ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶᠢᠲᠡᠯᠡᠭᠰᠡᠨ ᠴᠠᠭ᠄ 2023-10-18

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ ᠥᠪᠥᠷ ᠵᠠᠰᠠᠭ ᠠᠯᠪᠠᠨ ᠲᠠᠷᠬᠠᠭ᠋ᠠᠭᠰᠠᠨ [2022] 68 ᠳ᠋ᠤᠭ᠋ᠠᠷ ᠲᠣᠭ᠋ᠠᠲᠤ


ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
     2022 ᠣᠨ᠎ᠤ 9 ᠳ᠋ᠦ᠍ᠭᠡᠷ ᠰᠠᠷ᠎ᠠ ᠵᠢᠨ 10᠎ᠤ ᠡᠳᠦᠷ 
                                    (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
   

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)
  

   《ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2022] 6 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠵᠡᠮᠳᠡᠭᠴᠦᠳ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠣᠯᠭᠤᠯᠲᠠ ᠵᠢ ᠠᠬᠢᠭᠤᠯᠬᠤ ᠲᠥᠯᠦᠪᠵᠢᠭᠦᠯᠭᠡ》 《〈ᠦᠢ᠍ᠯᠡᠰ ᠴᠣᠭᠴᠠᠯᠠᠬᠤ ᠥᠪᠥᠷ ᠮᠣᠩᠭᠤᠯ᠎ᠤᠨ ᠠᠵᠢᠯᠯᠠᠭ᠋ᠠᠨ〉᠎ᠤ ᠬᠡᠷᠡᠭᠵᠢᠭᠦᠯᠬᠦ ᠲᠥᠰᠥᠯ (2022 — 2025 ᠣᠨ)》᠎ᠤᠨ ᠱᠠᠭ᠋ᠠᠷᠳᠠᠯᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠤᠨ᠂ ᠪᠥᠬᠦ ᠣᠷᠣᠨ᠎ᠤ ᠵᠡᠮᠳᠡᠭᠴᠦᠳ᠎ᠲᠤ ᠭᠦᠢ᠍ᠴᠡᠳ ᠠᠵᠢᠯ ᠣᠯᠭᠤᠬᠤ ᠵᠢ ᠲᠦᠷᠭᠡᠳᠬᠡᠨ ᠠᠬᠢᠭᠤᠯᠵᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
    ᠨᠢᠭᠡ᠂ ᠭᠤᠣᠯ ᠬᠠᠷᠠᠯᠲᠠ
     2022 — 2024 ᠣᠨ᠎ᠳᠤ᠂ ᠪᠥᠬᠦ ᠣᠷᠣᠨ᠎ᠤ ᠬᠤᠲᠠ ᠬᠥᠳᠡᠭᠡ ᠵᠢᠨ 2.4 ᠲᠦᠮᠡᠨ ᠵᠡᠮᠳᠡᠭᠴᠦᠳ᠎ᠲᠤ ᠰᠢᠨ᠎ᠡ᠎ᠪᠠᠷ ᠠᠵᠢᠯ ᠣᠯᠭᠤᠵᠤ᠂ ᠠᠵᠢᠯ ᠣᠯᠬᠤ ᠬᠦᠰᠡᠯ ᠪᠠ ᠴᠢᠳᠠᠪᠤᠷᠢ᠎ᠲᠠᠢ 《ᠭᠡᠷ ᠪᠦᠯᠢ᠎ᠪᠠᠷ ᠵᠶ᠋ᠠᠨ ᠠᠵᠢᠯ ᠦᠭᠡᠢ》 ᠵᠡᠮᠳᠡᠭᠴᠦᠳ᠎ᠤᠨ ᠭᠡᠷ ᠪᠦᠯᠢ᠎ᠳᠤ ᠨᠠᠭ᠋ᠠᠲᠤ ᠵᠠᠬ᠎ᠠ᠎ᠳᠤ᠎ᠪᠠᠨ 1 ᠬᠥᠮᠥᠨ᠎ᠳᠤ᠎ᠨᠢ ᠠᠵᠢᠯ ᠣᠯᠭᠤᠬᠤ ᠵᠢ ᠪᠠᠲᠤᠯᠠᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠪᠣᠳᠠᠲᠤ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠢ 3 ᠲᠦᠮᠡᠨ ᠬᠥᠮᠥᠨ ᠤᠳᠠᠭ᠎ᠠ ᠥᠷᠨᠢᠭᠦᠯᠦᠨ᠎ᠡ᠃ ᠠᠵᠢᠯ ᠣᠯᠬᠤ ᠬᠦᠰᠡᠯ ᠪᠠ ᠴᠢᠳᠠᠪᠤᠷᠢ᠎ᠲᠠᠢ ᠵᠡᠮᠳᠡᠭᠴᠦᠳ᠎ᠲᠤ ᠤᠯᠠᠮ ᠰᠢᠯᠢᠳᠡᠭ ᠠᠵᠢᠯ ᠣᠯᠭᠤᠯᠲᠠ ᠵᠢᠨ ᠦᠢ᠍ᠯᠡᠴᠢᠯᠡᠭᠡ ᠬᠠᠩᠭ᠋ᠠᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠴᠢᠳᠠᠪᠤᠷᠢ ᠵᠢ ᠦᠷᠭᠦᠯᠵᠢᠯᠡᠨ ᠲᠡᠬᠡᠭᠰᠢᠯᠡᠬᠦᠯᠵᠦ᠂ ᠵᠡᠮᠳᠡᠭᠴᠦᠳ᠎ᠤᠨ ᠠᠵᠢᠯ ᠣᠯᠬᠤ ᠡᠷᠬᠡ ᠠᠰᠢᠭ᠎ᠢ ᠤᠯᠠᠮ ᠰᠠᠶ᠋ᠢᠲᠤᠷ ᠪᠠᠲᠤᠯᠠᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠤᠯᠠᠮ ᠲᠡᠭᠦᠯᠳᠡᠷᠵᠢᠭᠦᠯᠦᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠵᠢ ᠣᠶ᠋ᠢᠯᠠᠭ᠋ᠠᠬᠤ᠂ ᠬᠠᠯᠠᠮᠵᠢᠯᠠᠬᠤ᠂ ᠲᠡᠮᠵᠢᠬᠦ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠨᠥᠬᠦᠴᠡᠯ᠎ᠢ ᠪᠣᠶ ᠪᠣᠯᠭ᠋ᠠᠬᠤ ᠵᠢ ᠠᠬᠢᠭᠤᠯᠤᠨ᠎ᠠ᠃
   ᠬᠤᠶᠠᠷ᠂ ᠭᠤᠣᠯ ᠠᠷᠭ᠎ᠠ ᠬᠡᠮᠵᠢᠶ᠎ᠡ
   (ᠨᠢᠭᠡ) ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠲᠦᠷᠦᠭᠦᠯᠡᠨ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠤᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠭᠰᠠᠨ ᠪᠠᠶ᠋ᠢᠳᠠᠯ᠎ᠢ ᠪᠦᠷᠢᠳᠬᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠡᠮᠳᠡᠭᠴᠦᠳ᠎ᠢ ᠬᠠᠷᠢᠴᠠᠯ ᠶᠣᠰᠣᠭ᠋ᠠᠷ ᠲᠣᠬᠢᠷᠠᠭᠤᠯᠤᠨ ᠠᠵᠢᠯ ᠣᠯᠭᠤᠬᠤ ᠠᠵᠢᠯ᠎ᠤᠨ ᠲᠥᠷᠥᠯ ᠵᠦᠢ᠍ᠯ᠎ᠢ ᠠᠬᠢᠭᠤᠯᠬᠤ ᠲᠥᠯᠥᠪᠯᠡᠭᠡ ᠵᠢ ᠲᠣᠭᠲᠠᠭ᠋ᠠᠬᠤ ᠬᠡᠷᠡᠭᠲᠡᠢ᠃ 2024 ᠣᠨ ᠪᠣᠯᠬᠤ᠎ᠳᠤ᠂ ᠣᠷᠣᠨ ᠲᠤᠭ᠎ᠠ᠎ᠨᠢ 50 ᠬᠥᠮᠥᠨ (ᠪᠠᠭᠲᠠᠨ᠎ᠠ)᠎ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ᠎ᠤ ᠱᠠᠲᠤ᠂ ᠠᠶ᠋ᠢᠮᠠᠭ ᠬᠤᠳᠠ ᠵᠢᠨ ᠱᠠᠲᠤᠨ᠎ᠤ ᠪᠠᠶ᠋ᠢᠭᠤᠯᠭ᠎ᠠ ᠪᠠ ᠣᠷᠣᠨ ᠲᠤᠭ᠎ᠠ᠎ᠨᠢ 67 ᠬᠥᠮᠥᠨ (ᠪᠠᠭᠲᠠᠨ᠎ᠠ)᠎ᠠᠴᠠ ᠳᠡᠭᠡᠭᠰᠢᠬᠢ ᠠᠵᠢᠯ ᠦᠢ᠍ᠯᠡᠰ᠎ᠤᠨ ᠨᠢᠭᠡᠴᠢ (ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠠᠴᠠ ᠭᠠᠳᠠᠨ᠎ᠠ) ᠵᠢᠨ ᠲᠣᠬᠢᠷᠠᠭᠤᠯᠤᠭᠰᠠᠨ ᠵᠡᠮᠳᠡᠭᠴᠦᠳ᠎ᠨᠢ ᠲᠣᠭᠲᠠᠭᠰᠠᠨ ᠬᠠᠷᠢᠴᠠᠯ᠎ᠳᠤ ᠬᠥᠷᠥᠭᠰᠡᠨ ᠦᠭᠡᠢ ᠪᠣᠯ ᠨᠠᠭ᠋ᠠᠲᠤ ᠵᠠᠬ᠎ᠠ᠎ᠳᠤ᠎ᠪᠠᠨ 1 ᠵᠡᠮᠳᠡᠭ ᠬᠥᠮᠥᠨ᠎ᠢ ᠲᠣᠬᠢᠷᠠᠭᠤᠯᠵᠤ ᠠᠵᠢᠯ ᠣᠯᠭᠤᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠤ ᠪᠠ ᠰᠢᠶᠠᠩ ᠪᠠᠯᠭ᠋ᠠᠰᠤᠨ᠎ᠤ ᠱᠠᠲᠤᠨ᠎ᠤ ᠪᠠᠶ᠋ᠢᠭᠤᠯᠭ᠎ᠠ ᠪᠠ ᠠᠵᠢᠯ ᠦᠢ᠍ᠯᠡᠰ᠎ᠤᠨ ᠨᠢᠭᠡᠴᠢ᠎ᠨᠢ ᠣᠷᠣᠨ ᠲᠣᠭ᠋ᠠᠨ᠎ᠤ ᠶᠡᠷᠦᠩᠬᠡᠢ ᠲᠤᠭ᠎ᠠ᠎ᠪᠠᠨ ᠦᠨᠳᠦᠰᠦᠯᠡᠨ᠂ ᠨᠢᠭᠡᠳᠦᠯᠲᠡᠢ ᠲᠥᠯᠥᠪᠯᠡᠨ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ᠃ ᠡᠯ᠎ᠡ ᠱᠠᠲᠤᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠎ᠨᠢ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠤᠭᠰᠠᠨ ᠪᠠᠶ᠋ᠢᠳᠠᠯ᠎ᠢ ᠣᠨ ᠵᠢᠯ᠂ ᠲᠡᠰ ᠳᠠᠪᠬᠤᠷᠭ᠎ᠠ ᠬᠤᠪᠢᠶᠠᠨ ᠪᠦᠷᠢᠳᠬᠡᠬᠦ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠵᠦ᠂ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠵᠡᠮᠳᠡᠭᠴᠦᠳ᠎ᠢ ᠳᠥᠪᠬᠢᠨᠡᠭᠦᠯᠦᠨ ᠠᠵᠢᠯ ᠣᠯᠭᠤᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠣᠷᠣᠨ ᠲᠤᠭ᠎ᠠ ᠵᠢᠨ ᠠᠯᠪᠠᠨ ᠭᠡᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ᠃ ᠳᠠᠷᠠᠭ᠋ᠠᠬᠢ ᠠᠭᠤᠯᠭ᠎ᠠ ᠵᠢ ᠴᠥᠮ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠶ᠋ᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭ᠋ᠠᠬᠤ ᠦᠭᠡᠢ)
    (ᠬᠤᠶᠠᠷ) ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠤᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠢ ᠵᠢᠯ ᠪᠦᠷᠢ 1 — 2 ᠤᠳᠠᠭ᠋ᠠᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠵᠡᠮᠳᠡᠭᠴᠦᠳ᠎ᠢ ᠲᠤᠰᠠᠯᠠᠨ ᠠᠵᠢᠯ ᠣᠯᠭᠤᠬᠤ ᠲᠤᠰᠬᠠᠢ ᠲᠠᠯᠠᠪᠤᠷ᠎ᠤᠨ ᠠᠵᠢᠯᠲᠠᠨ ᠤᠷᠢᠬᠤ ᠠᠵᠢᠯᠯᠠᠭ᠎ᠠ ᠵᠢ ᠲᠥᠪᠯᠡᠷᠡᠭᠦᠯᠵᠦ ᠵᠣᠬᠢᠶᠠᠨ ᠪᠠᠶ᠋ᠢᠭᠤᠯᠵᠤ ᠥᠷᠨᠢᠭᠦᠯᠦᠨ᠂ ᠠᠵᠢᠯ᠎ᠤᠨ ᠪᠠᠶ᠋ᠢᠷᠢ᠎ᠪᠠᠷ ᠨᠡᠯᠢᠶᠡᠳ ᠣᠯᠠᠨ ᠨᠢᠭᠡ ᠪᠦᠯᠦᠭ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠰᠣᠩᠭᠤᠵᠤ᠂ ᠵᠢᠯ ᠪᠦᠷᠢ ᠨᠢᠭᠡ ᠪᠦᠯᠦᠭ ᠠᠵᠢᠯ᠎ᠤᠨ ᠪᠠᠶ᠋ᠢᠷᠢ ᠭᠠᠷᠭ᠋ᠠᠵᠤ ᠪᠠᠶ᠋ᠢᠭ᠋ᠠᠳ ᠵᠡᠮᠳᠡᠭᠴᠦᠳ᠎ᠢ ᠬᠠᠨᠳᠤᠯᠭ᠎ᠠ᠎ᠲᠠᠢ᠎ᠪᠠᠷ ᠤᠷᠢᠬᠤ ᠬᠡᠷᠡᠭᠲᠡᠢ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠨᠢ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠤᠭᠰᠠᠨ ᠪᠠᠶ᠋ᠢᠳᠠᠯ ᠵᠶ᠋ᠠᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠵᠢᠨ ᠮᠡᠳᠡᠭᠦᠯᠦᠯᠲᠡ᠎ᠳᠤ᠎ᠪᠠᠨ ᠣᠷᠣᠭᠤᠯᠵᠤ᠂ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠭᠰᠠᠨ ᠦᠭᠡᠢ ᠪᠠᠶ᠋ᠢᠪᠠᠯ ᠵᠡᠮᠳᠡᠭᠴᠦᠳ᠎ᠲᠤ ᠠᠵᠢᠯ ᠣᠯᠭᠤᠬᠤ ᠪᠠᠲᠤᠯᠠᠭ᠎ᠠ ᠵᠢᠨ ᠮᠥᠩᠭᠦ ᠵᠢ ᠴᠠᠭ ᠲᠤᠬᠠᠢ᠎ᠳᠤ᠎ᠨᠢ ᠭᠦᠢ᠍ᠴᠡᠳ ᠲᠤᠭ᠎ᠠ᠎ᠪᠠᠷ ᠲᠤᠰᠢᠶᠠᠬᠤ ᠬᠡᠷᠡᠭᠲᠡᠢ᠃ ᠨᠠᠪᠴᠢᠨ ᠲᠠᠮᠠᠬᠢᠨ ᠪᠦᠲᠦᠭᠡᠭᠳᠡᠬᠦᠨ᠎ᠢ ᠵᠢᠵᠢᠭᠯᠡᠨ ᠪᠣᠷᠣᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠭᠰᠠᠨ ᠵᠡᠮᠳᠡᠭᠴᠦᠳ᠎ᠲᠤ ᠡᠯ᠎ᠡ ᠭᠠᠵᠠᠷ ᠣᠷᠣᠨ᠎ᠤ ᠨᠠᠪᠴᠢᠨ ᠲᠠᠮᠠᠬᠢ ᠲᠤᠰᠬᠠᠢ ᠬᠤᠳᠠᠯᠳᠤᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠨᠠᠪᠴᠢᠨ ᠲᠠᠮᠠᠬᠢᠨ ᠪᠦᠲᠦᠭᠡᠭᠳᠡᠬᠦᠨ᠎ᠢ ᠵᠢᠵᠢᠭᠯᠡᠨ ᠬᠤᠳᠠᠯᠳᠤᠬᠤ ᠴᠡᠭ᠎ᠤᠨ ᠲᠤᠭ᠎ᠠ ᠬᠡᠮᠵᠢᠶ᠎ᠡ ᠪᠠ ᠬᠤᠭᠤᠷᠣᠨᠳᠣᠬᠢ ᠵᠠᠢ ᠵᠢᠨ ᠱᠠᠭ᠋ᠠᠷᠳᠠᠯᠭ᠎ᠠ ᠵᠢ ᠵᠣᠬᠢᠰᠲᠠᠢ᠎ᠪᠠᠷ ᠠᠭᠤᠵᠢᠭᠤ ᠲᠠᠯᠪᠢᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠥᠪᠥᠷ ᠮᠣᠩᠭᠤᠯ᠎ᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
    (ᠭᠤᠷᠪᠠ) ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠵᠡᠮᠳᠡᠭᠴᠦᠳ᠎ᠲᠤ ᠬᠦᠴᠦᠨ ᠨᠡᠮᠡᠷᠢᠯᠡᠵᠦ ᠠᠵᠢᠯ ᠣᠯᠭᠤᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠨᠢᠭᠡ ᠪᠦᠯᠦᠭ ᠲᠦᠷᠦᠭᠦᠦ ᠲᠠᠪᠴᠠᠩ᠂ ᠡᠯᠧᠺᠳ᠋ᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠵᠡᠷᠭᠡ ᠰᠢᠨ᠎ᠡ ᠠᠵᠢᠯ ᠣᠯᠭᠤᠯᠲᠠ ᠵᠢᠨ ᠬᠡᠯᠪᠡᠷᠢ ᠵᠢᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠵᠡᠮᠳᠡᠭᠴᠦᠳ᠎ᠤᠨ ᠠᠵᠢᠯ ᠣᠯᠭᠤᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠤᠭᠰᠠᠨ᠎ᠳᠤ ᠬᠦᠷᠲᠡᠭᠡᠬᠦ ᠱᠠᠩᠨᠠᠯ ᠵᠢᠴᠢ ᠬᠠᠮᠢᠶ᠎ᠠ ᠪᠦᠬᠦᠢ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠴᠠᠭ ᠲᠤᠬᠠᠢ᠎ᠳᠤ᠎ᠨᠢ ᠭᠦᠢ᠍ᠴᠡᠳ ᠲᠤᠭ᠎ᠠ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠢ᠃ ᠪᠥᠬᠦ ᠣᠷᠣᠨ᠎ᠤ ᠡᠯ᠎ᠡ ᠱᠠᠲᠤᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠋ᠠᠲᠤ ᠬᠤᠷᠠᠯ᠂ ᠠᠵᠤ ᠠᠬᠤᠶ᠋ᠢᠯᠠᠯ᠎ᠤᠨ ᠬᠤᠯᠪᠣᠭ᠋ᠠᠲᠤ ᠵᠣᠬᠢᠶᠠᠨ ᠪᠠᠶ᠋ᠢᠭᠤᠯᠤᠯᠲᠠ ᠵᠢᠴᠢ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠨ᠎ᠤ ᠡᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ᠎ᠯᠦᠭᠡ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠵᠡᠮᠳᠡᠭᠴᠦᠳ᠎ᠢ ᠲᠤᠰᠠᠯᠠᠨ ᠠᠵᠢᠯ ᠣᠯᠭᠤᠬᠤ ᠲᠠᠪᠴᠠᠩ ᠪᠠᠶ᠋ᠢᠭᠤᠯᠤᠨ᠂ ᠵᠡᠮᠳᠡᠭᠴᠦᠳ᠎ᠢ ᠰᠢᠩᠭᠡᠬᠡᠨ ᠠᠪᠴᠤ ᠠᠵᠢᠯ ᠣᠯᠭᠤᠭᠤᠯᠬᠤ ᠬᠡᠷᠡᠭᠲᠡᠢ᠃ ᠵᠡᠮᠳᠡᠭᠴᠦᠳ᠎ᠤᠨ ᠪᠡᠶ᠎ᠡ᠎ᠪᠠᠨ ᠳᠠᠭ᠋ᠠᠭ᠋ᠠᠵᠤ ᠦᠢ᠍ᠯᠡᠰ ᠴᠣᠭᠴᠠᠯᠠᠵᠤ ᠪᠠᠶ᠋ᠢᠭ᠎ᠠ ᠠᠵᠤ ᠠᠬᠤᠶ᠋ᠢᠯᠠᠯ ᠵᠢᠴᠢ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠵᠢᠯᠤᠭᠤᠳᠬᠤ ᠪᠠ ᠲᠡᠳᠬᠦᠬᠦ᠎ᠪᠠᠨ ᠴᠢᠩᠭ᠋ᠠᠳᠬᠠᠵᠤ᠂ ᠬᠥᠳᠡᠯᠮᠦᠷᠢ ᠵᠢᠨ ᠲᠥᠷᠥᠯ ᠵᠦᠢ᠍ᠯ ᠬᠠᠷᠢᠯᠴᠠᠵᠤ ᠦᠭᠭᠦ᠂ ᠠᠵᠢᠯ ᠣᠯᠭᠤᠵᠤ ᠦᠢ᠍ᠯᠡᠰ ᠴᠣᠭᠴᠠᠯᠠᠬᠤ ᠪᠣᠯᠪᠠᠰᠤᠷᠠᠯ ᠪᠠ ᠬᠥᠯᠥᠰᠦᠯᠡᠭᠴᠢ ᠵᠢᠨ ᠪᠣᠯᠪᠠᠰᠤᠷᠠᠯ ᠥᠷᠨᠢᠭᠦᠯᠬᠦ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠨᠢ ᠵᠡᠮᠳᠡᠭᠴᠦᠳ᠎ᠢ ᠲᠣᠰᠠᠯᠠᠨ ᠠᠵᠢᠯ ᠣᠯᠭᠤᠭᠰᠠᠨ᠂ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠭᠰᠠᠨ ᠪᠠᠶ᠋ᠢᠳᠠᠯ ᠵᠶ᠋ᠠᠨ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠬᠠᠷᠢᠭᠤᠴᠠᠯᠭ᠎ᠠ ᠵᠢᠨ ᠮᠡᠳᠡᠭᠦᠯᠦᠯᠲᠡ᠎ᠳᠤ᠎ᠪᠠᠨ ᠣᠷᠣᠭᠤᠯᠬᠤ ᠪᠤᠶᠤ ᠨᠡᠶ᠋ᠢᠭᠡᠮ᠎ᠤᠨ ᠬᠠᠷᠢᠭᠤᠴᠠᠯᠭ᠎ᠠ ᠵᠢᠨ ᠲᠤᠰᠬᠠᠢ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠋ᠠᠲᠤ ᠬᠤᠷᠠᠯ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
    (ᠳᠥᠷᠪᠡ) ᠵᠡᠮᠳᠡᠭᠴᠦᠳ᠎ᠤᠨ ᠵᠣᠬᠢᠶᠠᠨ ᠪᠠᠶ᠋ᠢᠭᠤᠯᠤᠯᠲᠠ᠎ᠠᠴᠠ ᠵᠡᠮᠳᠡᠭᠴᠦᠳ᠎ᠲᠤ ᠠᠵᠢᠯ ᠣᠯᠭᠤᠬᠤ᠎ᠳᠤ ᠬᠦᠴᠦᠨ ᠨᠡᠮᠡᠷᠢᠯᠡᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠵᠡᠮᠳᠡᠭᠴᠦᠳ᠎ᠤᠨ ᠲᠤᠰᠬᠠᠢ ᠨᠡᠶ᠋ᠢᠭᠡᠮᠯᠢᠭ᠂ ᠵᠡᠮᠳᠡᠭᠴᠦᠳ᠎ᠢ ᠲᠤᠰᠠᠯᠠᠬᠤ ᠠᠵᠤ ᠠᠬᠤᠶ᠋ᠢᠯᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠠ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠲᠠᠯ᠎ᠠ᠎ᠪᠠᠷ᠎ᠬᠢ ᠳᠠᠭ᠋ᠠᠭᠤᠯᠤᠭᠴᠢ ᠵᠢᠨ ᠦᠢ᠍ᠯᠡᠳᠦᠯ᠎ᠢ ᠪᠠᠳᠠᠷᠠᠭᠤᠯᠵᠤ᠂ ᠨᠢᠭᠡ ᠪᠦᠯᠦᠭ ᠵᠠᠬ᠎ᠠ ᠳᠡᠯᠭᠡᠭᠦᠷ᠎ᠤᠨ ᠠᠯᠤᠰ᠎ᠤᠨ ᠲᠥᠯᠥᠪ᠎ᠲᠠᠢ᠂ ᠠᠮᠢᠵᠢᠷᠠᠯ᠎ᠤᠨ ᠬᠦᠴᠦᠨ ᠵᠶ᠋ᠠᠷ ᠴᠢᠩᠭ᠎ᠠ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠲᠥᠷᠥᠯ ᠵᠦᠢ᠍ᠯ᠎ᠢ ᠪᠣᠶ᠋ᠢᠵᠢᠭᠤᠯᠬᠤ ᠬᠡᠷᠡᠭᠲᠡᠢ᠃ 《ᠬᠠᠶ᠋ᠢᠷ᠎ᠠ ᠢᠪᠡᠭᠡᠭᠰᠡᠨ ᠤᠮᠠᠷᠠᠲᠤ ᠬᠢᠯᠢ》 — ᠦᠢ᠍ᠯᠡᠰ᠎ᠢ᠎ᠨᠢ ᠲᠤᠰᠠᠯᠠᠬᠤ ᠪᠠ ᠦᠪᠡᠰᠦᠪᠡᠨ ᠬᠦᠴᠦᠷᠬᠡᠭᠵᠢᠬᠦ ᠨᠡᠶ᠋ᠢᠲᠡ ᠵᠢᠨ ᠠᠰᠠᠷᠠᠮᠵᠢ ᠵᠢᠨ ᠵᠡᠮᠳᠡᠭᠴᠦᠳ᠎ᠲᠤ ᠲᠤᠰᠠᠯᠠᠬᠤ ᠠᠵᠢᠯᠯᠠᠭ᠋ᠠᠨ᠎ᠢ ᠥᠷᠨᠢᠭᠦᠯᠵᠦ᠂ ᠠᠵᠢᠯ ᠣᠯᠬᠤ ᠬᠦᠰᠡᠯ ᠪᠠ ᠴᠢᠳᠠᠪᠤᠷᠢ᠎ᠲᠠᠢ ᠵᠡᠮᠳᠡᠭᠴᠦᠳ᠎ᠲᠤ ᠠᠵᠢᠯ ᠣᠯᠭᠤᠯᠲᠠ ᠵᠢᠨ ᠬᠠᠪᠰᠤᠷᠤᠯᠭ᠎ᠠ ᠳᠡᠮᠵᠢᠯᠭᠡ ᠬᠠᠩᠭ᠋ᠠᠬᠤ ᠬᠡᠷᠡᠭᠲᠡᠢ᠃ ᠵᠡᠮᠳᠡᠭᠴᠦᠳ᠎ᠤᠨ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶ᠋ᠢᠭᠤᠯᠤᠮᠵᠢ᠂ ᠵᠡᠮᠳᠡᠭᠴᠦᠳ᠎ᠤᠨ ᠨᠠᠶ᠋ᠢᠳᠠᠨ ᠠᠰᠠᠷᠠᠭᠤᠯᠬᠤ ᠪᠠᠶ᠋ᠢᠭᠤᠯᠤᠮᠵᠢ᠂ ᠵᠡᠮᠳᠡᠭᠴᠦᠳ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠪᠠᠶ᠋ᠢᠭᠤᠯᠤᠮᠵᠢ᠂ ᠰᠣᠬᠤᠷ ᠬᠥᠮᠥᠨ᠎ᠤ ᠢᠯᠢᠯᠭᠡ ᠵᠢᠨ ᠪᠠᠶ᠋ᠢᠭᠤᠯᠤᠮᠵᠢ᠂ 《ᠬᠠᠯᠠᠭᠤᠨ ᠳᠣᠲᠣᠨᠣᠰᠤᠭ ᠭᠡᠷ ᠣᠷᠣᠨ》᠂ ᠵᠡᠮᠳᠡᠭᠴᠦᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ᠎ᠤᠨ ᠲᠠᠰᠤᠭ ᠵᠡᠷᠭᠡ ᠪᠠᠶ᠋ᠢᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠵᠢᠴᠢ ᠱᠠᠩᠨᠠᠵᠤ ᠨᠥᠬᠦᠪᠦᠷᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠯ᠎ᠡ ᠲᠥᠷᠥᠯ᠎ᠤᠨ ᠪᠠᠶ᠋ᠢᠭᠤᠯᠤᠮᠵᠢ ᠵᠢᠨ ᠣᠷᠳᠣ ᠬᠤᠭᠤᠴᠠᠭ᠎ᠠ᠎ᠪᠠᠷ᠂ ᠲᠣᠭᠲᠠᠭᠤᠨ ᠵᠶ᠋ᠠᠷ᠂ ᠵᠢᠷᠤᠮᠵᠢᠯ᠎ᠲᠠᠢ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶ᠋ᠢᠯᠠᠯ ᠪᠤᠶᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠡᠷᠬᠢᠯᠡᠵᠦ ᠪᠠᠶ᠋ᠢᠭ᠎ᠠ ᠵᠡᠮᠳᠡᠭᠴᠦᠳ᠎ᠨᠢ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ ᠲᠣᠭᠲᠠᠭ᠋ᠠᠯ ᠶᠣᠰᠣᠭ᠋ᠠᠷ ᠦᠢ᠍ᠯᠡᠰ ᠴᠣᠭᠴᠠᠯᠠᠬᠤ ᠨᠡᠮᠡᠭᠦᠷᠢ ᠣᠯᠭᠤᠬᠤ ᠬᠡᠷᠡᠭᠲᠡᠢ᠃ ᠵᠡᠮᠳᠡᠭᠴᠦᠳ᠎ᠤᠨ ᠦᠢ᠍ᠯᠡᠰ ᠴᠣᠭᠴᠠᠯᠠᠬᠤ᠎ᠳᠤ ᠵᠢᠭᠡᠯᠡᠯᠭᠡ ᠵᠢᠨ ᠳᠠᠮ ᠬᠦᠦ ᠬᠠᠩᠭ᠋ᠠᠵᠤ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠡᠮᠳᠡᠭᠴᠦᠳ᠎ᠤᠨ ᠦᠢ᠍ᠯᠡᠰ ᠴᠣᠭᠴᠠᠯᠠᠬᠤ ᠲᠤᠰᠬᠠᠢ ᠵᠢᠭᠡᠯᠡᠯᠭᠡ ᠵᠢᠨ ᠲᠥᠷᠥᠯ ᠵᠦᠢ᠍ᠯ ᠪᠠᠶ᠋ᠢᠭᠤᠯᠬᠤ ᠵᠢ ᠵᠣᠷᠢᠭᠵᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠲᠠᠪᠤ) ᠠᠵᠢᠯ ᠣᠯᠬᠤ᠎ᠳᠤ ᠬᠦᠴᠢᠷᠲᠡᠢ ᠵᠡᠮᠳᠡᠭᠴᠦᠳ᠎ᠤᠨ ᠠᠵᠢᠯ ᠣᠯᠬᠤ᠎ᠳᠤ᠎ᠨᠢ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ 《ᠬᠠᠶ᠋ᠢᠷᠠᠯᠠᠨ ᠬᠠᠯᠠᠮᠵᠢᠯᠠᠬᠤ ᠭᠡᠷ ᠣᠷᠣᠨ》 《ᠬᠠᠯᠠᠭᠤᠨ ᠳᠣᠲᠣᠨᠣᠰᠤᠭ ᠭᠡᠷ ᠣᠷᠣᠨ》᠂ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶ᠋ᠢᠭᠤᠯᠤᠮᠵᠢ᠂ ᠵᠡᠮᠳᠡᠭᠴᠦᠳ᠎ᠤᠨ ᠨᠠᠶ᠋ᠢᠳᠠᠨ ᠠᠰᠠᠷᠠᠭᠤᠯᠬᠤ ᠪᠠᠶ᠋ᠢᠭᠤᠯᠤᠮᠵᠢ ᠵᠡᠷᠭᠡ ᠵᠡᠮᠳᠡᠭᠴᠦᠳ᠎ᠢ ᠲᠤᠰᠠᠯᠠᠬᠤ ᠪᠠᠶ᠋ᠢᠭᠤᠯᠤᠮᠵᠢ᠎ᠪᠠᠷ ᠳᠠᠮᠵᠢᠭᠤᠯᠤᠨ᠂ ᠵᠣᠬᠢᠬᠤ ᠬᠡᠮᠵᠢᠶᠡᠨ᠎ᠤ ᠬᠥᠳᠡᠯᠮᠦᠷᠢᠯᠡᠬᠦ ᠴᠢᠳᠠᠪᠤᠷᠢ᠎ᠲᠠᠢ ᠪᠣᠯᠪᠠᠴᠤ ᠥᠷᠢᠰᠦᠯᠳᠦᠭᠡᠨ᠎ᠤ ᠴᠢᠨᠠᠷᠲᠠᠢ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠲᠤ ᠣᠷᠣᠬᠤ᠎ᠳᠤ ᠪᠡᠷᠬᠡᠲᠡᠢ ᠣᠶᠤᠨ ᠤᠬᠠᠭ᠋ᠠᠨ᠂ ᠣᠶᠤᠨ ᠮᠡᠳᠡᠷᠡᠯ ᠪᠠ ᠦᠶ᠎ᠡ ᠭᠡᠰᠢᠭᠦᠨ᠎ᠨᠢ ᠬᠦᠨᠳᠦ ᠠᠷᠬᠠᠭ᠎ᠲᠠᠢ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠨᠡᠶ᠋ᠢᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ᠎ᠪᠠᠨ ᠴᠢᠩᠭ᠋ᠠᠳᠬᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠡᠬᠦ ᠬᠡᠪᠴᠢᠶᠡᠨ᠎ᠠᠴᠠ ᠠᠭ᠋ᠠᠵᠢᠮ ᠵᠶ᠋ᠠᠷ ᠪᠤᠴᠠᠭ᠋ᠠᠨ ᠭᠠᠷᠭ᠋ᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠶ᠋ᠢᠳᠠᠪᠤᠷᠢᠵᠢᠭᠤᠯᠤᠨ᠂ ᠲᠡᠳᠡᠨ᠎ᠢ ᠬᠠᠪᠰᠤᠷᠴᠤ ᠪᠠᠶ᠋ᠢᠭ᠋ᠠᠳ ᠳᠣᠲᠣᠭ᠋ᠠᠳᠤ ᠬᠥᠭᠵᠢᠯᠲᠡ ᠵᠢᠨ ᠴᠢᠳᠠᠪᠤᠷᠢ ᠵᠢ᠎ᠨᠢ ᠲᠡᠬᠡᠭᠰᠢᠯᠡᠬᠦᠯᠬᠦ ᠬᠡᠷᠡᠭᠲᠡᠢ᠃ ᠵᠡᠮᠳᠡᠭᠴᠦᠳ᠎ᠤᠨ ᠲᠤᠰᠬᠠᠢ ᠠᠵᠢᠯ᠎ᠤᠨ ᠪᠠᠶ᠋ᠢᠷᠢ ᠵᠢ ᠨᠡᠭᠡᠭᠡᠨ ᠬᠥᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠨᠥᠬᠦᠴᠡᠯ᠎ᠳᠤ ᠨᠡᠶ᠋ᠢᠴᠡᠬᠦ᠂ ᠵᠠᠬ᠎ᠠ ᠳᠡᠯᠭᠡᠭᠦᠷ᠎ᠤᠨ ᠠᠷᠭ᠎ᠠ ᠵᠠᠮ ᠵᠶ᠋ᠠᠷ ᠳᠡᠮᠵᠢᠨ ᠠᠵᠢᠯ ᠣᠯᠬᠤ ᠵᠢ ᠪᠡᠶᠡᠯᠡᠭᠦᠯᠬᠦ᠎ᠳᠤ ᠬᠦᠴᠢᠷᠲᠡᠢ ᠵᠡᠮᠳᠡᠭᠴᠦᠳ᠎ᠢ ᠦᠨᠳᠦᠰᠦ᠎ᠠᠴᠠ᠎ᠨᠢ ᠪᠠᠲᠤᠯᠠᠨ ᠲᠥᠪᠬᠢᠨᠡᠭᠦᠯᠵᠦ᠂ ᠨᠡᠮᠡᠭᠦᠷᠢ ᠥᠭᠬᠦ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠮᠥᠨ ᠬᠦ᠌ ᠪᠤᠰᠤᠳ ᠠᠷᠭ᠎ᠠ ᠵᠠᠮ ᠵᠶ᠋ᠠᠷ ᠠᠵᠢᠯ ᠣᠯᠬᠤ ᠵᠢ ᠪᠡᠶᠡᠯᠡᠭᠦᠯᠬᠦ᠎ᠳᠤ ᠬᠦᠴᠢᠷᠲᠡᠢ ᠪᠠᠶ᠋ᠢᠭ᠎ᠠ ᠬᠦᠨᠳᠦ ᠵᠡᠮᠳᠡᠭᠴᠦᠳ᠎ᠢ ᠳᠠᠬᠢᠨ ᠲᠠᠰ ᠳᠠᠷᠠᠭ᠋ᠠᠯᠠᠯ ᠶᠣᠰᠣᠭ᠋ᠠᠷ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ᠎ᠪᠠᠷ ᠳᠡᠮᠵᠢᠨ ᠲᠥᠪᠬᠢᠨᠡᠭᠦᠯᠵᠦ᠂ ᠨᠡᠶ᠋ᠢᠲᠡ ᠲᠥᠪᠬᠢᠨᠡᠭᠦᠯᠬᠦ ᠤᠳᠠᠭ᠎ᠠ ᠵᠢ ᠵᠠᠷᠴᠢᠮ ᠳᠡᠭᠡᠷ᠎ᠡ᠎ᠪᠠᠨ 2 ᠤᠳᠠᠭ᠎ᠠ᠎ᠠᠴᠠ ᠬᠡᠲᠦᠷᠡᠭᠦᠯᠵᠦ ᠪᠣᠯᠬᠤ ᠦᠭᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
    (ᠵᠢᠷᠭᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠵᠡᠮᠳᠡᠭᠴᠦᠳ᠎ᠤᠨ ᠠᠵᠢᠯ ᠣᠯᠬᠤ᠎ᠳᠤ᠎ᠨᠢ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠡᠮᠳᠡᠭᠴᠦᠳ ᠵᠢᠴᠢ ᠲᠡᠳᠡᠨ᠎ᠤ ᠭᠡᠷ ᠪᠦᠯᠢ ᠵᠢᠨ ᠪᠦᠷᠢᠯᠳᠦᠭᠦᠨ᠎ᠤ ᠲᠠᠷᠢᠵᠦ ᠵᠠᠶ᠋ᠢᠯᠠᠬᠤ᠂ ᠲᠡᠵᠢᠭᠡᠨ ᠦᠷᠡᠵᠢᠭᠦᠯᠬᠦ᠂ ᠪᠣᠯᠪᠠᠰᠣᠷᠠᠭᠤᠯᠵᠦ ᠡᠳ᠋ᠰᠢᠭᠦᠯᠬᠦ᠂ ᠡᠯᠧᠺᠳ᠋ᠷᠣᠨ ᠬᠤᠳᠠᠯᠳᠤᠭ᠎ᠠ ᠵᠡᠷᠭᠡ ᠠᠵᠢᠯ ᠲᠥᠷᠥᠯ ᠡᠷᠭᠢᠯᠡᠬᠦ ᠵᠢ᠎ᠨᠢ ᠲᠡᠳᠬᠦᠵᠦ᠂ ᠲᠠᠷᠢᠶᠠᠯᠠᠬᠤ ᠮᠠᠯᠵᠢᠬᠤ ᠣᠷᠣᠨ᠎ᠤ ᠵᠡᠮᠳᠡᠭᠴᠦᠳ᠎ᠤᠨ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠤᠨ ᠲᠥᠷᠥᠯ ᠵᠦᠢ᠍ᠯ᠎ᠢ ᠬᠡᠷᠡᠭᠵᠢᠭᠦᠯᠦᠨ᠂ ᠲᠣᠭᠲᠠᠭ᠋ᠠᠯ ᠶᠣᠰᠣᠭ᠋ᠠᠷ ᠵᠣᠬᠢᠮᠵᠢᠲᠠᠢ ᠨᠡᠮᠡᠭᠦᠷᠢ ᠥᠭᠬᠦ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠥᠲᠥᠴᠢ ᠠᠵᠤ ᠠᠬᠤᠶ᠋ᠢᠯᠠᠯ ᠬᠢᠭᠡᠳ ᠶᠠᠳᠠᠭᠤ᠎ᠠᠴᠠ ᠠᠩᠭᠢᠵᠢᠷᠠᠭᠤᠯᠬᠤ ᠵᠡᠮᠳᠡᠭᠴᠦᠳ᠎ᠤᠨ ᠠᠰᠢᠭ ᠲᠤᠰᠠ ᠵᠢ ᠬᠤᠯᠪᠣᠭᠳᠠᠭᠤᠯᠬᠤ ᠲᠣᠭᠲᠠᠴᠠ ᠵᠢ ᠪᠠᠶ᠋ᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠵᠡᠮᠳᠡᠭᠴᠦᠳ᠎ᠤᠨ ᠣᠷᠣᠯᠭ᠎ᠠ ᠵᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ᠎ᠤᠨ ᠵᠡᠮᠳᠡᠭᠴᠦᠳ᠎ᠢ ᠬᠠᠪᠰᠤᠷᠤᠨ ᠲᠡᠳᠬᠦᠬᠦ ᠬᠠᠮᠵᠢᠯᠴᠠᠭ᠎ᠠ ᠵᠢ ᠦᠷᠭᠦᠯᠵᠢᠯᠡᠨ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠭᠤᠣᠯᠳᠠᠯᠭ᠎ᠠ ᠪᠣᠯᠬᠤ ᠬᠠᠪᠰᠤᠷᠤᠨ ᠲᠡᠳᠬᠦᠬᠦ ᠬᠤᠰᠢᠭᠤ ᠰᠢᠶᠠᠨ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠵᠡᠮᠳᠡᠭᠴᠦᠳ᠎ᠲᠤ ᠠᠵᠢᠯ ᠣᠯᠭᠤᠵᠤ ᠬᠠᠪᠰᠤᠷᠤᠨ ᠲᠡᠳᠬᠦᠬᠦ ᠲᠥᠷᠥᠯ ᠵᠦᠢ᠍ᠯ᠎ᠳᠤ ᠳᠡᠮᠵᠢᠯᠭᠡ ᠦᠵᠡᠬᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠳᠣᠯᠤᠭ᠎ᠠ) ᠵᠡᠮᠳᠡᠭ ᠣᠶᠤᠲᠠᠳ᠎ᠤᠨ ᠠᠵᠢᠯ ᠣᠯᠬᠤ ᠵᠢ᠎ᠨᠢ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠬᠤᠭᠤᠷᠣᠨᠳᠤ᠎ᠪᠠᠨ ᠵᠡᠮᠳᠡᠭ ᠣᠶᠤᠲᠠᠳ᠎ᠤᠨ ᠮᠡᠳᠡᠭᠡ ᠵᠠᠩᠭᠢ ᠵᠢ ᠰᠣᠯᠢᠯᠴᠠᠬᠤ ᠲᠣᠭᠲᠠᠴᠠ ᠵᠢ ᠪᠠᠶ᠋ᠢᠭᠤᠯᠵᠤ᠂ ᠪᠥᠬᠦ ᠣᠷᠣᠨ᠎ᠤ ᠰᠤᠷᠭ᠋ᠠᠭᠤᠯᠢ᠎ᠳᠤ ᠪᠠᠶ᠋ᠢᠭ᠎ᠠ ᠵᠡᠮᠳᠡᠭ ᠣᠶᠤᠲᠠᠳ᠎ᠤᠨ ᠲᠤᠭ᠎ᠠ ᠪᠠᠷᠢᠮᠲᠠ ᠵᠢ ᠣᠨᠣᠪᠴᠢᠲᠠᠶ ᠡᠵᠡᠮᠰᠢᠨ᠂ 《ᠨᠢᠭᠡ ᠬᠥᠮᠥᠨ᠎ᠳᠤ ᠨᠢᠭᠡ ᠪᠣᠳᠣᠯᠭ᠎ᠠ ᠬᠡᠷᠡᠭᠵᠢᠭᠦᠯᠬᠦ》 ᠠᠵᠢᠯ ᠣᠯᠭᠤᠬᠤ ᠦᠢ᠍ᠯᠡᠴᠢᠯᠡᠭᠡᠨ᠎ᠤ ᠡᠬᠡ ᠲᠠᠩᠰᠠ ᠵᠢ ᠪᠠᠶ᠋ᠢᠭᠤᠯᠵᠤ᠂ 《ᠨᠢᠭᠡ᠎ᠳᠤ ᠨᠢᠭᠡ ᠵᠢ ᠴᠢᠭᠯᠡᠬᠦᠯᠬᠦ》 ᠣᠨᠣᠴᠠᠲᠠᠢ ᠦᠢ᠍ᠯᠡᠴᠢᠯᠡᠭᠡᠨ᠎ᠢ ᠥᠷᠨᠢᠭᠦᠯᠬᠦ ᠬᠡᠷᠡᠭᠲᠡᠢ᠃ ᠲᠣᠮᠣ ᠳ᠋ᠠᠶ᠋ᠢᠲ᠋ᠠ ᠵᠢᠨ ᠲᠠᠪᠴᠠᠩ᠎ᠳᠤ ᠲᠦᠰᠢᠭᠯᠡᠨ ᠠᠵᠤ ᠠᠬᠤᠶ᠋ᠢᠯᠠᠯ ᠪᠠ ᠵᠡᠮᠳᠡᠭ ᠣᠶᠤᠲᠠᠳ᠎ᠲᠤ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ ᠲᠣᠭᠲᠠᠴᠠ ᠵᠢ ᠪᠠᠶ᠋ᠢᠭᠤᠯᠤᠨ ᠥᠭᠴᠦ᠂ ᠬᠥᠮᠥᠨ ᠬᠡᠷᠡᠭᠯᠡᠬᠦ ᠨᠢᠭᠡᠴᠢ ᠬᠢᠭᠡᠳ ᠵᠡᠮᠳᠡᠭ ᠣᠶᠤᠲᠠᠳ᠎ᠤᠨ ᠬᠤᠭᠤᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠵᠠᠮ ᠮᠥᠷ᠎ᠢ᠎ᠨᠢ ᠰᠢᠯᠤᠭᠤᠳᠬᠠᠬᠤ ᠬᠡᠷᠡᠭᠲᠡᠢ᠃ ᠵᠡᠮᠳᠡᠭ ᠣᠶᠤᠲᠠᠳ᠎ᠲᠤ ᠠᠵᠢᠯ ᠣᠯᠭᠤᠯᠲᠠ ᠵᠢᠨ ᠵᠢᠯᠣᠭᠤᠳᠤᠯᠭ᠎ᠠ᠂ ᠠᠵᠢᠯ᠎ᠤᠨ ᠪᠠᠶ᠋ᠢᠷᠢ ᠵᠢᠨ ᠲᠠᠨᠢᠯᠴᠠᠭᠤᠯᠭ᠎ᠠ᠂ ᠤᠷ᠎ᠠ ᠮᠡᠷᠭᠡᠵᠢᠯ᠎ᠤᠨ ᠪᠣᠯᠪᠠᠰᠤᠷᠠᠯ ᠪᠠ ᠲᠤᠰᠬᠠᠢ ᠲᠠᠯᠠᠪᠤᠷ᠎ᠤᠨ ᠠᠵᠢᠯᠲᠠᠨ ᠤᠷᠢᠬᠤ ᠠᠵᠢᠯᠯᠠᠭ᠎ᠠ ᠵᠡᠷᠭᠡ ᠬᠠᠨᠳᠤᠯᠭ᠋ᠠᠲᠤ ᠴᠢᠨᠠᠷᠲᠠᠢ ᠦᠢ᠍ᠯᠡᠴᠢᠯᠡᠭᠡ ᠵᠢ ᠥᠷᠨᠢᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
   (ᠨᠠᠢ᠍ᠮᠠ) ᠰᠣᠬᠤᠷ ᠬᠥᠮᠥᠨ᠎ᠤ ᠢᠯᠢᠯᠭᠡ᠎ᠪᠠᠷ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠥᠪᠥᠷ ᠮᠣᠩᠭᠤᠯ᠎ᠤᠨ ᠰᠣᠬᠤᠷ ᠬᠥᠮᠥᠨ᠎ᠤ ᠢᠯᠢᠯᠭᠡ ᠵᠢᠨ ᠡᠮᠨᠡᠯᠭᠡ ᠵᠢᠨ ᠬᠤᠷᠢᠶᠠᠨ᠎ᠤ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠵᠥᠪᠰᠢᠶᠡᠷᠡᠬᠦ ᠬᠡᠪᠴᠢᠶᠡᠨ᠎ᠳᠤ ᠰᠣᠬᠤᠷ ᠬᠥᠮᠥᠨ᠎ᠤ ᠢᠯᠢᠯᠭᠡ ᠵᠢᠨ ᠪᠠᠶ᠋ᠢᠭᠤᠯᠤᠮᠵᠢ (ᠡᠮᠴᠢᠯᠡᠭᠡᠨ᠎ᠤ ᠪᠤᠰᠤ ᠪᠠᠶ᠋ᠢᠭᠤᠯᠤᠮᠵᠢ) ᠡᠷᠭᠢᠯᠡᠬᠦ ᠬᠢᠵᠠᠭ᠋ᠠᠷᠯᠠᠯ᠎ᠢ ᠎ᠨᠢ ᠪᠠᠭ᠋ᠠᠰᠬᠠᠬᠤ ᠬᠡᠷᠡᠭᠲᠡᠢ᠃ ᠰᠣᠬᠤᠷ ᠬᠥᠮᠥᠨ᠎ᠤ ᠡᠮᠴᠢᠯᠡᠭᠡᠨ᠎ᠤ ᠢᠯᠢᠯᠭᠡ ᠵᠢᠨ ᠠᠵᠢᠯᠲᠠᠳ᠎ᠤᠨ ᠡᠮᠴᠢᠯᠡᠭᠡᠨ᠎ᠤ ᠢᠯᠢᠯᠭᠡ ᠵᠢᠨ ᠭᠠᠵᠠᠷ ᠡᠷᠬᠢᠯᠡᠬᠦ ᠵᠢ ᠲᠡᠮᠵᠢᠨ᠎ᠡ᠃ ᠨᠡᠶ᠋ᠢᠭᠡᠮ᠎ᠤᠨ ᠬᠦᠴᠦᠨ᠎ᠢ ᠳᠠᠲᠡᠨ ᠣᠷᠣᠭᠤᠯᠵᠤ᠂ ᠡᠯ᠎ᠡ ᠭᠠᠵᠠᠷ ᠣᠷᠣᠨ᠎ᠤ ᠰᠣᠬᠤᠷ ᠬᠥᠮᠥᠨ᠎ᠤ ᠢᠯᠢᠯᠭᠡ ᠵᠢᠨ ᠪᠠᠶ᠋ᠢᠭᠤᠯᠤᠮᠵᠢ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠣᠬᠤᠷ ᠬᠥᠮᠥᠨ᠎ᠤ ᠢᠯᠢᠯᠭᠡ ᠵᠢᠨ ᠨᠡᠷᠡᠳᠦ ᠲᠡᠮᠳᠡᠭ᠎ᠢ ᠡᠭᠦᠳᠦᠨ᠂ ᠰᠣᠬᠤᠷ ᠬᠥᠮᠥᠨ᠎ᠤ ᠢᠯᠢᠯᠭᠡ ᠵᠢᠨ ᠠᠵᠢᠯ ᠲᠦᠷᠦᠯ᠎ᠤᠨ ᠡᠷᠡᠭᠦᠯ ᠬᠥᠭᠵᠢᠯᠲᠡ ᠵᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠢ ᠨᠥᠯᠥᠭᠡᠯᠡᠯ᠎ᠢ ᠢᠳᠡᠪᠬᠢᠲᠡᠢ ᠠᠷᠭ᠋ᠠᠴᠠᠭ᠋ᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠣᠬᠤᠷ ᠬᠥᠮᠥᠨ᠎ᠤ ᠢᠯᠢᠯᠭᠡ ᠵᠢᠨ ᠪᠠᠶ᠋ᠢᠭᠤᠯᠤᠮᠵᠢ ᠵᠢᠨ ᠬᠥᠭᠵᠢᠯᠲᠡ ᠵᠢ ᠲᠡᠳᠬᠦᠬᠦ ᠬᠡᠷᠡᠭᠲᠡᠢ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠨᠥᠬᠦᠴᠡᠯ᠎ᠳᠤ ᠨᠡᠶ᠋ᠢᠴᠡᠬᠦ ᠰᠣᠬᠤᠷ ᠬᠥᠮᠥᠨ᠎ᠤ ᠡᠮᠴᠢᠯᠡᠭᠡᠨ᠎ᠤ ᠢᠯᠢᠯᠭᠡ ᠵᠢᠨ ᠪᠠᠶ᠋ᠢᠭᠤᠯᠤᠮᠵᠢ ᠵᠢ ᠴᠠᠭ ᠲᠤᠬᠠᠢ᠎ᠳᠤ ᠎ᠨᠢ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠬᠡᠪᠴᠢᠶᠡᠨ᠎ᠳᠤ ᠣᠷᠣᠭᠤᠯᠬᠤ ᠬᠡᠷᠡᠭᠲᠡᠢ᠃ ᠰᠣᠬᠤᠷ ᠬᠥᠮᠥᠰ᠎ᠤᠨ ᠰᠣᠶᠣᠯ ᠤᠷᠠᠯᠢᠭ᠂ ᠰᠡᠳᠬᠢᠴᠡ ᠵᠢᠨ ᠡᠷᠡᠭᠦᠯ ᠬᠠᠮᠠᠭ᠋ᠠᠯᠠᠯ ᠪᠠ ᠮᠡᠳᠡᠭᠡ ᠵᠠᠩᠭᠢᠴᠢᠯᠠᠯᠲᠠ ᠵᠢᠨ ᠬᠡᠷᠡᠭᠯᠡᠭᠡᠨ ᠵᠡᠷᠭᠡ ᠬᠦᠷᠢᠶᠡᠨ᠎ᠳᠤ ᠠᠵᠢᠯ ᠣᠯᠬᠤ ᠵᠢ ᠲᠡᠮᠵᠢᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
   (ᠶᠢᠰᠦ) ᠵᠡᠮᠳᠡᠭᠴᠦᠳ᠎ᠲᠤ ᠠᠵᠢᠯ ᠣᠯᠭᠤᠬᠤ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠎ᠨᠢ 《ᠳᠥᠷᠪᠡᠨ ᠨᠢᠭᠡ》 ᠠᠵᠢᠯ ᠣᠯᠭᠤᠬᠤ ᠦᠢ᠍ᠯᠡᠴᠢᠯᠡᠭᠡᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯ ᠣᠯᠬᠤ ᠨᠠᠰᠤᠨ᠎ᠳᠤ᠎ᠪᠠᠨ ᠠᠵᠢᠯ ᠣᠯᠣᠭ᠋ᠠᠳᠤᠢ ᠵᠡᠮᠳᠡᠭᠴᠦᠳ᠎ᠲᠤ ᠨᠠᠭ᠋ᠠᠲᠤ ᠵᠠᠬ᠎ᠠ᠎ᠳᠤ᠎ᠪᠠᠨ ᠨᠢᠭᠡ ᠤᠳᠠᠭ᠋ᠠᠨ᠎ᠤ ᠰᠠᠭᠤᠷᠢ ᠮᠡᠳᠡᠭᠡ ᠵᠠᠩᠭᠢ ᠵᠢᠨ ᠬᠠᠷᠭᠤᠭᠤᠯᠤᠯᠲᠠ ᠬᠢᠵᠦ᠂ ᠨᠢᠭᠡ ᠤᠳᠠᠭ᠋ᠠᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠦᠨᠡᠯᠡᠨ ᠵᠢᠱ᠌ᠢᠯᠲᠡ ᠥᠷᠨᠢᠭᠦᠯᠵᠦ᠂ ᠨᠢᠭᠡ ᠤᠳᠠᠭ᠋ᠠᠨ᠎ᠤ ᠠᠵᠢᠯ ᠣᠯᠬᠤ ᠬᠡᠷᠡᠭᠴᠡᠭᠡ ᠱᠠᠭ᠋ᠠᠷᠳᠠᠯᠭ᠎ᠠ ᠵᠢᠨ ᠪᠦᠷᠢᠳᠬᠡᠨ ᠳᠠᠩᠰᠠᠯᠠᠯᠲᠠ ᠬᠢᠵᠦ᠂ ᠨᠢᠭᠡ ᠤᠳᠠᠭ᠋ᠠᠨ᠎ᠤ ᠠᠵᠢᠯ ᠣᠯᠭᠤᠬᠤ ᠦᠢ᠍ᠯᠡᠴᠢᠯᠡᠭᠡᠨ᠎ᠢ ᠥᠷᠨᠢᠭᠦᠯᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠤᠬᠤ ᠲᠠᠯ᠎ᠠ᠎ᠪᠠᠷ᠎ᠬᠢ ᠬᠠᠪᠰᠤᠷᠤᠨ ᠵᠢᠯᠣᠭᠤᠳᠤᠭᠴᠢ ᠵᠢᠨ ᠡᠩᠨᠡᠭᠡᠨ᠎ᠤ ᠠᠵᠢᠯ᠎ᠤᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠡᠮᠳᠡᠭᠴᠦᠳ᠎ᠲᠤ ᠠᠵᠢᠯ ᠣᠯᠭᠤᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠵᠢᠷᠣᠮᠵᠢᠨᠨᠰᠠᠨ ᠪᠠᠶ᠋ᠢᠭᠤᠯᠤᠯᠲᠠ᠎ᠪᠠᠨ ᠪᠡᠶᠡᠯᠡᠭᠦᠯᠬᠦ ᠬᠡᠷᠡᠭᠲᠡᠢ᠃ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠠᠵᠢᠯ ᠣᠯᠭᠤᠵᠤ ᠦᠢ᠍ᠯᠡᠰ ᠴᠣᠭᠴᠠᠯᠠᠬᠤ ᠪᠦᠲᠦᠭᠡᠯᠴᠢ ᠰᠡᠳᠬᠢᠮᠵᠢ ᠵᠢᠨ ᠤᠷᠤᠯᠳᠤᠭ᠋ᠠᠨ ᠪᠠ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠨᠢᠭᠡ ᠪᠦᠯᠦᠭ ᠲᠤᠰᠬᠠᠶ᠋ᠢᠵᠢᠭᠰᠠᠨ ᠬᠢᠷᠢ ᠬᠡᠮᠵᠢᠶ᠎ᠡ ᠥᠨᠳᠥᠷ᠂ ᠦᠢ᠍ᠯᠡᠴᠢᠯᠡᠬᠦ ᠴᠢᠳᠠᠪᠤᠷᠢ ᠰᠠᠶ᠋ᠢᠲᠠᠢ ᠵᠡᠮᠳᠡᠭᠴᠦᠳ᠎ᠢ ᠲᠤᠰᠠᠯᠠᠬᠤ ᠨᠡᠶ᠋ᠢᠭᠡᠮ᠎ᠤᠨ ᠪᠠᠶ᠋ᠢᠭᠤᠯᠤᠮᠵᠢ ᠵᠢ ᠪᠣᠶ᠋ᠢᠵᠢᠭᠤᠯᠵᠤ᠂ ᠵᠡᠮᠳᠡᠭᠴᠦᠳ᠎ᠲᠤ ᠠᠵᠢᠯ ᠣᠯᠭᠤᠵᠤ ᠦᠢ᠍ᠯᠡᠰ ᠴᠣᠭᠴᠠᠯᠠᠬᠤ ᠲᠠᠯ᠎ᠠ᠎ᠪᠠᠷ᠎ᠬᠢ ᠨᠢᠭᠡ ᠪᠦᠯᠦᠭ ᠵᠢᠷᠤᠮᠯᠠᠨ ᠳᠠᠭᠤᠷᠢᠶᠠᠵᠤ ᠪᠣᠯᠬᠤᠶ᠋ᠢᠴᠠ ᠳᠡᠯᠭᠡᠷᠡᠭᠦᠯᠬᠦ᠎ᠳᠤ ᠬᠢᠯᠪᠠᠷ ᠲᠥᠷᠥᠯ ᠵᠦᠢ᠍ᠯ᠎ᠢ ᠰᠣᠩᠭᠤᠨ ᠳᠡᠪᠰᠢᠭᠦᠯᠵᠦ᠂ ᠨᠢᠭᠡ ᠪᠦᠯᠦᠭ ᠵᠡᠮᠳᠡᠭᠴᠦᠳ᠎ᠤᠨ ᠤᠷ᠎ᠠ ᠴᠢᠳᠠᠪᠤᠷᠢ ᠵᠢᠨ ᠮᠠᠰᠲ᠋ᠧᠷ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ᠎ᠤᠨ ᠲᠠᠰᠤᠭ᠎ᠢ ᠲᠡᠳᠬᠦᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠤᠷᠢᠶ᠎ᠠ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
    (ᠠᠷᠪᠠ) ᠵᠡᠮᠳᠡᠭᠴᠦᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠵᠡᠮᠳᠡᠭᠴᠦᠳ᠎ᠲᠤ ᠪᠣᠯᠪᠠᠰᠤᠷᠠᠯ ᠬᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠵᠢᠯ ᠣᠯᠬᠤ ᠬᠦᠰᠡᠯ ᠪᠠ ᠪᠣᠯᠪᠠᠰᠤᠷᠠᠯ ᠭᠦᠷᠲᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠵᠡᠮᠳᠡᠭᠴᠦᠳ᠎ᠢ ᠬᠠᠪᠰᠤᠷᠴᠤ ᠪᠠᠶ᠋ᠢᠭ᠋ᠠᠳ ᠵᠣᠬᠢᠬᠤ ᠠᠵᠢᠯ ᠣᠯᠵᠤ ᠦᠢ᠍ᠯᠡᠰ ᠴᠣᠭᠴᠠᠯᠠᠬᠤ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠨᠡᠶ᠋ᠢᠳᠡᠮ ᠬᠦᠷᠲᠡᠭᠡᠬᠦ ᠬᠡᠷᠡᠭᠲᠡᠢ᠃ ᠣᠯᠠᠨ ᠨᠡᠶ᠋ᠢᠲᠡ ᠵᠢᠨ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠲᠦᠰᠢᠭᠯᠡᠨ᠂ ᠵᠡᠮᠳᠡᠭᠴᠦᠳ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠎ᠨᠢ ᠪᠡᠯᠡ ᠮᠥᠩᠭᠦ᠎ᠪᠠᠨ ᠨᠢᠭᠡᠳᠦᠯᠲᠡᠢ ᠲᠥᠯᠥᠪᠯᠡᠵᠦ ᠪᠠᠶ᠋ᠢᠭ᠋ᠠᠳ ᠰᠠᠭ᠋ᠠᠳ ᠦᠭᠡᠢ᠎ᠪᠠᠷ ᠥᠭᠡᠷᠡᠴᠢᠯᠡᠬᠦ᠂ ᠪᠡᠯᠡᠳᠬᠡᠮᠵᠢ ᠲᠥᠬᠦᠭᠡᠷᠦᠮᠵᠢ᠂ ᠪᠣᠯᠪᠠᠰᠤᠷᠠᠯ᠎ᠤᠨ ᠵᠠᠷᠤᠳᠠᠯ ᠵᠡᠷᠭᠡ ᠲᠠᠯ᠎ᠠ᠎ᠪᠠᠷ ᠵᠣᠬᠢᠮᠵᠢᠲᠠᠢ ᠳᠡᠮᠵᠢᠯᠭᠡ ᠦᠵᠡᠬᠦᠯᠬᠦ ᠬᠡᠷᠡᠭᠲᠡᠢ᠃ ᠨᠥᠬᠦᠴᠡᠯ᠎ᠲᠠᠢ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠡᠮᠳᠡᠭ ᠰᠣᠷᠣᠭᠴᠢ ᠡᠯᠰᠡᠬᠦ ᠬᠡᠪᠴᠢᠶ᠎ᠡ᠎ᠪᠠᠨ ᠠᠯᠬᠤᠮ ᠠᠯᠬᠤᠮ ᠵᠶ᠋ᠠᠷ ᠥᠷᠭᠡᠳᠬᠡᠬᠦ ᠵᠢ᠎ᠨᠢ ᠵᠣᠷᠢᠭᠵᠢᠭᠤᠯᠵᠤ᠂ ᠠᠩᠬ᠎ᠠ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠶᠣᠯ᠎ᠤᠨ ᠬᠢᠷᠢ ᠬᠡᠮᠵᠢᠶ᠎ᠡ᠎ᠲᠠᠢ ᠵᠡᠮᠳᠡᠭᠴᠦᠳ᠎ᠢ ᠬᠠᠪᠰᠤᠷᠤᠨ ᠳᠤᠮᠳᠠ ᠪᠠ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠬᠦᠷᠲᠡᠭᠡᠵᠦ᠂ ᠲᠣᠭᠲᠠᠭ᠋ᠠᠯ ᠶᠣᠰᠣᠭ᠋ᠠᠷ ᠰᠣᠷᠣᠭᠴᠢ ᠵᠢ ᠲᠤᠰᠠᠯᠠᠬᠤ ᠲᠥᠷᠥ ᠵᠢᠨ ᠪᠣᠳᠣᠯᠭ᠎ᠠ ᠵᠢ ᠬᠦᠷᠲᠡᠭᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
   ᠭᠤᠷᠪᠠ᠂ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ
   (ᠨᠢᠭᠡ) ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠠᠴᠠ ᠲᠦᠷᠦᠭᠦᠯᠡᠵᠦ ᠨᠠᠶ᠋ᠢᠳᠠᠪᠤᠷᠢᠵᠢᠭᠤᠯᠬᠤ ᠵᠢ ᠠᠳᠬᠤᠵᠤ᠂ ᠡᠯ᠎ᠡ ᠠᠶ᠋ᠢᠮᠠᠭ ᠬᠤᠲᠠ ᠵᠢᠨ ᠵᠡᠮᠳᠡᠭᠴᠦᠳ᠎ᠤᠨ ᠠᠵᠢᠯ᠎ᠤᠨ ᠵᠥᠪᠯᠡᠯ᠎ᠨᠢ ᠢᠳᠡᠪᠬᠢᠲᠡᠢ ᠬᠠᠮᠵᠢᠯᠴᠠᠨ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠪᠠᠶ᠋ᠢᠷᠢᠰᠢᠯ᠎ᠢ ᠪᠣᠶ ᠪᠣᠯᠭ᠋ᠠᠬᠤ ᠬᠡᠷᠡᠭᠲᠡᠢ᠃ ᠮᠠᠨ᠎ᠤ ᠣᠷᠣᠨ᠎ᠤ ᠵᠡᠮᠳᠡᠭᠴᠦᠳ᠎ᠤᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠮᠦᠨ᠎ᠡ ᠳᠤᠷᠠᠳᠤᠭᠰᠠᠨ ᠠᠷᠪᠠᠨ ᠵᠦᠢ᠍ᠯ᠎ᠤᠨ ᠠᠵᠢᠯᠯᠠᠭ᠋ᠠᠨ᠎ᠲᠠᠢ ᠬᠠᠷᠭᠤᠭᠤᠯᠵᠤ ᠵᠣᠬᠢᠬᠤ ᠲᠥᠷᠥ ᠵᠢᠨ ᠪᠣᠳᠣᠯᠭ᠎ᠠ ᠲᠣᠭᠲᠠᠭ᠋ᠠᠨ ᠨᠡᠶ᠋ᠢᠲᠡᠯᠡᠬᠦ ᠬᠡᠷᠡᠭᠲᠡᠢ᠃ ᠠᠵᠢᠯ᠎ᠤᠨ ᠨᠠᠷᠢᠨ ᠬᠠᠭᠤᠳᠠᠰᠤ ᠵᠢ ᠵᠢᠭᠰᠠᠭ᠋ᠠᠵᠤ᠂ ᠬᠠᠷᠢᠭᠤᠴᠠᠯᠭ᠋ᠠᠲᠤ ᠰᠠᠯᠠᠭ᠎ᠠ ᠮᠥᠴᠢᠷ᠂ ᠡᠭᠦᠷᠭᠡ ᠬᠠᠷᠠᠯᠲᠠ᠂ ᠪᠡᠶᠡᠯᠡᠭᠦᠯᠬᠦ ᠴᠠᠭ ᠬᠤᠭᠤᠴᠠᠭ᠎ᠠ᠎ᠪᠠᠨ ᠲᠣᠳᠣᠷᠬᠠᠶ᠋ᠢᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠨ᠂ ᠵᠣᠬᠢᠴᠠᠯᠳᠤᠨ ᠬᠠᠮᠵᠢᠯᠴᠠᠵᠤ᠂ ᠨᠡᠶ᠋ᠢᠯᠡᠮᠡᠯ ᠬᠦᠴᠦᠨ᠎ᠢ ᠪᠤᠢ ᠪᠣᠯᠭ᠋ᠠᠨ᠂ ᠵᠡᠮᠳᠡᠭᠴᠦᠳ᠎ᠲᠤ ᠠᠵᠢᠯ ᠣᠯᠭᠤᠬᠤ ᠠᠵᠢᠯ᠎ᠢ ᠢᠳᠡᠪᠬᠢᠲᠡᠢ᠎ᠪᠠᠷ ᠠᠬᠢᠭᠤᠯᠬᠤ ᠬᠡᠷᠡᠭᠲᠡᠢ᠃
   (ᠬᠤᠶᠠᠷ) ᠲᠥᠷᠥ ᠵᠢᠨ ᠪᠣᠳᠣᠯᠭ᠎ᠠ ᠵᠢᠨ ᠪᠠᠲᠤᠯᠠᠭ᠎ᠠ᠎ᠪᠠᠨ ᠲᠡᠭᠦᠯᠳᠡᠷᠵᠢᠭᠦᠯᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠲᠦᠷᠦᠭᠦᠯᠡᠨ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠬᠤ ᠠᠷᠭ᠎ᠠ》 ᠵᠢᠨ ᠶᠣᠰᠣᠭ᠋ᠠᠷ᠂ ᠵᠡᠮᠳᠡᠭᠴᠦᠳ᠎ᠤᠨ ᠡᠯᠰᠡᠨ ᠬᠡᠷᠡᠭᠯᠡᠬᠦ (ᠤᠷᠢᠬᠤ) ᠰᠢᠯᠭ᠋ᠠᠯᠲᠠ᠎ᠳᠤ ᠣᠷᠤᠯᠴᠠᠬᠤ᠎ᠳᠤ ᠵᠦᠢ ᠵᠣᠬᠢᠰᠲᠠᠢ ᠲᠥᠬᠦᠮ ᠦᠵᠡᠭᠦᠯᠵᠦ᠂ ᠵᠡᠮᠳᠡᠭᠴᠦᠳ᠎ᠤᠨ ᠠᠵᠢᠯ᠎ᠤᠨ ᠪᠠᠶ᠋ᠢᠷᠢ᠎ᠳᠤ ᠭᠠᠷᠬᠤ ᠪᠡᠶ᠎ᠡ ᠵᠢᠨ ᠪᠠᠶ᠋ᠢᠴᠠᠭ᠋ᠠᠯᠲᠠ ᠵᠢᠨ ᠠᠷᠭ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠵᠡᠮᠳᠡᠭᠴᠦᠳ᠎ᠲᠤ ᠬᠠᠷᠢᠴᠠᠯ ᠶᠣᠰᠣᠭ᠋ᠠᠷ ᠠᠵᠢᠯ ᠣᠯᠭᠤᠬᠤ ᠬᠡᠯᠪᠡᠷᠢ᠎ᠳᠤ ᠰᠢᠨ᠎ᠡ ᠵᠢ ᠡᠭᠦᠳᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠤᠬᠤ ᠡᠯ᠎ᠡ ᠲᠥᠷᠥᠯ᠎ᠤᠨ ᠦᠢ᠍ᠯᠡᠴᠢᠯᠡᠭᠡᠨ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠢ ᠥᠷᠭᠡᠨ ᠵᠶ᠋ᠠᠷ ᠥᠷᠨᠢᠭᠦᠯᠵᠦ᠂ ᠪᠡᠭᠡᠵᠢᠩ ᠥᠪᠥᠷ ᠮᠣᠩᠭᠤᠯ ᠵᠡᠮᠳᠡᠭᠴᠦᠳ᠎ᠲᠤ ᠠᠵᠢᠯ ᠣᠯᠭᠤᠬᠤ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠨᠥᠬᠦᠴᠡᠯ᠎ᠳᠤ ᠨᠡᠶ᠋ᠢᠴᠡᠭᠰᠡᠨ ᠠᠵᠢᠯ᠎ᠠᠴᠠ ᠪᠣᠯᠵᠤ ᠭᠡᠮᠲᠦᠭᠰᠡᠨ ᠵᠡᠮᠳᠡᠭ ᠠᠵᠢᠯᠲᠠᠨ ᠠᠵᠢᠯᠴᠢᠨ᠎ᠢ ᠵᠡᠮᠳᠡᠭᠴᠦᠳ᠎ᠲᠤ ᠠᠵᠢᠯ ᠣᠯᠭᠤᠬᠤ ᠦᠢ᠍ᠯᠡᠴᠢᠯᠡᠭᠡᠨ᠎ᠤ ᠲᠣᠭᠲᠠᠯᠴᠠᠭ᠎ᠠ᠎ᠳᠤ ᠤᠷᠤᠭᠤᠯᠬᠤ ᠬᠡᠷᠡᠭᠲᠡᠢ᠃
   (ᠭᠤᠷᠪᠠ) ᠰᠠᠭᠤᠷᠢ ᠮᠡᠳᠡᠭᠡ ᠵᠠᠩᠭᠢ ᠵᠢ ᠪᠠᠶ᠋ᠢᠴᠠᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ ᠵᠶ᠋ᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠲᠤᠭ᠎ᠠ ᠪᠠᠷᠢᠮᠲᠠ᠎ᠪᠠᠨ ᠬᠠᠷᠢᠴᠠᠭᠤᠯᠵᠤ᠂ ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ᠂ ᠬᠡᠪᠴᠢᠶ᠎ᠡ ᠵᠢᠴᠢ ᠵᠡᠮᠳᠡᠭᠴᠦᠳ᠎ᠲᠤ ᠠᠵᠢᠯ ᠣᠯᠭᠤᠭᠰᠠᠨ ᠪᠠᠶ᠋ᠢᠳᠠᠯ᠎ᠢ ᠣᠶ᠋ᠢᠯᠠᠭ᠋ᠠᠨ᠂ ᠨᠢᠭᠡ ᠪᠦᠯᠦᠭ ᠬᠥᠮᠥᠨ ᠬᠡᠷᠡᠭᠯᠡᠬᠦ ᠬᠡᠪᠴᠢᠶ᠎ᠡ᠎ᠪᠠᠷ ᠥᠷᠭᠡᠨ᠂ ᠵᠡᠮᠳᠡᠭᠴᠦᠳ᠎ᠲᠤ ᠠᠵᠢᠯ ᠣᠯᠭᠤᠬᠤ ᠨᠢᠭᠤᠭᠳᠠᠮᠠᠯ ᠬᠦᠴᠦᠨ ᠵᠶ᠋ᠠᠷ ᠭᠦᠢ᠍ᠴᠡᠳ ᠬᠥᠮᠥᠨ ᠬᠡᠷᠡᠭᠯᠡᠬᠦ ᠨᠢᠭᠡᠴᠢ ᠵᠢ ᠰᠣᠩᠭᠤᠵᠤ᠂ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠭᠤᠣᠯᠳᠠᠯᠭ᠎ᠠ ᠪᠣᠯᠬᠤ ᠡᠲᠡᠭᠡᠳ ᠪᠣᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠡᠯ᠎ᠡ ᠱᠠᠲᠤᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ᠎ᠢ ᠵᠣᠬᠢᠶᠠᠨ ᠪᠠᠶ᠋ᠢᠭᠤᠯᠤᠨ ᠪᠥᠬᠦ ᠣᠷᠣᠨ᠎ᠤ ᠠᠵᠢᠯ ᠣᠯᠬᠤ ᠨᠠᠰᠤᠨ᠎ᠳᠤ᠎ᠪᠠᠨ ᠠᠵᠢᠯ ᠣᠯᠣᠭ᠋ᠠᠳᠤᠢ ᠵᠡᠮᠳᠡᠭᠴᠦᠳ᠎ᠤᠨ ᠰᠠᠭᠤᠷᠢ ᠮᠡᠳᠡᠭᠡ ᠵᠠᠩᠭᠢ ᠵᠢᠨ ᠪᠠᠶ᠋ᠢᠳᠠᠯ᠎ᠢ ᠣᠶ᠋ᠢᠯᠠᠭ᠋ᠠᠨ ᠪᠠᠶ᠋ᠢᠴᠠᠭ᠋ᠠᠬᠤ ᠵᠢᠨ ᠬᠠᠮᠲᠤ ᠪᠠᠶ᠋ᠢᠴᠠᠭ᠋ᠠᠭᠰᠠᠨ ᠲᠤᠭ᠎ᠠ ᠪᠠᠷᠢᠮᠲᠠ᠎ᠪᠠᠨ ᠬᠤᠷᠢᠶᠠᠩᠭᠤᠶ᠋ᠢᠯᠠᠨ ᠵᠠᠳᠠᠯᠵᠤ᠂ ᠠᠵᠢᠯ ᠮᠡᠷᠭᠡᠵᠢᠯ᠎ᠤᠨ ᠴᠢᠳᠠᠪᠤᠷᠢ ᠵᠢ ᠦᠨᠡᠯᠡᠨ ᠵᠢᠱ᠌ᠢᠬᠦ᠂ ᠠᠵᠢᠯ ᠣᠯᠬᠤ ᠬᠡᠷᠡᠭᠴᠡᠭᠡ ᠱᠠᠭ᠋ᠠᠷᠳᠠᠯᠭ᠎ᠠ ᠵᠢ ᠪᠦᠷᠢᠳᠬᠡᠨ ᠳᠠᠩᠰᠠᠯᠠᠬᠤ ᠪᠠ ᠠᠵᠢᠯ ᠣᠯᠭᠤᠬᠤ ᠦᠢ᠍ᠯᠡᠴᠢᠯᠡᠭᠡ ᠵᠡᠷᠭᠡ ᠠᠵᠢᠯ᠎ᠢ ᠥᠷᠨᠢᠭᠦᠯᠬᠦ ᠬᠡᠷᠡᠭᠲᠡᠢ᠃
   (ᠳᠥᠷᠪᠡ) ᠪᠡᠯᠡ ᠮᠥᠩᠭᠦᠨ᠎ᠤ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠤᠬᠤ ᠪᠣᠯᠪᠠᠰᠤᠷᠠᠯ᠂ ᠠᠵᠢᠯ ᠣᠯᠭᠤᠬᠤ ᠦᠢ᠍ᠯᠡᠴᠢᠯᠡᠭᠡᠨ᠂ ᠨᠡᠮᠡᠭᠦᠷᠢ ᠥᠭᠴᠦ ᠱᠠᠩᠨᠠᠬᠤ ᠵᠡᠷᠭᠡ ᠬᠠᠮᠢᠶ᠎ᠠ ᠪᠦᠬᠦᠢ ᠪᠡᠯᠡ ᠮᠥᠩᠭᠦᠨ᠎ᠤ ᠣᠷᠣᠭᠤᠯᠤᠯᠲᠠ ᠵᠢ ᠪᠠᠲᠤᠯᠠᠵᠤ᠂ ᠨᠡᠮᠡᠭᠦᠷᠢ ᠥᠭᠬᠦ ᠪᠠ ᠱᠠᠩᠨᠠᠬᠤ ᠪᠠᠷᠢᠮᠵᠢᠶ᠎ᠠ᠂ ᠨᠥᠬᠦᠴᠡᠯ ᠵᠡᠷᠭᠡ ᠠᠭᠤᠯᠭ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠵᠢ ᠲᠡᠳᠬᠦᠨ ᠲᠡᠮᠵᠢᠬᠦ ᠡᠯ᠎ᠡ ᠲᠥᠷᠥᠯ᠎ᠤᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠡᠷᠡᠭᠯᠡᠵᠦ᠂ ᠰᠣᠯᠪᠢᠴᠠᠭᠤᠯᠤᠨ ᠬᠡᠷᠡᠭᠯᠡᠬᠦ᠎ᠠᠴᠠ ᠵᠠᠶ᠋ᠢᠯᠠᠰᠬᠢᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠤᠬᠤ ᠲᠠᠯ᠎ᠠ᠎ᠪᠠᠷ᠎ᠬᠢ ᠡᠯ᠎ᠡ ᠲᠥᠷᠥᠯ᠎ᠤᠨ ᠬᠠᠪᠰᠤᠷᠤᠨ ᠲᠡᠳᠬᠦᠬᠦ ᠪᠠ ᠪᠣᠯᠪᠠᠰᠤᠷᠠᠯ ᠬᠦᠷᠲᠡᠭᠡᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠣᠭᠲᠠᠭ᠋ᠠᠯ ᠶᠣᠰᠣᠭ᠋ᠠᠷ ᠲᠡᠳᠬᠦᠬᠦ ᠬᠡᠷᠡᠭᠲᠡᠢ᠃ ᠬᠠᠷᠢᠴᠠᠯ᠎ᠠᠴᠠ ᠳᠠᠪᠠᠭᠤᠯᠵᠤ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠭᠰᠠᠨ ᠬᠥᠮᠥᠨ ᠬᠡᠷᠡᠭᠯᠡᠬᠦ ᠨᠢᠭᠡᠴᠢ ᠵᠢ ᠱᠠᠩᠨᠠᠨ ᠬᠥᠬᠢᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃
    (ᠲᠠᠪᠤ) ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃ 《ᠵᠡᠮᠳᠡᠭᠴᠦᠳ᠎ᠲᠤ ᠠᠵᠢᠯ ᠣᠯᠭᠤᠬᠤ ᠤᠬᠠᠭᠤᠯᠭ᠎ᠠ ᠵᠢᠨ ᠣᠨ》᠎ᠤ ᠠᠵᠢᠯᠯᠠᠭ᠋ᠠᠨ᠎ᠲᠠᠢ ᠤᠶᠠᠯᠳᠤᠭᠤᠯᠤᠨ᠂ ᠵᠡᠮᠳᠡᠭᠴᠦᠳ᠎ᠲᠤ ᠠᠵᠢᠯ ᠣᠯᠭᠤᠬᠤ ᠤᠬᠠᠭᠤᠯᠭ᠎ᠠ ᠵᠢᠨ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠢ᠃ ᠲᠥᠬᠦᠮ ᠣᠶ᠋ᠢᠯᠠᠭ᠋ᠠᠮᠵᠢᠲᠠᠢ᠂ ᠲᠣᠪᠴᠢ ᠠᠪᠰᠠᠷᠬᠠᠨ ᠥᠰᠥᠭ ᠪᠢᠴᠢᠭ᠂ ᠬᠡᠷᠡᠯ ᠵᠢᠷᠤᠭ᠂ ᠸᠢᠳᠢᠤ᠋ ᠬᠡᠯᠪᠡᠷᠢ᠎ᠪᠠᠷ ᠷᠠᠳᠢᠣ᠋ ᠲᠧᠯᠸᠢᠰ᠂ ᠰᠣᠨᠢᠨ᠂ ᠰᠦᠯᠵᠢᠶ᠎ᠡ ᠪᠠ ᠰᠢᠨ᠎ᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠶᠡᠭᠡ᠎ᠪᠠᠷ ᠤᠬᠠᠭᠤᠯᠵᠤ᠂ ᠬᠥᠮᠥᠨ ᠬᠡᠷᠡᠭᠯᠡᠬᠦ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠤᠬᠤ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠭᠰᠠᠨ ᠨᠡᠶ᠋ᠢᠲᠡᠯᠢᠭ ᠲᠤᠷᠰᠢᠯᠭ᠎ᠠ ᠵᠡᠷᠭᠡ ᠵᠢ ᠳᠡᠯᠭᠡᠷᠡᠭᠦᠯᠬᠦ ᠬᠡᠷᠡᠭᠲᠡᠢ᠃
    (ᠵᠢᠷᠭᠤᠭ᠎ᠠ) ᠬᠢᠨᠠᠨ ᠰᠢᠨᠵᠢᠵᠦ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠬᠡᠷᠡᠭᠲᠡᠢ᠃ ᠲᠣᠰ ᠲᠥᠰᠥᠯ᠎ᠢ ᠬᠡᠷᠡᠭᠵᠢᠭᠦᠯᠬᠦ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠠᠬᠢᠴᠠ ᠵᠢᠨ ᠪᠠᠶ᠋ᠢᠳᠠᠯ᠎ᠢ ᠲᠣᠬᠢᠷᠠᠭᠤᠯᠬᠤ ᠬᠡᠷᠡᠭᠲᠡᠢ᠃ ᠡᠯ᠎ᠡ ᠠᠶ᠋ᠢᠮᠠᠭ ᠬᠤᠳᠠ ᠵᠢᠨ ᠵᠡᠮᠳᠡᠭᠴᠦᠳ᠎ᠤᠨ ᠠᠵᠢᠯ᠎ᠤᠨ ᠵᠥᠪᠯᠡᠯ᠎ᠨᠢ ᠵᠢᠯ ᠪᠦᠷᠢ ᠵᠢᠨ 11 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠳᠤ ᠠᠵᠢᠯ ᠵᠶ᠋ᠠᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠮᠡᠳᠡᠬᠦᠯᠬᠦ ᠬᠡᠷᠡᠭᠲᠡᠢ᠃ 2024 ᠣᠨ᠎ᠤ ᠡᠴᠦᠰ᠎ᠲᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠥᠰᠥᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠪᠥᠬᠦ ᠲᠠᠯ᠎ᠠ ᠵᠢᠨ ᠳ᠋ᠦᠩᠨᠡᠯᠲᠡ ᠪᠠ ᠦᠨᠡᠯᠡᠨ ᠵᠢᠱ᠌ᠢᠯᠲᠡ ᠬᠢᠬᠦ ᠬᠡᠷᠡᠭᠲᠡᠢ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 2022 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ
    

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠠᠪᠤᠳᠤᠭ᠋ᠠᠷ ᠤᠳᠠᠭ᠋ᠠᠨ᠎ᠤ ᠳᠤᠮᠳᠠᠳᠤ ᠤᠯᠤᠰ᠎ᠤᠨ ᠬᠣᠲᠠ ᠬᠥᠳᠡᠭᠡ ᠵᠢᠨ ᠨᠠᠰᠤᠲᠠᠢ᠌ᠴᠤᠳ᠎ᠤᠨ ᠠᠮᠢᠳᠤᠷᠠᠯ᠎ᠤᠨ ᠪᠠᠢ᠌ᠳᠠᠯ᠎ᠢ ᠪᠠᠢ᠌ᠴᠠᠭ᠋ᠠᠬᠤ ᠠᠵᠢᠯ᠎ᠤᠨ ᠳᠤᠮᠳᠠ ᠲᠣᠪᠣᠢ᠌ᠮ᠎ᠠ ᠢᠯᠡᠷᠡᠯ᠎ᠲᠠᠢ ᠵᠠᠷᠯᠠᠨ ᠰᠠᠢ᠌ᠰᠢᠶᠠᠬᠤ᠎ᠪᠠᠷ ᠪᠠᠢ᠌ᠭ᠎ᠠ ᠨᠢᠬᠡᠴᠢ ᠵᠢᠨ ᠨᠡᠷᠡᠰ᠎ᠤᠨ ᠢᠯᠡᠵᠢᠬᠦᠯᠤᠯᠳᠡ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠭᠢᠮ᠎ᠤᠨ᠎ᠬᠢᠨ᠎ᠤ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠭᠡᠮ ᠰᠣᠭᠤᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》 ᠵᠢ ᠲᠠᠷᠤᠮᠠᠯᠯᠠᠨ ᠲᠠᠷᠭ᠋ᠠᠬᠠᠬᠤ ᠲᠤᠬᠠᠢ ᠮᠡᠳᠡᠭᠳᠡᠯ
ᠮᠠᠨ᠎ᠤ ᠤᠷᠤᠨ 《ᠠᠷᠭ᠎ᠠ》 ᠨᠡᠢ᠌ᠲᠡᠯᠡᠵᠦ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠨᠥᠴᠢᠨ ᠬᠡᠦᠬᠡᠳ᠎ᠢ ᠨᠠᠰᠤᠨ᠎ᠳᠤ ᠭᠦᠷᠦᠭᠰᠡᠨ᠎ᠤ ᠳᠠᠷᠠᠭ᠎ᠠ ᠲᠥᠪᠬᠢᠨᠡᠭᠦᠯᠬᠦ ᠠᠵᠢᠯ᠎ᠢ ᠲᠦᠷᠢᠮᠵᠢᠬᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《〈ᠢᠯᠨ ᠨᠢᠭᠦᠯᠡᠰᠦᠩᠭᠦᠢ〉 ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
《ᠳᠤᠮᠳᠠᠳᠤ ᠤᠯᠤᠰ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠭᠠᠷᠴᠠᠭ (2023 ᠣᠨ᠎ᠤ ᠬᠡᠪᠯᠡᠯ)》᠎ᠢ ᠨᠡᠢ᠌ᠳᠡᠯᠡᠭᠰᠡᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠵᠠᠷᠯᠠᠯ
 
            