ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠢ ᠬᠡᠢ ᠵᠢᠨ ᠬᠠᠮᠢᠶᠠᠷᠤᠯᠲᠠ ᠵᠢᠨ ᠳᠦᠷᠢᠮ》᠎ᠢ 7 ᠳ᠋ᠤᠭ᠋ᠠᠷ ᠰᠠᠷ᠎ᠠ ᠵᠢᠨ1᠎ᠤ ᠡᠳᠤᠷ᠎ᠠᠴᠠ ᠡᠬᠢᠯᠡᠨ ᠬᠡᠷᠡᠭᠵᠢᠬᠦᠯᠤᠨ᠎ᠡ
ᠨᠡᠶᠢᠲᠡᠯᠡᠭᠰᠡᠨ ᠴᠠᠭ᠄ 2022-06-30


   ᠣᠢ᠌ᠷ᠎ᠠ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ 7 ᠰᠠᠷ᠎ᠠ ᠵᠢᠨ 1᠎ᠤ ᠡᠳᠦᠷ᠎ᠠᠴᠠ ᠬᠡᠷᠡᠭᠵᠢᠬᠦᠯᠬᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠢ ᠬᠡᠢ ᠵᠢᠨ ᠬᠠᠮᠢᠶᠠᠷᠤᠯᠲᠠ ᠵᠢᠨ ᠳᠦᠷᠢᠮ》 (《ᠳᠦᠷᠢᠮ》 ᠭᠡᠵᠦ ᠲᠣᠪᠴᠢᠯᠠᠨ᠎ᠠ)᠎ᠳᠤ ᠲᠠᠢ᠌ᠯᠤᠮᠵᠢ ᠬᠢᠪᠡ᠃ 《ᠳᠦᠷᠢᠮ》᠎ᠢ ᠨᠡᠢ᠌ᠲᠡᠯᠡᠭᠰᠡᠨ᠎ᠨᠢ ᠮᠠᠨ᠎ᠤ ᠣᠷᠣᠨ᠎ᠤ ᠰᠢᠲᠠᠮᠠᠬᠠᠢ ᠬᠡᠢ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠰᠢᠲᠠᠮᠠᠬᠠᠢ ᠬᠡᠢ ᠵᠢᠨ ᠵᠠᠬ᠎ᠠ ᠳᠡᠯᠭᠡᠭᠦᠷ᠎ᠤᠨ ᠳᠢᠭᠯᠢᠮ᠎ᠢ ᠵᠢᠷᠤᠮᠵᠢᠭᠤᠯᠤᠨ᠂ ᠰᠢᠲᠠᠮᠠᠬᠠᠢ ᠬᠡᠢ ᠵᠢᠨ ᠠᠶᠤᠯᠬᠦᠢ ᠬᠠᠩᠭ᠋ᠠᠯᠭ᠎ᠠ ᠵᠢ ᠪᠠᠲᠤᠯᠠᠵᠤ᠂ ᠰᠢᠲᠠᠮᠠᠬᠠᠢ ᠬᠡᠢ ᠵᠢᠨ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠪᠣᠯᠣᠨ᠎ᠠ᠃
   ᠲᠠᠨᠢᠯᠴᠠᠭᠤᠯᠤᠭᠰᠠᠨ ᠵᠶ᠋ᠠᠷ᠂ 《ᠳᠦᠷᠢᠮ》᠎ᠳᠤ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠂ ᠰᠢᠲᠠᠮᠠᠬᠠᠢ ᠬᠡᠢ ᠵᠢᠨ ᠡᠵᠡᠩᠨᠡᠭᠴᠢ ᠪᠠ ᠬᠡᠷᠡᠭᠯᠡᠭᠴᠢ ᠵᠢᠨ ᠠᠶᠤᠯᠬᠦᠢ ᠵᠢᠨ ᠬᠠᠷᠢᠭᠤᠴᠠᠯᠭ᠎ᠠ ᠵᠢ ᠲᠡᠭᠦᠯᠳᠡᠷᠵᠢᠭᠦᠯᠪᠡ᠃ 《ᠳᠦᠷᠢᠮ》᠎ᠳᠤ ᠲᠣᠭᠲᠠᠭ᠋ᠠᠭᠰᠠᠨ᠎ᠨᠢ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠰᠢᠲᠠᠮᠠᠬᠠᠢ ᠬᠡᠢ ᠵᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠰᠢᠲᠠᠮᠠᠬᠠᠢ ᠬᠡᠢ ᠡᠵᠡᠩᠨᠡᠭᠴᠢ ᠠᠶᠤᠯᠬᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠰᠢᠲᠠᠮᠠᠬᠠᠢ ᠬᠡᠢ ᠬᠡᠷᠡᠭᠯᠡᠭᠴᠢ ᠰᠢᠲᠠᠮᠠᠬᠠᠢ ᠬᠡᠢ ᠵᠢᠨ ᠬᠡᠷᠡᠭᠯᠡᠯᠲᠡ ᠵᠢᠨ ᠠᠮᠤᠷ ᠲᠦᠪᠰᠢᠨ᠎ᠳᠤ ᠬᠠᠷᠢᠭᠤᠴᠠᠬᠤ ᠬᠡᠷᠡᠭᠲᠡᠢ᠂ ᠰᠠᠭᠤᠭ᠋ᠠᠯᠢ ᠠᠷᠠᠳ ᠪᠤᠰᠤ ᠬᠡᠷᠡᠭᠯᠡᠭᠴᠢ ᠰᠢᠲᠠᠮᠠᠬᠠᠢ ᠬᠡᠢ ᠵᠢᠨ ᠠᠮᠤᠷ ᠲᠦᠪᠰᠢᠨ᠎ᠢ ᠲᠣᠰ  ᠨᠢᠬᠡᠴᠢ ᠵᠢᠨ ᠵᠶ᠋ᠡᠨ  ᠠᠶᠤᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠳᠤ ᠣᠷᠣᠭᠤᠯᠬᠤ ᠬᠡᠷᠡᠭᠲᠡᠢ᠃
   ᠣᠢ᠌ᠯᠠᠭ᠋ᠠᠭᠰᠠᠨ ᠵᠶ᠋ᠠᠷ᠂ ᠮᠠᠨ᠎ᠤ ᠣᠷᠣᠨ᠎ᠤ ᠯᠣᠩᠬᠣᠨ᠎ᠳᠤ ᠰᠠᠪᠠᠯᠠᠭᠰᠠᠨ ᠰᠢᠩᠭᠡᠨᠵᠢᠮᠡᠯ ᠰᠢᠳᠠᠮᠠᠬᠠᠢ ᠬᠡᠢ ᠵᠢᠨ ᠬᠡᠷᠡᠭᠯᠡᠭᠴᠢ ᠪᠠᠷᠤᠭ 136 ᠲᠦᠮᠡᠨ ᠡᠷᠦᠬᠡ ᠪᠠᠢ᠌ᠵᠤ᠂ ᠰᠢᠲᠠᠮᠠᠬᠠᠢ ᠬᠡᠢ ᠵᠢᠨ ᠶᠡᠷᠦᠩᠬᠡᠢ ᠬᠡᠷᠡᠭᠯᠡᠭᠴᠢ ᠵᠢᠨ 27.4% ᠵᠢ ᠡᠵᠡᠯᠡᠪᠡ᠃ ᠯᠣᠩᠬᠣᠨ᠎ᠳᠤ ᠰᠠᠪᠠᠯᠠᠭᠰᠠᠨ ᠰᠢᠲᠠᠮᠠᠬᠠᠢ ᠬᠡᠢ ᠵᠢᠨ ᠡᠵᠡᠩᠨᠡᠯᠲᠡ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠥᠯᠥᠭᠡ᠂ 《ᠳᠦᠷᠢᠮ》᠎ᠳᠤ ᠯᠣᠩᠬᠣᠨ᠎ᠳᠤ ᠰᠠᠪᠠᠯᠠᠭᠰᠠᠨ ᠰᠢᠲᠠᠮᠠᠬᠠᠢ ᠬᠡᠢ ᠵᠢ ᠦᠨᠡᠨ ᠨᠡᠷ᠎ᠡ᠎ᠪᠠᠷ ᠵᠶ᠋ᠡᠨ ᠬᠤᠳᠠᠯᠳᠤᠨ ᠠᠪᠬᠤ ᠳᠦᠷᠢᠮ᠎ᠢ ᠬᠡᠷᠡᠭᠵᠢᠭᠦᠯᠦᠨ᠎ᠡ ᠭᠡᠵᠦ ᠲᠣᠭᠲᠠᠭ᠋ᠠᠭᠰᠠᠨ ᠪᠥᠭᠡᠳ ᠯᠣᠩᠬᠣᠨ᠎ᠳᠤ ᠰᠠᠪᠠᠯᠠᠭᠰᠠᠨ ᠰᠢᠲᠠᠮᠠᠬᠠᠢ ᠬᠡᠢ ᠵᠢᠨ ᠡᠵᠡᠩᠨᠡᠭᠴᠢ ᠰᠢᠲᠠᠮᠠᠬᠠᠢ ᠬᠡᠢ ᠵᠢᠨ ᠬᠡᠷᠡᠭᠯᠡᠭᠴᠢ᠎ᠳᠤ ᠰᠢᠲᠠᠮᠠᠬᠠᠢ ᠬᠡᠢ ᠵᠢᠨ ᠯᠣᠩᠬᠣ (ᠥᠨᠴᠥᠭ᠎ᠤᠨ ᠨᠡᠬᠡᠬᠡᠯᠬᠡᠢ ᠪᠠ ᠳᠠᠷᠤᠯᠲᠠ ᠪᠠᠭᠤᠷᠠᠭᠤᠯᠬᠤ ᠨᠡᠭᠡᠯᠡᠭᠡᠢ ᠪᠠᠭᠲᠠᠨ᠎ᠠ) ᠬᠠᠩᠭ᠋ᠠᠬᠤ᠂ ᠬᠦᠷᠭᠡᠬᠦ᠂ ᠤᠭᠰᠠᠷᠠᠬᠤ ᠠᠵᠢᠯ᠎ᠢ ᠬᠠᠷᠢᠭᠤᠴᠠᠬᠤ ᠵᠢᠨ ᠬᠠᠮᠲᠤ ᠵᠣᠬᠢᠴᠠᠩᠭᠤᠢ ᠬᠠᠮᠠᠭ᠋ᠠᠯᠠᠬᠤ᠂ ᠰᠢᠨᠡᠳᠬᠡᠬᠦ ᠪᠠ ᠠᠮᠤᠷ ᠲᠦᠪᠰᠢᠨ ᠵᠶ᠋ᠡᠷ ᠬᠡᠢ ᠬᠡᠷᠡᠭᠯᠡᠬᠦ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ᠭᠡᠵᠦ ᠲᠣᠭᠲᠠᠭ᠋ᠠᠵᠠᠢ᠃ ᠯᠣᠩᠬᠣᠨ᠎ᠳᠤ ᠰᠠᠪᠠᠯᠠᠭᠰᠠᠨ ᠰᠢᠲᠠᠮᠠᠬᠠᠢ ᠬᠡᠢ ᠵᠢᠨ ᠡᠵᠡᠩᠨᠡᠭᠴᠢ ᠪᠠᠰᠠ ᠰᠢᠲᠠᠮᠠᠬᠠᠢ ᠬᠡᠢ ᠵᠢᠨ ᠬᠡᠷᠡᠭᠯᠡᠭᠴᠢ ᠵᠢᠨ ᠰᠢᠲᠠᠮᠠᠬᠠᠢ ᠬᠡᠢ ᠬᠡᠷᠡᠭᠯᠡᠬᠦ ᠲᠠᠯᠠᠪᠤᠷ᠂ ᠰᠢᠲᠠᠮᠠᠬᠠᠢ ᠬᠡᠢ ᠵᠢᠨ ᠲᠥᠬᠦᠭᠡᠷᠦᠮᠵᠢ ᠪᠣᠯᠣᠨ ᠰᠢᠲᠠᠮᠠᠬᠠᠢ ᠬᠡᠢ ᠰᠢᠳᠠᠭ᠋ᠠᠬᠤ ᠪᠠᠭ᠋ᠠᠵᠢ ᠬᠡᠷᠡᠭᠰᠡᠯ᠎ᠳᠤ ᠠᠶᠤᠯᠭᠦᠢ ᠵᠢᠨ ᠪᠠᠢ᠌ᠴᠠᠭ᠋ᠠᠯᠲᠠ ᠬᠢᠬᠦ ᠬᠡᠷᠡᠭᠲᠡᠢ᠃ ᠰᠢᠲᠠᠮᠠᠬᠠᠢ ᠬᠡᠢ ᠡᠵᠡᠩᠨᠡᠭᠴᠢ ᠲᠤᠰᠬᠠᠢ ᠲᠡᠭᠡᠭᠡᠪᠦᠷᠢ ᠵᠢᠨ ᠨᠢᠬᠡᠴᠢ᠎ᠳᠤ ᠨᠠᠢ᠌ᠳᠠᠵᠤ ᠯᠣᠩᠬᠣᠨ᠎ᠳᠤ ᠰᠠᠪᠠᠯᠠᠭᠰᠠᠨ ᠰᠢᠲᠠᠮᠠᠬᠠᠢ ᠬᠡᠢ ᠵᠢ ᠬᠦᠷᠬᠡᠬᠦᠯᠪᠡᠯ᠂ ᠬᠦᠷᠭᠡᠬᠦ ᠠᠵᠢᠯᠲᠠᠨ ᠪᠠ ᠲᠡᠷᠭᠡ ᠬᠥᠰᠬᠡ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
   《ᠳᠦᠷᠢᠮ》᠎ᠳᠤ ᠪᠠᠰᠠ ᠭᠡᠷ ᠪᠠᠢ᠌ᠰᠢᠩ ᠲᠦᠷᠢᠶᠡᠰᠦᠯᠡᠭᠦᠯᠦᠭᠴᠢ ᠪᠣᠯᠣᠨ ᠲᠦᠷᠢᠶᠡᠰᠦᠯᠡᠭᠴᠢ ᠵᠢᠨ ᠰᠢᠳᠠᠮᠠᠬᠠᠢ ᠬᠡᠢ ᠵᠢ ᠠᠶᠤᠯᠬᠦᠢ ᠬᠡᠷᠡᠭᠯᠡᠬᠦ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠠᠢ᠃ ᠭᠡᠷ ᠪᠠᠢ᠌ᠰᠢᠩ ᠲᠦᠷᠢᠶᠡᠰᠦᠯᠡᠭᠦᠯᠦᠭᠴᠢ ᠭᠡᠷ ᠪᠠᠢ᠌ᠰᠢᠩ ᠵᠶ᠋ᠠᠨ ᠲᠦᠷᠢᠶᠡᠰᠦᠯᠡᠭᠦᠯᠬᠦ᠎ᠳᠤ᠎ᠪᠠᠨ ᠭᠡᠷ ᠪᠠᠢ᠌ᠰᠢᠩ᠎ᠨᠢ 《ᠳᠦᠷᠢᠮ》᠎ᠤᠨ ᠲᠣᠭᠲᠠᠭ᠋ᠠᠯ᠎ᠳᠤ ᠨᠡᠶ᠋ᠢᠴᠡᠬᠦ ᠬᠡᠷᠡᠭᠳᠡᠢ ᠪᠦᠬᠡᠳ ᠰᠢᠲᠠᠮᠠᠬᠠᠢ ᠬᠡᠢ ᠵᠢᠨ  ᠲᠦᠬᠦᠬᠡᠷᠤᠮᠵᠢ ᠪᠣᠯᠣᠨ ᠰᠢᠲᠠᠮᠠᠬᠠᠢ ᠬᠡᠢ ᠰᠢᠳᠠᠭ᠋ᠠᠬᠤ ᠪᠠᠭ᠋ᠠᠵᠢ ᠬᠡᠷᠡᠭᠰᠡᠯ᠎ᠢ ᠬᠠᠮᠠᠭ᠋ᠠᠯᠠᠬᠤ᠂ ᠰᠡᠯᠪᠢᠬᠦ ᠪᠠ  ᠰᠢᠨᠡᠳᠬᠡᠬᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ᠪᠥᠭᠡᠳ ᠡᠳᠦᠷ ᠲᠤᠲᠤᠮ᠎ᠤᠨ ᠰᠢᠲᠠᠮᠠᠬᠠᠢ ᠬᠡᠢ ᠵᠢᠨ ᠬᠡᠷᠡᠭᠯᠡᠯᠲᠡ ᠵᠢᠨ ᠠᠶᠤᠯᠬᠦᠢ  ᠵᠢᠨ ᠬᠠᠷᠢᠭᠤᠴᠠᠯᠭ᠎ᠠ ᠵᠢ ᠲᠦᠷᠢᠶᠡᠰᠦᠯᠡᠭᠴᠢ ᠡᠭᠦᠷᠭᠡᠯᠡᠬᠦ ᠬᠡᠷᠡᠭᠲᠡᠢ᠃



 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠡᠭᠡᠳᠦ ᠰᠤᠷᠭ᠋ᠠᠭᠤᠯᠢ ᠲᠡᠭᠦᠰᠦᠭᠰᠡᠳ ᠬᠢᠯᠢ ᠬᠢᠵᠠᠭ᠋ᠠᠷ᠎ᠤᠨ ᠬᠣᠰᠢᠭᠤ ᠰᠢᠶᠠᠨ ᠪᠠ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠣᠰᠢᠭᠤ ᠰᠢᠶᠠᠨ᠎ᠤ ᠦᠨᠳᠦᠰᠦᠨ ᠱᠠᠲᠤᠨ᠎ᠳᠤ ᠬᠦᠷᠴᠦ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠬᠤ ᠲᠥᠷᠥ ᠵᠢᠨ ᠪᠣᠳᠣᠯᠭ᠎ᠠ ᠵᠢᠨ ᠠᠷᠭ᠎ᠠ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠮᠠᠨ᠎ᠤ ᠣᠷᠣᠨ 《ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠬᠦᠨᠳᠦ ᠤᠨᠴᠠᠭ᠋ᠠᠢ ᠡᠪᠡᠳᠴᠢᠨ ᠡᠮᠬᠡᠭ᠎ᠤᠨ ᠲᠤᠬᠠᠢ ᠡᠮᠴᠢᠯᠡᠭᠡᠨ᠎ᠤ ᠳᠠᠭ᠋ᠠᠳᠬᠠᠯ ᠪᠠ ᠲᠤᠰᠠᠯᠠᠮᠵᠢ ᠵᠢᠨ ᠳᠦᠷᠢᠮ᠎ᠢ ᠪᠦᠷᠢᠨᠰᠢᠬᠦᠯᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ ᠠᠷᠭ᠋ᠠᠴᠠᠭ᠋ᠠᠬᠤ ᠲᠥᠰᠥᠯ》᠎ᠢ ᠲᠠᠷᠤᠮᠠᠯᠯᠠᠨ ᠲᠠᠷᠬᠠᠭ᠋ᠠᠪᠠ
ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠵᠢᠨ ᠬᠠᠮᠢᠶᠠᠷᠤᠯᠳᠠ ᠵᠢ ᠤᠯᠠᠮ ᠴᠢᠡᠭᠭ᠋ᠠᠳᠬᠠᠬᠤ ᠲᠤᠬᠠᠢ ᠪᠠᠢ᠌ᠷᠢᠯᠠᠭᠤᠯᠪᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠵᠤ ᠠᠬᠤᠢ᠌ᠯᠠᠯ᠎ᠤᠨ ᠳᠠᠮᠫᠤᠷᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠬᠠᠮᠢᠶᠠᠷᠤᠭᠴᠢ ᠵᠢᠨ ᠳᠠᠮᠫᠤᠷᠠᠯ᠎ᠤᠨ ᠲᠠᠰ ᠳᠠᠷᠠᠭ᠋ᠠᠯᠠᠯ᠎ᠳᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠬᠦᠢ᠍ᠴᠡᠳᠬᠡᠬᠦ ᠵᠢ ᠠᠬᠢᠭᠤᠯᠬᠤ ᠪᠠ ᠪᠠᠳᠤᠯᠠᠵᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
 
            