ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠵᠢᠨ ᠬᠠᠮᠢᠶᠠᠷᠤᠯᠳᠠ ᠵᠢ ᠤᠯᠠᠮ ᠴᠢᠡᠭᠭ᠋ᠠᠳᠬᠠᠬᠤ ᠲᠤᠬᠠᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2022-07-28

    ᠣᠢ᠌ᠷ᠎ᠠ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠵᠢᠨ ᠬᠠᠮᠢᠶᠠᠷᠤᠯᠲᠠ ᠵᠢᠨ ᠠᠵᠢᠯ᠎ᠢ ᠤᠯᠠᠮ   ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠂ ᠦᠶᠡᠷ᠎ᠤᠨ ᠬᠤᠭᠤᠴᠠᠭ᠋ᠠᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ᠎ᠢ ᠴᠢᠩᠭ᠋ᠠᠳᠬᠠᠬᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠠᠳᠬᠤᠬᠤ᠂ ᠪᠠᠴᠢᠮ᠎ᠢ ᠠᠷᠭ᠋ᠠᠴᠠᠭ᠋ᠠᠬᠤ ᠵᠢᠵᠢᠭᠦᠷᠯᠡᠨ ᠰᠠᠬᠢᠬᠤ ᠠᠵᠢᠯ᠎ᠢ ᠰᠠᠢ᠌ᠲᠤᠷ ᠬᠢᠬᠦ ᠵᠡᠷᠭᠡ ᠭᠣᠣᠯᠳᠠᠯᠭ᠎ᠠ᠎ᠲᠠᠢ ᠠᠵᠢᠯ᠎ᠢ  ᠪᠠᠢ᠌ᠷᠢᠯᠠᠭᠤᠯᠤᠬᠰᠠᠨ ᠪᠠᠢ᠌ᠨ᠎ᠠ᠃
ᠮᠡᠳᠡᠭᠳᠡᠯ᠎ᠳᠤ ᠴᠢᠬᠤᠯᠠᠴᠢᠯᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ  ᠳᠡᠭᠡᠭᠰᠢᠯᠡᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠰᠠᠢ᠌ᠳ ᠯᠢ ᠺᠧ ᠴᠢᠶᠠᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠴᠣᠬᠣᠯᠠᠪᠤᠷᠢ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠬᠦ᠂ ᠠᠵᠤ ᠠᠬᠤᠢ ᠵᠢ ᠲᠣᠭᠲᠠᠭᠤᠨ ᠪᠠᠢ᠌ᠯᠭ᠋ᠠᠬᠤ᠂ ᠬᠥᠭᠵᠢᠯᠲᠡ ᠵᠢ ᠠᠮᠤᠷ ᠲᠦᠪᠰᠢᠨ ᠪᠠᠢ᠌ᠯᠭ᠋ᠠᠬᠤ》 ᠲᠤᠬᠠᠢ ᠨᠠᠮ᠎ᠤᠨ ᠲᠥᠪ ᠬᠣᠷᠢᠶᠠᠨ᠎ᠤ ᠴᠢᠬᠤᠯᠠ ᠱᠠᠭ᠋ᠠᠷᠳᠠᠯᠭ᠎ᠠ ᠵᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ ᠪᠦᠬᠦ ᠤᠯᠤᠰ᠂ ᠪᠦᠬᠦ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠲᠧᠯᠸᠢᠰ ᠳ᠋ᠢᠶᠠᠩᠬᠤᠸᠠ ᠵᠢᠨ ᠬᠤᠷᠠᠯ᠎ᠤᠨ ᠵᠣᠷᠢᠭ ᠰᠠᠨᠠᠭ᠎ᠠ ᠪᠣᠯᠣᠨ ᠠᠷᠠᠳ᠎ᠤᠨ ᠶᠠᠪᠤᠳᠠᠯ᠎ᠤᠨ ᠶᠠᠮᠤᠨ᠎ᠤ ᠬᠣᠯᠪᠣᠭᠳᠠᠯ ᠪᠦᠬᠦᠢ ᠠᠵᠢᠯ᠎ᠤᠨ ᠲᠣᠬᠢᠷᠠᠭᠤᠯᠤᠯᠲᠠ ᠶᠤᠰᠤᠭ᠋ᠠᠷ 《ᠴᠠᠭ ᠢᠮᠠᠭᠲᠠ ᠰᠤᠨᠤᠷ ᠰᠡᠷᠡᠮᠵᠢ᠎ᠲᠠᠢ ᠪᠠᠢ᠌ᠬᠤ》 ᠬᠠᠷᠢᠭᠤᠴᠠᠯᠭ᠎ᠠ ᠵᠢᠨ ᠤᠬᠠᠮᠰᠠᠷ᠎ᠢ ᠢᠮᠠᠭᠲᠠ ᠪᠠᠷᠢᠮᠲᠠᠯᠠᠵᠤ᠂ ᠬᠦᠨᠳᠦ ᠶᠡᠬᠡ ᠣᠨᠴᠠ ᠶᠡᠬᠡ ᠡᠨᠳᠡᠯ ᠪᠣᠯᠣᠨ ᠬᠡᠲᠦᠷᠡᠮᠡᠬᠡᠢ ᠬᠡᠷᠡᠭ ᠡᠭᠦᠰᠬᠦ ᠵᠢ ᠡᠷᠡᠰ ᠰᠡᠷᠭᠡᠢ᠌ᠯᠡᠨ ᠬᠣᠷᠢᠭᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠰᠠᠢ᠌ᠨ ᠰᠠᠢ᠌ᠬᠠᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ᠃

     ᠮᠡᠳᠡᠭᠳᠡᠯ᠎ᠳᠤ ᠱᠠᠭ᠋ᠠᠷᠳᠠᠭᠰᠠᠨ᠎ᠨᠢ᠂ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠭᠦᠨᠵᠡᠭᠡᠢ᠌ᠷᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠢᠲᠠᠮᠠᠬᠠᠢ ᠬᠡᠢ ᠴᠠᠬᠢᠯᠭ᠋ᠠᠨ᠂ ᠢᠳᠡᠭᠡᠨ᠎ᠤ ᠠᠷᠢᠭᠤᠨ ᠴᠡᠪᠡᠷ᠂ ᠭᠡᠷ ᠪᠠᠢ᠌ᠰᠢᠩ᠎ᠤᠨ ᠪᠠᠷᠢᠯᠭ᠎ᠠ᠂ ᠪᠠᠷᠢᠯᠭ᠎ᠠ ᠵᠢᠨ ᠠᠵᠢᠯ᠂ ᠥᠨᠳᠥᠷ ᠬᠠᠯᠠᠭᠤᠨ᠎ᠤ ᠰᠡᠷᠭᠡᠢ᠌ᠯᠡᠯᠲᠡ᠂ ᠰᠠᠨᠠᠭ᠋ᠠᠨ᠎ᠳᠤ ᠦᠭᠡᠢ ᠭᠡᠮᠲᠦᠯ ᠵᠡᠷᠭᠡ ᠲᠠᠯ᠎ᠠ ᠵᠢᠨ ᠠᠮᠤᠷ ᠲᠦᠪᠰᠢᠨ᠎ᠤ ᠬᠡᠮ ᠰᠣᠭᠣᠭ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠬᠥᠮᠥᠨ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠢ᠌ᠯᠡᠬᠦ᠂ ᠮᠡᠷᠭᠡᠵᠢᠯ ᠵᠶ᠋ᠡᠷ ᠰᠡᠷᠭᠡᠢ᠌ᠯᠡᠬᠦ ᠵᠡᠷᠭᠡ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ᠂ ᠠᠶᠤᠯ ᠲᠦᠭᠰᠢᠭᠦᠷᠢ ᠵᠢᠨ ᠬᠡᠮ ᠰᠣᠭᠣᠭ᠎ᠢ ᠴᠠᠭ ᠲᠤᠬᠠᠢ᠎ᠳᠤ᠎ᠨᠢ ᠨᠠᠷᠢᠯᠢᠭ ᠣᠨᠣᠴᠠᠲᠠᠢ  ᠠᠷᠢᠯᠭ᠋ᠠᠬᠤ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ᠂ ᠲᠤᠢ᠌ᠯᠰᠢᠷᠠᠯ᠎ᠤᠨ ᠰᠡᠳᠬᠢᠬᠦᠢ ᠵᠢ ᠴᠢᠨᠠᠭᠰᠢᠳᠠ ᠴᠢᠩᠭ᠋ᠠᠳᠬᠠᠵᠤ᠂ ᠴᠠᠭ ᠠᠭᠤᠷ᠂ ᠪᠠᠴᠢᠮ  ᠎ᠢ  ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠵᠢᠨ  ᠬᠠᠷᠢᠯᠴᠠᠭ᠎ᠠ᠎ᠪᠠᠨ ᠴᠢᠩᠭ᠋ᠠᠳᠬᠠᠵᠤ᠂ ᠮᠡᠳᠡᠭᠡ ᠵᠠᠩᠭᠢ ᠵᠢ ᠬᠠᠮᠳᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ ᠪᠠᠴᠢᠮ᠎ᠢ ᠠᠷᠭ᠋ᠠᠴᠠᠭ᠋ᠠᠬᠤ ᠲᠥᠰᠥᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ᠎ᠢ ᠠᠷᠭ᠋ᠠᠴᠠᠭ᠋ᠠᠬᠤ ᠵᠢ ᠲᠦᠷᠬᠡᠨ ᠳᠠᠭ᠋ᠠᠬᠤ ᠲᠣᠭᠲᠠᠴᠠ ᠵᠢ ᠪᠦᠷᠢᠨᠰᠢᠭᠦᠯᠵᠦ᠂ ᠪᠠᠴᠢᠮ᠎ᠢ  ᠠᠷᠭ᠋ᠠᠴᠠᠭ᠋ᠠᠬᠤ ᠪᠣᠳᠠᠰ᠎ᠢ ᠰᠠᠢ᠌ᠲᠤᠷ ᠨᠦᠬᠡᠴᠡᠯᠡᠨ᠂ ᠵᠠᠩᠭᠢᠯᠠᠭ᠎ᠠ ᠵᠢᠨ ᠴᠠᠭ ᠦᠶ᠎ᠡ᠎ᠳᠤ ᠬᠡᠷᠡᠭᠯᠡᠵᠦ ᠳᠡᠶ᠋ᠢᠯᠬᠦ᠂  ᠦᠨᠡᠨ ᠬᠦ᠌ ᠲᠤᠰᠠᠲᠠᠢ ᠪᠠᠢ᠌ᠬᠤ ᠵᠢ ᠪᠠᠲᠤᠯᠠᠬᠤ ᠬᠡᠷᠡᠭᠲᠡᠢ᠃
     ᠮᠡᠳᠡᠭᠳᠡᠯ᠎ᠳᠤ ᠴᠢᠬᠤᠯᠠᠴᠢᠯᠠᠬᠰᠠᠨ᠎ᠨᠢ᠂ 《ᠭᠠᠳᠠᠭ᠋ᠠᠳᠤ᠎ᠠᠴᠠ ᠤᠷᠤᠵᠤ ᠢᠷᠡᠬᠦ ᠵᠢ ᠰᠡᠷᠭᠡᠢ᠌ᠯᠡᠬᠦ᠂ ᠳᠣᠲᠣᠭ᠋ᠠᠳᠤ ᠎ᠳᠤ᠎ᠪᠠᠨ ᠳᠠᠬᠢᠨ ᠲᠡᠯᠬᠡᠷᠡᠬᠦ᠎ᠠᠴᠠ ᠰᠡᠷᠭᠡᠢ᠌ᠯᠡᠬᠦ》 ᠶᠡᠷᠦᠩᠬᠡᠢ ᠠᠷᠭ᠎ᠠ ᠪᠣᠳᠣᠯᠭ᠎ᠠ ᠪᠠ 《ᠬᠥᠳᠡᠯᠦᠩᠭᠦᠢ᠎ᠪᠠᠷ ᠲᠡᠭ ᠪᠣᠯᠭ᠋ᠠᠬᠤ》 ᠶᠡᠷᠦᠩᠬᠡᠢ ᠴᠢᠭᠯᠡᠯᠲᠡ ᠵᠢ ᠥᠴᠥᠬᠡᠨ ᠴᠦ᠍ ᠭᠤᠢ᠌ᠪᠢᠰᠢ ᠦᠭᠡᠢ ᠪᠠᠷᠢᠮᠲᠠᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠬᠠᠢ ᠤᠯᠤᠰ᠎ᠤᠨ ᠨᠢᠭᠡᠳᠦᠯᠲᠡᠢ ᠲᠥᠷᠥ ᠵᠢᠨ ᠪᠣᠳᠣᠯᠭ᠎ᠠ ᠵᠢᠨ ᠠᠷᠭ᠎ᠠ  ᠪᠠ 《ᠶᠢᠰᠦ ᠵᠢ ᠥᠯᠥ ᠵᠥᠪᠰᠢᠶᠡᠷᠡᠬᠦ》 ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠣᠨᠴᠠᠯᠢᠭ᠎ᠲᠠᠢ ᠤᠶᠠᠯᠳᠤᠭᠤᠯᠤᠨ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢ ᠴᠠᠭ ᠲᠤᠬᠠᠢ᠎ᠳᠤ᠎ᠨᠢ ᠲᠡᠭᠦᠯᠳᠡᠷᠵᠢᠭᠦᠯᠵᠦ᠂ ᠬᠠᠮᠤᠭ᠎ᠤᠨ ᠪᠠᠭ᠎ᠠ ᠦᠨ᠎ᠡ ᠥᠷᠲᠡᠭ ᠵᠶ᠋ᠡᠷ ᠬᠠᠮᠤᠭ᠎ᠤᠨ ᠶᠡᠬᠡ ᠰᠡᠷᠭᠡᠢ᠌ᠯᠡᠨ ᠡᠵᠡᠮᠳᠡᠬᠦ ᠦᠷ᠎ᠡ ᠪᠦᠲᠦᠮᠵᠢ ᠵᠢ ᠴᠢᠷᠮᠠᠢ᠌ᠨ ᠪᠡᠶᠡᠯᠡᠭᠦᠯᠵᠦ᠂ ᠬᠢᠵᠢᠭ᠎ᠤᠨ ᠪᠠᠢ᠌ᠳᠠᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠵᠡᠭᠦᠯᠬᠦ ᠨᠥᠯᠥᠭᠡ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠳᠡᠢ᠃
    ᠮᠡᠳᠡᠭᠳᠡᠯ᠎ᠳᠤ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠎ᠤᠨ᠎ᠬᠢᠨ ᠵᠢᠵᠢᠭᠦᠷᠯᠡᠨ ᠰᠠᠬᠢᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠴᠢᠬᠤᠯᠠ ᠪᠠᠴᠢᠮ ᠪᠠᠢ᠌ᠳᠠᠯ ᠲᠣᠬᠢᠶᠠᠯᠳᠤᠪᠠᠯ ᠲᠡᠷᠡ ᠳᠠᠷᠤᠢ᠎ᠳᠤ᠎ᠨᠢ ᠵᠢᠭ᠋ᠠᠪᠤᠷᠢ ᠠᠪᠴᠤ ᠮᠡᠳᠡᠭᠦᠯᠬᠦ ᠵᠢᠨ ᠬᠠᠮᠲᠤ ᠴᠠᠭ ᠲᠤᠬᠠᠢ ᠎ᠳᠤ᠎ᠨᠢ ᠠᠷᠭ᠋ᠠᠴᠠᠭ᠋ᠠᠨ ᠰᠢᠢ᠍ᠳᠪᠦᠷᠢᠯᠡᠬᠦ ᠬᠡᠷᠡᠭᠲᠡᠢ᠃   ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠵᠦ  ᠱᠠᠯᠠᠪᠳᠠᠭᠤᠯᠤᠨ ᠪᠠᠢ᠌ᠴᠠᠭ᠋ᠠᠵᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠵᠢᠨ ᠬᠠᠮᠢᠶᠠᠷᠤᠯᠲᠠ ᠵᠢᠨ ᠠᠷᠭ᠎ᠠ ᠵᠢ ᠪᠣᠳᠠᠲᠠᠢ᠌ᠵᠢᠭᠤᠯᠬᠤ   ᠬᠡᠷᠡᠭᠲᠡᠢ᠃





 




 

ᠢᠷᠡᠯᠲᠡ᠄ ᠦᠪᠤᠷ ᠮ᠊ ᠊ᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠵᠤ ᠠᠬᠤᠢ᠌ᠯᠠᠯ᠎ᠤᠨ ᠳᠠᠮᠫᠤᠷᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠬᠠᠮᠢᠶᠠᠷᠤᠭᠴᠢ ᠵᠢᠨ ᠳᠠᠮᠫᠤᠷᠠᠯ᠎ᠤᠨ ᠲᠠᠰ ᠳᠠᠷᠠᠭ᠋ᠠᠯᠠᠯ᠎ᠳᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠬᠦᠢ᠍ᠴᠡᠳᠬᠡᠬᠦ ᠵᠢ ᠠᠬᠢᠭᠤᠯᠬᠤ ᠪᠠ ᠪᠠᠳᠤᠯᠠᠵᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠬᠤᠳᠠᠯᠳᠤᠭ᠋ᠠᠨ᠎ᠤ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠷᠭ᠎ᠠ ᠪᠠ ᠤᠴᠢᠷ ᠶᠠᠪᠤᠳᠠᠯ᠎ᠤᠨ ᠶᠠᠪᠤᠴᠨ᠎ᠳᠤ ᠪᠠ ᠤᠴᠢᠷ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠲᠠ ᠵᠢ ᠬᠦᠨᠵᠡᠬᠡᠢ᠌ᠷᠡᠬᠦᠯᠬᠦ ᠲᠤᠬᠠᠢ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
《ᠬᠠᠷᠢᠭᠤᠴᠠᠯᠭ᠎ᠠ ᠡᠬᠦᠷᠬᠡᠯᠡᠭᠰᠡᠨ ᠰᠠᠢ᠌ᠨ ᠺᠠᠳ᠋ᠷ》᠎ᠤᠨ ᠴᠤᠯᠨ ᠤᠯᠭᠤᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ
ᠤᠯᠠᠭ᠋ᠠᠨᠬᠠᠳᠠ ᠬᠣᠲᠠ᠄ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠰᠠᠨᠠᠯ᠎ᠢ ᠨᠡᠢ᠌ᠲᠡᠯᠡᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠯᠭ᠎ᠠ ᠪᠠᠭ᠎ᠠ ᠬᠦᠮᠦᠰ᠎ᠤᠨ ᠪᠠᠢ᠌ᠳᠠᠯ᠎ᠢ ᠬᠢᠨᠠᠬᠤ ᠪᠠ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠲᠣᠭ᠎ᠠ ᠪᠠᠷᠢᠮᠲᠠ ᠵᠢ ᠬᠤᠪᠢᠶᠠᠯᠴᠠᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
 
            