ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ ᠠᠷᠭ᠋ᠠᠴᠠᠭ᠋ᠠᠬᠤ ᠲᠥᠰᠥᠯ》᠎ᠢ ᠲᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2022-07-21

    7 ᠳ᠋ᠤᠭ᠋ᠠᠷ ᠰᠠᠷ᠎ᠠ ᠵᠢᠨ 18᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠎ᠢ  ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠣᠢ᠌ᠷ᠎ᠠ᠎ᠳᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠎ᠢ  ᠠᠷᠭ᠋ᠠᠴᠠᠭ᠋ᠠᠬᠤ ᠲᠥᠰᠥᠯ》᠎ᠳᠤ ᠲᠠᠢ᠌ᠯᠤᠮᠵᠢ ᠬᠢᠭᠰᠡᠨ ᠪᠠᠢ᠌ᠨ᠎ᠠ᠃
   ᠲᠠᠨᠢᠯᠴᠠᠭᠤᠯᠤᠭᠰᠠᠨ ᠵᠶ᠋ᠠᠷ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠎ᠢ  ᠠᠷᠭ᠋ᠠᠴᠠᠭ᠋ᠠᠬᠤ   ᠲᠥᠰᠥᠯ ᠪᠣᠯ ᠦᠶᠡᠷ ᠤᠰᠤᠲᠤᠯ ᠭᠠᠩ ᠬᠠᠭᠰᠠᠷᠠᠭ᠋ᠠᠨ᠎ᠤ ᠭᠠᠮᠰᠢᠭ᠎ᠢ ᠡᠮᠬᠢ ᠵᠢᠷᠤᠮ᠎ᠲᠠᠢ ᠠᠷᠭ᠋ᠠᠴᠠᠭ᠋ᠠᠬᠤ ᠵᠢᠨ ᠪᠠᠲᠤᠯᠠᠭ᠎ᠠ ᠪᠠ ᠦᠨᠳᠦᠰᠦᠯᠡᠯ ᠮᠥᠨ ᠪᠦᠬᠡᠳ ᠭᠠᠮᠰᠢᠭ᠎ᠢ ᠰᠡᠷᠭᠡᠢ᠌ᠯᠡᠨ ᠠᠷᠭ᠋ᠠᠴᠠᠭ᠋ᠠᠬᠤ᠎ᠳᠤ ᠲᠤᠢ᠌ᠯ᠎ᠤᠨ ᠴᠢᠬᠤᠯᠠ ᠦᠢ᠍ᠯᠡᠳᠦᠯ ᠦᠵᠡᠭᠦᠯᠵᠦ ᠴᠢᠳᠠᠨ᠎ᠠ᠃ ᠲᠣᠰ ᠤᠳᠠᠭ᠎ᠠ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ  ᠠᠷᠭ᠋ᠠᠴᠠᠭ᠋ᠠᠬᠤ ᠲᠥᠰᠥᠯ 》᠎ᠢ ᠦᠪᠤᠷ  ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠶᠡᠷᠦᠩᠬᠡᠢ ᠳᠦᠷᠢᠮ᠂ ᠵᠣᠬᠢᠶᠠᠨ ᠪᠠᠢ᠌ᠭᠤᠯᠵᠤ ᠵᠢᠯᠤᠭᠣᠳᠬᠤ ᠰᠢᠰᠲ᠋ᠧᠮ ᠪᠠ ᠲᠤᠰᠢᠶᠠᠯ ᠬᠠᠷᠢᠭᠤᠴᠠᠯᠭ᠎ᠠ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠪᠠᠴᠢᠮ ᠪᠠᠢ᠌ᠳᠠᠯ᠎ᠤᠨ ᠡᠮᠦᠨ᠎ᠡ ᠲᠠᠭ᠋ᠠᠵᠤ ᠬᠦᠳᠡᠯᠬᠦ᠂ ᠠᠶᠤᠯ᠎ᠠᠴᠠ ᠠᠪᠤᠷᠠᠨ ᠲᠤᠰᠠᠯᠠᠬᠤ᠂ ᠰᠡᠭᠦᠯᠴᠢ ᠵᠢᠨ ᠬᠤᠭᠤᠴᠠᠭ᠋ᠠᠨ᠎ᠤ  ᠰᠢᠢ᠍ᠳᠪᠤᠷᠢᠯᠡᠯᠳᠡ᠂ ᠪᠠᠴᠢᠮ ᠎ᠢ  ᠠᠷᠭ᠋ᠠᠴᠠᠭ᠋ᠠᠬᠤ  ᠪᠠᠲᠤᠯᠠᠭ᠎ᠠ᠂ ᠳᠠᠭ᠋ᠠᠯᠳᠤᠭᠤᠯᠤᠭᠰᠠᠨ ᠳᠦᠷᠢᠮ ᠵᠡᠷᠭᠡ 8 ᠬᠡᠰᠡᠭ ᠬᠤᠪᠢᠶᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ  ᠪᠠᠴᠢᠮ ᠎ᠢ  ᠠᠷᠭ᠋ᠠᠴᠠᠭ᠋ᠠᠬᠤ  ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢ  ᠲᠡᠭᠦᠯᠳᠡᠷᠵᠢᠭᠦᠯᠪᠡ᠃
   ᠣᠢ᠌ᠯᠠᠭ᠋ᠠᠭᠰᠠᠨ ᠵᠶ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ  ᠠᠷᠭ᠋ᠠᠴᠠᠭ᠋ᠠᠬᠤ ᠲᠥᠰᠥᠯ》᠎ᠳᠤ ᠵᠣᠬᠢᠶᠠᠨ ᠪᠠᠢ᠌ᠭᠤᠯᠵᠤ ᠵᠢᠯᠤᠭᠣᠳᠬᠤ ᠰᠢᠰᠲᠸᠮ᠎ᠢ ᠲᠣᠳᠣᠷᠬᠠᠢ ᠲᠣᠭᠲᠠᠭ᠋ᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ ᠵᠢᠯᠤᠭᠣᠳᠬᠤ ᠭᠠᠵᠠᠷ᠎ᠤᠨ ᠡᠯ᠎ᠡ ᠪᠦᠷᠢᠯᠳᠦᠭᠦᠨ ᠨᠢᠬᠡᠴᠢ ᠵᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠨᠠᠷᠢᠯᠢᠭᠵᠢᠭᠤᠯᠵᠤ᠂ ᠲᠠᠷᠠᠭ᠋ᠠᠴᠢ ᠵᠢᠨ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ ᠠᠵᠢᠯ᠎ᠢ ᠥᠷᠨᠢᠭᠦᠯᠬᠦ᠎ᠳᠤ ᠬᠦᠴᠦᠲᠡᠢ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠵᠤ᠂ ᠲᠠᠭ᠋ᠠᠵᠤ ᠬᠦᠳᠡᠯᠬᠦ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠂ ᠡᠮᠬᠢ ᠵᠢᠷᠤᠮ᠎ᠲᠠᠢ᠂ ᠥᠨᠳᠥᠷ ᠪᠦᠲᠦᠮᠵᠢᠲᠡᠶ  ᠪᠤᠯᠭ᠋ᠠᠬᠤ ᠪᠤᠯᠤᠨ᠎ᠠ᠃
  ᠡᠭᠦᠨ᠎ᠠᠴᠠ ᠭᠠᠳᠠᠨ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ  ᠠᠷᠭ᠋ᠠᠴᠠᠭ᠋ᠠᠬᠤ ᠲᠥᠰᠥᠯ》᠎ᠳᠤ ᠵᠠᠰᠠᠪᠤᠷᠢ ᠣᠷᠣᠭᠤᠯᠬᠤ᠎ᠳᠤ᠎ᠪᠠᠨ ᠾᠧᠨᠠᠨ ᠮᠤᠵᠢ ᠵᠢᠨ ᠵᠧᠩᠵᠧᠦ ᠬᠤᠳᠠ ᠵᠢᠨ 《7 · 20》᠎ᠤ ᠣᠨᠴᠠ ᠰᠢᠷᠦᠭᠦᠨ ᠪᠣᠷᠣᠭ᠋ᠠᠨ᠎ᠤ ᠭᠠᠮᠰᠢᠭ᠎ᠠᠴᠠ ᠰᠤᠷᠭ᠋ᠠᠮᠵᠢ ᠠᠪᠴᠤ᠂ ᠴᠠᠭ ᠠᠭᠤᠷ ᠤᠰᠤᠨ ᠵᠦᠢ ᠵᠢᠨ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠪᠠ ᠭᠠᠮᠰᠢᠭ ᠎ᠠᠴᠠ ᠰᠡᠷᠭᠡᠢ᠌ᠯᠡᠬᠦ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠶᠡᠬᠡ ᠬᠡᠪᠴᠢᠶᠡᠨ᠎ᠤ᠂ ᠥᠨᠳᠥᠷ ᠬᠦᠴᠦᠯᠡᠴᠡ᠎ᠲᠠᠢ᠂ ᠭᠠᠮᠰᠢᠭ ᠤᠴᠠᠷᠠᠭᠤᠯᠵᠤ ᠮᠡᠳᠡᠬᠦ ᠰᠢᠷᠦᠭᠦᠨ ᠪᠣᠷᠣᠭ᠋ᠠᠨ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠵᠢ ᠪᠠᠴᠢᠮ᠎ᠢ ᠠᠷᠭ᠋ᠠᠴᠠᠭ᠋ᠠᠬᠤ ᠨᠥᠬᠥᠴᠡᠯ᠎ᠳᠤ ᠤᠷᠤᠭᠤᠯᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠪᠠᠴᠢᠮ ᠎ᠢ  ᠠᠷᠭ᠋ᠠᠴᠠᠭ᠋ᠠᠬᠤ ᠲᠥᠰᠥᠯ》᠎ᠳᠤ ᠬᠦᠨᠳᠦ ᠶᠡᠬᠡ ᠤᠰᠤ ᠭᠠᠩ᠎ᠤᠨ ᠭᠠᠮᠰᠢᠭ ᠪᠤᠶᠤ ᠡᠭᠦᠨ᠎ᠠᠴᠠ ᠪᠣᠯᠵᠤ ᠬᠦᠨᠳᠦ ᠨᠣᠴᠢᠲᠠᠢ ᠭᠠᠮᠰᠢᠭ ᠡᠭᠦᠰᠬᠦ ᠦᠶ᠎ᠡ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠨ ᠭᠠᠩ᠎ᠲᠠᠢ ᠲᠡᠮᠡᠴᠡᠬᠦ ᠵᠢᠯᠤᠭᠣᠳᠬᠤ ᠭᠠᠵᠠᠷ᠎ᠠᠴᠠ ᠨᠢᠭᠡᠳᠦᠯᠲᠡᠢ ᠤᠳᠤᠷᠢᠳᠴᠤ᠂ ᠪᠥᠬᠥ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠪᠠ ᠪᠠᠴᠢᠮ ᠎ᠢ  ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠬᠤ᠎ᠪᠠᠷ ᠲᠣᠭᠲᠠᠭ᠋ᠠᠵᠠᠢ᠃



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠵᠢᠨ ᠬᠠᠮᠢᠶᠠᠷᠤᠯᠳᠠ ᠵᠢ ᠤᠯᠠᠮ ᠴᠢᠡᠭᠭ᠋ᠠᠳᠬᠠᠬᠤ ᠲᠤᠬᠠᠢ ᠪᠠᠢ᠌ᠷᠢᠯᠠᠭᠤᠯᠪᠠ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠵᠤ ᠠᠬᠤᠢ᠌ᠯᠠᠯ᠎ᠤᠨ ᠳᠠᠮᠫᠤᠷᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠬᠠᠮᠢᠶᠠᠷᠤᠭᠴᠢ ᠵᠢᠨ ᠳᠠᠮᠫᠤᠷᠠᠯ᠎ᠤᠨ ᠲᠠᠰ ᠳᠠᠷᠠᠭ᠋ᠠᠯᠠᠯ᠎ᠳᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠬᠦᠢ᠍ᠴᠡᠳᠬᠡᠬᠦ ᠵᠢ ᠠᠬᠢᠭᠤᠯᠬᠤ ᠪᠠ ᠪᠠᠳᠤᠯᠠᠵᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠷᠭ᠎ᠠ ᠪᠠ ᠤᠴᠢᠷ ᠶᠠᠪᠤᠳᠠᠯ᠎ᠤᠨ ᠶᠠᠪᠤᠴᠨ᠎ᠳᠤ ᠪᠠ ᠤᠴᠢᠷ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠲᠠ ᠵᠢ ᠬᠦᠨᠵᠡᠬᠡᠢ᠌ᠷᠡᠬᠦᠯᠬᠦ ᠲᠤᠬᠠᠢ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
《ᠬᠠᠷᠢᠭᠤᠴᠠᠯᠭ᠎ᠠ ᠡᠬᠦᠷᠬᠡᠯᠡᠭᠰᠡᠨ ᠰᠠᠢ᠌ᠨ ᠺᠠᠳ᠋ᠷ》᠎ᠤᠨ ᠴᠤᠯᠨ ᠤᠯᠭᠤᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ
ᠤᠯᠠᠭ᠋ᠠᠨᠬᠠᠳᠠ ᠬᠣᠲᠠ᠄ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠰᠠᠨᠠᠯ᠎ᠢ ᠨᠡᠢ᠌ᠲᠡᠯᠡᠪᠡ
 
            