ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠲᠦᠷᠢᠮ᠎ᠤᠨ ᠪᠠᠢ᠌ᠭᠤᠯᠤᠯᠳᠠ ᠵᠢ ᠴᠢᠡᠭᠭ᠋ᠠᠳᠬᠠᠵᠤ ᠪᠠᠢ᠌ᠨ᠎ᠠ
ᠨᠡᠶᠢᠲᠡᠯᠡᠭᠰᠡᠨ ᠴᠠᠭ᠄ 2023-02-14

    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》᠂ 《ᠠᠷᠠᠳ᠎ᠤᠨ ᠶᠠᠪᠤᠳᠠᠯ᠎ᠤᠨ ᠶᠠᠮᠤᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠵᠢᠨ ᠳᠦᠷᠢᠮ》 ᠪᠤᠯᠤᠨ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠠᠵᠢᠯ ᠵᠡᠷᠭᠡ ᠬᠠᠤᠯᠢ ᠴᠠᠭ᠋ᠠᠵᠠ ᠲᠦᠷᠢᠮ ᠲᠣᠭᠲᠠᠭ᠋ᠠᠯ ᠪᠣᠯᠣᠨ ᠬᠣᠯᠪᠣᠭᠳᠠᠯ ᠪᠦᠬᠦᠢ ᠲᠣᠭᠲᠠᠭ᠋ᠠᠯ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠴᠢᠡᠭᠭ᠋ᠠᠳᠬᠠᠨ ᠵᠢᠷᠤᠮᠵᠢᠭᠤᠯᠵᠤ᠂ ᠠᠵᠢᠯ᠎ᠤᠨ ᠲᠣᠭᠲᠠᠴᠠ ᠵᠢᠨ ᠲᠠᠯ᠎ᠠ᠎ᠠᠴᠠ 《ᠲᠤᠭ᠎ᠠ ᠪᠠᠷᠢᠮᠳᠠ ᠣᠯᠠᠨ ᠲᠠᠯ᠎ᠠ᠎ᠠᠴᠠ ᠢᠷᠡᠬᠦ》 ᠦᠵᠡᠭᠳᠡᠯ᠎ᠢ ᠰᠢᠢ᠍ᠳᠪᠦᠷᠢᠯᠡᠵᠦ᠂ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠲᠣᠭ᠎ᠠ ᠪᠦᠷᠢᠳᠬᠡᠯ᠎ᠤᠨ ᠰᠢᠨᠵᠢᠯᠡᠬᠦ ᠤᠬᠠᠭ᠋ᠠᠨᠴᠢ᠂ ᠵᠢᠷᠤᠮᠵᠢᠭᠰᠠᠨ ᠳᠦᠷᠢᠮ᠎ᠢ ᠪᠠᠢ᠌ᠭᠤᠯᠬᠤ ᠵᠢᠨ ᠲᠦᠯᠦᠬᠡ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ᠎ᠬᠢᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢ ᠬᠡᠪᠯᠡᠬᠦᠯᠤᠨ ᠲᠠᠷᠬᠠᠭ᠋ᠠᠪᠠ᠃ ᠲᠣᠰ ᠠᠷᠭ᠎ᠠ᠎ᠳᠤ 6 ᠬᠡᠰᠡᠭ 40 ᠠᠭᠤᠯᠭ᠎ᠠ ᠪᠣᠶ᠂ ᠲᠤᠬᠠᠢ᠌ᠯᠠᠪᠠᠯ ᠶᠡᠷᠦᠩᠬᠡᠢ ᠳᠦᠷᠢᠮ᠂ ᠪᠠᠢ᠌ᠭᠤᠯᠤᠮᠵᠢ ᠪᠠ ᠠᠵᠢᠯᠲᠠᠨ᠂ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠬᠠᠮᠢᠶᠠᠷᠤᠯᠲᠠ᠂ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠪᠠ ᠨᠡᠢ᠌ᠲᠡᠯᠡᠬᠦ᠂ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠦᠨᠡᠯᠡᠬᠦ᠂ ᠳᠠᠭ᠋ᠠᠯᠳᠤᠭᠤᠯᠤᠭᠰᠠᠨ ᠳᠦᠷᠢᠮ ᠪᠣᠯᠣᠨ᠎ᠠ᠃
     ᠲᠣᠰ ᠠᠷᠭ᠎ᠠ ᠵᠢ ᠨᠡᠢ᠌ᠲᠡᠯᠡᠨ ᠬᠡᠷᠡᠭᠵᠢᠭᠦᠯᠦᠭᠰᠡᠨ᠎ᠨᠢ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠢ ᠨᠠᠩ ᠰᠢᠨᠵᠢᠯᠡᠬᠦ ᠤᠬᠠᠭ᠋ᠠᠨᠴᠢ᠂ ᠪᠦᠲᠦᠮᠵᠢᠲᠡᠶ᠎ᠪᠠᠷ ᠵᠣᠬᠢᠶᠠᠨ ᠪᠠᠢ᠌ᠭᠤᠯᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠠᠬ᠍ᠴᠢ ᠴᠢᠨᠠᠷ᠎ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠪᠦᠬᠦᠯᠢ ᠴᠣᠭᠴᠠ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠲᠣᠭ᠎ᠠ ᠪᠦᠷᠢᠳᠬᠡᠯ᠎ᠤᠨ ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠲᠤ᠎ᠬᠢ ᠴᠢᠬᠤᠯᠠ ᠦᠢ᠍ᠯᠡᠳᠦᠯ᠎ᠢ ᠭᠦᠢ᠍ᠴᠡᠳ  ᠪᠠᠳᠠᠷᠠᠭᠤᠯᠬᠤ ᠪᠤᠯᠤᠨ᠎ᠠ᠃
     ᠬᠣᠢ᠌ᠰᠢᠳᠠ ᠵᠢᠨ ᠠᠵᠢᠯ᠎ᠤᠨ ᠳᠤᠮᠳᠠ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ᠎ᠪᠠᠷ ᠲᠣᠭ᠎ᠠ ᠪᠦᠷᠢᠳᠬᠡᠯ᠎ᠢ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠢ᠌ᠯᠡᠬᠦ ᠪᠠ ᠵᠠᠯᠬᠠᠭ᠋ᠠᠨ ᠰᠢᠢ᠍ᠳᠬᠡᠬᠦ ᠬᠠᠷᠢᠭᠤᠴᠠᠯᠭ᠎ᠠ ᠪᠤᠯᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠲᠣᠭ᠎ᠠ ᠪᠦᠷᠢᠳᠬᠡᠯ᠎ᠤᠨ ᠠᠵᠢᠯ᠎ᠤᠨ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠨ᠂ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠵᠠᠰᠠᠭ᠎ᠤᠨ ᠵᠠᠷᠯᠢᠭ᠎ᠤᠨ ᠰᠠᠭ᠋ᠠᠳ ᠦᠭᠡᠢ ᠶᠠᠪᠤᠭᠳᠠᠬᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠦᠨᠡᠨ ᠪᠣᠳᠠᠲᠠᠢ ᠣᠨᠣᠪᠴᠢᠲᠠᠶ ᠪᠠᠢ᠌ᠬᠤ ᠵᠢ ᠦᠨᠡᠨᠬᠦ ᠪᠠᠲᠤᠯᠠᠵᠤ᠂ ᠮᠠᠨ᠎ᠤ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠦᠷᠭᠦᠯᠵᠢᠯᠡᠨ ᠡᠷᠡᠭᠦᠯ ᠵᠶ᠋ᠡᠷ᠂ ᠴᠢᠨᠠᠷᠵᠢᠭᠤᠨ ᠬᠦᠭᠵᠢᠬᠦᠯᠬᠦ᠎ᠳᠤ ᠪᠠᠲᠤᠯᠠᠭ᠎ᠠ ᠬᠠᠩᠭ᠋ᠠᠨ᠎ᠠ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 161 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠠᠰᠤᠬᠤ᠎ᠪᠠᠷ ᠪᠣᠶ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠮᠡᠳᠡᠬᠦᠯᠤᠯᠳᠡ
ᠠᠷᠠᠳ᠎ᠤᠨ ᠶᠠᠪᠤᠳᠠᠯ᠎ᠤᠨ ᠶᠠᠮᠤᠨ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠲᠤᠯᠠᠭ᠎ᠠ ᠵᠢᠨ ᠠᠵᠢᠯ᠎ᠢ ᠴᠢᠡᠭᠭ᠋ᠠᠳᠬᠠᠬᠤ ᠲᠤᠬᠠᠢ ᠮᠡᠳᠡᠭᠳᠡᠯ
ᠪᠥᠬᠥ ᠣᠷᠣᠨ᠎ᠤ 2023 ᠣᠨ᠎ᠤ ᠬᠠᠩᠰᠢ ᠵᠢᠨ ᠡᠳᠦᠷ᠎ᠤᠨ ᠪᠣᠯᠪᠠᠰᠤᠨ᠎ᠤ ᠲᠠᠬᠢᠯᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠯᠡᠬᠦ)》 ᠵᠢᠨ ᠲᠤᠬᠠᠢ (ᠰᠠᠨᠠᠯ ᠬᠤᠷᠢᠶᠠᠬᠤ ᠨᠤᠤᠷᠠᠭ) ᠰᠠᠨᠠᠯ ᠬᠤᠷᠢᠶᠠᠬᠤ ᠵᠠᠬᠢᠳᠠᠯ
 
            