠬᠠᠮᠲᠤ᠂ ᠲᠤᠬᠠᠢ᠌ᠯᠠᠭᠰᠠᠨ ᠠᠵᠢᠯ᠎ᠤᠨ ᠬᠠᠷᠢᠶ᠎ᠠ ᠭᠠᠵᠠᠷ ᠪᠤᠯᠤᠨ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠭᠤᠶᠤᠴᠢᠯᠠᠯ᠎ᠤᠨ ᠴᠤᠡᠭᠬᠤᠪᠴᠢ ᠵᠢ ᠦᠷᠭᠦᠯᠵᠢᠯᠡᠨ ᠬᠡᠪ ᠵᠶ᠋ᠡᠷ᠎ᠨᠢ ᠪᠠᠢ᠌ᠯᠭ᠋ᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠵᠢ ᠵᠡᠷᠬᠡ᠎ᠳᠤᠨᠢ ᠰᠠᠭ᠋ᠠᠳ ᠦᠭᠡᠢ ᠨᠡᠪᠲᠡᠷᠡᠭᠦᠯᠬᠦ ᠵᠢ ᠪᠠᠲᠤᠯᠠᠨ᠎ᠠ᠃ 《ᠪᠥᠬᠥ ᠶᠠᠪᠤᠴᠠ ᠵᠢᠨ ᠰᠦᠯᠵᠢᠶᠡᠨ᠎ᠤ ᠠᠯᠪᠠᠨ ᠭᠡᠷ》᠎ᠨᠢ ᠵᠡᠮᠳᠡᠭᠴᠤᠳ᠎ᠤᠨ ᠶᠠᠪᠤᠵᠤ ᠰᠠᠭᠤᠬᠤ ᠳᠠᠷᠤᠭ᠋ᠠᠰᠤ ᠵᠢ ᠪᠠᠭ᠋ᠠᠰᠬᠠᠵᠤ᠂ ᠬᠢᠵᠢᠭ᠎ᠤᠨ ᠬᠤᠭᠤᠴᠠᠭ᠋ᠠᠨ᠎ᠳᠤ ᠬᠥᠮᠥᠰ᠎ᠲᠠᠢ ᠣᠢ᠌ᠷᠠᠳᠬᠤ ᠵᠢ ᠪᠠᠭ᠋ᠠᠰᠬᠠᠨ᠂ ᠵᠡᠮᠳᠡᠭᠴᠤᠳ᠎ᠤᠨ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ᠂ ᠠᠮᠤᠭᠤᠯᠠᠡᠭ ᠲᠥᠷᠥᠭᠳᠡᠯ᠎ᠢ ᠦᠨᠡᠨ ᠬᠦ᠌ ᠨᠡᠮᠡᠭᠳᠡᠭᠦᠯᠪᠡ᠃
ᠲᠥᠷᠥ ᠵᠢᠨ ᠪᠣᠳᠣᠯᠭ᠎ᠠ ᠵᠢ ᠨᠠᠩ ᠰᠠᠢ᠌ᠲᠤᠷ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ ᠣᠯᠠᠨ ᠠᠷᠭ᠎ᠠ᠎ᠪᠠᠷ ᠵᠡᠮᠳᠡᠭᠴᠦᠳ᠎ᠤᠨ ᠬᠣᠶᠠᠷ ᠨᠥᠬᠥᠪᠦᠷᠢ ᠵᠢᠨ 《ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠡᠷᠭᠢᠯᠡᠬᠦ》 ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠥᠷᠭᠡᠨ ᠳᠡᠯᠭᠡᠷ ᠥᠷᠨᠢᠭᠦᠯᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠵᠡᠮᠳᠡᠭᠴᠦᠳ᠎ᠤᠨ ᠬᠣᠯᠪᠣᠭ᠎ᠠ ᠬᠠᠮᠲᠤᠷᠠᠨ 《ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠭᠢᠮ᠂ ᠲᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠠᠯᠪᠠᠨ ᠲᠢᠡᠭᠭᠢᠮ᠎ᠤᠨ ᠵᠡᠮᠳᠡᠭᠴᠦᠳ ᠬᠤᠶᠠᠷ ᠨᠥᠬᠥᠪᠦᠷᠢ ᠵᠢ ᠡᠷᠡᠮᠡᠯᠵᠡᠯᠡᠬᠦ ᠪᠦᠬᠦ ᠶᠠᠪᠤᠴᠨ ᠵᠢ ᠰᠦᠯᠵᠢᠶ᠎ᠡ᠎ᠪᠠᠷ ᠬᠦᠢ᠍ᠴᠡᠳᠬᠡᠬᠦ ᠲᠤᠬᠠᠢ ᠮᠡᠳᠡᠭᠳᠡᠯ》 (ᠥᠪᠥᠷ ᠠᠷᠠᠳ ᠲᠠᠷᠬᠠᠭ᠋ᠠᠭᠰᠠᠨ [2022] 47 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ᠎ᠢ ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠳᠡᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠠᠷᠭ᠎ᠠ ᠵᠢ ᠵᠡᠮᠳᠡᠭᠴᠦᠳ᠎ᠲᠤ ᠴᠠᠭ ᠲᠤᠬᠠᠢᠳᠤᠨᠢ ᠬᠦᠷᠭᠡᠬᠦ ᠬᠡᠷᠡᠭᠲᠡᠢ ᠭᠡᠵᠦ ᠱᠠᠭ᠋ᠠᠷᠳᠠᠪᠠ᠃ ᠡᠭᠦᠨ᠎ᠤ ᠬᠠᠮᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠵᠢᠨ ᠡᠷᠭᠢᠯᠡᠭᠰᠡᠨ 32 ᠳ᠋ᠤᠭ᠋ᠠᠷ ᠤᠳᠠᠭ᠋ᠠᠨ᠎ᠤ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠭᠣᠣᠯ ᠰᠡᠳᠦᠪᠲᠦ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠸᠢᠳᠢᠤ᠋ ᠹᠢᠯᠢᠮ ᠨᠡᠪᠲᠡᠷᠡᠭᠦᠯᠬᠦ ᠵᠡᠷᠭᠡ ᠠᠷᠭ᠎ᠠ᠎ᠪᠠᠷ ᠵᠡᠮᠳᠡᠭᠴᠦᠳ᠎ᠤᠨ ᠬᠣᠶᠠᠷ ᠨᠥᠬᠥᠪᠦᠷᠢ ᠵᠢᠨ 《ᠪᠦᠬᠦ ᠶᠠᠪᠤᠴᠠ ᠵᠢ ᠰᠦᠯᠵᠢᠶᠡᠨ ᠳᠡᠭᠡᠷ᠎ᠡ ᠬᠦᠢ᠍ᠴᠡᠳᠬᠡᠬᠦ》 ᠵᠢ ᠤᠬᠠᠭᠤᠯᠵᠤ᠂ ᠠᠵᠢᠯᠯᠠᠭ᠎ᠠ ᠵᠢᠨ ᠲᠤᠬᠠᠢ ᠵᠢᠨ ᠲᠠᠯᠠᠪᠠᠶ᠎ᠳᠤ 300 ᠭᠠᠷᠤᠢ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠠᠢ᠂ ᠵᠡᠮᠳᠡᠭ ᠢᠷᠬᠡᠨ ᠬᠤᠤ ᠠᠪᠤᠭ᠋ᠠᠢ ᠡᠨᠡ ᠬᠦ᠌ ᠲᠥᠷᠥ ᠵᠢᠨ ᠪᠣᠳᠣᠯᠭ᠎ᠠ ᠵᠢ ᠣᠢ᠌ᠯᠠᠭ᠋ᠠᠭᠰᠠᠨ᠎ᠤ ᠳᠠᠷᠠᠭ᠎ᠠ᠄ 《ᠦᠨᠡᠬᠡᠷ ᠰᠠᠢ᠌ᠨ ᠲᠥᠷᠥ ᠵᠢᠨ ᠪᠣᠳᠣᠯᠭ᠎ᠠ᠂ ᠵᠡᠮᠳᠡᠭᠴᠦᠳ᠎ᠲᠤ ᠳᠥᠭᠥᠮ ᠪᠤᠯᠵᠠᠢ᠂ ᠪᠤᠱ᠌ᠤᠭ᠎ᠠ ᠲᠠᠪᠠᠬᠤ ᠦᠭᠡᠢ᠎ᠪᠠᠷ ᠨᠥᠬᠥᠪᠦᠷᠢ ᠠᠪᠬᠤ᠎ᠪᠠᠷ ᠭᠤᠶᠤᠴᠢᠯᠠᠵᠤ ᠪᠣᠯᠣᠨ᠎ᠠ᠂ ᠨᠠᠮ ᠵᠠᠰᠠᠭ ᠵᠡᠮᠳᠡᠭᠴᠦᠳ᠎ᠤᠨ ᠲᠥᠯᠥᠭᠡ ᠪᠣᠳᠣᠯᠬᠢᠯᠠᠵᠤ ᠪᠠᠢ᠌ᠨ᠎ᠠ᠂ ᠡᠨᠡ ᠬᠦ᠌ ᠰᠠᠢ᠌ᠨ ᠲᠥᠷᠥ ᠵᠢᠨ ᠪᠣᠳᠣᠯᠭ᠎ᠠ ᠵᠢ ᠬᠠᠵᠠᠭᠤ ᠬᠠᠪᠢ ᠵᠢᠨ ᠵᠡᠮᠳᠡᠭ ᠨᠠᠢ᠌ᠵᠠ ᠨᠠᠷ᠎ᠲᠤ᠎ᠪᠠᠨ ᠬᠡᠯᠡᠵᠦ ᠥᠭᠭᠦᠨ᠎ᠡ》 ᠭᠡᠵᠤ ᠲᠤᠬᠳᠤᠯᠤᠨ ᠶᠠᠷᠢᠵᠤ ᠪᠠᠢ᠌ᠯ᠎ᠠ᠃ ᠲᠠᠷᠠᠭ᠋ᠠᠴᠢ᠎ᠪᠠᠷ ᠮᠠᠨ᠎ᠤ ᠤᠷᠤᠨ ᠵᠡᠮᠳᠡᠭᠴᠦᠳ᠎ᠤᠨ ᠬᠣᠶᠠᠷ ᠨᠥᠬᠥᠪᠦᠷᠢ ᠵᠢᠨ 《ᠪᠥᠬᠥ ᠰᠦᠯᠵᠢᠶ᠎ᠡ᠎ᠪᠠᠷ ᠲᠤᠭᠤᠰᠢᠳᠠᠢ ᠭᠦᠢ᠍ᠴᠡᠳᠬᠡᠬᠦ》 ᠲᠥᠷᠥ ᠵᠢᠨ ᠪᠣᠳᠣᠯᠭ᠎ᠠ ᠵᠢ ᠰᠠᠢ᠌ᠳᠤᠷ ᠨᠠᠢ᠌ᠳᠠᠪᠤᠷᠢᠵᠢᠭᠤᠯᠵᠤ᠂ ᠵᠡᠮᠳᠡᠭᠴᠦᠳ᠎ᠲᠤ ᠠᠰᠢᠭ ᠬᠦᠷᠲᠡᠭᠡᠵᠦ᠂ ᠨᠡᠢ᠌ᠭᠡᠮ ᠨᠡᠶ᠋ᠢᠲᠡ ᠵᠢᠨ᠎ᠬᠢᠨ᠎ᠤ ᠰᠡᠳᠬᠢᠯ᠎ᠳᠤ ᠬᠦᠷᠤᠬᠦᠯᠬᠦ᠎ᠪᠠᠷ ᠴᠢᠷᠮᠠᠢ᠌ᠬᠤ ᠪᠤᠯᠤᠨ᠎ᠠ᠃