ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠳᠤ᠄
ᠡᠳᠦᠭᠡ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡ᠊ᠨᠳᠡᠯ᠎ᠤᠨ ᠭᠡᠮ ᠰᠤᠭᠤᠭ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》 (《ᠪᠠᠷᠢᠮᠵᠢᠶ᠎ᠠ》 ᠭᠡᠵᠦ ᠲᠤᠪᠴᠢᠯᠠᠶ᠎ᠠ)᠎ᠢ ᠲᠠ ᠨᠠᠷ ᠳᠠᠷᠤᠮᠠᠯᠯᠠᠨ ᠢᠯᠡᠬᠡᠯᠡ᠂ ᠬᠢᠨᠠᠮᠠᠭ᠋ᠠᠢ ᠬᠡᠷᠡᠭᠵᠢᠭᠦᠯᠲᠦᠭᠡᠢ᠃
ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ 《ᠪᠠᠷᠢᠮᠵᠢᠶ᠎ᠠ》 ᠵᠢ ᠨᠠᠰᠤᠵᠢᠯ᠎ᠤᠨ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠠᠰ ᠵᠶ᠋ᠠᠷ ᠵᠶ᠋ᠠᠨ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠨᠠᠰᠤᠵᠢᠯ᠎ᠤᠨ ᠪᠠᠢ᠌ᠭᠤᠯᠤᠮᠵᠢ ᠵᠢᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ᠎ᠳᠤ ᠬᠦᠨᠳᠦ ᠶᠡᠬᠡ ᠡᠨᠳᠡᠯ᠎ᠤᠨ ᠬᠡᠮ ᠰᠤᠭᠤᠭ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠠᠢ᠌ᠳᠠᠪᠤᠷᠢᠵᠢᠭᠤᠯᠵᠤ᠂ ᠡᠯ᠎ᠡ ᠲᠥᠷᠥᠯ᠎ᠤᠨ ᠬᠦᠨᠳᠦ ᠶᠡᠬᠡ ᠡᠨᠳᠡᠯ᠎ᠤᠨ ᠬᠡᠮ ᠰᠤᠭᠤᠭ᠎ᠢ ᠲᠤᠢ᠌ᠯᠪᠤᠷᠢᠲᠠᠢ ᠵᠢᠭᠰᠠᠭ᠋ᠠᠨ ᠪᠠᠢ᠌ᠴᠠᠭ᠋ᠠᠵᠤ᠂ ᠣᠨᠣᠪᠴᠢᠲᠠᠶ ᠮᠠᠭ᠋ᠠᠳᠯᠠᠨ ᠲᠣᠭᠲᠠᠭ᠋ᠠᠵᠤ᠂ ᠴᠠᠭ ᠲᠤᠬᠠᠢᠳᠤᠨᠢ ᠠᠷᠢᠯᠭ᠋ᠠᠵᠤ᠂ ᠬᠦᠨᠳᠦ᠂ ᠣᠨᠴᠠ ᠶᠡᠬᠡ ᠡᠨᠳᠡᠯ ᠡᠭᠦᠰᠬᠦ ᠵᠢ ᠡᠷᠡᠰ ᠰᠡᠷᠭᠡᠢ᠌ᠯᠡᠨ ᠬᠣᠷᠢᠭᠯᠠᠬᠤ ᠬᠡᠷᠡᠭᠲᠡᠢ᠃
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ
2023 ᠣᠨ᠎ᠤ 11 ᠰᠠᠷ᠎ᠠ ᠵᠢᠨ 27