ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠮᠠᠨ᠎ᠤ ᠣᠷᠣᠨ 《ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠬᠦᠨᠳᠦ ᠤᠨᠴᠠᠭ᠋ᠠᠢ ᠡᠪᠡᠳᠴᠢᠨ ᠡᠮᠬᠡᠭ᠎ᠤᠨ ᠲᠤᠬᠠᠢ ᠡᠮᠴᠢᠯᠡᠭᠡᠨ᠎ᠤ ᠳᠠᠭ᠋ᠠᠳᠬᠠᠯ ᠪᠠ ᠲᠤᠰᠠᠯᠠᠮᠵᠢ ᠵᠢᠨ ᠳᠦᠷᠢᠮ᠎ᠢ ᠪᠦᠷᠢᠨᠰᠢᠬᠦᠯᠪᠡ
ᠨᠡᠶᠢᠲᠡᠯᠡᠭᠰᠡᠨ ᠴᠠᠭ᠄ 2022-07-12

    7 ᠰᠠᠷ᠎ᠠ ᠵᠢᠨ 8᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠤᠨᠴᠠᠭ᠋ᠠᠢ ᠡᠪᠡᠳᠴᠢᠨ ᠡᠮᠭᠡᠭ᠎ᠤᠨ ᠲᠤᠬᠠᠢ ᠡᠮ ᠡᠮᠨᠡᠯᠭᠡ ᠵᠢᠨ ᠳᠠᠭ᠋ᠠᠳᠬᠠᠯ ᠪᠠ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠬᠦ ᠲᠥᠷᠥ ᠵᠢᠨ ᠪᠣᠳᠣᠯᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠬᠦᠨᠳᠦ ᠤᠨᠴᠠᠭ᠋ᠠᠢ ᠡᠪᠡᠳᠴᠢᠨ ᠡᠮᠬᠡᠭ᠎ᠤᠨ ᠲᠤᠬᠠᠢ ᠡᠮᠴᠢᠯᠡᠭᠡᠨ᠎ᠤ ᠳᠠᠭ᠋ᠠᠳᠬᠠᠯ ᠪᠠ  ᠲᠤᠰᠠᠯᠠᠮᠵᠢ ᠵᠢᠨ ᠳᠦᠷᠢᠮ᠎ᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠢᠷᠡᠬᠦ ᠵᠢᠯ᠎ᠤᠨ 1 ᠳ᠋ᠤᠬᠡᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠵᠦ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ  ᠲᠤᠰᠠᠯᠠᠮᠵᠢ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢ ᠴᠢᠩᠭ᠋ᠠᠷᠠᠭᠤᠯᠤᠨ᠂ ᠬᠦᠴᠢᠷᠳᠡᠯᠲᠡᠢ ᠣᠯᠠᠨ ᠲᠦᠮᠡᠨ᠎ᠤ ᠬᠦᠨᠳᠦ ᠤᠨᠴᠠᠭ᠋ᠠᠢ ᠡᠪᠡᠳᠴᠢᠨ ᠡᠮᠭᠡᠭ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠤᠯᠠᠮ  ᠴᠢᠨᠠᠬᠰᠢᠳᠠ ᠬᠥᠩᠭᠡᠷᠡᠭᠦᠯᠵᠦ᠂ ᠬᠦᠨᠳᠦ ᠤᠨᠴᠠᠭ᠋ᠠᠢ ᠡᠪᠡᠳᠴᠢᠨ ᠡᠮᠭᠡᠭ᠎ᠠᠴᠠ ᠪᠣᠯᠵᠤ ᠦᠨᠳᠦᠰᠦᠨ ᠠᠮᠢᠳᠤᠷᠠᠯ ᠵᠶ᠋ᠠᠨ ᠨᠥᠯᠥᠭᠡᠯᠡᠬᠦ ᠦᠭᠡᠢ ᠪᠠᠢ᠌ᠬᠤ ᠵᠢ  ᠪᠠᠳᠤᠯᠠᠬᠤ ᠪᠤᠯᠤᠨ᠎ᠠ᠃
    《ᠬᠡᠷᠡᠭᠵᠢᠭᠦᠯᠬᠦ ᠰᠠᠨᠠᠯ》᠎ᠳᠤ ᠲᠤᠰᠠᠯᠠᠮᠵᠢ ᠬᠦᠷᠳᠡᠭᠰᠡᠳ᠎ᠤᠨ  ᠬᠦᠷᠢᠶ᠎ᠡ ᠬᠡᠪᠴᠢᠶ᠎ᠡ᠂ ᠲᠤᠰᠠᠯᠠᠬᠤ ᠪᠠᠷᠢᠮᠵᠢᠶ᠎ᠠ ᠎ᠳᠤ ᠨᠢᠭᠡᠳᠦᠯᠲᠡᠢ ᠱᠠᠭ᠋ᠠᠷᠳᠠᠯᠭ᠎ᠠ ᠳᠤᠷᠠᠳᠴᠤ᠂ ᠬᠣᠲᠠ ᠬᠥᠳᠡᠭᠡ ᠵᠢᠨ ᠬᠦᠴᠢᠷᠳᠡᠯᠲᠡᠢ ᠣᠯᠠᠨ ᠲᠦᠮᠡᠨ᠎ᠤ ᠡᠮ ᠡᠮᠨᠡᠯᠭᠡ ᠵᠢᠨ ᠲᠤᠰᠠᠯᠠᠮᠵᠢ ᠭᠥᠷᠳᠡᠬᠦ ᠡᠷᠬᠡ ᠠᠰᠢᠭ ᠪᠠ ᠣᠯᠭᠣᠮᠵᠢ ᠬᠠᠷᠠᠭ᠋ᠠᠯᠵᠠᠯ ᠲᠥᠪ ᠭᠣᠥᠯᠴᠢ ᠪᠠᠢ᠌ᠬᠤ ᠵᠢ ᠪᠠᠳᠤᠯᠠᠬᠤ ᠪᠤᠯᠤᠨ᠎ᠠ᠃ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ ᠵᠢ ᠲᠠᠩᠰᠠ ᠲᠠᠢ᠌ᠯᠤᠭᠰᠠᠨ᠎ᠤ ᠳᠠᠷᠠᠭ᠎ᠠ᠂ ᠬᠤᠪᠢ ᠬᠥᠮᠥᠨ᠎ᠤ ᠡᠮ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠮᠥᠨ ᠨᠡᠯᠢᠶᠡᠳ ᠬᠦᠨᠳᠦ ᠪᠠᠢ᠌ᠭ᠎ᠠ ᠬᠦᠴᠢᠷᠳᠡᠯᠲᠡᠢ ᠣᠯᠠᠨ ᠲᠦᠮᠡᠨ᠎ᠳᠤ ᠲᠣᠭᠲᠠᠭ᠋ᠠᠯ ᠶᠣᠰᠣᠭ᠋ᠠᠷ ᠡᠮ ᠡᠮᠨᠡᠯᠭᠡ ᠵᠢᠨ ᠲᠤᠰᠠᠯᠠᠮᠵᠢ ᠣᠯᠭᠣᠨ᠎ᠠ᠃ ᠬᠦᠴᠢᠷᠳᠡᠯᠲᠡᠢ ᠣᠯᠠᠨ ᠲᠦᠮᠡᠨ᠎ᠢ ᠲᠥᠷᠥᠯ ᠬᠤᠪᠢᠶᠠᠨ ᠲᠤᠰᠠᠯᠠᠨ ᠳᠠᠭ᠋ᠠᠳᠬᠠᠯ᠎ᠳᠤ ᠣᠷᠣᠯᠴᠠᠭᠤᠯᠵᠤ᠂ ᠬᠦᠴᠢᠷᠳᠡᠯᠲᠡᠢ ᠣᠯᠠᠨ ᠲᠦᠮᠡᠨ᠎ᠤ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠬᠤ ᠵᠢᠨ ᠬᠠᠮᠲᠤ᠂ ᠡᠮᠴᠢᠯᠡᠭᠡᠨ᠎ᠤ  ᠲᠤᠰᠠᠯᠠᠮᠵᠢ ᠵᠢᠨ ᠵᠠᠷᠤᠳᠠᠯ᠎ᠤᠨ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ ᠵᠡᠷᠭᠡ᠎ᠳᠤ ᠲᠣᠳᠣᠷᠬᠠᠢ ᠱᠠᠭ᠋ᠠᠷᠳᠠᠯᠭ᠎ᠠ ᠭᠠᠷᠭ᠋ᠠᠪᠠ᠃ ᠡᠭᠦᠨ᠎ᠤ ᠬᠠᠮᠲᠤ᠂ ᠡᠮᠴᠢᠯᠡᠭᠡᠨ᠎ᠤ ᠲᠤᠰᠠᠯᠠᠮᠵᠢ ᠬᠦᠷᠳᠡᠭᠰᠡᠳ᠎ᠤᠨ ᠮᠡᠳᠡᠭᠡ ᠵᠠᠩᠭᠢ ᠵᠢᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ 《ᠡᠪᠡᠳᠴᠢᠨ᠎ᠠᠴᠠ ᠪᠣᠯᠵᠤ ᠶᠠᠳᠠᠭᠤᠷᠠᠬᠤ》 ᠪᠠ 《ᠡᠪᠡᠳᠴᠢᠨ᠎ᠠᠴᠠ ᠪᠣᠯᠵᠤ ᠳᠠᠬᠢᠨ ᠶᠠᠳᠠᠭᠤᠷᠠᠬᠤ》 ᠬᠣᠣᠰ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠥᠷᠥᠯ ᠬᠤᠪᠢᠶᠠᠨ ᠪᠦᠷᠢᠨᠰᠢᠭᠦᠯᠵᠦ᠂ ᠬᠦᠴᠢᠷᠳᠡᠯᠲᠡᠢ ᠣᠯᠠᠨ ᠲᠦᠮᠡᠨ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠬᠠᠷᠭᠤᠭᠤᠯᠤᠨ ᠪᠠᠢ᠌ᠴᠠᠭ᠋ᠠᠵᠤ ᠠᠳᠠᠯᠢᠳᠬᠠᠬᠤ ᠠᠵᠢᠯ᠎ᠢ ᠴᠢᠩᠭ᠋ᠠᠳᠬᠠᠨ᠂ ᠨᠥᠬᠥᠴᠡᠯ᠎ᠳᠤ ᠨᠡᠶ᠋ᠢᠴᠡᠬᠦ ᠵᠢ᠎ᠨᠢ ᠴᠠᠭ ᠲᠤᠬᠠᠢ᠎ᠳᠤ᠎ᠨᠢ ᠡᠮᠴᠢᠯᠡᠭᠡᠨ᠎ᠤ ᠲᠤᠰᠠᠯᠠᠮᠵᠢ ᠵᠢᠨ ᠬᠡᠪᠴᠢᠶᠡᠨ᠎ᠳᠤ ᠣᠷᠣᠭᠤᠯᠤᠨ᠎ᠠ᠃ ᠡᠭᠦᠨ᠎ᠠᠴᠠ ᠭᠠᠳᠠᠨ᠎ᠠ᠂ ᠪᠥᠬᠥ ᠤᠯᠤᠰ᠎ᠤᠨ ᠨᠢᠭᠡᠳᠦᠯᠲᠡᠢ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠨᠢᠬᠡ ᠦᠷᠳᠡᠬᠡᠴᠢᠯᠡᠭᠰᠡᠨ ᠦᠢ᠍ᠯᠡᠴᠢᠯᠡᠭᠡ᠂ ᠨᠢᠭᠡ ᠴᠣᠩᠬᠣᠪᠴᠢ᠎ᠪᠠᠷ ᠭᠦᠢ᠍ᠴᠡᠳᠬᠡᠬᠦ ᠵᠢ ᠬᠡᠷᠡᠭᠵᠢᠭᠦᠯᠬᠦ ᠵᠢ  ᠠᠬᠢᠭᠤᠯᠵᠤ᠂ ᠲᠠᠰᠤᠯᠤᠨ ᠪᠤᠳᠤᠬᠤ ᠦᠢ᠍ᠯᠡᠴᠢᠯᠡᠭᠡᠨ᠎ᠢ ᠤᠯᠠᠮ ᠲᠦᠬᠦᠮ ᠪᠤᠯᠭ᠋ᠠᠬᠤ ᠪᠤᠯᠤᠨ᠎ᠠ᠃


 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ ᠠᠷᠭ᠋ᠠᠴᠠᠭ᠋ᠠᠬᠤ ᠲᠥᠰᠥᠯ》᠎ᠢ ᠲᠠᠷᠤᠮᠠᠯᠯᠠᠨ ᠲᠠᠷᠬᠠᠭ᠋ᠠᠪᠠ
ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠵᠢᠨ ᠬᠠᠮᠢᠶᠠᠷᠤᠯᠳᠠ ᠵᠢ ᠤᠯᠠᠮ ᠴᠢᠡᠭᠭ᠋ᠠᠳᠬᠠᠬᠤ ᠲᠤᠬᠠᠢ ᠪᠠᠢ᠌ᠷᠢᠯᠠᠭᠤᠯᠪᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠵᠤ ᠠᠬᠤᠢ᠌ᠯᠠᠯ᠎ᠤᠨ ᠳᠠᠮᠫᠤᠷᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠬᠠᠮᠢᠶᠠᠷᠤᠭᠴᠢ ᠵᠢᠨ ᠳᠠᠮᠫᠤᠷᠠᠯ᠎ᠤᠨ ᠲᠠᠰ ᠳᠠᠷᠠᠭ᠋ᠠᠯᠠᠯ᠎ᠳᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠬᠦᠢ᠍ᠴᠡᠳᠬᠡᠬᠦ ᠵᠢ ᠠᠬᠢᠭᠤᠯᠬᠤ ᠪᠠ ᠪᠠᠳᠤᠯᠠᠵᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠷᠭ᠎ᠠ ᠪᠠ ᠤᠴᠢᠷ ᠶᠠᠪᠤᠳᠠᠯ᠎ᠤᠨ ᠶᠠᠪᠤᠴᠨ᠎ᠳᠤ ᠪᠠ ᠤᠴᠢᠷ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠲᠠ ᠵᠢ ᠬᠦᠨᠵᠡᠬᠡᠢ᠌ᠷᠡᠬᠦᠯᠬᠦ ᠲᠤᠬᠠᠢ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
《ᠬᠠᠷᠢᠭᠤᠴᠠᠯᠭ᠎ᠠ ᠡᠬᠦᠷᠬᠡᠯᠡᠭᠰᠡᠨ ᠰᠠᠢ᠌ᠨ ᠺᠠᠳ᠋ᠷ》᠎ᠤᠨ ᠴᠤᠯᠨ ᠤᠯᠭᠤᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ
 
            