(2023 ᠣᠨ᠎ᠤ 1 ᠳ᠋ᠤᠬᠡᠷ ᠰᠠᠷ᠎ᠠ ᠵᠢᠨ 17᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠬᠦᠳᠡ ᠬᠤᠷᠠᠯ᠎ᠠᠴᠠ ᠪᠠᠳᠤᠯᠠᠪᠠ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ 2023 ᠣᠨ᠎ᠤ 1 ᠳ᠋ᠤᠬᠡᠷ ᠰᠠᠷ᠎ᠠ ᠵᠢᠨ 17᠎ᠤ ᠡᠳᠦᠷ ᠬᠥᠬᠡᠬᠣᠲᠠ᠎ᠳᠤ ᠬᠤᠷᠠᠯᠳᠤᠪᠠ᠃ ᠲᠤᠰ ᠤᠳᠠᠭ᠎ᠠ ᠵᠢᠨ ᠪᠦᠬᠦᠳᠡ ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ 40 ᠭᠡᠰᠢᠭᠦᠨ ᠣᠷᠣᠯᠴᠠᠵᠤ᠂ 114 ᠬᠥᠮᠥᠨ ᠰᠤᠯᠠ ᠣᠷᠣᠯᠴᠠᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠤᠤ ᠴᠧᠩ ᠪᠦᠬᠦᠳᠡ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ ᠪᠤᠯᠤᠨ ᠥᠪᠡᠷᠲᠡᠭᠡᠨ ᠵᠠᠰᠠᠬᠤ ᠣᠷᠣᠨ᠎ᠤ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ ᠵᠢᠨ ᠤᠳᠤᠷᠢᠳᠬᠤ ᠨᠥᠬᠥᠳ ᠬᠤᠷᠠᠯ᠎ᠳᠤ ᠤᠷᠤᠯᠴᠠᠪᠠ᠃
ᠪᠦᠭᠦᠳᠡ ᠬᠤᠷᠠᠯ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ ᠵᠢᠨ ᠪᠠᠢ᠌ᠩᠭᠤ ᠵᠢᠨ ᠬᠣᠷᠢᠶ᠎ᠠ᠎ᠠᠴᠠ ᠡᠷᠬᠢᠯᠡᠪᠡ᠃ ᠪᠦᠬᠦᠳᠠ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠬᠣᠶᠠᠳᠤᠭ᠋ᠠᠷ ᠪᠦᠬᠦᠳᠠ ᠬᠤᠷᠠᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2022 ᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠳ᠋ᠦᠩᠨᠡᠵᠦ᠂ 2023 ᠣᠨ᠎ᠤ ᠠᠵᠢᠯ᠎ᠢ ᠪᠠᠢ᠌ᠷᠢᠯᠠᠭᠤᠯᠪᠠ᠃ ᠬᠤᠷᠠᠯ᠎ᠠᠴᠠ ᠯᠢᠦ ᠱᠤᠸᠠᠩ ᠨᠥᠬᠥᠷ᠎ᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠡᠮᠦᠨ᠎ᠡ᠎ᠠᠴᠠ ᠬᠢᠭᠰᠡᠨ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠵᠠᠮ᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠤᠢ᠌ᠪᠢᠰᠢ ᠦᠭᠡᠢ ᠠᠬᠢᠭᠤᠯᠵᠤ᠂ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ ᠵᠢ ᠪᠠᠳᠤᠯᠠᠶ᠎ᠠ》 ᠭᠡᠬᠦ ᠠᠵᠢᠯ᠎ᠤᠨ ᠮᠡᠳᠡᠭᠦᠯᠦᠯᠲᠡ ᠵᠢ ᠬᠢᠨᠠᠨ ᠵᠥᠪᠯᠡᠵᠦ ᠪᠠᠲᠤᠯᠠᠪᠠ᠃
ᠪᠥᠬᠥᠳᠡ ᠬᠤᠷᠠᠯ ᠲᠡᠬᠡᠷ᠎ᠡ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠪᠠ᠃ ᠬᠤᠷᠠᠯ᠎ᠳᠤ ᠤᠷᠤᠯᠴᠠᠬᠰᠠᠳ ᠰᠠᠨᠠᠯ ᠨᠢᠭᠡᠲᠡᠢ ᠦᠵᠡᠭᠰᠡᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠎ᠬᠢ ᠨᠠᠮ ᠪᠣᠯᠣᠨ ᠤᠯᠤᠰ᠎ᠤᠨ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠥᠨᠳᠥᠷᠴᠡ᠎ᠠᠴᠠ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠤᠨ ᠪᠦᠷᠢᠯᠳᠦᠭᠰᠡᠨ ᠰᠢᠯᠲᠠᠭ᠋ᠠᠨ᠂ ᠭᠣᠣᠯ ᠢᠯᠡᠷᠡᠯ ᠪᠠ ᠰᠢᠢ᠍ᠳᠪᠦᠷᠢᠯᠡᠬᠦ ᠠᠷᠭᠠᠢ ᠭᠦᠨᠵᠡᠭᠡᠢ ᠵᠠᠳᠠᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠬᠦ ᠬᠠᠷᠠᠯᠲᠠ ᠡᠭᠦᠷᠭᠡ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠤᠢ᠌ᠪᠢᠰᠢ ᠦᠭᠡᠢ ᠭᠦᠨᠵᠡᠭᠡᠢ ᠠᠬᠢᠭᠤᠯᠬᠤ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠵᠦ᠂ ᠶᠠᠷᠢᠶ᠎ᠠ᠎ᠨᠢ ᠥᠨᠳᠥᠷ᠎ᠲᠤ ᠵᠣᠭᠰᠣᠨ ᠠᠯᠤᠰ᠎ᠢ ᠪᠠᠷᠠᠯᠠᠵᠦ᠂ ᠦᠵᠡᠯ ᠰᠠᠨᠠᠭ᠎ᠠ᠎ᠨᠢ ᠭᠦᠨᠵᠡᠭᠡᠢ᠂ ᠠᠭᠤᠯᠤᠭᠳᠠᠬᠤᠨ᠎ᠨᠢ ᠪᠠᠶᠠᠯᠢᠭ᠂ ᠥᠭᠦᠯᠡᠯᠲᠡ᠎ᠨᠢ ᠭᠣᠢ᠌ᠳᠠ ᠮᠡᠷᠭᠡᠨ ᠪᠠᠢ᠌ᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ ᠵᠢᠨ ᠦᠨᠳᠦᠰᠦᠨ ᠵᠢᠷᠤᠮᠯᠠᠯ ᠪᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠯᠣᠭᠣᠳᠤᠯᠭ᠎ᠠ ᠬᠠᠩᠭ᠋ᠠᠵᠠᠢ᠃ ᠰᠢ ᠵᠢᠨ ᠫᠢᠩ ᠶᠡᠷᠦᠩᠬᠡᠢ ᠱᠦᠵᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠺᠠᠳ᠋ᠷ᠎ᠤᠨ ᠡᠩᠨᠡᠭᠡ᠎ᠳᠤ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠲᠠᠯᠪᠢᠵᠤ᠂ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠯᠢ ᠰᠢ ᠨᠥᠬᠥᠷ᠎ᠤᠨ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠡᠮᠦᠨ᠎ᠡ᠎ᠠᠴᠠ ᠬᠢᠭᠰᠡᠨ ᠠᠵᠢᠯ᠎ᠤᠨ ᠮᠡᠳᠡᠭᠦᠯᠦᠯᠲᠡ᠎ᠳᠤ᠎ᠪᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠨᠠᠢ᠌ᠳᠠᠪᠤᠷᠢᠵᠢᠭᠤᠯᠬᠤ ᠪᠠ 2023 ᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠭᠣᠣᠯ ᠰᠡᠳᠦᠪ᠎ᠨᠢ ᠢᠯᠡ ᠲᠣᠳᠣ᠂ ᠪᠦᠬᠦ ᠲᠠᠯ᠎ᠠ᠎ᠪᠠᠷ ᠰᠢᠰᠲᠸᠮ᠎ᠲᠠᠢ ᠦᠬᠦᠯᠡᠭᠰᠡᠨ ᠪᠦᠬᠡᠳ ᠠᠭᠤᠯᠤᠭᠳᠠᠬᠤᠨ᠎ᠨᠢ ᠭᠦᠨᠵᠡᠭᠡᠢ᠂ ᠱᠠᠭ᠋ᠠᠷᠳᠠᠯᠭ᠎ᠠ᠎ᠨᠢ ᠲᠣᠳᠣᠷᠬᠠᠢ ᠪᠣᠯᠵᠠᠢ᠃ ᠰᠦᠨ ᠱᠤᠤ ᠴᠧᠩ ᠨᠥᠬᠥᠷ᠎ᠤᠨ ᠶᠠᠷᠢᠶ᠎ᠠ᠎ᠨᠢ ᠰᠢ ᠵᠢᠨ ᠫᠢᠩ ᠶᠡᠷᠦᠩᠬᠡᠢ ᠱᠦᠵᠢ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ᠎ᠪᠠᠷ ᠪᠠᠶ᠋ᠢᠭᠤᠯᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠨᠢᠭᠡ ᠮᠥᠴᠡ ᠴᠦ᠍ ᠵᠣᠭᠰᠣᠯ ᠦᠭᠡᠢ ᠠᠬᠢᠭᠤᠯᠬᠤ ᠵᠢᠨ ᠲᠣᠭᠣᠷᠢᠨ᠎ᠳᠤ ᠪᠠᠢ᠌ᠷᠢᠯᠠᠭᠤᠯᠵᠠᠢ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠡᠷᠡᠰ ᠭᠤᠢ᠌ᠪᠢᠰᠢ ᠦᠭᠡᠢ ᠠᠬᠢᠭᠤᠯᠬᠤ ᠬᠡᠷᠡᠭᠲᠡᠢ᠃
ᠪᠦᠬᠦᠳᠡ ᠬᠤᠷᠠᠯ᠎ᠠᠴᠠ ᠵᠢᠭ᠋ᠠᠬᠰᠠᠨ᠎ᠨᠢ᠂ 2022 ᠣᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ᠎ᠬᠢᠨ ᠰᠢ ᠵᠢᠨ ᠫᠢᠩ ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ ᠪᠣᠳᠠᠲᠠᠢ᠌ᠵᠢᠭᠤᠯᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠳᠡᠢ᠃ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠣᠭᠣᠷᠢᠨ᠎ᠳᠤ ᠤᠯᠤᠰ ᠲᠥᠷᠥ ᠵᠢᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠥᠷᠡᠯ ᠦᠭᠡᠢ ᠨᠠᠢ᠌ᠳᠠᠪᠤᠷᠢᠵᠢᠭᠤᠯᠵᠤ᠂ 《ᠲᠦᠷᠪᠡᠨ ᠰᠤᠷᠲᠠᠯ》 ᠢ ᠵᠠᠯᠠᠷᠠᠭᠤᠯᠬᠤ ᠵᠢ ᠰᠢᠨᠲᠠᠷᠠᠰᠢ ᠦᠭᠡᠢ ᠪᠠᠷᠢᠮᠲᠠᠯᠠᠵᠤ ᠰᠢᠨ᠎ᠡ ᠰᠤᠷᠲᠠᠯ᠎ᠢ ᠪᠤᠢ ᠪᠣᠯᠭ᠋ᠠᠪᠠ᠃ ᠢᠯᠵᠠᠷᠠᠬᠤ ᠵᠣᠷᠢᠭ ᠦᠭᠡᠢ᠂ ᠢᠯᠵᠠᠷᠠᠵᠤ ᠲᠡᠢ᠌ᠯᠬᠦ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠡᠷᠡᠰ ᠭᠤᠢ᠌ᠪᠢᠰᠢ ᠦᠭᠡᠢ ᠠᠬᠢᠭᠤᠯᠬᠤ ᠬᠡᠷᠡᠭᠲᠡᠢ᠃ ᠲᠥᠪ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠴᠢᠭᠯᠡᠯᠲᠡ ᠵᠢ ᠨᠠᠢ᠌ᠳᠠᠪᠤᠷᠢᠵᠢᠭᠤᠯᠵᠤ᠂ ᠲᠣᠭᠣᠷᠢᠨ ᠪᠠᠢ᠌ᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ᠃ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ ᠪᠠ ᠠᠷᠠᠳ ᠲᠦᠮᠡᠨ᠎ᠤ ᠦᠨᠡᠨᠴᠢ ᠰᠢᠳᠤᠷᠭᠤ ᠬᠠᠮᠠᠭ᠋ᠠᠯᠠᠭᠴᠢ ᠪᠣᠯᠬᠤ᠎ᠪᠠᠷ ᠴᠢᠷᠮᠠᠢ᠌ᠬᠤ ᠬᠡᠷᠡᠭᠳᠡᠢ᠃ ᠪᠥᠬᠥᠳᠡ ᠬᠤᠷᠠᠯ᠎ᠠᠴᠠ ᠠᠮᠵᠢᠯᠲᠠ᠎ᠪᠠᠨ ᠨᠤᠲᠠᠯᠠᠬᠤ ᠵᠢᠨ ᠬᠠᠮᠳᠤ ᠪᠦᠬᠦ ᠣᠷᠣᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠠᠢ᠌ᠳᠠᠯ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠢᠰᠲ᠋ᠧᠮ᠎ᠤᠨ ᠲᠤᠰ ᠪᠡᠶ᠎ᠡ ᠵᠢᠨ ᠪᠠᠢ᠌ᠭᠤᠯᠤᠯᠲᠠ ᠵᠢᠨ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ᠎ᠢ ᠦᠨᠡᠨ᠎ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃
ᠪᠥᠬᠥᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ 2023 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠡᠬᠢᠯᠡᠯᠲᠡ ᠵᠢᠨ ᠵᠢᠯ ᠮᠥᠨ᠃ ᠪᠦᠬᠦ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠭᠤᠢ᠌ᠪᠢᠰᠢ ᠦᠭᠡᠢ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠸᠮ᠎ᠢ ᠪᠦᠷᠢᠨᠰᠢᠭᠦᠯᠬᠦ ᠡᠭᠦᠷᠭᠡ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠠᠮ᠎ᠤᠨ ᠰᠤᠷᠲᠠᠯ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠎ᠬᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠴᠢᠨᠠᠷᠯᠢᠭ ᠬᠥᠭᠵᠢᠯᠲᠡ ᠵᠢ ᠭᠦᠨᠵᠡᠭᠡᠢ ᠠᠬᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃ ᠨᠢᠭᠡ᠎ᠳᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠲᠤᠬᠠᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠨᠠᠢ᠌ᠳᠠᠪᠤᠷᠢᠵᠢᠭᠤᠯᠬᠤ ᠬᠡᠷᠡᠭᠲᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠭᠦᠨᠵᠡᠭᠡᠢ ᠰᠤᠷᠤᠯᠴᠠᠵᠤ᠂ ᠪᠣᠳᠠᠲᠠᠢ ᠪᠠᠢ᠌ᠴᠠᠭ᠋ᠠᠨ ᠰᠤᠳᠤᠯᠤᠯᠲᠠ ᠬᠢᠵᠦ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠢ᠃ 《ᠬᠣᠶᠠᠷ᠎ᠢ ᠬᠠᠮᠠᠭ᠋ᠠᠯᠠᠬᠤ》 ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠭᠤᠢ᠌ᠪᠢᠰᠢ ᠦᠭᠡᠢ᠎ᠪᠠᠷ ᠡᠭᠦᠷᠭᠡᠯᠡᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠣᠨᠴᠠᠯᠢᠭ᠎ᠲᠠᠢ ᠨᠡᠢ᠌ᠭᠡᠮ ᠵᠢᠷᠤᠮ ᠤᠨ ᠦᠵᠡᠯ ᠰᠠᠨᠠᠭ᠎ᠠ᠎ᠪᠠᠷ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠯᠢᠪᠠ ᠠᠵᠢᠯ ᠢ ᠶᠡᠷᠦᠩᠬᠡᠢ᠌ᠯᠡᠨ ᠡᠵᠡᠮᠳᠡᠬᠦ ᠵᠢ ᠭᠤᠢ᠌ᠪᠢᠰᠢ ᠦᠭᠡᠢ ᠪᠠᠷᠢᠮᠲᠠᠯᠠᠵᠤ᠂ ᠨᠠᠮ ᠤᠨ ᠳᠦᠷᠢᠮ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ ᠵᠢ ᠭᠤᠢ᠌ᠪᠢᠰᠢ ᠦᠭᠡᠢ ᠭᠦᠢ᠍ᠴᠡᠳᠬᠡᠵᠦ᠂ ᠪᠦᠬᠦ ᠲᠠᠯ᠎ᠠ᠎ᠪᠠᠷ ᠨᠠᠮ ᠢ ᠴᠢᠩᠭ᠎ᠠ ᠵᠠᠰᠠᠬᠤ ᠰᠢᠰᠲᠸᠮ ᠢ ᠪᠦᠷᠢᠨᠰᠢᠭᠦᠯᠬᠦ ᠵᠢ ᠭᠤᠢ᠌ᠪᠢᠰᠢ ᠦᠭᠡᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠤᠨ ᠭᠦᠨᠵᠡᠭᠡᠢ᠌ᠷᠡᠨ ᠬᠥᠭᠵᠢᠬᠦ ᠵᠢ ᠭᠤᠢ᠌ᠪᠢᠰᠢ ᠦᠭᠡᠢ ᠠᠬᠢᠭᠤᠯᠵᠤ᠂ ᠨᠠᠮ ᠪᠣᠯᠣᠨ ᠠᠷᠠᠳ ᠲᠦᠮᠡᠨ᠎ᠠᠴᠠ ᠳᠠᠭ᠋ᠠᠭ᠋ᠠᠯᠭ᠋ᠠᠭᠰᠠᠨ ᠡᠭᠦᠷᠭᠡ ᠬᠠᠷᠢᠭᠤᠴᠠᠯᠭ᠎ᠠ ᠵᠢ ᠨᠡᠩ ᠰᠠᠢ᠌ᠲᠤᠷ ᠡᠭᠦᠷᠭᠡᠯᠡᠬᠦ ᠬᠡᠷᠡᠭᠲᠡᠢ᠃ ᠬᠣᠶᠠᠷ᠎ᠲᠤ᠂ ᠤᠯᠤᠰ ᠲᠦᠷᠦ ᠵᠢᠨ ᠬᠢᠨᠠᠯᠲᠠ ᠵᠢ ᠨᠡᠩ ᠬᠦᠴᠦᠲᠡᠢ ᠪᠥᠭᠡᠳ ᠪᠦᠲᠦᠮᠵᠢᠲᠡᠶ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢ ᠠᠬᠢᠭᠤᠯᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠤᠯᠤᠰ ᠲᠦᠷᠦ ᠵᠢᠨ ᠵᠣᠭᠰᠣᠯᠲᠠ᠂ ᠤᠯᠤᠰ ᠲᠦᠷᠦ ᠵᠢᠨ ᠴᠢᠭᠯᠡᠯ᠂ ᠤᠯᠤᠰ ᠲᠦᠷᠦ ᠵᠢᠨ ᠵᠠᠷᠴᠢᠮ᠂ ᠤᠯᠤᠰ ᠲᠦᠷᠦ ᠵᠢᠨ ᠵᠠᠮ ᠳᠡᠭᠡᠷ᠎ᠡ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠯᠤᠰ ᠲᠦᠷᠦ ᠵᠢᠨ ᠬᠢᠨᠠᠯᠲᠠ ᠲᠠᠯᠪᠢᠯᠲᠠ ᠵᠢ ᠪᠣᠳᠠᠲᠠᠢ᠌ᠵᠢᠭᠤᠯᠬᠤ᠂ ᠤᠨᠢᠨ ᠳᠡᠭᠡᠷ᠎ᠡ᠎ᠨᠢ ᠲᠠᠯᠪᠢᠬᠤ᠂ ᠪᠠᠢ᠌ᠩᠭᠤᠵᠢᠭᠤᠯᠬᠤ ᠵᠢ ᠠᠬᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠬᠤ ᠬᠡᠷᠡᠭᠲᠡᠢ᠃ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠳᠦᠷᠢᠮ᠎ᠢ ᠴᠢᠩᠳᠠᠯᠠᠵᠤ᠂ 《ᠲᠤᠯᠤᠭ᠋ᠠᠨ》 ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ ᠬᠦᠴᠦᠯᠡᠨ ᠰᠢᠢ᠍ᠳᠪᠤᠷᠢᠯᠡᠬᠦ ᠬᠡᠷᠡᠭᠳᠡᠢ᠃ ᠭᠤᠷᠪᠠ᠎ᠳᠤ᠂ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠬᠦ ᠵᠢ ᠠᠬᠢᠭᠤᠯᠬᠤ ᠬᠡᠷᠡᠭᠲᠡᠢ᠃ ᠨᠠᠮ᠎ᠠᠴᠠ ᠨᠢᠭᠡᠳᠦᠯᠲᠡᠢ ᠤᠳᠤᠷᠢᠳᠬᠤ᠂ ᠪᠦᠬᠦ ᠲᠠᠯ᠎ᠠ ᠵᠢ ᠬᠠᠮᠤᠷᠬᠤ᠂ ᠡᠷᠬᠡ ᠰᠦᠷ᠎ᠲᠠᠢ ᠪᠥᠭᠡᠳ ᠥᠨᠳᠥᠷ ᠪᠦᠲᠦᠮᠵᠢᠲᠡᠶ ᠪᠠᠢ᠌ᠬᠤ ᠱᠠᠭ᠋ᠠᠷᠳᠠᠯᠭ᠎ᠠ ᠶᠣᠰᠣᠭ᠋ᠠᠷ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠤᠰᠬᠠᠢ ᠬᠠᠷᠢᠭᠤᠴᠠᠯᠭ᠋ᠠᠲᠤ ᠬᠢᠨᠠᠯᠲᠠ ᠵᠢᠨ ᠰᠢᠰᠲ᠋ᠧᠮ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢᠨ ᠰᠢᠰᠲ᠋ᠧᠮ᠂ ᠡᠯ᠎ᠡ ᠲᠦᠷᠦᠯ᠎ᠤᠨ ᠬᠢᠨᠠᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠪᠠ ᠦᠨᠳᠦᠰᠦᠨ ᠱᠠᠲᠤᠨ᠎ᠤ ᠬᠢᠨᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠢ ᠠᠬᠢᠭᠤᠯᠵᠤ᠂ ᠬᠢᠨᠠᠯᠲᠠ ᠲᠠᠯᠪᠢᠬᠤ ᠨᠡᠢ᠌ᠯᠡᠮᠡᠯ ᠬᠦᠴᠦᠨ᠎ᠢ ᠪᠦᠷᠢᠯᠳᠤᠬᠦᠯᠬᠦ ᠬᠡᠷᠡᠭᠳᠡᠢ᠃ 《ᠨᠢᠭᠡᠳᠦᠭᠡᠷ ᠭᠠᠷ》 ᠪᠠ ᠤᠳᠤᠷᠢᠳᠬᠤ ᠪᠠᠭ᠎ᠲᠤ ᠲᠠᠯᠪᠢᠬᠤ ᠬᠢᠨᠠᠯᠲᠠ ᠵᠢ ᠴᠢᠩᠭ᠋ᠠᠳᠬᠠᠵᠤ᠂ ᠪᠡᠶ᠎ᠡ᠎ᠪᠠᠨ ᠴᠢᠩᠭ᠎ᠠ ᠱᠠᠭ᠋ᠠᠷᠳᠠᠬᠤ ᠵᠢ ᠰᠢᠪᠠᠳᠠᠭᠤᠯᠵᠤ᠂ ᠬᠠᠷᠢᠭᠤᠴᠠᠯᠭ᠎ᠠ ᠵᠢ᠎ᠨᠢ ᠴᠢᠩᠭ᠎ᠠ ᠡᠬᠦᠷᠬᠡᠯᠡᠬᠦᠯᠬᠦ ᠬᠡᠷᠡᠭᠳᠡᠢ᠃ ᠬᠢᠨᠠᠨ ᠪᠤᠳᠤᠬᠤ ᠪᠠᠢ᠌ᠭᠤᠯᠭ᠎ᠠ᠎ᠯᠤᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠭᠰᠠᠨ ᠦᠷ᠎ᠡ ᠪᠦᠲᠦᠭᠡᠯ᠎ᠢ ᠰᠠᠢ᠌ᠲᠤᠷ ᠬᠡᠷᠡᠭᠯᠡᠨ᠎ᠡ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ᠎ᠢ ᠰᠠᠢ᠌ᠲᠤᠷ ᠬᠡᠷᠡᠭᠯᠡᠵᠦ᠂ ᠬᠠᠷᠢᠭᠤᠴᠠᠯᠭ᠎ᠠ ᠨᠡᠬᠡᠮᠵᠢᠯᠡᠬᠦ᠎ᠳᠤ ᠬᠦᠴᠦᠨ ᠮᠡᠬᠦᠰᠳᠡᠬᠦ ᠵᠢ ᠰᠡᠷᠭᠡᠢ᠌ᠯᠡᠬᠦ ᠮᠥᠷᠲᠡᠭᠡᠨ ᠬᠠᠷᠢᠭᠤᠴᠠᠯᠭ᠎ᠠ ᠨᠡᠬᠡᠮᠵᠢᠯᠡᠬᠦ᠎ᠳᠤ ᠲᠡᠯᠡᠷᠡᠬᠦ᠎ᠠᠴᠠ ᠰᠡᠷᠭᠡᠢ᠌ᠯᠡᠬᠦ ᠬᠡᠷᠡᠭᠲᠡᠢ᠃ ᠳᠥᠷᠪᠡ᠎ᠳᠤ᠂ ᠤᠯᠤᠰ ᠲᠦᠷᠦ ᠵᠢᠨ ᠲᠣᠭᠣᠷᠢᠨ ᠪᠠᠢ᠌ᠴᠠᠭ᠋ᠠᠯᠲᠠ ᠵᠢᠨ ᠬᠤᠷᠴᠠ ᠰᠡᠯᠡᠮ᠎ᠡ ᠵᠢᠨ ᠦᠢ᠍ᠯᠡᠳᠦᠯ᠎ᠢ ᠬᠦᠴᠦᠲᠡᠢ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠵᠢᠨ ᠲᠣᠭᠣᠷᠢᠨ ᠪᠠᠢ᠌ᠴᠠᠭ᠋ᠠᠯᠲᠠ ᠵᠢᠨ ᠪᠠᠢ᠌ᠷᠢ ᠲᠣᠭᠲᠠᠭ᠋ᠠᠯᠲᠠ ᠵᠢ ᠳᠤᠪᠤᠢ᠍ᠢ᠍ᠯᠭ᠋ᠠᠵᠤ᠂ ᠲᠥᠪ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠬᠠᠮᠠᠭ᠋ᠠᠯᠠᠬᠤ》᠎ᠪᠠᠷ ᠦᠨᠳᠦᠰᠦᠨ ᠡᠭᠦᠷᠭᠡ ᠪᠤᠯᠭ᠋ᠠᠬᠤ ᠬᠡᠷᠡᠭᠳᠡᠢ᠃ ᠪᠠᠢ᠌ᠩᠭᠤ ᠵᠢᠨ ᠲᠣᠭᠣᠷᠢᠨ ᠪᠠᠢ᠌ᠴᠠᠭ᠋ᠠᠯᠲᠠ᠂ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠯᠲᠠ᠂ ᠬᠥᠳᠡᠯᠦᠩᠭᠦᠢ ᠲᠣᠭᠣᠷᠢᠨ ᠪᠠᠢ᠌ᠴᠠᠭ᠋ᠠᠯᠲᠠ ᠪᠠ ᠲᠣᠭᠣᠷᠢᠨ ᠪᠠᠢ᠌ᠴᠠᠭ᠋ᠠᠯᠲᠠ ᠵᠢᠨ 《ᠡᠷᠭᠢᠵᠦ ᠬᠠᠷᠠᠬᠤ》 ᠠᠵᠢᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠤᠨ ᠭᠦᠨᠵᠡᠭᠡᠢ᠌ᠷᠡᠨ ᠥᠷᠭᠡᠳᠬᠦ᠂ ᠲᠤᠰᠬᠠᠢ᠌ᠯᠠᠨ ᠬᠦᠴᠦᠯᠡᠬᠦ᠂ ᠥᠷᠭᠡᠵᠢᠬᠦ ᠵᠢ ᠠᠬᠢᠭᠤᠯᠬᠤ ᠬᠡᠷᠡᠭᠳᠡᠢ᠃ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ 《ᠲᠠᠪᠤᠨ ᠦᠨᠳᠦᠰᠦᠨ ᠵᠦᠢ᠍ᠯ》 ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠳᠡᠢ᠃ ᠲᠣᠭᠣᠷᠢᠨ ᠪᠠᠢ᠌ᠴᠠᠭ᠋ᠠᠬᠤ ᠠᠵᠢᠯ᠎ᠤᠨ ᠳᠡᠭᠡᠳᠦ ᠳᠣᠣᠷᠠᠳᠤ ᠱᠠᠲᠤᠨ᠎ᠤ ᠬᠠᠮᠲᠤᠷᠠᠨ ᠬᠥᠳᠡᠯᠦᠯᠴᠡᠬᠦ ᠠᠵᠢᠯ᠎ᠤᠨ ᠪᠠᠢ᠌ᠷᠢᠰᠢᠯ᠎ᠢ ᠲᠡᠬᠦᠯᠳᠡᠷᠵᠢᠬᠦᠯᠬᠦ ᠬᠡᠷᠡᠭᠳᠡᠢ᠃ ᠲᠠᠪᠤ᠎ᠳᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠬᠤ ᠬᠡᠷᠡᠭᠲᠡᠢ᠃ ᠨᠠᠮ᠎ᠤᠨ ᠳᠦᠷᠢ ᠲᠥᠷᠬᠦ ᠵᠢ ᠬᠣᠬᠢᠷᠠᠭᠤᠯᠤᠭᠰᠠᠨ᠂ ᠤᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠵᠢᠷᠭ᠋ᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠎ᠢ ᠴᠢᠩᠭ᠎ᠠ ᠴᠡᠭᠴᠡᠯᠡᠨ᠂ ᠰᠠᠬᠢᠯᠭ᠎ᠠ ᠪᠠᠲᠤᠲᠠᠢ ᠥᠰᠢᠯᠳᠦᠨ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠤᠬᠤᠶ᠋ᠢᠪᠠᠯ ᠴᠣᠬᠢᠵᠤ᠂ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠲᠠᠯᠳᠠ ᠬᠡᠯᠪᠡᠷᠢ ᠵᠢᠨ ᠣᠨᠳᠣᠣᠰᠢᠯᠢ ᠡᠷᠡᠰ ᠰᠡᠷᠭᠡᠢ᠌ᠯᠡᠬᠦ᠂ ᠶᠠᠳᠠᠷᠠᠵᠤ ᠵᠦᠳᠡᠷᠡᠬᠦ ᠵᠢ ᠰᠡᠷᠬᠡᠢ᠌ᠯᠡᠬᠦ ᠬᠡᠷᠡᠭᠳᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠢᠯᠠᠩᠭᠤᠶ᠎ᠠ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠭᠣᠣᠯᠳᠠᠯᠭ᠎ᠠ᠎ᠲᠠᠢ ᠴᠡᠭᠴᠡᠯᠡᠨ᠎ᠡ᠃ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠶ ᠪᠣᠯᠭ᠋ᠠᠬᠤ ᠵᠢ ᠠᠬᠢᠭᠤᠯᠤᠨ᠎ᠠ᠃ ᠵᠢᠷᠭᠤᠭ᠎ᠠ᠎ᠳᠤ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃ ᠪᠠᠢ᠌ᠩᠭᠤ ᠵᠢᠨ ᠴᠢᠨᠠᠷᠲᠠᠢ ᠰᠠᠬᠢᠯᠭ᠎ᠠ ᠪᠠᠲᠤ ᠵᠢᠨ ᠬᠥᠮᠦᠵᠢᠯ᠎ᠢ ᠴᠢᠩᠭ᠋ᠠᠳᠬᠠᠵᠤ᠂ ᠡᠳᠦᠷ ᠲᠤᠳᠤᠮ᠎ᠤᠨ ᠬᠠᠮᠢᠶᠠᠷᠤᠯᠲᠠ ᠬᠢᠨᠠᠯᠲᠠ᠎ᠳᠤ ᠠᠭᠤᠰᠬᠠᠨ ᠣᠷᠣᠭᠤᠯᠤᠨ᠎ᠠ᠃ ᠵᠠᠯᠠᠭᠤ ᠤᠳᠤᠷᠢᠳᠬᠤ ᠺᠠᠳ᠋ᠷᠴᠤᠳ᠎ᠤᠨ ᠰᠠᠬᠢᠯᠭ᠎ᠠ ᠪᠠᠲᠤ ᠵᠢᠨ ᠬᠥᠮᠦᠵᠢᠯ᠎ᠢ ᠴᠢᠬᠤᠯᠠᠴᠢᠯᠠᠵᠤ᠂ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠴᠠᠭ᠋ᠠᠵᠠ ᠵᠢ ᠵᠥᠷᠢᠴᠡᠭᠰᠡᠨ ᠬᠦᠨᠳᠦ ᠶᠡᠬᠡ ᠬᠡᠷᠡᠭ ᠭᠠᠷᠤᠭᠰᠠᠨ ᠬᠣᠯᠪᠣᠭᠳᠠᠯ ᠪᠦᠬᠦᠢ ᠨᠢᠭᠡᠴᠢ ᠵᠢᠨ ᠨᠠᠮ᠎ᠤᠨ ᠬᠣᠷᠢᠶ᠎ᠠ ᠵᠢᠨ᠎ᠬᠢᠨ (ᠨᠠᠮ᠎ᠤᠨ ᠤᠳᠤᠷᠢᠳᠬᠤ ᠳᠤᠭᠤᠢ᠌ᠯᠠᠩ) ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠨᠢᠭᠡ᠎ᠠᠴᠠ ᠨᠦᠬᠦᠬᠡ ᠵᠢ ᠵᠦᠢ᠍ᠴᠢᠯᠡᠵᠦ᠂ ᠬᠡᠷᠡᠭ ᠵᠶ᠋ᠡᠷ ᠰᠠᠬᠢᠯᠭ᠎ᠠ ᠪᠠᠲᠤ ᠵᠢ ᠲᠣᠳᠣᠷᠬᠠᠢ᠌ᠯᠠᠬᠤ ᠵᠢ ᠱᠠᠯᠠᠪᠳᠠᠭᠤᠯᠤᠨ ᠵᠢᠯᠣᠭᠣᠳᠤᠨ᠎ᠠ᠃ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢ ᠳᠡᠭᠡᠳᠦ ᠬᠡᠮᠵᠢᠶ᠎ᠡ᠎ᠪᠠᠷ ᠨᠢᠭᠡᠳᠬᠡᠵᠦ᠂ 《ᠲᠦᠷᠪᠡᠨ ᠬᠡᠯᠪᠡᠷᠢ》 ᠵᠢ ᠤᠨᠢᠨ ᠳᠡᠭᠡᠷ᠎ᠡ᠎ᠨᠢ ᠬᠡᠷᠡᠭᠯᠡᠵᠦ᠂ 《ᠭᠤᠷᠪᠠ ᠵᠢ ᠢᠯᠭ᠋ᠠᠬᠤ》 ᠵᠢ ᠨᠠᠢ᠌ᠳᠠᠪᠤᠷᠢᠵᠢᠭᠤᠯᠵᠤ᠂ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠠᠯᠳᠠᠭ᠎ᠠ ᠪᠤᠷᠤᠭᠤ ᠵᠢ ᠵᠠᠯᠠᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠠᠵᠢᠯᠯᠠᠭ᠎ᠠ ᠬᠢᠬᠦ ᠵᠢ ᠵᠣᠷᠢᠭᠵᠢᠭᠤᠯᠬᠤ ᠬᠡᠷᠡᠭᠲᠡᠢ᠃ ᠲᠤᠯᠤᠭ᠎ᠠ᠎ᠳᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠤᠭᠤᠮᠳᠠ ᠰᠢᠪᠳᠤᠯᠤᠯᠳᠠ ᠵᠢᠨ ᠤᠳᠠᠭ᠋ᠠᠨ ᠳᠠᠭ᠋ᠠᠭ᠋ᠠᠮᠠᠭ᠋ᠠᠢ ᠲᠠᠢ᠍ᠢ᠍ᠨ᠎ᠤ ᠢᠯᠠᠯᠲᠠ ᠵᠢ ᠵᠠᠪᠠᠯ ᠣᠯᠬᠤ ᠬᠡᠷᠡᠭᠲᠡᠢ᠃ ᠢᠯᠵᠠᠷᠠᠬᠤ ᠵᠣᠷᠢᠭ ᠦᠭᠡᠢ᠂ ᠢᠯᠵᠠᠷᠠᠵᠤ ᠲᠡᠢ᠌ᠯᠬᠦ ᠦᠬᠡᠢ᠂ ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠨ᠎ᠠ᠃ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠪᠠᠢ᠌ᠴᠠᠭ᠋ᠠᠵᠤ᠂ ᠤᠯᠤᠰ ᠲᠦᠷᠦ ᠵᠢᠨ ᠠᠰᠠᠭᠤᠳᠠᠯ ᠪᠠ ᠠᠵᠤ ᠠᠬᠤᠢ ᠵᠢᠨ ᠠᠰᠠᠭᠤᠳᠠᠯ ᠰᠣᠯᠪᠢᠴᠠᠵᠤ ᠪᠠᠢ᠌ᠭ᠎ᠠ ᠢᠯᠵᠠᠷᠠᠯ᠎ᠢ ᠡᠷᠡᠰ ᠪᠠᠢ᠌ᠴᠠᠭ᠋ᠠᠨ ᠰᠢᠢ᠍ᠳᠪᠦᠷᠢᠯᠡᠵᠦ᠂ ᠤᠳᠤᠷᠢᠳᠬᠤ ᠺᠠᠳ᠋ᠷᠴᠤᠳ ᠠᠰᠢᠭ ᠲᠤᠰᠠ ᠵᠢᠨ ᠪᠦᠯᠦᠭᠯᠡᠯ ᠪᠠ ᠡᠷᠬᠡ ᠬᠦᠴᠦᠨ᠎ᠤ ᠪᠦᠯᠬᠦᠮ᠎ᠤᠨ ᠣᠷᠣᠯᠠᠨ ᠥᠭᠦᠯᠡᠭᠴᠢ᠂ ᠣᠷᠣᠯᠠᠭᠴᠢ ᠪᠣᠯᠬᠤ᠎ᠠᠴᠠ ᠡᠷᠡᠰ ᠰᠡᠷᠭᠡᠢ᠌ᠯᠡᠵᠦ᠂ ᠵᠠᠰᠠᠭ ᠪᠠ ᠬᠤᠳᠠᠯᠳᠤᠭ᠋ᠠᠴᠢᠨ ᠰᠥᠯᠪᠡᠭᠡᠯᠳᠦᠬᠦ᠂ ᠬᠥᠷᠥᠩᠭᠡ ᠤᠯᠤᠰ ᠲᠦᠷᠦ ᠵᠢᠨ ᠬᠦᠷᠢᠶᠡᠨ᠎ᠳᠤ ᠨᠡᠪᠴᠢᠬᠦ ᠵᠡᠷᠭᠡ ᠤᠯᠤᠰ ᠲᠦᠷᠦ ᠵᠢᠨ ᠠᠮᠢ ᠠᠬᠤᠢ ᠪᠠ ᠠᠵᠤ ᠠᠬᠤᠢ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠡᠪᠳᠡᠬᠦ ᠵᠢ ᠡᠷᠡᠰ ᠰᠡᠷᠭᠡᠢ᠌ᠯᠡᠬᠦ ᠬᠡᠷᠡᠭᠲᠡᠢ᠃ ᠭᠣᠣᠯᠳᠠᠯᠭ᠎ᠠ᠎ᠲᠠᠢ ᠬᠦᠷᠢᠶ᠎ᠡ ᠵᠢ ᠲᠣᠪᠤᠢ᠌ᠯᠭ᠋ᠠᠨ᠂ ᠮᠥᠩᠭᠥᠨ ᠭᠦᠢ᠍ᠯᠭᠡᠭᠡ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠂ ᠤᠯᠤᠰ ᠲᠦᠷᠦ ᠬᠠᠤᠯᠢ ᠴᠠᠭ᠋ᠠᠵᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠥ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷᠠᠭ᠋ᠠᠨ᠎ᠳᠤ᠎ᠬᠢ ᠢᠯᠵᠠᠷᠠᠯ᠎ᠢ ᠴᠡᠭᠴᠡᠯᠡᠨ ᠵᠠᠰᠠᠬᠤ ᠠᠵᠢᠯ᠎ᠢ ᠬᠦᠨᠵᠡᠬᠡᠢ᠌ᠷᠡᠬᠦᠯᠬᠦ ᠬᠡᠷᠡᠭᠳᠡᠢ᠃ ᠭᠣᠣᠯᠳᠠᠯᠭ᠎ᠠ᠎ᠲᠠᠢ ᠡᠲᠡᠭᠡᠳ᠎ᠢ ᠴᠢᠩᠭ᠎ᠠ ᠠᠩᠬᠠᠷᠴᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠰᠠᠨᠠᠭ᠎ᠠ᠎ᠪᠠᠨ ᠬᠤᠷᠢᠶᠠᠬᠤ ᠦᠭᠡᠢ ᠭᠠᠷ ᠵᠶ᠋ᠠᠨ ᠲᠠᠲᠠᠬᠤ ᠦᠭᠡᠢ᠂ ᠵᠤᠷᠢᠭ ᠵᠶ᠋ᠡᠷ ᠵᠶ᠋ᠡᠨ ᠠᠭ᠋ᠠᠰᠢᠯᠡᠭ᠍ᠰᠠᠳᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ ᠤᠳᠤᠷᠢᠳᠬᠤ ᠺᠠᠳ᠋ᠷ᠎ᠤᠨ ᠬᠠᠨᠢ ᠨᠦᠬᠦᠷ᠂ ᠦᠷ᠎ᠡ ᠬᠡᠦᠬᠡᠳ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠳ᠎ᠤᠨ ᠨᠥᠯᠥᠭᠡᠯᠡᠬᠦ ᠬᠦᠴᠦᠨ ᠵᠶ᠋ᠡᠨ ᠠᠰᠢᠭᠯᠠᠨ ᠬᠤᠪᠢ᠎ᠪᠠᠨ ᠪᠣᠷᠳᠣᠵᠤ ᠱᠠᠮᠰᠢᠨ ᠢᠯᠵᠠᠷᠠᠬᠤ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠤᠷᠢᠯᠡᠬᠦ ᠬᠡᠷᠡᠭᠳᠡᠢ᠃ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ᠂ ᠶᠡᠷᠦᠩᠬᠡᠢ᠌ᠯᠡᠨ ᠵᠠᠰᠠᠬᠤ ᠵᠢ ᠠᠬᠢᠭᠤᠯᠵᠤ᠂ ᠬᠡᠭᠡᠯᠢ ᠢᠳᠡᠵᠦ ᠬᠠᠬᠤᠤᠯᠢ ᠲᠦᠯᠬᠢᠬᠦ ᠵᠢ ᠬᠠᠮᠲᠤᠳᠤᠨᠢ ᠪᠠᠢ᠌ᠴᠠᠭ᠋ᠠᠬᠤ ᠵᠢ ᠪᠠᠷᠢᠮᠲᠠᠯᠠᠵᠤ᠂ ᠬᠡᠭᠡᠯᠢ ᠲᠦᠯᠬᠢᠬᠦ ᠠᠵᠢᠯᠯᠠᠭ᠎ᠠ ᠵᠢ ᠵᠠᠯᠬᠠᠭ᠋ᠠᠨ ᠰᠢᠳᠬᠡᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠨᠠᠢ᠍ᠮᠠ᠎ᠳᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠤᠯᠠᠨ ᠲᠦᠮᠡᠨ᠎ᠤ ᠳᠡᠷᠭᠡᠳᠡᠬᠢ 《ᠢᠯᠠᠭ᠎ᠠ》 ᠵᠢ ᠡᠷᠡᠰ ᠵᠶ᠋ᠡᠷ ᠵᠠᠯᠬᠠᠭ᠋ᠠᠨ ᠰᠢᠢ᠍ᠳᠬᠡᠬᠦ ᠬᠡᠷᠡᠭᠳᠡᠢ᠃ ᠬᠠᠷ᠎ᠠ ᠬᠠᠷᠭᠢᠰ ᠬᠡᠷᠡᠭ᠎ᠤᠨ ᠠᠷᠤ᠎ᠳᠤ᠎ᠬᠢ ᠢᠯᠵᠠᠷᠠᠯ ᠪᠠ 《ᠥᠮᠥᠭ ᠲᠦᠰᠢᠭ》᠎ᠢ ᠴᠢᠩᠭ᠎ᠠ ᠪᠠᠢ᠌ᠴᠠᠭ᠋ᠠᠬᠤ ᠬᠡᠷᠡᠭᠳᠡᠢ᠃ ᠶᠢᠰᠦ᠎ᠳᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠪᠠᠢ᠌ᠭᠤᠯᠤᠮᠵᠢ ᠵᠢᠨ ᠥᠭᠡᠷᠡᠴᠢᠯᠡᠯᠲᠡ᠂ ᠤᠯᠤᠰ᠎ᠤᠨ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢᠨ ᠥᠭᠡᠷᠡᠴᠢᠯᠡᠯᠲᠡ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠨᠢᠭᠡ ᠴᠣᠭᠴᠠᠵᠢᠭᠤᠯᠤᠨ ᠭᠦᠨᠵᠡᠭᠡᠢ᠌ᠷᠡᠭᠦᠯᠦᠨ ᠠᠬᠢᠭᠤᠯᠤᠨ᠎ᠠ᠃ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠵᠢᠨ ᠤᠳᠤᠷᠢᠳᠤᠯᠭ᠎ᠠ ᠵᠢᠨ ᠬᠠᠮᠢᠶᠠᠷᠤᠯᠲᠠ ᠵᠢᠨ ᠪᠠᠢ᠌ᠭᠤᠯᠤᠯ᠎ᠢ ᠪᠦᠷᠢᠨᠰᠢᠭᠦᠯᠵᠦ᠂ ᠲᠣᠮᠢᠯᠠᠨ ᠰᠠᠭᠤᠯᠭ᠋ᠠᠵᠤ ᠬᠢᠨᠠᠯᠲᠠ ᠲᠠᠯᠪᠢᠬᠤ ᠰᠢᠰᠲ᠋ᠧᠮ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ᠂ ᠲᠣᠮᠢᠯᠠᠭᠰᠠᠨ ᠪᠠᠢ᠌ᠭᠤᠯᠤᠮᠵᠢ ᠵᠢᠨ ᠬᠢᠨᠠᠨ ᠪᠠᠢ᠌ᠴᠠᠭ᠋ᠠᠬᠤ ᠡᠷᠬᠡ ᠵᠢ ᠪᠦᠬᠦ ᠲᠠᠯ᠎ᠠ᠎ᠪᠠᠷ ᠬᠡᠷᠡᠭᠯᠡᠬᠦ ᠵᠢ ᠠᠬᠢᠭᠤᠯᠤᠨ᠎ᠠ᠃ ᠠᠷᠪᠠ᠎ᠳᠤ᠂ ᠲᠡᠮᠦᠷ᠎ᠢ ᠳᠠᠪᠲᠠᠬᠤ᠎ᠳᠤ ᠮᠤᠨᠠ᠎ᠨᠢ ᠵᠠᠪᠠᠯ ᠬᠠᠲᠠᠭᠤ ᠪᠠᠢ᠌ᠬᠤ ᠴᠢᠬᠤᠯᠠ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠬᠤ ᠬᠡᠷᠡᠭᠲᠡᠢ᠃ ᠤᠯᠤᠰ ᠲᠦᠷᠦ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠳᠤ᠎ᠪᠠᠨ ᠲᠤᠢ᠌ᠯ᠎ᠤᠨ ᠦᠨᠡᠨᠴᠢ ᠰᠢᠳᠤᠷᠭᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠠᠢ᠌ᠴᠢᠨ ᠡᠡᠭᠨᠡᠬᠡ ᠵᠢ ᠪᠠᠢ᠌ᠭᠤᠯᠤᠨ᠎ᠠ᠃ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠣᠷᠢᠭᠲᠠᠢ᠎ᠪᠠᠷ ᠲᠡᠮᠡᠴᠡᠬᠦ᠎ᠳᠤ᠎ᠪᠠᠨ ᠴᠢᠳᠠᠮᠠᠭ᠋ᠠᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠠᠢ᠌ᠴᠢᠨ ᠡᠡᠭᠨᠡᠬᠡ ᠵᠢ ᠪᠠᠢ᠌ᠭᠤᠯᠤᠨ᠎ᠠ᠃ ᠠᠷᠢᠭᠤᠨ ᠴᠢᠭᠴᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠢᠭᠡ ᠴᠣᠭᠴᠠᠵᠢᠭᠤᠯᠤᠨ ᠠᠬᠢᠭᠤᠯᠬᠤ 《ᠭᠤᠷᠪᠠᠨ ᠢᠯᠵᠢᠷᠠᠬᠤ ᠦᠭᠡᠢ》 ᠣᠢ᠌ᠯᠠᠭ᠋ᠠᠭᠳᠠᠬᠤᠨ᠎ᠢ ᠲᠤᠰ ᠪᠡᠶ᠎ᠡ ᠵᠢᠨ ᠪᠠᠢ᠌ᠭᠤᠯᠤᠯᠲᠠ᠎ᠳᠤ᠎ᠪᠠᠨ ᠲᠤᠭᠤᠰᠢᠯᠠᠭᠤᠯᠵᠤ᠂ ᠤᠯᠠᠨ᠎ᠤ ᠨᠢᠭᠤᠷ᠎ᠢ ᠬᠦᠤᠳᠡᠭᠴᠢ ᠵᠢ ᠡᠷᠡᠰ ᠴᠡᠪᠡᠷᠯᠡᠨ ᠠᠷᠢᠯᠭ᠋ᠠᠵᠤ᠂ ᠲᠥᠪ ᠴᠢᠭᠴᠢ᠂ ᠬᠠᠲᠠᠭᠤ ᠴᠢᠩᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠠᠢ᠌ᠴᠢᠨ ᠡᠡᠭᠨᠡᠬᠡ ᠵᠢ ᠪᠠᠢ᠌ᠭᠤᠯᠤᠨ᠎ᠠ᠃
ᠪᠦᠬᠦᠳᠡ ᠬᠤᠷᠠᠯ᠎ᠠᠴᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ᠎ᠠᠴᠠ ᠭᠠᠷᠭ᠋ᠠᠭᠰᠠᠨ ᠪᠣᠣᠱ᠌ᠠᠨᠳᠤ ᠨᠠᠮ᠎ᠠᠴᠠ ᠬᠥᠭᠡᠭᠡᠬᠦ ᠰᠢᠢ᠍ᠳᠬᠡᠯ ᠥᠭᠬᠦ ᠲᠣᠭᠲᠠᠭ᠋ᠠᠯ᠎ᠢ ᠨᠤᠲᠠᠯᠠᠪᠠ᠃
ᠪᠥᠬᠥᠳᠡ ᠬᠤᠷᠠᠯ᠎ᠠᠴᠠ ᠤᠷᠢᠶᠠᠯᠠᠭᠰᠠᠨ᠎ᠨᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠢᠭ᠋ᠠᠭᠰᠠᠨ ᠴᠢᠭᠯᠡᠯ ᠵᠶ᠋ᠡᠷ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ ᠴᠤᠴᠠᠯᠲᠠ ᠦᠭᠡᠢ ᠲᠡᠮᠡᠴᠡᠬᠦ ᠣᠪᠣᠷ᠂ ᠴᠥᠬᠥᠷᠡᠰᠢ ᠦᠭᠡᠢ ᠲᠡᠮᠡᠴᠡᠬᠦ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠢᠨ᠎ᠡ ᠠᠶᠠᠨ ᠵᠠᠮ᠎ᠳᠤ ᠥᠪᠥᠷ ᠮᠣᠩᠭᠣᠯ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠵᠢᠨ ᠲᠥᠯᠥᠭᠡ ᠪᠦᠯᠬᠦᠮᠳᠡᠨ ᠲᠡᠮᠡᠴᠡᠰᠦᠭᠡᠢ!