ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2023 ᠣᠨ᠎ᠤ ᠪᠦᠬᠦ ᠤᠯᠤᠰ᠎ᠤᠨ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠢ ᠪᠦᠬᠦ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠎ᠤᠨ ᠮᠡᠳᠡᠭᠳᠡᠯ
ᠨᠡᠶᠢᠲᠡᠯᠡᠭᠰᠡᠨ ᠴᠠᠭ᠄ 2023-10-07

    ᠪᠥᠬᠥ ᠤᠯᠤᠰ᠎ᠤᠨ ᠨᠠᠰᠤᠲᠠᠢ᠌ᠴᠤᠳ᠎ᠤᠨ ᠵᠥᠪᠯᠡᠯ ᠲᠠᠷᠬᠠᠭ᠋ᠠᠭᠰᠠᠨ [2023] 1 ᠳ᠋ᠤᠬᠡᠷ ᠲᠣᠭ᠋ᠠᠲᠤ


ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠂ ᠡᠯ᠎ᠡ ᠠᠰ᠎ᠲᠤ᠎ᠪᠠᠨ ᠲᠥᠯᠥᠪᠯᠡᠭᠡ ᠬᠢᠬᠦ ᠬᠤᠳᠠ ᠵᠢᠨ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠂ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠡᠯ᠎ᠡ ᠪᠦᠷᠢᠯᠳᠦᠭᠦᠨ ᠨᠢᠬᠡᠴᠢ᠂ ᠨᠠᠰᠤᠲᠠᠢ᠌ᠴᠤᠳ᠎ᠲᠤ ᠬᠣᠯᠪᠣᠭᠳᠠᠬᠤ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠳᠤ᠄

     ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠲᠦᠷᠦᠯ ᠰᠠᠳᠤᠨ ᠵᠶ᠋ᠠᠨ ᠠᠴᠢᠯᠠᠵᠤ ᠨᠠᠰᠤᠲᠠᠨ ᠵᠶ᠋ᠠᠨ ᠬᠦᠨᠳᠦᠯᠡᠬᠦ ᠤᠯᠠᠮᠵᠢᠯᠠᠯᠲᠤ ᠰᠠᠢ᠌ᠬᠠᠨ ᠰᠤᠷᠲᠠᠯ᠎ᠢ ᠪᠠᠳᠠᠷᠠᠭᠤᠯᠵᠤ᠂ ᠨᠠᠰᠤᠲᠠᠨ ᠵᠶ᠋ᠠᠨ ᠠᠰᠠᠷᠠᠵᠤ ᠨᠠᠰᠤᠲᠠᠨ ᠵᠶ᠋ᠠᠨ ᠬᠦᠨᠳᠦᠯᠡᠬᠦ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠥᠯᠥᠭᠡ ᠪᠦᠬᠦ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ᠎ᠬᠢᠨ 2023 ᠣᠨ᠎ᠤ ᠪᠦᠬᠦ ᠤᠯᠤᠰ᠎ᠤᠨ 《ᠨᠠᠰᠤᠲᠠᠨ ᠵᠶ᠋ᠠᠨ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠥᠷᠨᠢᠭᠦᠯᠬᠦ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠮᠡᠳᠡᠭᠳᠡᠶ᠎ᠡ᠄

ᠨᠢᠭᠡ᠂ ᠠᠵᠢᠯᠯᠠᠭ᠋ᠠᠨ᠎ᠤ ᠵᠣᠷᠢᠯᠲᠠ

    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠨ᠂ ᠰᠢ ᠵᠢᠨ ᠫᠢᠩ ᠶᠡᠷᠦᠩᠬᠡᠢ ᠱᠦᠵᠢ ᠵᠢᠨ ᠨᠠᠰᠤᠲᠠᠢ᠌ᠴᠤᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠤᠯᠢ》 (《ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠤᠯᠢ》 ᠭᠡᠵᠦ ᠲᠤᠪᠴᠢᠯᠠᠶ᠎ᠠ) ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠪᠦᠬᠦ ᠤᠯᠤᠰ᠎ᠲᠤ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠵᠤ ᠨᠠᠰᠤᠲᠠᠨ ᠵᠶ᠋ᠠᠨ ᠬᠠᠪᠰᠤᠷᠬᠤ ᠪᠠᠶᠠᠯᠢᠭ ᠠᠭᠤᠯᠭ᠎ᠠ᠎ᠲᠠᠢ᠂ ᠤᠯᠠᠨ ᠶᠠᠡᠭᠵᠤ ᠵᠢᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠨᠠᠰᠤᠵᠢᠯ᠎ᠤᠨ ᠦᠵᠡᠯᠲᠡ ᠵᠢ ᠢᠳᠡᠪᠬᠢᠳᠡᠢ᠎ᠪᠠᠷ ᠪᠤᠢ ᠪᠣᠯᠭ᠋ᠠᠵᠤ᠂ ᠡᠷᠡᠭᠦᠯ ᠴᠢᠭᠢᠷᠠᠭ ᠨᠠᠰᠤᠵᠢᠯᠲᠠ ᠵᠢ ᠠᠬᠢᠭᠤᠯᠵᠤ᠂ ᠨᠠᠰᠤᠲᠠᠨ᠎ᠳᠤ ᠲᠣᠬᠢᠷᠠᠮᠵᠢᠲᠠᠢ ᠣᠷᠣᠰᠢᠨ ᠰᠠᠭᠤᠬᠤ᠎ᠳᠤ ᠲᠣᠬᠢᠷᠠᠮᠵᠢᠲᠠᠢ ᠨᠡᠢ᠌ᠭᠡᠮ᠎ᠤᠨ ᠣᠷᠴᠢᠨ ᠲᠣᠭᠣᠷᠢᠨ᠎ᠢ ᠬᠦᠴᠦᠯᠡᠨ ᠪᠤᠢ ᠪᠣᠯᠭ᠋ᠠᠵᠤ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠲᠦᠷᠦᠯ ᠰᠠᠳᠤᠨ ᠵᠶ᠋ᠠᠨ ᠠᠴᠢᠯᠠᠵᠤ ᠨᠠᠰᠤᠲᠠᠨ ᠵᠶ᠋ᠠᠨ ᠬᠦᠨᠳᠦᠯᠡᠬᠦ ᠤᠯᠠᠮᠵᠢᠯᠠᠯᠲᠤ ᠰᠠᠢ᠌ᠬᠠᠨ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠨᠠᠰᠤᠲᠠᠢ᠌ᠴᠤᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠲᠠᠰᠤᠷᠠᠯᠲᠠ ᠦᠭᠡᠢ  ᠨᠡᠮᠡᠭᠳᠡᠬᠦᠯᠬᠦ ᠪᠤᠯᠤᠨ᠎ᠠ᠃


ᠬᠣᠶᠠᠷ᠂ ᠠᠵᠢᠯᠯᠠᠭ᠎ᠠ ᠵᠢᠨ ᠭᠣᠣᠯ ᠰᠡᠳᠦᠪ


   ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂  ᠰᠠᠭ᠋ᠠᠳ ᠦᠭᠡᠢ ᠣᠷᠴᠢᠨ ᠲᠤᠭᠤᠷᠢᠨ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃


ᠭᠤᠷᠪᠠ᠂ ᠠᠵᠢᠯᠯᠠᠭ᠋ᠠᠨ᠎ᠤ ᠴᠠᠭ

  

    2023 ᠣᠨ᠎ᠤ 10 ᠰᠠᠷ᠎ᠠ ᠵᠢᠨ 1᠎ᠠᠴᠠ 31 ᠎ᠤ ᠡᠳᠦᠷ ᠪᠣᠯᠲᠠᠯ᠎ᠠ᠃


ᠳᠥᠷᠪᠡ᠂ ᠠᠵᠢᠯᠯᠠᠭ᠋ᠠᠨ᠎ᠤ ᠠᠭᠤᠯᠭ᠎ᠠ

     

     (ᠨᠢᠭᠡ) ᠤᠬᠠᠭᠤᠯᠤᠨ ᠲᠤᠭᠤᠰᠢᠯᠠᠭᠤᠯᠬᠤ ᠵᠢ ᠴᠢᠩᠭ᠋ᠠᠳᠬᠠᠵᠤ᠂ ᠰᠠᠭ᠋ᠠᠳ ᠦᠭᠡᠢ ᠣᠷᠴᠢᠨ ᠲᠣᠭᠣᠷᠢᠨ᠎ᠢ ᠬᠠᠮᠳᠤ᠎ᠪᠠᠷ ᠪᠠᠢ᠌ᠭᠤᠯᠵᠤ ᠬᠠᠮᠳᠤ᠎ᠪᠠᠷ ᠡᠳ᠋ᠯᠡᠨ᠎ᠡ᠃ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠤᠯᠢ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠬᠠᠤᠯᠢ ᠴᠠᠭ᠋ᠠᠵᠠ ᠵᠢ ᠬᠥᠳᠡᠭᠡ ᠲᠣᠰᠬᠣᠨ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ᠂ ᠪᠠᠢ᠌ᠭᠤᠯᠭ᠎ᠠ ᠨᠢᠬᠡᠴᠢ᠎ᠳᠤ ᠣᠷᠣᠭᠤᠯᠬᠤ ᠵᠢ ᠠᠬᠢᠭᠤᠯᠵᠤ᠂ ᠲᠥᠪᠯᠡᠷᠡᠭᠦᠯᠦᠨ ᠤᠬᠠᠭᠤᠯᠬᠤ ᠪᠠ ᠡᠳᠦᠷ ᠲᠤᠲᠤᠮ᠎ᠤᠨ ᠤᠬᠠᠭᠤᠯᠬᠤ ᠵᠢ ᠬᠠᠷᠢᠯᠴᠠᠨ ᠤᠶᠠᠯᠳᠤᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠰᠠᠭ᠋ᠠᠳ ᠦᠭᠡᠢ ᠣᠷᠴᠢᠨ ᠲᠣᠭᠣᠷᠢᠨ᠎ᠤ ᠤᠢ᠌ᠯᠠᠭ᠋ᠠᠬᠳᠠᠬᠤᠨ᠎ᠢ ᠤᠬᠠᠭᠤᠯᠵᠤ᠂ ᠰᠠᠭ᠋ᠠᠳ ᠦᠭᠡᠢ ᠣᠷᠴᠢᠨ ᠲᠣᠭᠣᠷᠢᠨ᠎ᠤ ᠮᠡᠳᠡᠯᠭᠡ ᠵᠢ ᠲᠦᠭᠡᠮᠡᠯᠵᠢᠭᠦᠯᠦᠨ᠂ ᠨᠡᠢ᠌ᠭᠡᠮ ᠲᠠᠶᠠᠭ᠋ᠠᠷ᠎ᠤᠨ᠎ᠬᠢᠨ᠎ᠤ ᠰᠠᠭ᠋ᠠᠳ ᠦᠭᠡᠢ ᠣᠷᠴᠢᠨ ᠲᠣᠭᠣᠷᠢᠨ᠎ᠤ ᠲᠤᠬᠠᠢ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃ 《ᠨᠠᠰᠤᠲᠠᠢ᠌ᠴᠤᠳ᠎ᠢ ᠣᠶᠤᠨᠴᠢ᠎ᠪᠠᠷ ᠲᠤᠰᠠᠯᠠᠬᠤ》 ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠨᠠᠰᠤᠲᠠᠢ᠌ᠴᠤᠳ᠎ᠲᠤ ᠬᠣᠯᠪᠣᠭᠳᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠵᠢ ᠵᠢᠯᠤᠭᠣᠳᠴᠤ ᠪᠠᠢ᠌ᠭ᠋ᠠᠳ ᠨᠠᠰᠤᠲᠠᠢ᠌ᠴᠤᠳ᠎ᠲᠤ ᠬᠠᠨᠳᠤᠭᠤᠯᠤᠨ ᠣᠶᠤᠨᠴᠢ ᠮᠡᠷᠭᠡᠵᠢᠯ᠎ᠢ ᠬᠡᠷᠡᠭᠯᠡᠬᠦ ᠪᠣᠯᠪᠠᠰᠤᠷᠠᠯ ᠵᠡᠷᠭᠡ ᠠᠵᠢᠯᠯᠠᠭ᠎ᠠ ᠥᠷᠨᠢᠭᠦᠯᠵᠦ᠂ ᠨᠠᠰᠤᠲᠠᠢ᠌ᠴᠤᠳ᠎ᠤᠨ ᠡᠯᠧᠺᠲᠷᠣᠨ ᠲᠥᠬᠦᠭᠡᠷᠦᠮᠵᠢ ᠵᠢ ᠰᠤᠷᠴᠤ ᠬᠡᠷᠡᠭᠯᠡᠬᠦ᠎ᠳᠤ ᠬᠠᠪᠰᠤᠷᠤᠨ᠎ᠠ᠃ ᠨᠠᠰᠤᠲᠠᠢ᠌ᠴᠤᠳ᠎ᠲᠤ ᠬᠣᠯᠪᠣᠭᠳᠠᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ 2023 ᠣᠨ᠎ᠤ ᠨᠠᠰᠤᠲᠠᠢ᠌ᠴᠤᠳ᠎ᠤᠨ ᠤᠶᠤᠨᠯᠢᠭ ᠵᠶ᠋ᠠᠷ ᠭᠠᠳᠠᠭᠰᠢ ᠭᠠᠷᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠵᠢ ᠲᠡᠮᠵᠢᠨ᠎ᠡ᠃ ᠴᠢᠮᠡᠬᠡ ᠬᠤᠯᠪᠤᠭ᠎ᠠ᠎ᠪᠠᠷ ᠲᠦᠷᠢᠶᠡᠰᠦᠨ ᠮᠠᠰᠢᠨ ᠳᠠᠭᠤᠳᠠᠬᠤ ᠪᠠ ᠰᠦᠯᠵᠢᠶ᠎ᠡ᠎ᠪᠠᠷ ᠪᠣᠯᠵᠣᠬᠤ ᠲᠡᠷᠭᠡ ᠵᠢ 《ᠨᠢᠭᠡ ᠳᠠᠷᠤᠪᠴᠢ᠎ᠪᠠᠷ ᠳᠠᠭᠤᠳᠠᠬᠤ》 ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ ᠵᠢ ᠤᠯᠠᠮ ᠥᠷᠭᠡᠳᠬᠡᠨ᠎ᠡ᠃ 《ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠲᠦᠮᠡᠨ ᠡᠷᠦᠬᠡ᠎ᠳᠤ ᠬᠦᠷᠭᠡᠬᠦ》 ᠭᠣᠣᠯ ᠰᠡᠳᠦᠪᠲᠦ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠨᠡᠢ᠌ᠭᠡᠮ᠎ᠤᠨ ᠪᠠᠲᠤᠯᠠᠭ᠎ᠠ ᠵᠢᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠠᠷᠭ᠎ᠠ ᠵᠢ  ᠶᠡᠬᠡ᠎ᠪᠠᠷ ᠤᠬᠠᠭᠤᠯᠤᠨ ᠳᠡᠯᠭᠡᠷᠡᠭᠦᠯᠦᠨ᠎ᠡ᠃
     (ᠬᠣᠶᠠᠷ) ᠡᠯ᠎ᠡ ᠡᠲᠡᠭᠡᠳ᠎ᠤᠨ ᠬᠦᠴᠦᠨ᠎ᠢ ᠳᠠᠶ᠋ᠢᠴᠢᠯᠠᠨ᠂ ᠰᠤᠷᠪᠤᠯᠵᠢᠯᠠᠨ ᠲᠣᠬᠣᠨᠢᠭᠤᠯᠬᠤ ᠪᠠ ᠬᠠᠯᠠᠮᠵᠢᠯᠠᠨ ᠲᠡᠳᠬᠦᠬᠦ ᠠᠵᠢᠯᠯᠠᠭ᠎ᠠ ᠵᠢ ᠥᠷᠨᠢᠭᠦᠯᠦᠨ᠎ᠡ᠃ ᠨᠠᠮ᠎ᠤᠨ ᠭᠡᠰᠢᠭᠦᠨ ᠺᠠᠳ᠋ᠷᠴᠤᠳ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠡᠷᠭᠡ ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠳᠠᠶ᠋ᠢᠴᠢᠯᠠᠨ ᠵᠣᠬᠢᠶᠠᠨ ᠪᠠᠢ᠌ᠭᠤᠯᠵᠤ᠂ ᠠᠢ᠌ᠯᠴᠢᠯᠠᠨ ᠲᠣᠬᠣᠨᠢᠭᠤᠯᠬᠤ ᠠᠵᠢᠯᠯᠠᠭ᠎ᠠ ᠵᠢ ᠤᠯᠠᠨ ᠠᠷᠭ᠎ᠠ᠎ᠪᠠᠷ ᠥᠷᠭᠡᠨ ᠵᠶ᠋ᠡᠷ ᠥᠷᠨᠢᠭᠦᠯᠵᠦ᠂ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ᠂  ᠪᠡᠶ᠎ᠡ᠎ᠳᠤ᠎ᠪᠠᠨ ᠵᠦᠪ ᠦᠬᠡᠢ᠂  ᠨᠤᠴᠢᠳᠠᠢ ᠵᠡᠮᠳᠡᠭ ᠪᠣᠯᠤᠭᠰᠠᠨ᠂ ᠲᠥᠯᠥᠪᠯᠡᠭᠡ᠎ᠲᠠᠢ᠎ᠪᠠᠷ ᠬᠡᠦᠬᠡᠳ ᠠᠪᠤᠭᠰᠠᠨ ᠣᠨᠴᠠᠭ᠋ᠠᠶ ᠭᠡᠷ ᠪᠦᠯᠢ ᠵᠢᠨ ᠨᠠᠰᠤᠲᠠᠢ᠌ᠴᠤᠳ᠎ᠤᠨ᠎ᠬᠢ᠎ᠪᠠᠷ ᠭᠤᠤᠯᠳᠠᠯᠭ᠎ᠠ᠎ᠲᠠᠢ ᠠᠢ᠌ᠯᠴᠢᠯᠠᠨ ᠲᠣᠬᠣᠨᠢᠭᠤᠯᠵᠤ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠳᠣᠲᠣᠨᠣ ᠬᠠᠯᠠᠮᠵᠢᠯᠠᠯ᠎ᠢ ᠳᠠᠮᠵᠢᠭᠤᠯᠵᠤ᠂ ᠪᠣᠳᠠᠲᠠᠢ ᠬᠦᠴᠢᠷᠳᠡᠯ᠎ᠢ᠎ᠨᠢ ᠬᠠᠪᠰᠤᠷᠤᠨ ᠰᠢᠢ᠍ᠳᠪᠦᠷᠢᠯᠡᠵᠦ᠂ ᠨᠠᠰᠤᠲᠠᠢ᠌ᠴᠤᠳ᠎ᠲᠤ ᠬᠣᠯᠪᠣᠭᠳᠠᠭᠰᠠᠨ ᠵᠥᠷᠢᠴᠡᠯ ᠵᠠᠭᠤᠷᠠᠯᠳᠤᠭ᠋ᠠᠨ᠎ᠢ ᠪᠠᠢ᠌ᠴᠠᠭ᠋ᠠᠵᠤ ᠰᠢᠢ᠍ᠳᠪᠦᠷᠢᠯᠡᠨ᠎ᠡ᠃ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠬᠠᠨᠳᠢᠪ ᠡᠷᠬᠦᠬᠦ ᠠᠵᠤ ᠠᠬᠤᠢ᠌ᠯᠠᠯ ᠵᠡᠷᠭᠡ ᠵᠢ ᠥᠷᠭᠡᠨ ᠵᠶ᠋ᠡᠷ ᠲᠠᠢ᠍ᠢ᠍ᠴᠢᠯᠠᠨ ᠰᠠᠢ᠌ᠨ ᠳᠤᠷ᠎ᠠ ᠵᠢᠨ ᠨᠠᠰᠤᠲᠠᠨ᠎ᠢ ᠲᠤᠰᠠᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠦᠨ᠎ᠡ᠃ ᠨᠡᠩ ᠤᠯᠠᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠵᠣᠬᠢᠶᠠᠨ ᠪᠠᠢ᠌ᠭᠤᠯᠤᠨ ᠲᠠᠢ᠍ᠢ᠍ᠴᠢᠯᠠᠵᠦ ᠵᠠᠯᠠᠭᠤ ᠰᠠᠢ᠌ᠨ ᠳᠤᠷ᠎ᠠ ᠵᠢᠨ ᠦᠢ᠍ᠯᠡᠴᠢᠯᠡᠭᠴᠢ ᠵᠢᠨ ᠨᠠᠰᠤᠲᠠᠨ᠎ᠢ ᠬᠠᠪᠰᠤᠷᠬᠤ ᠠᠵᠢᠯᠯᠠᠭ᠎ᠠ᠎ᠳᠤ ᠣᠷᠣᠯᠴᠠᠭᠤᠯᠤᠨ᠎ᠠ᠃
    (ᠭᠤᠷᠪᠠ) ᠨᠠᠰᠤᠲᠠᠢ᠌ᠴᠤᠳ᠎ᠲᠤ ᠦᠢ᠍ᠯᠡᠴᠢᠯᠡᠬᠦ ᠠᠵᠢᠯ᠎ᠢ ᠰᠢᠯᠢᠳᠡᠭᠵᠢᠭᠦᠯᠵᠦ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠨᠠᠰᠤᠵᠢᠯ᠎ᠤᠨ ᠮᠡᠬᠡᠯᠡᠯ᠎ᠢ ᠰᠡᠷᠭᠡᠢ᠌ᠯᠡᠨ ᠵᠠᠰᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠴᠢᠮᠡᠬᠡ ᠬᠣᠯᠪᠣᠭ᠎ᠠ ᠰᠦᠯᠵᠢᠶ᠎ᠡ᠎ᠪᠠᠷ ᠮᠡᠬᠡᠯᠡᠬᠦ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠡᠷᠭᠡ ᠠᠶᠤᠯ ᠲᠦᠭᠰᠢᠭᠦᠷᠢ ᠵᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠭ᠎ᠠ ᠵᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠢᠳᠡᠭᠡᠨ᠂ ᠡᠷᠡᠭᠦᠯᠵᠢᠯ᠎ᠤᠨ ᠢᠳᠡᠭᠡᠨ ᠵᠶ᠋ᠡᠷ ᠮᠡᠬᠡᠯᠡᠬᠦ ᠪᠠ ᠬᠤᠳᠠᠯ ᠬᠠᠭᠤᠷᠮᠠᠭ ᠵᠶ᠋ᠠᠷ ᠤᠬᠠᠭᠤᠯᠬᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠠᠰᠤᠲᠠᠢ᠌ᠴᠤᠳ᠎ᠤᠨ ᠦᠢ᠍ᠯᠡᠳᠬᠦᠨ᠎ᠤ ᠶᠠᠰᠤ ᠴᠢᠨᠠᠷ᠎ᠤᠨ ᠠᠶᠤᠯ ᠦᠬᠡᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠦᠴᠦᠯᠡᠨ ᠬᠠᠮᠠᠭ᠋ᠠᠯᠠᠨ᠎ᠠ᠃ ᠨᠠᠰᠤᠲᠠᠢ᠌ᠴᠤᠳ᠎ᠤᠨ ᠮᠡᠬᠡᠯᠡᠯ᠎ᠢ ᠡᠰᠡᠷᠭᠦᠴᠡᠬᠦ ᠮᠡᠳᠡᠯᠭᠡ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠨ᠂ ᠤᠬᠠᠭᠤᠯᠭ᠎ᠠ ᠵᠢᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠨᠠᠰᠤᠲᠠᠢ᠌ᠴᠤᠳ᠎ᠤᠨ ᠰᠡᠷᠭᠡᠢ᠌ᠯᠡᠬᠦ ᠦᠵᠡᠯ ᠤᠬᠠᠮᠰᠠᠷ᠎ᠢ ᠲᠡᠭᠡᠭᠰᠢᠯᠡᠬᠦᠯᠤᠨ᠎ᠡ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠂ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ ᠵᠡᠷᠭᠡ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠯᠠᠨ ᠬᠡᠯᠪᠡᠷᠢ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠬᠦ ᠵᠢ ᠲᠡᠮᠵᠢᠵᠤ᠂ ᠴᠢᠨᠠᠷ ᠰᠠᠢ᠌ᠲᠠᠢ ᠥᠨᠳᠥᠷ ᠪᠦᠲᠦᠮᠵᠢᠲᠡᠶ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠵᠤ᠂ ᠬᠠᠤᠯᠢ ᠴᠠᠭ᠋ᠠᠵᠠ ᠵᠢᠨ ᠦᠢ᠍ᠯᠡᠴᠢᠯᠡᠭᠡ᠎ᠪᠠᠷ ᠨᠠᠰᠤᠲᠠᠢ᠌ᠴᠤᠳ᠎ᠲᠤ ᠨᠡᠩ ᠰᠠᠢ᠌ᠨ ᠠᠰᠢᠭ ᠬᠦᠷᠲᠡᠭᠡᠨ᠎ᠡ᠃ 《  ᠦᠳᠡᠯᠤᠬᠡ ᠪᠤᠭᠤᠷᠤᠯᠴᠤᠳ ᠵᠶ᠋ᠡᠨ ᠰᠠᠬᠢᠨ ᠬᠠᠮᠠᠭ᠋ᠠᠯᠠᠬᠤ》 ᠨᠠᠰᠤᠲᠠᠢ᠌ᠴᠤᠳ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠷᠠᠳᠢᠣ᠋ ᠨᠡᠪᠲᠡᠷᠡᠭᠦᠯᠭᠡ ᠵᠢᠨ ᠰᠢᠷᠢᠰ ᠫᠷᠣᠭ᠌ᠷᠠᠮ᠎ᠢ ᠦᠢ᠍ᠯᠡᠳᠦᠨ ᠨᠠᠪᠲᠠᠷᠡᠭᠦᠯᠵᠦ᠂ ᠨᠠᠰᠤᠲᠠᠢ᠌ᠴᠤᠳ᠎ᠤᠨ ᠲᠤᠬᠠᠢ ᠬᠠᠤᠯᠢ ᠵᠢ ᠲᠦᠭᠡᠮᠡᠯᠵᠢᠭᠦᠯᠬᠦ ᠬᠥᠮᠦᠵᠢᠯ᠎ᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
     (ᠳᠥᠷᠪᠡ) ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠵᠦ᠂ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ᠂ ᠨᠠᠰᠤᠲᠠᠢ᠌ᠴᠤᠳ᠎ᠤᠨ ᠡᠷᠡᠭᠦᠯ ᠮᠡᠨᠳᠦ ᠬᠢᠭᠡᠳ ᠡᠮᠴᠢᠯᠡᠭᠡ ᠰᠤᠪᠢᠯᠠᠯᠲᠠ ᠵᠢ ᠤᠶᠠᠯᠳᠤᠭᠤᠯᠬᠤ᠂ ᠴᠢᠰᠤᠨ ᠳᠠᠷᠤᠯᠲᠠ ᠥᠨᠳᠥᠷ ᠡᠪᠡᠳᠴᠢᠲᠡᠨ᠎ᠤ ᠡᠷᠡᠭᠦᠯ ᠮᠡᠨᠳᠦ ᠵᠢᠨ ᠬᠠᠮᠢᠶᠠᠷᠤᠯᠲᠠ᠂ ᠰᠢᠬᠢᠷ ᠰᠢᠵᠢᠩ ᠡᠪᠡᠳᠴᠢᠲᠡᠨ᠎ᠤ ᠡᠷᠡᠭᠦᠯ ᠮᠡᠨᠳᠦ ᠵᠢᠨ ᠬᠠᠮᠢᠶᠠᠷᠤᠯᠲᠠ᠂ ᠬᠢᠲᠠᠳ ᠡᠮ ᠡᠮᠨᠡᠯᠭᠡ ᠵᠢᠨ ᠡᠷᠡᠭᠦᠯ ᠮᠡᠨᠳᠦ ᠵᠢᠨ ᠬᠠᠮᠢᠶᠠᠷᠤᠯᠲᠠ ᠵᠡᠷᠭᠡ ᠤᠯᠤᠰ᠎ᠤᠨ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢ ᠶᠡᠬᠡ᠎ᠪᠠᠷ ᠤᠬᠠᠭᠤᠯᠵᠤ᠂ ᠸᠠᠺᠼᠢᠨ᠎ᠤ ᠲᠠᠷᠢᠯᠭ᠎ᠠ᠂ ᠨᠠᠰᠤᠲᠠᠢ᠌ᠴᠤᠳ᠎ᠤᠨ ᠪᠠᠢ᠌ᠩᠭᠤ ᠲᠣᠬᠢᠶᠠᠯᠳᠤᠳᠠᠭ ᠡᠪᠡᠳᠴᠢᠨ ᠪᠠ ᠤᠳᠠᠭ᠋ᠠᠨ ᠴᠢᠨᠠᠷᠲᠠᠢ ᠡᠪᠡᠳᠴᠢᠨ᠎ᠢ ᠰᠡᠷᠭᠡᠢ᠌ᠯᠡᠨ ᠵᠠᠰᠠᠬᠤ᠂ ᠭᠡᠮᠲᠦᠯ᠎ᠢ ᠰᠡᠷᠭᠡᠢ᠌ᠯᠡᠬᠦ᠂ ᠪᠠᠴᠢᠮ ᠪᠠᠢ᠌ᠳᠠᠯ᠎ᠢ  ᠠᠷᠭ᠋ᠠᠴᠠᠭ᠋ᠠᠵᠤ ᠠᠪᠤᠷᠠᠨ ᠲᠤᠰᠠᠯᠠᠬᠤ᠂ ᠰᠡᠳᠬᠢᠴᠡ ᠵᠢᠨ ᠡᠷᠡᠭᠦᠯ ᠮᠡᠨᠳᠦ᠂ ᠠᠮᠢ ᠨᠠᠰᠤᠨ᠎ᠤ ᠲᠤᠬᠠᠢ ᠬᠥᠮᠦᠵᠢᠯ ᠵᠡᠷᠭᠡ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠦᠨ᠎ᠡ᠃ ᠨᠠᠰᠤᠲᠠᠢ᠌ᠴᠤᠳ᠎ᠤᠨ ᠠᠮᠠᠨ ᠬᠥᠨᠳᠡᠢ ᠵᠢᠨ ᠡᠷᠡᠭᠦᠯ ᠮᠡᠨᠳᠦ᠂ ᠨᠠᠰᠤᠲᠠᠢ᠌ᠴᠤᠳ᠎ᠤᠨ ᠰᠢᠮ᠎ᠡ ᠲᠡᠵᠢᠭᠡᠯ᠎ᠢ ᠰᠠᠢ᠌ᠵᠢᠷᠠᠭᠤᠯᠬᠤ᠂ ᠨᠠᠰᠤᠲᠠᠢ᠌ᠴᠤᠳ᠎ᠤᠨ ᠵᠥᠨᠥᠭ ᠡᠪᠡᠳᠴᠢᠨ᠎ᠢ ᠰᠡᠷᠭᠡᠢ᠌ᠯᠡᠨ ᠵᠠᠰᠠᠬᠤ ᠵᠢ ᠠᠬᠢᠭᠤᠯᠬᠤ ᠪᠠ ᠨᠠᠰᠤᠲᠠᠢ᠌ᠴᠤᠳ᠎ᠤᠨ ᠰᠡᠳᠬᠢᠴᠡ ᠵᠢ ᠬᠠᠯᠠᠮᠵᠢᠯᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠡᠷᠡᠭᠦᠯ ᠮᠡᠨᠳᠦ ᠨᠠᠰᠤᠵᠢᠯᠳᠠ ᠵᠢ ᠠᠬᠢᠭᠤᠯᠤᠨ᠎ᠠ᠃᠂ ᠬᠢᠲᠠᠳ ᠡᠮᠨᠡᠯᠭᠡ ᠵᠢᠨ ᠡᠷᠡᠭᠦᠯ ᠮᠡᠨᠳᠦ ᠵᠢᠨ ᠪᠡᠶ᠎ᠡ ᠵᠢᠨ ᠪᠠᠢ᠌ᠴᠠᠭ᠋ᠠᠯᠲᠠ᠂ ᠡᠷᠡᠭᠦᠯ ᠮᠡᠨᠳᠦ ᠵᠢᠨ ᠵᠢᠯᠣᠭᠣᠳᠤᠯᠭ᠎ᠠ᠂ ᠡᠷᠡᠭᠦᠯ ᠮᠡᠨᠳᠦ ᠵᠢᠨ ᠬᠠᠮᠢᠶᠠᠷᠤᠯᠲᠠ ᠵᠡᠷᠭᠡ ᠦᠢ᠍ᠯᠡᠴᠢᠯᠡᠭᠡ ᠵᠢ ᠢᠳᠡᠪᠬᠢᠲᠡᠢ ᠥᠷᠨᠢᠭᠦᠯᠦᠨ᠎ᠡ᠃ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠮᠡᠳᠡᠯᠭᠡ ᠵᠢᠨ ᠤᠷᠤᠯᠳᠤᠭ᠋ᠠᠨ ᠡᠷᠬᠢᠯᠡᠨ᠎ᠡ᠃
     (ᠲᠠᠪᠤ) ᠰᠣᠶᠣᠯ ᠲᠠᠮᠢᠷ᠎ᠤᠨ ᠠᠵᠢᠯᠯᠠᠭ᠎ᠠ ᠵᠢ ᠪᠠᠶᠠᠯᠢᠭᠵᠢᠭᠤᠯᠵᠤ᠂ ᠨᠠᠰᠤᠲᠠᠢ᠌ᠴᠤᠳ᠎ᠤᠨ ᠨᠡᠢ᠌ᠭᠡᠮ᠎ᠤᠨ ᠣᠷᠤᠯᠴᠠᠯᠭ᠎ᠠ ᠵᠢ ᠠᠬᠢᠭᠤᠯᠤᠨ᠎ᠠ᠃ ᠡᠯ᠎ᠡ ᠭᠠᠵᠠᠷ᠎ᠤᠨ ᠨᠠᠰᠤᠲᠠᠢ᠌ᠴᠤᠳ᠎ᠤᠨ ᠶᠡᠬᠡ ᠰᠤᠷᠭ᠋ᠠᠭᠤᠯᠢ ᠵᠢᠨ ᠳᠠᠪᠠᠭᠤᠯᠢᠭ᠎ᠢ ᠭᠦᠢ᠍ᠴᠡᠳ ᠠᠰᠢᠭᠯᠠᠨ᠂ ᠲᠠᠯᠠᠪᠠᠶ ᠵᠢᠨ ᠪᠥᠵᠢᠭ᠂ ᠠᠯᠬᠤᠬᠤ᠂ ᠲᠠᠭᠤᠯᠠᠬᠤ᠂ ᠤᠡᠭᠰᠢᠬᠤ᠂ ᠪᠢᠴᠢᠯᠭᠡ ᠵᠢᠷᠤᠭ᠂ ᠬᠡᠷᠡᠯ ᠵᠢᠷᠤᠭ ᠵᠡᠷᠭᠡ ᠨᠠᠰᠤᠲᠠᠢ᠌ᠴᠤᠳ᠎ᠲᠤ ᠲᠣᠬᠢᠷᠠᠬᠤ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃ 《ᠶᠢᠰᠦᠨ ᠰᠠᠷ᠎ᠠ ᠵᠢᠨ ᠶᠢᠰᠦᠨ》᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠭᠣᠣᠯ ᠰᠡᠳᠦᠪᠲᠦ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ ᠨᠠᠰᠤᠲᠠᠢ᠌ᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠯᠣᠭᠣᠳᠤᠯᠭ᠎ᠠ ᠵᠢ ᠴᠢᠩᠭ᠋ᠠᠳᠬᠠᠨ᠂ ᠨᠠᠰᠤᠲᠠᠢ᠌ᠴᠤᠳ᠎ᠤᠨ ᠪᠡᠶ᠎ᠡ ᠴᠢᠭᠢᠷᠠᠭᠵᠢᠭᠤᠯᠬᠤ ᠰᠣᠯᠢᠯᠴᠠᠭ᠎ᠠ᠂ ᠪᠣᠯᠪᠠᠰᠤᠷᠠᠯ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠡᠷᠭᠡ ᠠᠵᠢᠯᠯᠠᠭ᠎ᠠ ᠵᠢ ᠡᠷᠭᠢᠯᠡᠨ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ᠤᠷ᠎ᠠ ᠴᠢᠳᠠᠪᠤᠷᠢ ᠵᠢ ᠲᠦᠭᠡᠮᠡᠯᠵᠢᠭᠦᠯᠵᠦ᠂ ᠨᠡᠷᠡᠬᠦᠢ ᠨᠢᠳᠤᠷᠭ᠎ᠠ᠂ ᠪᠠ ᠳ᠋ᠤᠸᠠᠨ ᠵᠢᠨ᠂ ᠡᠤ ᠴᠢᠨ ᠰᠢ ᠵᠦᠴᠤᠬᠡ ᠵᠡᠷᠭᠡ ᠤᠯᠠᠮᠵᠢᠯᠠᠯᠲᠤ ᠬᠥᠳᠡᠯᠭᠡᠭᠡᠨ᠎ᠤ ᠲᠥᠷᠥᠯ ᠵᠦᠢ᠍ᠯ᠎ᠢ ᠳᠡᠯᠭᠡᠷᠡᠭᠦᠯᠦᠨ᠎ᠡ᠃ ᠡᠯ᠎ᠡ ᠭᠠᠵᠠᠷ᠎ᠤᠨ᠎ᠬᠢᠨ᠎ᠤ 《ᠶᠢᠰᠦᠨ ᠰᠠᠷ᠎ᠠ ᠵᠢᠨ ᠶᠢᠰᠦᠨ᠎ᠤ ᠪᠠᠶᠠᠷ》᠎ᠤᠨ ᠡᠳᠦᠷ᠎ᠲᠤ ᠨᠠᠰᠤᠲᠠᠢ᠌ᠴᠤᠳ᠎ᠲᠤ ᠪᠡᠶ᠎ᠡ ᠵᠢᠨ ᠲᠠᠮᠢᠷ᠎ᠤᠨ ᠣᠷᠳᠣᠨ ᠪᠠ ᠣᠷᠣᠨ ᠪᠦᠰᠡ ᠵᠢᠨ ᠳᠣᠲᠣᠷᠠᠬᠢ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠢ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠵᠦ᠂ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠎ᠤᠨ᠎ᠬᠢᠨ ᠨᠠᠰᠤᠲᠠᠢ᠌ᠴᠤᠳ᠎ᠲᠤ ᠬᠠᠷᠠᠭ᠋ᠠᠯᠵᠠᠯ ᠦᠵᠡᠭᠦᠯᠬᠦ ᠬᠡᠷᠡᠭᠳᠡᠢ᠃ ᠠᠵᠤ ᠠᠬᠤᠢ᠌ᠯᠠᠯ᠎ᠤᠳ ᠨᠠᠰᠤᠲᠠᠢ᠌ᠴᠤᠳ᠎ᠲᠤ ᠲᠣᠬᠢᠷᠠᠬᠤ ᠪᠡᠶ᠎ᠡ ᠰᠤᠪᠢᠯᠠᠬᠤ ᠵᠢᠭᠤᠯᠴᠢᠯᠠᠯ᠂ ᠡᠮᠴᠢᠯᠡᠭᠡᠨ᠎ᠤ ᠵᠢᠭᠤᠯᠴᠢᠯᠠᠯ ᠵᠡᠷᠭᠡ ᠰᠡᠯᠡᠭᠦᠴᠡᠨ ᠠᠮᠠᠷᠠᠬᠤ ᠲᠥᠷᠥᠯ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠵᠢ ᠳᠡᠮᠵᠢᠨ᠎ᠡ᠃ ᠵᠡᠮᠳᠡᠭ ᠨᠠᠰᠤᠲᠠᠢ᠌ᠴᠤᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠦᠬᠦᠯᠢ ᠴᠣᠭᠴᠠ ᠵᠢᠨ ᠲᠣᠬᠢᠷᠠᠭᠤᠯᠤᠯᠲᠠ᠎ᠳᠤ ᠣᠷᠣᠭᠤᠯᠵᠤ᠂ ᠵᠡᠮᠳᠡᠭ ᠨᠠᠰᠤᠲᠠᠢ᠌ᠴᠤᠳ᠎ᠲᠤ ᠲᠣᠬᠢᠷᠠᠬᠤ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠠᠷᠭ᠎ᠠ ᠪᠠ ᠠᠵᠢᠯᠯᠠᠭ᠎ᠠ ᠵᠢ ᠨᠠᠩ ᠣᠯᠠᠨ ᠭᠠᠷᠭ᠋ᠠᠨ᠎ᠠ᠃
     (ᠵᠢᠷᠭᠤᠭ᠎ᠠ) ᠤᠬᠠᠭᠤᠯᠤᠨ ᠰᠠᠨᠠᠭ᠋ᠠᠴᠢᠯᠠᠬᠤ ᠵᠢ ᠴᠢᠩᠭ᠋ᠠᠷᠠᠭᠤᠯᠵᠤ᠂ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠵᠤ ᠨᠠᠰᠤᠲᠠᠨ ᠵᠶ᠋ᠠᠨ ᠬᠠᠪᠰᠤᠷᠬᠤ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠬᠥᠮᠥᠨ ᠠᠮᠠ ᠵᠢᠨ ᠨᠠᠰᠤᠵᠢᠯᠲᠠ ᠵᠢᠨ ᠲᠤᠬᠠᠢ ᠤᠯᠤᠰ᠎ᠤᠨ ᠪᠠᠢ᠌ᠳᠠᠯ᠎ᠤᠨ ᠬᠥᠮᠦᠵᠢᠯ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠲᠤᠬᠠᠢ ᠨᠡᠢ᠌ᠬᠡᠮ ᠲᠠᠶᠠᠭ᠋ᠠᠷ᠎ᠤᠨ᠎ᠬᠢᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠎ᠠ᠃ ᠪᠦᠬᠦ ᠤᠯᠤᠰ᠎ᠤᠨ ᠨᠠᠰᠤᠲᠠᠢ᠌ᠴᠤᠳ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠠᠵᠢᠯᠲᠠᠨ᠎ᠤ ᠨᠡᠢ᠌ᠲᠡᠯᠢᠭ ᠦᠢ᠍ᠯᠡ ᠠᠵᠢᠯᠯᠠᠭ᠎ᠠ ᠵᠢ ᠶᠡᠬᠡ᠎ᠪᠠᠷ ᠤᠬᠠᠭᠤᠯᠵᠤ᠂ ᠨᠠᠰᠤᠲᠠᠢ᠌ᠴᠤᠳ᠎ᠤᠨ ᠲᠡᠷᠢᠭᠦᠨ᠎ᠤ᠎ᠬᠢ᠎ᠠᠴᠠ ᠰᠤᠷᠤᠯᠴᠠᠬᠤ᠂ ᠴᠢᠷᠮᠠᠢ᠌ᠨ ᠲᠡᠮᠡᠴᠡᠵᠦ ᠬᠤᠪᠢ ᠨᠡᠮᠡᠷᠢ ᠦᠵᠡᠭᠦᠯᠬᠦ ᠵᠢ ᠤᠷᠮᠠᠰᠢᠭᠤᠯᠤᠨ ᠵᠢᠯᠣᠭᠣᠳᠤᠨ᠎ᠠ᠃ ᠨᠠᠰᠤᠲᠠᠨ᠎ᠢ ᠬᠦᠨᠳᠦᠯᠡᠬᠦ ᠰᠡᠳᠦᠪᠲᠦ ᠷᠠᠳᠢᠣ᠋ ᠨᠡᠪᠲᠡᠷᠡᠭᠦᠯᠭᠡ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ᠎ᠢ ᠵᠣᠬᠢᠶᠠᠨ ᠪᠦᠲᠦᠭᠡᠵᠦ ᠨᠡᠪᠲᠡᠷᠡᠭᠦᠯᠬᠦ ᠵᠢ ᠵᠣᠷᠢᠭᠵᠢᠭᠤᠯᠵᠤ᠂ ᠪᠦᠬᠦ ᠤᠯᠤᠰ᠎ᠤᠨ ᠨᠠᠰᠤᠲᠠᠨ᠎ᠢ ᠬᠦᠨᠳᠦᠯᠡᠵᠦ ᠨᠠᠰᠤᠲᠠᠨ᠎ᠢ ᠠᠰᠠᠷᠠᠵᠤ ᠨᠠᠰᠤᠲᠠᠨ᠎ᠢ ᠬᠠᠪᠰᠤᠷᠬᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠴᠤᠭᠯᠠᠭᠤᠯᠬᠤ ᠪᠠ ᠳᠡᠯᠭᠡᠨ ᠨᠡᠪᠲᠡᠷᠡᠭᠦᠯᠬᠦ ᠠᠵᠢᠯᠯᠠᠭ᠎ᠠ ᠵᠢ ᠥᠷᠨᠢᠭᠦᠯᠵᠦ᠂ ᠬᠥᠮᠥᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠢ᠌ᠳᠠᠯ᠎ᠤᠨ ᠬᠥᠮᠦᠵᠢᠯ᠎ᠤᠨ ᠲᠠᠨᠢᠯᠴᠠᠭᠤᠯᠭ᠎ᠠ ᠵᠢᠨ ᠺᠢᠨᠣ᠋ ᠵᠢ ᠨᠡᠪᠲᠡᠷᠡᠭᠦᠯᠦᠨ᠎ᠡ᠃ 《ᠮᠥᠩᠭᠥᠨ ᠪᠤᠭᠤᠷᠤᠯᠴᠤᠳ᠎ᠤᠨ ᠤᠩᠰᠢᠯᠭ᠎ᠠ — ᠠᠯᠲᠠᠨ ᠰᠢᠷᠭ᠋ᠠᠯ ᠤᠨ ᠵᠢᠯ》 ᠨᠠᠰᠤᠲᠠᠢ᠌ᠴᠤᠳ᠎ᠤᠨ ᠤᠩᠰᠢᠯᠭ᠎ᠠ ᠵᠢ ᠳᠡᠯᠭᠡᠷᠡᠭᠦᠯᠬᠦ ᠰᠢᠷᠢᠰ ᠠᠵᠢᠯᠯᠠᠭ᠎ᠠ ᠵᠢ ᠥᠷᠨᠢᠭᠦᠯᠦᠨ᠎ᠡ᠃ ᠡᠯ᠎ᠡ ᠭᠠᠵᠠᠷ᠎ᠤᠨ᠎ᠬᠢᠨ᠎ᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠴᠢᠩᠭ᠋ᠠᠳᠬᠠᠭᠰᠠᠨ ᠨᠡᠢ᠌ᠲᠡᠯᠢᠭ ᠲᠤᠷᠰᠢᠯᠭ᠎ᠠ ᠵᠢ ᠳᠡᠯᠭᠡᠷᠡᠭᠦᠯᠵᠦ᠂ ᠨᠠᠰᠤᠲᠠᠨ ᠵᠶ᠋ᠠᠨ ᠠᠴᠢᠯᠠᠵᠤ ᠨᠠᠰᠤᠲᠠᠨ ᠵᠶ᠋ᠠᠨ ᠬᠦᠨᠳᠦᠯᠡᠬᠦ ᠪᠣᠯᠪᠠᠰᠤᠨ ᠨᠤᠲᠤᠭ᠎ᠤᠨ ᠰᠤᠷᠲᠠᠯ᠎ᠢ ᠪᠠᠳᠠᠷᠠᠭᠤᠯᠤᠨ᠎ᠠ᠃ 《ᠬᠠᠮᠤᠭ᠎ᠤᠨ ᠰᠤᠳᠤᠨ ᠭᠡᠷ ᠪᠦᠯᠢ》 ᠵᠢᠨ ᠠᠵᠢᠯᠯᠠᠭ᠎ᠠ ᠵᠢ ᠡᠷᠢᠬᠦ᠎ᠪᠠᠷ ᠠᠴᠢᠶᠠᠯᠠᠪᠤᠷᠢ ᠪᠣᠯᠭ᠋ᠠᠵᠤ᠂ ᠨᠠᠰᠤᠲᠠᠨ ᠵᠶ᠋ᠠᠨ ᠠᠴᠢᠯᠠᠵᠤ ᠲᠥᠷᠥᠯ ᠰᠠᠳᠤᠨ ᠵᠶ᠋ᠠᠨ ᠬᠠᠢ᠌ᠷᠠᠯᠠᠬᠤ ᠭᠡᠷ ᠪᠦᠯᠢ ᠵᠢᠨ ᠨᠡᠢ᠌ᠲᠡᠯᠢᠭ ᠵᠢᠱ᠌ᠢᠶ᠎ᠡ ᠵᠢ ᠰᠣᠩᠭᠣᠨ ᠤᠬᠠᠭᠤᠯᠤᠨ᠎ᠠ᠃ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠡᠮᠡᠭᠲᠡᠢ᠌ᠴᠦᠳ᠎ᠤᠨ ᠰᠠᠢ᠌ᠨ ᠳᠤᠷ᠎ᠠ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠰᠤᠲᠠᠢ᠌ᠴᠤᠳ᠎ᠢ ᠬᠠᠯᠠᠮᠵᠢᠯᠠᠨ ᠬᠠᠢ᠌ᠷᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ  ᠠᠬᠢᠭᠤᠯᠤᠨ᠎ᠠ᠃


ᠲᠠᠪᠤ᠂ ᠠᠵᠢᠯ᠎ᠤᠨ ᠱᠠᠭ᠋ᠠᠷᠳᠠᠯᠭ᠎ᠠ

    

 (ᠨᠢᠭᠡ) ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠢᠮᠪᠠᠢ ᠲᠥᠯᠥᠪᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠎ᠤᠨ᠎ᠬᠢᠨ 《ᠨᠠᠰᠤᠲᠠᠨ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢ ᠴᠢᠬᠤᠯᠠᠴᠢᠯᠠᠨ᠂ ᠲᠤᠰ ᠭᠠᠵᠠᠷ ᠣᠷᠣᠨ ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠷᠲᠡ᠎ᠠᠴᠠ ᠲᠥᠯᠥᠪᠯᠡᠨ᠂ ᠨᠢᠮᠪᠠᠢ ᠲᠣᠬᠢᠷᠠᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠤᠯᠤᠰ᠎ᠤᠨ ᠨᠠᠰᠤᠲᠠᠢ᠌ᠴᠤᠳ᠎ᠤᠨ ᠦᠢ᠍ᠯᠡᠰ᠎ᠤᠨ ᠬᠥᠭᠵᠢᠯᠲᠡ ᠪᠣᠯᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠤᠨ ᠲᠥᠯᠦᠪᠵᠢᠭᠦᠯᠭᠡ》᠎ᠳᠤ ᠳᠤᠷᠠᠳᠤᠭᠰᠠᠨ 《ᠰᠢᠶᠠᠨ (ᠬᠤᠳᠠ᠂ ᠲᠣᠭᠣᠷᠢᠭ᠂ ᠬᠣᠰᠢᠭᠤ)  ᠪᠤᠯᠭ᠋ᠠᠨ᠎ᠳᠤ 〈ᠨᠠᠰᠤᠲᠠᠨ᠎ᠢ ᠬᠦᠨᠳᠦᠯᠡᠬᠦ ᠰᠠᠷ᠎ᠠ〉 ᠵᠢᠨ ᠠᠵᠢᠯᠯᠠᠭ᠎ᠠ ᠵᠢ ᠵᠢᠯ ᠪᠦᠷᠢ ᠨᠢᠭᠡ ᠤᠳᠠᠭ᠎ᠠ  ᠥᠷᠨᠢᠭᠦᠯᠬᠦ》 ᠠᠵᠢᠯ ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠎ᠤᠨ᠎ᠬᠢᠨ ᠡᠯ᠎ᠡ ᠪᠦᠷᠢᠯᠳᠦᠭᠦᠨ ᠨᠢᠬᠡᠴᠢ᠎ᠯᠦᠭᠡ ᠵᠢᠨ ᠵᠤᠬᠢᠴᠠᠯᠳᠤᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠥᠷᠥᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠡᠬᠢ ᠪᠠᠶᠠᠯᠢᠭ᠎ᠢ ᠨᠡᠢ᠌ᠯᠡᠭᠦᠯᠵᠦ᠂ ᠠᠷᠠᠳ ᠣᠯᠠᠨ᠎ᠤ ᠦᠵᠡᠵᠦ ᠰᠣᠨᠢᠷᠬᠠᠬᠤ ᠳᠤᠷᠠᠲᠠᠢ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠪᠣᠶ ᠪᠣᠯᠭ᠋ᠠᠬᠤ ᠬᠡᠷᠡᠭᠲᠡᠢ᠃
   (ᠬᠣᠶᠠᠷ) ᠠᠮᠢᠳᠤᠯᠢᠭ ᠵᠶ᠋ᠠᠷ ᠰᠢᠨ᠎ᠡ ᠵᠢ ᠡᠭᠦᠳᠴᠦ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠨ᠎ᠠ᠃ ᠠᠵᠢᠯᠯᠠᠭ᠎ᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ᠂ ᠠᠵᠢᠯᠯᠠᠭ᠎ᠠ ᠵᠢᠨ ᠠᠭᠤᠯᠭ᠎ᠠ ᠵᠢ ᠪᠠᠶᠠᠯᠢᠭᠵᠢᠭᠤᠯᠵᠤ᠂ ᠠᠵᠢᠯᠯᠠᠭ᠎ᠠ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠳᠡᠢ᠃ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠦᠷᠢᠯᠬᠡᠬᠦ ᠦᠭᠡᠢ᠂ ᠬᠡᠯᠪᠡᠷᠢ ᠵᠢᠨ ᠦᠵᠡᠯ ᠭᠠᠷᠭ᠋ᠠᠬᠤ ᠦᠭᠡᠢ ᠪᠠᠢ᠌ᠬᠤ ᠬᠡᠷᠡᠭᠳᠡᠢ᠃
   (ᠭᠤᠷᠪᠠ) ᠦᠨᠳᠦᠰᠦᠨ ᠱᠠᠲᠤᠨ᠎ᠳᠤ ᠬᠠᠨᠳᠤᠭᠤᠯᠤᠨ᠂ ᠨᠥᠯᠥᠭᠡ ᠵᠢ ᠥᠷᠭᠡᠳᠬᠡᠨ᠎ᠡ᠃ ᠦᠨᠳᠦᠰᠦᠨ ᠱᠠᠲᠤᠨ᠎ᠳᠤ ᠬᠠᠨᠳᠤᠭᠤᠯᠬᠤ᠂ ᠤᠯᠠᠨ ᠲᠦᠮᠡᠨ᠎ᠳᠤ ᠬᠠᠨᠳᠤᠭᠤᠯᠬᠤ ᠵᠢ ᠪᠠᠷᠢᠮᠲᠠᠯᠠᠵᠤ᠂  ᠨᠢᠭᠡᠳᠦᠯᠲᠡᠢ ᠵᠣᠬᠢᠶᠠᠨ ᠪᠠᠶ᠋ᠢᠭᠤᠯᠬᠤ ᠠᠵᠢᠯᠯᠠᠭ᠎ᠠ ᠪᠠ ᠤᠯᠠᠨ ᠲᠦᠮᠡᠨ᠎ᠤ ᠠᠶᠠᠨᠳᠠᠭ᠋ᠠᠨ ᠥᠷᠨᠢᠭᠦᠯᠬᠦ ᠠᠵᠢᠯᠯᠠᠭ᠎ᠠ ᠵᠢ ᠤᠶᠠᠯᠳᠤᠭᠤᠯᠬᠤ ᠵᠢ ᠴᠢᠬᠤᠯᠠᠴᠢᠯᠠᠵᠤ᠂ ᠨᠠᠰᠤᠲᠠᠢ᠌ᠴᠤᠳ᠎ᠲᠤ ᠬᠣᠯᠪᠣᠭᠳᠠᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠬᠦᠴᠦᠨ᠎ᠢ ᠲᠠᠢ᠍ᠢ᠍ᠴᠢᠯᠠᠨ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠭᠣᠣᠯ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠬᠤᠪᠢ ᠵᠢᠨ ᠵᠠᠭᠤᠴᠢᠯᠠᠭᠤᠷ᠎ᠤᠨ ᠲᠠᠪᠴᠠᠩ᠎ᠢ ᠭᠦᠢ᠍ᠴᠡᠳ ᠠᠰᠢᠭᠯᠠᠨ᠂ 《ᠨᠠᠰᠤᠲᠠᠨ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢ ᠤᠬᠠᠭᠤᠯᠤᠨ ᠮᠡᠳᠡᠭᠡᠯᠡᠬᠦ ᠠᠵᠢᠯ᠎ᠢ ᠴᠢᠩᠭ᠋ᠠᠳᠬᠠᠵᠤ᠂ ᠠᠵᠢᠯᠯᠠᠭ᠎ᠠ ᠵᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠵᠢ ᠲᠠᠰᠤᠷᠠᠯᠳᠠ ᠦᠭᠡᠢ ᠦᠷᠬᠡᠳᠬᠡᠬᠦ ᠬᠡᠷᠡᠭᠳᠡᠢ᠃
   ᠡᠯ᠎ᠡ ᠮᠤᠵᠢ (ᠣᠷᠣᠨ᠂ ᠬᠣᠲᠠ) ᠵᠢᠨ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠂  ᠠᠰ᠎ᠲᠤ᠎ᠪᠠᠨ ᠲᠦᠯᠦᠪᠯᠡᠬᠡ ᠭᠠᠷᠭ᠋ᠠᠬᠤ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠠᠰᠤᠲᠠᠢ᠌ᠴᠤᠳ᠎ᠤᠨ ᠠᠵᠢᠯ᠎ᠤᠨ ᠵᠥᠪᠯᠡᠯ ᠪᠣᠯᠣᠨ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠡᠯ᠎ᠡ ᠪᠦᠷᠢᠯᠳᠦᠭᠦᠨ ᠨᠢᠬᠡᠴᠢ᠎ᠨᠦᠭᠦᠳ ᠲᠣᠰ ᠮᠡᠳᠡᠭᠳᠡᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ 2023 ᠣᠨ᠎ᠤ 11 ᠳ᠋ᠦᠭᠡᠷ ᠰᠠᠷ᠎ᠠ ᠵᠢᠨ 15᠎ᠤ ᠡᠳᠦᠷ᠎ᠠᠴᠠ ᠡᠮᠦᠨ᠎ᠡ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢᠨ ᠳ᠋ᠦᠩᠨᠡᠯᠲᠡ᠎ᠪᠠᠨ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠎ᠲᠤ ᠮᠡᠳᠡᠭᠦᠯᠬᠦ ᠬᠡᠷᠡᠭᠲᠡᠢ᠃

   ᠪᠦᠬᠦ ᠤᠯᠤᠰ᠎ᠤᠨ ᠨᠠᠰᠤᠳᠠᠢ᠌ᠴᠤᠳ᠎ᠤᠨ ᠠᠵᠢᠯ᠎ᠤᠨ ᠵᠦᠪᠯᠡᠯ

       2023 ᠣᠨ᠎ᠤ 9 ᠰᠠᠷ᠎ᠠ ᠵᠢᠨ 25᠎ᠤ ᠡᠳᠤᠷ


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠲᠠᠪᠤᠳᠤᠭ᠋ᠠᠷ ᠤᠳᠠᠭ᠋ᠠᠨ᠎ᠤ ᠳᠤᠮᠳᠠᠳᠤ ᠤᠯᠤᠰ᠎ᠤᠨ ᠬᠣᠲᠠ ᠬᠥᠳᠡᠭᠡ ᠵᠢᠨ ᠨᠠᠰᠤᠲᠠᠢ᠌ᠴᠤᠳ᠎ᠤᠨ ᠠᠮᠢᠳᠤᠷᠠᠯ᠎ᠤᠨ ᠪᠠᠢ᠌ᠳᠠᠯ᠎ᠢ ᠪᠠᠢ᠌ᠴᠠᠭ᠋ᠠᠬᠤ ᠠᠵᠢᠯ᠎ᠤᠨ ᠳᠤᠮᠳᠠ ᠲᠣᠪᠣᠢ᠌ᠮ᠎ᠠ ᠢᠯᠡᠷᠡᠯ᠎ᠲᠠᠢ ᠵᠠᠷᠯᠠᠨ ᠰᠠᠢ᠌ᠰᠢᠶᠠᠬᠤ᠎ᠪᠠᠷ ᠪᠠᠢ᠌ᠭ᠎ᠠ ᠨᠢᠬᠡᠴᠢ ᠵᠢᠨ ᠨᠡᠷᠡᠰ᠎ᠤᠨ ᠢᠯᠡᠵᠢᠬᠦᠯᠤᠯᠳᠡ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠭᠢᠮ᠎ᠤᠨ᠎ᠬᠢᠨ᠎ᠤ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠭᠡᠮ ᠰᠣᠭᠤᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》 ᠵᠢ ᠲᠠᠷᠤᠮᠠᠯᠯᠠᠨ ᠲᠠᠷᠭ᠋ᠠᠬᠠᠬᠤ ᠲᠤᠬᠠᠢ ᠮᠡᠳᠡᠭᠳᠡᠯ
ᠮᠠᠨ᠎ᠤ ᠤᠷᠤᠨ 《ᠠᠷᠭ᠎ᠠ》 ᠨᠡᠢ᠌ᠲᠡᠯᠡᠵᠦ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠨᠥᠴᠢᠨ ᠬᠡᠦᠬᠡᠳ᠎ᠢ ᠨᠠᠰᠤᠨ᠎ᠳᠤ ᠭᠦᠷᠦᠭᠰᠡᠨ᠎ᠤ ᠳᠠᠷᠠᠭ᠎ᠠ ᠲᠥᠪᠬᠢᠨᠡᠭᠦᠯᠬᠦ ᠠᠵᠢᠯ᠎ᠢ ᠲᠦᠷᠢᠮᠵᠢᠬᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《〈ᠢᠯᠨ ᠨᠢᠭᠦᠯᠡᠰᠦᠩᠭᠦᠢ〉 ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
 
            