ᠤᠷᠴᠢᠮ᠎ᠤᠨ ᠵᠢᠯ ᠮᠠᠨ᠎ᠤ ᠤᠷᠤᠨ᠎ᠤ ᠺᠠᠳ᠋ᠷᠴᠤᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ ᠳᠤ᠎ᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠪᠦᠬᠦ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠢ ᠠᠬᠢᠭᠤᠯᠬᠤ ᠪᠠ ᠨᠠᠮ᠎ᠤᠨ ᠪᠠᠢ᠌ᠭᠤᠯᠤᠯᠲᠠ ᠵᠢᠨ ᠡᠯ᠎ᠡ ᠵᠦᠢ᠍ᠯ ᠤᠨ ᠠᠵᠢᠯ ᠤᠨ ᠳᠤᠮᠳᠠ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠷᠮᠠᠢ᠌ᠨ ᠠᠵᠢᠯᠯᠠᠵᠤ᠂ ᠲᠣᠪᠣᠢ᠌ᠮ᠎ᠠ ᠬᠤᠪᠢ ᠨᠡᠮᠡᠷᠢ ᠦᠵᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠦᠯᠡᠮᠵᠢ ᠤᠯᠠᠨ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠭᠰᠡᠨ ᠰᠢᠯᠢᠳᠡᠭ ᠺᠠᠳ᠋ᠷ ᠴᠣᠯᠭᠣᠷᠠᠨ ᠭᠠᠷᠪᠠ᠃
ᠨᠠᠮ᠎ᠤᠨ ᠬᠣᠷᠢᠳᠤᠭ᠋ᠠᠷ ᠶᠡᠬᠡ ᠬᠤᠷᠠᠯ ᠦᠪᠡᠳᠡᠭᠰᠢ ᠶᠡᠬᠡ᠎ᠪᠠᠷ ᠬᠤᠷᠠᠯᠳᠤᠬᠤ᠎ᠪᠠᠷ ᠪᠠᠢ᠌ᠭ᠎ᠠ ᠲᠠᠰᠢᠷᠠᠮ ᠵᠶ᠋ᠡᠷ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠬᠥᠬᠢᠭᠦᠯᠦᠨ ᠰᠠᠢ᠌ᠰᠢᠶᠠᠵᠤ᠂ ᠺᠠᠳ᠋ᠷᠴᠤᠳ᠎ᠢ ᠵᠣᠷᠢᠭᠵᠢᠭᠤᠯᠤᠨ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠤᠭᠤᠯᠬᠤ ᠵᠢᠨ ᠲᠥᠯᠥᠭᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠢᠶᠠᠨ ᠶᠤᠸᠠᠨ ᠵᠢᠶᠦ᠋ᠨ ᠵᠡᠷᠭᠡ 100 ᠨᠥᠬᠥᠷ᠎ᠢ 《ᠬᠠᠷᠢᠭᠤᠴᠠᠯᠭ᠎ᠠ ᠡᠬᠦᠷᠭᠡᠯᠡᠭᠰᠡᠨ ᠰᠠᠢ᠌ᠨ ᠺᠠᠳ᠋ᠷ》 (ᠨᠡᠷᠡᠰ᠎ᠢ ᠵᠢᠷᠤᠭ ᠵᠶ᠋ᠡᠷ ᠳᠠᠭ᠋ᠠᠯᠳᠤᠭᠤᠯᠪᠠ) ᠵᠶ᠋ᠡᠷ ᠴᠤᠯᠠᠯᠠᠬᠤ᠎ᠪᠠᠷ ᠲᠣᠭᠲᠠᠪᠠ᠃
《ᠬᠠᠷᠢᠭᠤᠴᠠᠯᠭ᠎ᠠ ᠡᠬᠦᠷᠬᠡᠯᠡᠭᠰᠡᠨ ᠰᠠᠢ᠌ᠨ ᠺᠠᠳ᠋ᠷ》᠎ᠤᠨ ᠴᠤᠯᠨ ᠬᠦᠷᠳᠡᠭᠰᠡᠳ ᠪᠣᠯ ᠰᠢᠨ᠎ᠡ ᠴᠠᠭ ᠦᠶ᠎ᠡ ᠵᠢᠨ ᠪᠦᠬᠦ ᠣᠷᠣᠨ᠎ᠤ ᠺᠠᠳ᠋ᠷ᠎ᠤᠨ ᠡᠩᠨᠡᠭᠡᠨ᠎ᠤ ᠰᠢᠯᠢᠳᠡᠭ ᠲᠥᠯᠥᠭᠡᠯᠡᠭᠴᠢ ᠪᠣᠯᠣᠨ᠎ᠠ᠃ ᠲᠡᠳᠡ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ᠂ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ᠂ ᠠᠷᠠᠳ ᠤᠯᠠᠨ᠎ᠳᠤ ᠦᠢ᠍ᠯᠡᠴᠢᠯᠡᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠹᠷᠣᠨᠲ ᠡᠯ᠎ᠡ ᠬᠦᠷᠢᠶᠡᠨ᠎ᠳᠤ ᠲᠣᠪᠣᠢ᠌ᠮ᠎ᠠ ᠪᠣᠳᠠᠲᠤ ᠠᠮᠵᠢᠯᠲᠠ ᠭᠠᠷᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠰᠠᠢ᠌ᠨ ᠺᠠᠳ᠋ᠷ᠎ᠤᠨ ᠪᠠᠷᠢᠮᠵᠢᠶ᠎ᠠ ᠵᠢ ᠲᠠᠢ᠌ᠯᠪᠤᠷᠢᠯᠠᠵᠤ᠂ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠰᠠᠢ᠌ᠨ ᠰᠠᠢ᠌ᠬᠠᠨ ᠳᠦᠷᠢ ᠲᠥᠷᠬᠦ ᠵᠢ ᠢᠯᠡᠷᠡᠭᠦᠯᠪᠡ᠃ ᠴᠤᠯᠨ ᠬᠦᠷᠳᠡᠭᠰᠡᠨ ᠺᠠᠳ᠋ᠷ ᠢᠷᠠᠭᠤ ᠠᠯᠳᠠᠷ ᠵᠶ᠋ᠠᠨ ᠨᠠᠨᠳᠢᠩᠨᠠᠵᠤ᠂ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠵᠢᠱ᠌ᠢᠶ᠎ᠡ ᠦᠵᠡᠭᠦᠯᠵᠦ ᠳᠠᠢ᠌ᠴᠢᠯᠠᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠴᠤᠴᠠᠯᠲᠠ ᠦᠭᠡᠢ ᠤᠷᠤᠭᠰᠢᠯᠠᠬᠤ᠂ ᠡᠭᠦᠷᠢᠳᠡ ᠬᠣᠢ᠌ᠷᠭᠤᠰᠢᠬᠤ ᠦᠭᠡᠢ ᠵᠣᠷᠢᠭ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠵᠶ᠋ᠠᠷ ᠠᠬᠢᠭᠤᠯᠵᠤ᠂ ᠨᠠᠮ ᠪᠣᠯᠣᠨ ᠠᠷᠠᠳ ᠲᠦᠮᠡᠨ᠎ᠳᠤ ᠲᠠᠬᠢᠨ ᠰᠢᠨ᠎ᠡ ᠭᠠᠪᠢᠶ᠎ᠠ ᠪᠠᠶ᠋ᠢᠭᠤᠯᠬᠤ ᠵᠢ ᠬᠦᠰᠡᠵᠦ ᠪᠠᠢ᠌ᠨ᠎ᠠ ᠬᠡᠵᠡᠢ᠃
ᠣᠳᠣᠬᠠᠨ᠎ᠳᠤ ᠮᠠᠨ᠎ᠤ ᠣᠷᠣᠨ ᠶᠠᠭ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠬᠤ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠰᠢᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠨᠡᠩ ᠨᠦᠰᠡᠷ ᠬᠦᠨᠳᠦ ᠪᠣᠯᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠤᠷᠢᠶᠠᠯᠠᠭᠰᠠᠨ᠎ᠨᠢ᠂ ᠪᠦᠬᠦ ᠣᠷᠣᠨ᠎ᠤ ᠺᠠᠳ᠋ᠷᠴᠤᠳ 《ᠬᠠᠷᠢᠭᠤᠴᠠᠯᠭ᠎ᠠ ᠡᠬᠦᠷᠭᠡᠯᠡᠭᠰᠡᠨ ᠰᠠᠢ᠌ᠨ ᠺᠠᠳ᠋ᠷ》 ᠵᠶ᠋ᠡᠷ ᠳᠠᠭᠤᠷᠢᠶᠠᠯ ᠪᠣᠯᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠦᠢ᠍ᠯᠡᠰ ᠪᠦᠲᠦᠭᠡᠵᠦ᠂ ᠡᠷᠡᠯᠬᠡᠭᠯᠡᠨ ᠲᠡᠮᠡᠴᠡᠵᠦ᠂ ᠡᠷᠡᠮᠡᠬᠡᠢ᠌ᠯᠡᠨ ᠤᠷᠤᠭᠰᠢᠯᠠᠵᠤ᠂ ᠥᠪᠥᠷ ᠮᠣᠩᠭᠣᠯ᠎ᠤᠨ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢ᠍ᠯᠡᠰ ᠪᠦᠲᠦᠭᠡᠬᠦ ᠳᠦᠷᠢ ᠲᠥᠷᠬᠦ ᠵᠢ ᠪᠤᠢ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠵᠢ ᠠᠬᠢᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠶ᠎ᠠ!