ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢ ᠲᠥᠷᠬᠦ ᠵᠢᠨ ᠲᠡᠮᠳᠡᠭ (LOGO)᠎ᠢ ᠡᠯᠰᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄ 2022-06-23

   ᠰᠢ ᠵᠢᠨ ᠫᠢᠩ ᠶᠡᠷᠦᠩᠬᠡᠢ ᠱᠦᠵᠢ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠭᠦᠨᠵᠡᠭᠡᠢ ᠰᠤᠷᠤᠯᠴᠠᠨ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠪᠤᠢ᠌ᠵᠢᠯᠳᠠ ᠵᠢ  ᠬᠠᠯᠠᠮᠵᠢᠯᠠᠬᠤ ᠭᠦᠨ ᠵᠤᠵᠠᠭ᠋ᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠥᠪᠥᠷ ᠮᠣᠩᠭᠣᠯ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠴᠢᠨᠠᠷᠯᠢᠭ ᠬᠥᠭᠵᠢᠯᠲᠡ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠭᠦᠢ᠍ᠴᠡᠳ ᠬᠠᠷᠠᠭᠤᠯᠵᠤ᠂ ᠥᠪᠥᠷ ᠮᠣᠩᠭᠣᠯ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠨᠠᠷᠠᠲᠤ ᠲᠥᠷᠥᠯ ᠲᠡᠮᠳᠡᠭᠲᠦ ᠵᠢᠨ ᠬᠦᠴᠦᠨ ᠪᠠ ᠨᠥᠯᠥᠭᠡᠯᠡᠬᠦ ᠬᠦᠴᠦᠨ᠎ᠢ ᠲᠡᠭᠡᠭᠰᠢᠯᠡᠬᠦᠯᠬᠦ ᠵᠢᠨ ᠲᠦᠯᠦᠬᠡ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢ ᠲᠥᠷᠬᠦ ᠵᠢᠨ ᠲᠡᠮᠳᠡᠭ (LOGO)᠎ᠢ ᠨᠡᠢ᠌ᠬᠡᠮ ᠲᠠᠶᠠᠭ᠋ᠠᠷ᠎ᠠᠴᠠ ᠡᠯᠰᠡᠬᠦ᠎ᠪᠠᠷ ᠲᠤᠬᠳᠠᠪᠠ᠃ ᠪᠣᠳᠠᠲᠠᠢ ᠱᠠᠭ᠋ᠠᠷᠳᠠᠯᠭ᠎ᠠ᠎ᠨᠢ᠄
   ᠨᠢᠭᠡ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ᠎ᠪᠠᠷ ᠭᠣᠣᠯ ᠰᠡᠳᠦᠪ ᠪᠣᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠡᠯᠧᠮᠧᠨ᠋ᠲ᠂ ᠣᠶᠤᠨ ᠰᠠᠨᠠᠭ᠋ᠠᠨ᠎ᠤ ᠤᠳᠬ᠎ᠠ ᠰᠠᠨᠠᠭ᠎ᠠ᠂ ᠴᠠᠭ ᠦᠶ᠎ᠡ ᠵᠢᠨ ᠣᠨᠴᠠᠯᠢᠭ᠎ᠢ ᠲᠤᠰᠬᠠᠨ᠎ᠠ᠃  ᠲᠦᠷᠢ ᠲᠦᠷᠬᠦ ᠵᠢᠨ ᠲᠡᠮᠳᠡᠭ (LOGO)᠎ᠨᠢ ᠭᠣᠣᠯ ᠵᠣᠷᠢᠯᠲᠠ ᠵᠢ ᠣᠨᠣᠭ᠋ᠠᠵᠤ᠂ ᠵᠢᠷᠤᠭ᠎ᠤᠨ ᠪᠦᠲᠦᠴᠡ᠎ᠨᠢ ᠰᠢᠨ᠎ᠡ ᠰᠣᠷᠭᠣᠭ᠂ ᠰᠡᠳᠬᠢᠮᠵᠢ᠎ᠨᠢ ᠥᠪᠡᠷᠮᠢᠴᠡ᠂ ᠲᠣᠪᠴᠢ ᠠᠪᠰᠠᠷᠬᠠᠨ᠂ ᠴᠡᠭᠡᠵᠢᠯᠡᠬᠦ᠎ᠳᠤ ᠬᠢᠯᠪᠠᠷ᠂ ᠣᠢ᠌ᠯᠠᠭ᠋ᠠᠮᠵᠢᠲᠠᠢ ᠪᠠᠢ᠌ᠵᠤ᠂ ᠥᠪᠥᠷ ᠮᠣᠩᠭᠣᠯ᠎ᠤᠨ ᠡᠯ᠎ᠡ ᠱᠠᠲᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠵᠢᠨ᠎ᠬᠢᠨ᠎ᠤ ᠨᠠᠰᠤᠨ᠎ᠳᠤ ᠥᠯᠥ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠵᠢᠭᠰᠠᠭ᠋ᠠᠯ᠎ᠤᠨ ᠭᠠᠵᠠᠷ᠂ ᠣᠯᠠᠨ ᠨᠡᠶ᠋ᠢᠲᠡ ᠵᠢᠨ ᠢᠯᠭ᠋ᠠᠬᠤ ᠲᠡᠮᠳᠡᠭ᠂ ᠠᠵᠢᠯ᠎ᠤᠨ ᠫᠠᠢ᠌ᠰᠠ (ᠡᠩᠭᠡᠷ᠎ᠤᠨ ᠫᠠᠢ᠌ᠰᠠ)᠂ ᠵᠠᠬᠢᠳᠠᠯ᠎ᠤᠨ ᠲᠡᠮᠳᠡᠭ᠂ ᠤᠬᠠᠭᠤᠯᠭ᠎ᠠ ᠵᠢᠨ ᠡᠳ᠋᠂ ᠳᠤᠷᠠᠰᠬᠠᠯ᠎ᠤᠨ ᠡᠳ᠋ ᠪᠠ ᠣᠷᠴᠢᠨ ᠲᠣᠭᠣᠷᠢᠨ᠎ᠤ ᠬᠡᠷᠡᠭᠯᠡᠯᠲᠡ ᠪᠠ ᠵᠠᠭᠤᠴᠢᠯᠠᠭᠤᠷ ᠳᠡᠭᠡᠷ᠎ᠡ ᠬᠡᠷᠡᠭᠯᠡᠬᠦ᠎ᠳᠤ  ᠲᠤᠬᠢᠷᠠᠬᠰᠠᠨ ᠪᠠᠢ᠌ᠬᠤ ᠬᠡᠷᠡᠭᠳᠡᠢ᠃ ᠵᠢᠷᠤᠭ ᠲᠥᠯᠥᠪᠯᠡᠭᠡᠨ᠎ᠤ ᠬᠡᠪ ᠨᠠᠮᠪᠠ᠂ ᠲᠦᠷᠦᠯ ᠬᠡᠯᠪᠡᠷᠢ ᠵᠢ ᠬᠢᠵᠠᠭ᠋ᠠᠷᠯᠠᠬᠤ ᠦᠭᠡᠢ᠂ ᠭᠡᠪᠡᠴᠦ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠨᠡᠢ᠌ᠭᠡᠮ ᠨᠡᠶ᠋ᠢᠲᠡ ᠵᠢᠨ ᠡᠮᠬᠢ ᠵᠢᠷᠤᠮ ᠪᠠ ᠰᠠᠢ᠌ᠨ ᠰᠠᠢ᠌ᠬᠠᠨ ᠬᠡᠪ ᠵᠠᠩᠰᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
   ᠬᠣᠶᠠᠷ᠂ ᠪᠦᠲᠦᠭᠡᠯ᠎ᠢ ᠺᠣᠮᠫᠢᠦ᠋ᠲ᠋ᠧᠷ ᠵᠶ᠋ᠡᠷ ᠦᠢ᠍ᠯᠡᠳᠬᠦ ᠪᠤᠶᠤ ᠭᠠᠷ ᠵᠶ᠋ᠠᠷ ᠵᠢᠷᠤᠵᠤ ᠪᠦᠲᠦᠭᠡᠬᠦ ᠵᠢᠨ ᠬᠠᠮᠲᠤ 500  ᠦᠰᠦᠭ᠎ᠤᠨ ᠳᠣᠲᠣᠷᠠᠬᠢ ᠵᠣᠬᠢᠶᠠᠨ  ᠪᠦᠳᠦᠬᠡᠭᠰᠡᠨ ᠲᠣᠳᠣᠷᠬᠠᠢ᠌ᠯᠠᠯᠲᠠ ᠲᠤᠰᠢᠶᠠᠬᠤ ᠬᠡᠷᠡᠭᠲᠡᠢ᠂ ᠡᠭᠦᠨ᠎ᠳᠤ ᠵᠢᠷᠤᠵᠤ ᠲᠥᠯᠥᠪᠯᠡᠭᠰᠡᠨ  ᠦᠯᠢᠬᠡᠷ ᠵᠢᠷᠤᠭ᠂ ᠲᠧᠭᠨᠢᠭ ᠮᠡᠷᠭᠡᠵᠢᠯ᠎ᠤᠨ ᠦᠰᠦᠭ ᠪᠢᠴᠢᠭ᠎ᠤᠨ ᠲᠣᠳᠣᠷᠬᠠᠢ᠌ᠯᠠᠯᠲᠠ (ᠵᠢᠷᠤᠭ᠎ᠤᠨ ᠦᠯᠢᠬᠡᠷ ᠵᠢᠷᠤᠭ᠎ᠤᠨ ᠬᠡᠮᠵᠢᠶ᠎ᠡ᠂ ᠬᠠᠷᠢᠴᠠᠯ᠂ ᠤᠢ᠌ᠩᠭᠡ ᠵᠡᠷᠭᠡ) ᠪᠠ ᠵᠢᠷᠤᠵᠤ ᠲᠥᠯᠥᠪᠯᠡᠭᠰᠡᠨ ᠤᠢ᠌ᠯᠢᠭᠡᠷ ᠵᠢᠷᠤᠭ᠎ᠤᠨ ᠣᠢ᠌ᠯᠠᠭ᠋ᠠᠭᠳᠠᠬᠤᠨ᠎ᠤ ᠲᠣᠳᠣᠷᠬᠠᠢ᠌ᠯᠠᠯᠲᠠ (ᠲᠤᠰ ᠵᠢᠷᠤᠭ ᠲᠥᠯᠥᠪᠯᠡᠭᠡᠨ᠎ᠳᠤ ᠠᠬᠤᠭᠤᠯᠤᠭᠳᠠᠵᠤ ᠪᠠᠢ᠌ᠭ᠎ᠠ ᠠᠴᠢ ᠬᠣᠯᠪᠣᠭᠳᠠᠯ᠂ ᠤᠳᠬ᠎ᠠ ᠰᠠᠨᠠᠭ᠎ᠠ᠂  ᠲᠡᠤᠬᠡᠨ ᠠᠬᠤᠢ ᠵᠡᠷᠭᠡ) ᠪᠠᠭᠲᠠᠬᠤ ᠵᠢᠨ ᠬᠠᠮᠲᠤ  ᠵᠤᠬᠢᠶᠠᠨ ᠪᠦᠳᠦᠭᠡᠭᠴᠢ ᠵᠢᠨ ᠨᠡᠷ᠎ᠡ᠂ ᠬᠠᠷᠢᠯᠴᠠᠬᠤ ᠠᠷᠭ᠎ᠠ᠎ᠪᠠᠨ ᠪᠢᠴᠢᠬᠦ   ᠬᠡᠷᠡᠭᠲᠡᠢ᠃
   ᠭᠤᠷᠪᠠ᠂ ᠢᠷᠡᠭᠦᠯᠦᠭᠰᠡᠨ ᠡᠬᠡ ᠪᠢᠴᠢᠭ᠎ᠢ ᠡᠯᠧᠺᠲᠷᠣᠨ ᠬᠡᠪᠯᠡᠯ᠎ᠤᠨ JPG᠂ GIF ᠪᠤᠶᠤ TIF ᠬᠡᠯᠪᠡᠷᠢ ᠪᠣᠯᠣᠨ ᠳᠡᠭᠡᠳᠦ ᠨᠠᠷᠢᠯᠢᠭ ᠵᠢᠷᠤᠭ ᠲᠥᠯᠥᠪᠯᠡᠭᠡ ᠵᠢᠨ ᠡᠬᠡ ᠵᠢᠷᠤᠭ ᠵᠶ᠋ᠠᠷ ᠲᠤᠰᠢᠶᠠᠨ᠎ᠠ᠃ ᠵᠢᠷᠤᠭ ᠳᠦᠷᠰᠦ ᠵᠢᠨ ᠬᠡᠮᠵᠢᠶ᠎ᠡ᠎ᠨᠢ 5M᠎ᠠᠴᠠ ᠳᠣᠣᠷ᠎ᠠ ᠪᠠᠢ᠌ᠵᠤ ᠪᠣᠯᠬᠤ ᠦᠭᠡᠢ᠂ ᠪᠦᠲᠦᠭᠡᠯ᠎ᠤᠨ ᠵᠢᠷᠤᠭ ᠳᠦᠷᠰᠦ ᠵᠢᠨ ᠡᠯᠧᠺᠲᠷᠣᠨ ᠡᠬᠡ ᠪᠢᠴᠢᠭ᠎ᠤᠨ ᠢᠯᠭ᠋ᠠᠮᠵᠢ᠎ᠨᠢ 300dpi (ᠳᠦᠷᠰᠦᠨ ᠡᠯᠧᠮᠧᠨ᠋ᠲ/ ᠢᠨᠴ)᠎ᠠᠴᠠ ᠳᠣᠣᠷ᠎ᠠ ᠪᠠᠢ᠌ᠵᠤ ᠪᠣᠯᠬᠤ ᠦᠭᠡᠢ ᠪᠥᠭᠡᠳ ᠴᠢᠭᠯᠡᠯᠲᠦ ᠬᠡᠮᠵᠢᠭᠳᠡᠬᠦᠨ᠎ᠤ ᠡᠬᠢ ᠮᠠᠲ᠋ᠧᠷᠢᠶᠠᠯ (AI᠂ CDR᠂ PSD᠂ PNG ᠵᠡᠷᠭᠡ ᠬᠡᠯᠪᠡᠷᠢ) ᠬᠠᠩᠭ᠋ᠠᠨ᠎ᠠ᠃
   ᠳᠥᠷᠪᠡ᠂ ᠡᠬᠡ ᠪᠢᠴᠢᠭ ᠵᠶ᠋ᠡᠨ ᠥᠭᠬᠦ᠎ᠲᠠᠢ ᠵᠡᠷᠭᠡ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠎ᠳᠤ ᠥᠮᠴᠢᠯᠡᠭᠳᠡᠨ᠎ᠡ᠂ ᠡᠭᠦᠨ᠎ᠳᠤ ᠵᠠᠰᠠᠬᠤ᠂ ᠨᠡᠢ᠌ᠲᠡᠯᠡᠬᠦ᠂ ᠬᠡᠷᠡᠭᠯᠡᠬᠦ ᠵᠡᠷᠭᠡ ᠡᠷᠬᠡ ᠪᠠᠭᠲᠠᠨ᠎ᠠ᠂ ᠡᠯᠰᠡᠯᠳᠡ᠎ᠳᠤ ᠥᠭᠭᠦᠭᠰᠡᠨ ᠪᠤᠢ ᠪᠦᠬᠦᠢ ᠪᠦᠲᠦᠭᠡᠯ᠎ᠤᠨ ᠡᠯᠧᠮᠧᠨ᠋ᠲ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢ ᠲᠥᠷᠬᠦ ᠵᠢᠨ ᠲᠡᠮᠳᠡᠭ (LOGO)᠎ᠤᠨ ᠡᠴᠦᠰ᠎ᠤᠨ ᠬᠡᠪᠯᠡᠯ᠎ᠳᠤ ᠬᠡᠷᠡᠭᠯᠡᠵᠦ ᠮᠡᠳᠡᠨ᠎ᠡ᠃ ᠦᠪᠡᠷ ᠵᠶ᠋ᠡᠨ ᠵᠤᠬᠢᠶᠠᠨ ᠪᠦᠳᠦᠬᠡᠭᠰᠡᠨ ᠡᠬᠡ ᠪᠦᠳᠦᠬᠡᠯ ᠪᠤᠯᠬᠤ᠂ ᠪᠤᠰᠤᠳ᠎ᠤᠨ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ  ᠦᠬᠡᠢ ᠵᠢ ᠡᠬᠡ ᠪᠢᠴᠢᠭ ᠬᠠᠡᠭᠭ᠋ᠠᠬᠬ᠍ᠴᠢ ᠡᠷᠬᠡᠪᠰᠢ ᠪᠠᠲᠤᠯᠠᠬᠤ ᠬᠡᠷᠡᠭᠲᠡᠢ ᠪᠦᠬᠡᠳ᠂  ᠪᠤᠰᠤᠳ᠎ᠤᠨ ᠵᠤᠬᠢᠶᠠᠨ ᠪᠦᠳᠦᠭᠡᠭᠰᠡᠨ ᠡᠷᠬᠡ᠎ᠳᠤ ᠬᠠᠯᠳᠠᠬᠰᠠᠨ ᠪᠤᠯ ᠬᠠᠤᠯᠢ ᠵᠢ ᠵᠦᠷᠢᠴᠡᠭᠰᠡᠨ ᠬᠠᠷᠢᠭᠤᠴᠠᠯᠭ᠎ᠠ ᠵᠢ ᠡᠬᠡ ᠪᠢᠴᠢᠭ ᠬᠠᠡᠭᠭ᠋ᠠᠭᠴᠢ ᠡᠭᠦᠷᠭᠡᠯᠡᠨ᠎ᠡ᠃ ᠡᠢ᠌ᠮᠤ ᠪᠠᠢ᠌ᠳᠠᠯ᠎ᠢ ᠣᠯᠵᠤ ᠮᠡᠳᠡᠮᠡᠭᠴᠡ ᠰᠢᠯᠭ᠋ᠠᠷᠠᠭᠤᠯᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ᠂ ᠵᠢᠷᠤᠭ ᠲᠥᠯᠥᠪᠯᠡᠭᠡ ᠵᠢᠨ ᠵᠠᠷᠤᠳᠠᠯ᠎ᠢ᠎ᠨᠢ ᠨᠢᠭᠡᠨᠲᠡ ᠥᠭᠭᠦᠭᠰᠡᠨ ᠪᠠᠢ᠌ᠪᠠᠯ ᠲᠡᠷᠡ ᠳᠠᠷᠤᠢ᠎ᠳᠤ᠎ᠨᠢ ᠲᠤᠭ᠎ᠠ ᠶᠤᠰᠤᠭ᠋ᠠᠷ ᠪᠤᠴᠠᠭ᠋ᠠᠵᠤ ᠠᠪᠤᠨ᠎ᠠ᠃ ᠪᠦᠳᠦᠬᠡᠯ ᠡᠯᠰᠡᠬᠦ ᠬᠤᠭᠤᠴᠠᠭ᠋ᠠᠨ᠎ᠳᠤ ᠡᠯᠰᠡᠯᠳᠡ᠎ᠳᠤ ᠤᠷᠤᠯᠴᠠᠬᠰᠠᠨ ᠪᠦᠳᠦᠬᠡᠯ᠎ᠢ ᠰᠢᠯᠵᠢᠬᠦᠯᠬᠦ ᠪᠤᠶᠤ ᠭᠤᠷᠪᠠᠳᠠᠬᠢ ᠡᠳᠡᠬᠡᠳ᠎ᠲᠤ ᠬᠡᠷᠡᠭᠯᠡᠬᠦᠯᠵᠤ ᠪᠤᠯᠬᠤ ᠦᠬᠡᠢ᠂ ᠡᠯᠰᠡᠯᠳᠡ᠎ᠳᠤ ᠤᠷᠤᠯᠴᠠᠬᠰᠠᠨ ᠪᠦᠳᠦᠬᠡᠯ᠎ᠢ ᠪᠤᠰᠤᠳ ᠠᠵᠢᠯᠯᠠᠭ᠋ᠠᠨ᠎ᠳᠤ ᠤᠷᠤᠯᠴᠠᠭᠤᠯᠵᠤ ᠪᠤᠯᠬᠤ ᠦᠬᠡᠢ᠃
   ᠲᠠᠪᠤ᠂ ᠡᠬᠡ ᠪᠢᠴᠢᠭ ᠬᠠᠡᠭᠭ᠋ᠠᠬ᠍ᠴᠢ 2022 ᠣᠨ᠎ᠤ 6 ᠰᠠᠷ᠎ᠠ ᠵᠢᠨ 30᠎ᠤ ᠡᠳᠦᠷ᠎ᠠᠴᠠ ᠡᠮᠦᠨ᠎ᠡ (ᠢᠯᠡᠭᠡᠭᠰᠡᠨ ᠴᠠᠭ ᠵᠶ᠋ᠠᠷ) ᠪᠦᠲᠦᠭᠡᠯ᠎ᠤᠨ ᠵᠶ᠋ᠡᠨ ᠴᠠᠭ᠋ᠠᠰᠤᠨ ᠬᠡᠪᠯᠡᠯ᠎ᠢ ᠥᠪᠥᠷ ᠮᠣᠩᠭᠣᠯ᠎ᠤᠨ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠵᠡᠭᠡᠯᠢ ᠵᠢᠨ 63 ᠳ᠋ᠤᠭ᠋ᠠᠷ ᠬᠦᠷᠢᠶᠡᠨ᠎ᠤ 6 ᠳ᠋ᠤᠭ᠋ᠠᠷ ᠠᠰᠠᠷ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠹᠠᠨ ᠪᠦᠦ ᠸᠧᠢ᠎ᠳᠤ ᠢᠯᠡᠬᠡᠨ᠎ᠡ᠃
    ᠬᠠᠶᠢᠭ᠄内蒙古呼和浩特市新城区新华大街63号院6号楼民政厅范宝薇
    ᠬᠠᠷᠢᠯᠴᠠᠬᠤ ᠤᠲᠠᠰᠤ᠄ 0471 — 6611076᠃
    ᠴᠠᠭ᠋ᠠᠰᠤᠨ ᠬᠡᠪᠯᠡᠯ᠎ᠢ ᠢᠯᠡᠭᠡᠬᠦ ᠵᠢᠨ ᠬᠠᠮᠲᠤ ᠡᠯᠧᠺᠲᠷᠣᠨ ᠬᠡᠪᠯᠡᠯ᠎ᠢ ᠰᠢᠤᠳᠠᠨ ᠬᠠᠢ᠌ᠷᠴᠠᠭ (nmgmztetflc@163.com)᠎ᠲᠤ ᠶᠠᠪᠤᠭᠤᠯᠵᠤ᠂ ᠮᠠᠲ᠋ᠧᠷᠢᠶᠠᠯ᠎ᠤᠨ ᠨᠡᠷ᠎ᠡ ᠵᠢ 《ᠵᠣᠬᠢᠶᠠᠭᠴᠢ ᠵᠢᠨ ᠨᠡᠷ᠎ᠡ (ᠨᠢᠭᠡᠴᠡ) + ᠡᠯᠰᠡᠭᠰᠡᠨ ᠵᠢᠷᠤᠭ》 ᠭᠡᠵᠤ ᠪᠢᠴᠢᠬᠡᠳ᠂ ᠰᠢᠤᠳᠠᠨ᠎ᠤ ᠵᠦᠢ᠍ᠯ᠎ᠤᠨ ᠭᠣᠣᠯ ᠰᠡᠳᠦᠪ᠎ᠢ 《ᠥᠪᠥᠷ ᠮᠣᠩᠭᠣᠯ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠡᠮᠳᠡᠭ (LOGO)᠎ᠢ ᠡᠯᠰᠡᠨ᠎ᠡ》 ᠭᠡᠵᠦ ᠲᠠᠭᠯᠠᠨ᠎ᠠ᠃ ᠡᠬᠡ ᠪᠢᠴᠢᠭ ᠥᠭᠭᠦᠭᠴᠢ ᠴᠠᠭ᠋ᠠᠰᠤᠨ ᠬᠡᠪᠯᠡᠯ ᠪᠠ ᠡᠯᠧᠺᠲᠷᠣᠨ ᠬᠡᠪᠯᠡᠯ᠎ᠳᠤ ᠴᠥᠮ ᠵᠢᠷᠤᠵᠤ ᠲᠥᠯᠥᠪᠯᠡᠭᠴᠢ ᠵᠢᠨ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠪᠠᠢ᠌ᠭᠤᠯᠭ᠎ᠠ ᠨᠢᠭᠡᠴᠢ᠂ ᠤᠲᠠᠰᠤ᠂ ᠬᠠᠶᠢᠭ ᠵᠡᠷᠭᠡ᠎ᠪᠠᠨ ᠪᠢᠴᠢᠬᠡᠷᠡᠢ᠃ ᠪᠠᠢ᠌ᠭᠤᠯᠭ᠎ᠠ ᠨᠢᠬᠡᠴᠢ ᠰᠣᠩᠭᠣᠭᠤᠯᠢ᠎ᠳᠤ ᠣᠷᠣᠯᠴᠠᠪᠠᠯ᠂  ᠨᠢᠬᠡᠴᠢ ᠵᠢᠨ ᠵᠶ᠋ᠡᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠭ᠋ᠠᠷᠠᠢ᠃
   ᠲᠣᠰ ᠠᠵᠢᠯᠯᠠᠭ᠎ᠠ᠎ᠳᠤ ᠨᠡᠷ᠎ᠡ ᠮᠡᠳᠡᠭᠦᠯᠬᠦ ᠰᠦᠢ᠍ᠳᠬᠡᠯ ᠬᠤᠷᠢᠶᠠᠬᠤ ᠦᠭᠡᠢ᠂ ᠢᠯᠡᠭᠡᠭᠰᠡᠨ ᠡᠬᠡ ᠪᠢᠴᠢᠭ᠎ᠢ ᠪᠤᠴᠠᠭ᠋ᠠᠬᠤ ᠦᠭᠡᠢ᠂ ᠡᠬᠡ ᠪᠢᠴᠢᠭ᠎ᠢ ᠢᠯᠡᠭᠡᠭᠴᠢ ᠤᠭ ᠡᠬᠡ᠎ᠪᠠᠨ ᠥᠪᠡᠷ ᠵᠶ᠋ᠡᠨ ᠦᠯᠡᠳᠡᠭᠡᠬᠦ ᠪᠤᠯᠪᠠ ᠤᠤ᠃
   ᠵᠢᠷᠭᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ ᠲᠤᠰᠬᠠᠢ ᠮᠡᠷᠭᠡᠵᠢᠯᠲᠡᠨ᠎ᠤ  ᠬᠢᠨᠠᠬ᠍ᠴᠢ ᠵᠢᠨ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠡᠷᠬᠡ ᠲᠡᠭᠰᠢ᠂ ᠲᠥᠪ ᠭᠣᠥᠯᠴᠢ ᠪᠠᠢ᠌ᠬᠤ ᠵᠠᠷᠴᠢᠮ᠎ᠢ ᠪᠠᠷᠢᠮᠲᠠᠯᠠᠨ᠂ ᠡᠯᠰᠡᠭᠳᠡᠬᠦ ᠪᠦᠲᠦᠭᠡᠯ᠎ᠤᠨ ᠪᠣᠳᠠᠲᠤ ᠬᠡᠷᠡᠭᠯᠡᠭᠡᠨ᠎ᠤ ᠴᠢᠨᠠᠷ᠂ ᠦᠵᠡᠮᠵᠢᠲᠡᠢ ᠴᠢᠨᠠᠷ᠂ ᠪᠦᠲᠦᠭᠡᠯᠴᠢ ᠴᠢᠨᠠᠷ ᠪᠠ ᠵᠢᠷᠤᠭᠯᠠᠨ ᠲᠥᠯᠥᠪᠯᠡᠬᠦ  ᠤᠢ᠌ᠯᠠᠭ᠋ᠠᠬᠳᠠᠬᠤᠨ ᠵᠶ᠋ᠠᠷ ᠦᠨᠡᠯᠡᠨ ᠬᠢᠨᠠᠬᠤ ᠪᠠᠷᠢᠮᠵᠢᠶ᠎ᠠ ᠪᠣᠯᠭ᠋ᠠᠨ ᠲᠥᠪᠯᠡᠷᠡᠭᠦᠯᠦᠨ  ᠬᠢᠨᠠᠨ᠎ᠠ᠃ 《ᠥᠪᠥᠷ ᠮᠣᠩᠭᠣᠯ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ》 ᠵᠢᠨ᠎ᠬᠢᠨ᠎ᠤ ᠸᠢᠴᠠᠲ ᠲᠠᠪᠴᠠᠡᠭ᠂ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ᠎ᠤ ᠰᠦᠯᠵᠢᠶ᠎ᠡ᠂ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ》᠎ᠤᠨ ᠸᠢᠴᠠᠲ ᠲᠠᠪᠴᠠᠡᠭ ᠵᠡᠷᠭᠡ ᠵᠠᠭᠤᠴᠢᠯᠠᠭᠤᠷ ᠵᠶ᠋ᠡᠷ ᠨᠡᠢ᠌ᠲᠡᠯᠡᠨ᠎ᠡ᠃ ᠡᠯᠰᠡᠭᠰᠡᠨ ᠪᠦᠲᠦᠭᠡᠯ᠎ᠠᠴᠠ 5 ᠵᠢ ᠰᠢᠯᠭ᠋ᠠᠷᠠᠭᠤᠯᠵᠤ᠂ ᠡᠬᠦᠨ᠎ᠤ ᠲᠤᠳᠤᠷ᠎ᠠ᠎ᠠᠴᠠ ᠬᠠᠮᠤᠭ᠎ᠤᠨ ᠰᠠᠢ᠌ᠨ ᠪᠦᠳᠤᠬᠡᠯ᠎ᠢ᠎ᠨᠢ ᠡᠯᠰᠡᠵᠤ ᠬᠡᠷᠡᠭᠯᠡᠬᠦ ᠪᠤᠯᠤᠨ᠎ᠠ᠃ 
   ᠲᠣᠰ ᠤᠳᠠᠭ᠋ᠠᠨ᠎ᠤ ᠡᠯᠰᠡᠬᠦ ᠠᠵᠢᠯᠯᠠᠭ᠎ᠠ᠎ᠳᠤ  ᠡᠯᠰᠡᠨ ᠬᠡᠷᠡᠭᠯᠡᠭᠳᠡᠬᠦ ᠪᠦᠲᠦᠭᠡᠯ᠎ᠤᠨ ᠵᠢᠷᠤᠭ ᠲᠥᠯᠥᠪᠯᠡᠭᠴᠢ᠎ᠳᠤ 5000 ᠲᠥᠭᠥᠷᠢᠭ᠎ᠤᠨ ᠵᠢᠷᠤᠭ ᠲᠥᠯᠥᠪᠯᠡᠭᠡᠨ᠎ᠤ ᠵᠠᠷᠤᠳᠠᠯ ᠥᠭᠴᠦ᠂ ᠪᠤᠰᠤᠳ 4 ᠪᠦᠲᠦᠭᠡᠯ ᠨᠢᠬᠡ ᠪᠦᠷᠢ᠎ᠳᠤ 1000 ᠲᠥᠭᠥᠷᠢᠭ᠎ᠤᠨ ᠵᠢᠷᠤᠭ ᠲᠥᠯᠥᠪᠯᠡᠭᠡᠨ᠎ᠤ ᠵᠠᠷᠤᠳᠠᠯ ᠥᠭᠭᠦᠨ᠎ᠡ᠃ (ᠲᠠᠢ᠌ᠯᠪᠤᠷᠢ᠄ ᠲᠤᠰ ᠤᠳᠠᠭ᠎ᠠ ᠵᠢᠨ ᠵᠢᠷᠤᠭ ᠲᠥᠯᠥᠪᠯᠡᠭᠡᠨ᠎ᠤ ᠵᠠᠷᠤᠳᠠᠯ᠎ᠨᠢ ᠴᠥᠮ ᠭᠠᠢ᠌ᠯᠢ ᠲᠤᠰᠢᠶᠠᠬᠤ ᠲᠣᠭ᠎ᠠ ᠪᠣᠯᠣᠨ᠎ᠠ᠂ ᠵᠢᠷᠤᠭ ᠲᠥᠯᠥᠪᠯᠡᠭᠴᠢ᠎ᠨᠢ ᠤᠯᠤᠰ ᠪᠠ ᠭᠠᠵᠠᠷ ᠣᠷᠣᠨ᠎ᠤ ᠬᠤᠯᠪᠤᠬᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠭᠠᠢ᠌ᠯᠢ ᠲᠤᠰᠢᠶᠠᠬᠤ ᠬᠡᠷᠡᠭᠲᠡᠢ᠃)


   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ

         2022 ᠣᠨ᠎ᠤ 6 ᠰᠠᠷ᠎ᠠ ᠵᠢᠨ 20


   


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠤᠳᠠᠭ᠋ᠠᠨ᠎ᠤ ᠪᠦᠬᠦ ᠬᠡᠰᠢᠬᠦᠳ᠎ᠤᠨ ᠬᠤᠷᠠᠯ᠎ᠤᠨ ᠠᠯᠪᠠᠨ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠢ ᠬᠡᠢ ᠵᠢᠨ ᠬᠠᠮᠢᠶᠠᠷᠤᠯᠲᠠ ᠵᠢᠨ ᠳᠦᠷᠢᠮ》᠎ᠢ 7 ᠳ᠋ᠤᠭ᠋ᠠᠷ ᠰᠠᠷ᠎ᠠ ᠵᠢᠨ1᠎ᠤ ᠡᠳᠤᠷ᠎ᠠᠴᠠ ᠡᠬᠢᠯᠡᠨ ᠬᠡᠷᠡᠭᠵᠢᠬᠦᠯᠤᠨ᠎ᠡ
ᠳᠡᠭᠡᠳᠦ ᠰᠤᠷᠭ᠋ᠠᠭᠤᠯᠢ ᠲᠡᠭᠦᠰᠦᠭᠰᠡᠳ ᠬᠢᠯᠢ ᠬᠢᠵᠠᠭ᠋ᠠᠷ᠎ᠤᠨ ᠬᠣᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠣᠰᠢᠭᠤ ᠰᠢᠶᠠᠨ᠎ᠤ ᠦᠨᠳᠦᠰᠦᠨ ᠱᠠᠲᠤᠨ᠎ᠳᠤ ᠬᠦᠷᠴᠦ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠬᠤ ᠲᠥᠷᠥ ᠵᠢᠨ ᠪᠣᠳᠣᠯᠭ᠎ᠠ ᠵᠢᠨ ᠠᠷᠭ᠎ᠠ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠮᠠᠨ᠎ᠤ ᠣᠷᠣᠨ 《ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠬᠦᠨᠳᠦ ᠤᠨᠴᠠᠭ᠋ᠠᠢ ᠡᠪᠡᠳᠴᠢᠨ ᠡᠮᠬᠡᠭ᠎ᠤᠨ ᠲᠤᠬᠠᠢ ᠡᠮᠴᠢᠯᠡᠭᠡᠨ᠎ᠤ ᠳᠠᠭ᠋ᠠᠳᠬᠠᠯ ᠪᠠ ᠲᠤᠰᠠᠯᠠᠮᠵᠢ ᠵᠢᠨ ᠳᠦᠷᠢᠮ᠎ᠢ ᠪᠦᠷᠢᠨᠰᠢᠬᠦᠯᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ ᠠᠷᠭ᠋ᠠᠴᠠᠭ᠋ᠠᠬᠤ ᠲᠥᠰᠥᠯ》᠎ᠢ ᠲᠠᠷᠤᠮᠠᠯᠯᠠᠨ ᠲᠠᠷᠬᠠᠭ᠋ᠠᠪᠠ
 
            