ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠤᠳᠠᠭ᠋ᠠᠨ᠎ᠤ ᠪᠦᠬᠦ ᠬᠡᠰᠢᠬᠦᠳ᠎ᠤᠨ ᠬᠤᠷᠠᠯ᠎ᠤᠨ ᠠᠯᠪᠠᠨ ᠵᠠᠷᠯᠠᠯ
(2022 ᠣᠨ᠎ᠤ 6 ᠰᠠᠷ᠎ᠠ ᠵᠢᠨ 27 ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠬᠡᠰᠢᠬᠦᠳ᠎ᠤᠨ ᠬᠤᠷᠠᠯ᠎ᠠᠴᠠ ᠪᠠᠳᠤᠯᠠᠪᠠ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠭᠤᠷᠪᠠᠳᠤᠭ᠋ᠠᠷ ᠤᠳᠠᠭ᠋ᠠᠨ᠎ᠤ ᠪᠦᠬᠦ ᠬᠡᠰᠢᠬᠦᠳ᠎ᠤᠨ ᠬᠤᠷᠠᠯ 2022 ᠤᠨ᠎ᠤ 6 ᠳ᠋ᠤᠭ᠋ᠠᠷ ᠰᠠᠷ᠎ᠠ ᠵᠢᠨ 27᠎ᠤ ᠡᠳᠤᠷ ᠬᠦᠬᠡᠬᠤᠳᠠ᠎ᠳᠤ ᠬᠤᠷᠠᠯᠳᠤᠪᠠ᠃

ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ ᠳᠡᠭᠡᠷ᠎ᠡ ᠶᠠᠷᠢᠶ᠎ᠠ ᠲᠠᠯᠪᠢᠵᠤ ᠪᠠᠢ᠌ᠭ᠎ᠠ᠎ᠨᠢ
6 ᠳ᠋ᠤᠭ᠋ᠠᠷ ᠰᠠᠷ᠎ᠠ ᠵᠢᠨ 27᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ ᠬᠦᠬᠡᠬᠤᠳᠠ᠎ᠳᠤ ᠬᠤᠷᠠᠯᠳᠤᠪᠠ
ᠡᠨᠡ ᠤᠳᠠᠭ᠎ᠠ ᠵᠢᠨ ᠪᠦᠬᠦᠳᠡ ᠬᠤᠷᠠᠯ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 77 ᠭᠡᠰᠢᠭᠦᠨ ᠂ 14 ᠣᠷᠣᠯᠠᠭᠴᠢ ᠭᠡᠰᠢᠭᠦᠨ ᠤᠷᠤᠯᠴᠠᠵᠠᠢ᠃
ᠪᠦᠭᠦᠳᠡ ᠬᠤᠷᠠᠯ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠤᠷᠢᠶ᠎ᠠ ᠡᠷᠬᠢᠯᠡᠪᠡ᠃
ᠪᠦᠭᠦᠳᠡ ᠬᠤᠷᠠᠯ ᠲᠡᠬᠡᠷ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠳᠤ ᠣᠷᠤᠯᠴᠠᠬᠤ ᠲᠥᠯᠥᠭᠡᠯᠡᠭᠴᠢ ᠵᠢᠨ ᠵᠢᠱ᠌ᠢᠭᠳᠡᠭᠴᠢ ᠵᠢᠨ ᠪᠡᠯᠡᠳᠬᠡᠯ ᠵᠢᠱ᠌ᠢᠭᠳᠡᠭᠴᠢ ᠵᠢ ᠪᠢᠯᠸᠲ ᠦᠭᠭᠦᠨ ᠰᠤᠡᠭᠭᠤᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠬᠤᠷᠠᠯ᠎ᠢ ᠬᠤᠷᠠᠯᠳᠤᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠪᠦᠬᠦᠳᠡ ᠬᠤᠷᠠᠯ᠎ᠤᠨ ᠰᠢᠢ᠍ᠳᠪᠦᠷᠢ 》 ᠵᠢ ᠬᠢᠨᠠᠨ ᠵᠦᠪᠯᠡᠵᠤ ᠪᠠᠳᠤᠯᠠᠪᠠ᠃
ᠪᠦᠭᠦᠳᠡ ᠬᠤᠷᠠᠯ᠎ᠠᠴᠠ᠂ 2022 ᠣᠨ᠎ᠤ 6 ᠰᠠᠷ᠎ᠠ ᠵᠢᠨ 29᠎ᠠᠴᠠ 30 ᠤ ᠡᠳᠦᠷ ᠪᠣᠯᠲᠠᠯ᠎ᠠ ᠬᠥᠬᠡᠬᠣᠲᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠬᠤᠷᠠᠯ᠎ᠢ ᠬᠤᠷᠠᠯᠳᠤᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠳᠤ ᠣᠷᠤᠯᠴᠠᠬᠤ ᠲᠥᠯᠥᠭᠡᠯᠡᠭᠴᠢ ᠵᠢ ᠰᠣᠩᠭᠣᠨ ᠭᠠᠷᠭ᠋ᠠᠬᠤ᠎ᠪᠠᠷ ᠲᠣᠭᠲᠠᠪᠠ᠃
ᠪᠥᠬᠥᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠨᠠᠮ ᠪᠠ ᠲᠦᠷᠦ ᠵᠢᠨ ᠤᠯᠤᠰ ᠲᠦᠷᠦ ᠵᠢᠨ ᠠᠮᠢᠳᠤᠷᠠᠯ᠎ᠳᠤ᠎ᠬᠢ ᠲᠤᠮᠤ ᠶᠠᠪᠤᠳᠠᠯ ᠮᠥᠨ᠃ ᠤᠯᠤᠰ ᠲᠥᠷᠥ ᠵᠢᠨ ᠵᠣᠭᠰᠣᠴᠠ ᠪᠠ ᠤᠯᠤᠰ ᠲᠥᠷᠥ ᠵᠢᠨ ᠤᠬᠠᠮᠰᠠᠷ ᠵᠶ᠋ᠠᠨ ᠡᠷᠬᠡᠪᠰᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠲᠠᠢ ᠤᠬᠠᠮᠰᠠᠷ᠎ᠠᠴᠠ᠎ᠪᠠᠨ ᠨᠢᠭᠡᠳᠬᠡᠵᠦ᠂ 《ᠬᠣᠶᠠᠷ᠎ᠢ ᠲᠣᠭᠲᠠᠭ᠋ᠠᠬᠤ》 ᠵᠢ ᠦᠨᠡᠨᠴᠢ ᠰᠢᠳᠤᠷᠭᠤ᠎ᠪᠠᠷ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠦᠷᠦ ᠵᠢᠨ ᠤᠬᠠᠮᠰᠠᠷ ᠵᠶ᠋ᠠᠷ ᠨᠠᠮ᠎ᠳᠤ᠎ᠪᠠᠨ ᠲᠤᠢ᠌ᠯ᠎ᠤᠨ ᠦᠨᠡᠨᠴᠢ ᠰᠢᠳᠤᠷᠭᠤ᠂ ᠨᠠᠮ ᠪᠠ ᠠᠷᠠᠳ ᠲᠦᠮᠡᠨ᠎ᠤ ᠦᠢ᠍ᠯᠡᠰ᠎ᠲᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠳᠤ ᠣᠷᠤᠯᠴᠠᠬᠤ ᠲᠥᠯᠥᠭᠡᠯᠡᠭᠴᠢ ᠵᠢ ᠰᠠᠢ᠌ᠲᠤᠷ ᠰᠣᠩᠭᠣᠵᠤ᠂ ᠨᠠᠮ᠎ᠤᠨ ᠲᠥᠪ ᠬᠣᠷᠢᠶ᠎ᠠ᠎ᠠᠴᠠ ᠲᠤᠰᠢᠶᠠᠭᠰᠠᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠬᠡᠷᠡᠭᠲᠡᠢ᠃
ᠪᠦᠭᠦᠳᠡ ᠬᠤᠷᠠᠯ᠎ᠠᠴᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠨ ᠠᠵᠢᠯ᠎ᠤᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠾᠸᠡᠭ ᠰᠢᠶᠣᠣ ᠹᠠᠨ᠂ ᠰᠢᠶᠣᠣ ᠯᠦᠩ ᠼᠠᠩ ᠨᠥᠬᠥᠷ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠭᠡᠰᠢᠭᠦᠨ᠎ᠤ ᠲᠤᠰᠢᠶᠠᠯ᠎ᠠᠴᠠ᠎ᠨᠢ ᠪᠠᠭᠤᠯᠭ᠋ᠠᠬᠤ᠎ᠪᠠᠷ ᠲᠣᠭᠲᠠᠪᠠ᠃
ᠪᠥᠬᠥᠳᠡ ᠬᠤᠷᠠᠯ᠎ᠠᠴᠠ ᠤᠷᠢᠶᠠᠯᠠᠭᠰᠠᠨ᠎ᠨᠢ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠴᠢᠷᠮᠠᠢ᠌ᠨ ᠠᠵᠢᠯᠯᠠᠵᠤ᠂ ᠠᠵᠢᠯ ᠵᠶ᠋ᠠᠨ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ᠎ᠪᠠᠷ ᠰᠠᠢ᠌ᠲᠤᠷ ᠬᠢᠵᠦ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ᠃