ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠠᠯᠪᠠᠨ ᠵᠠᠷ ᠨᠡᠢ᠌ᠲᠡᠯᠡᠵᠦ᠂ 161 (ᠡᠭᠦᠨ᠎ᠳᠤ ᠨᠡᠢ᠌ᠭᠡᠮ᠎ᠤᠨ ᠪᠦᠯᠬᠦᠮ 85᠂ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ 69᠂ ᠰᠠᠭᠤᠷᠢ ᠮᠥᠩᠭᠥᠨ᠎ᠤ ᠨᠡᠢ᠌ᠭᠡᠮᠯᠢᠭ 7 ᠪᠣᠶ) ᠣᠷᠣᠨ᠎ᠤ ᠬᠠᠮᠢᠶᠠᠷᠤᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠯᠲᠠ ᠵᠢ ᠬᠦᠴᠦᠨ ᠦᠭᠡᠢ ᠪᠣᠯᠭ᠋ᠠᠬᠤ᠎ᠪᠠᠷ ᠪᠣᠶ᠃
ᠪᠠᠢ᠌ᠴᠠᠭ᠋ᠠᠭᠰᠠᠨ ᠵᠶ᠋ᠠᠷ ᠡᠳᠡᠬᠡᠷ 161 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠡᠢ᠌ᠭᠡᠮ᠎ᠤᠨ ᠵᠣᠬᠢᠶᠠᠨ ᠪᠠᠢ᠌ᠭᠤᠯᠤᠯᠳᠠ ᠵᠢᠨ ᠣᠨ᠎ᠤ ᠪᠠᠢ᠌ᠴᠠᠭ᠋ᠠᠯᠲᠠ᠎ᠳᠤ ᠬᠣᠶᠠᠷ ᠵᠢᠯ ᠳᠠᠷᠠᠭ᠋ᠠᠯᠠᠨ ᠣᠷᠣᠯᠴᠠᠭᠰᠠᠨ ᠦᠭᠡᠢ ᠲᠤᠯᠨ 《ᠨᠡᠢ᠌ᠭᠡᠮ᠎ᠤᠨ ᠪᠦᠯᠬᠦᠮ᠎ᠤᠨ ᠣᠨ᠎ᠤ ᠪᠠᠢ᠌ᠴᠠᠭ᠋ᠠᠯᠲᠠ ᠵᠢᠨ ᠲᠤᠬᠠᠢ ᠲᠦᠷ ᠬᠡᠷᠡᠭᠵᠢᠭᠦᠯᠬᠦ ᠠᠷᠭ᠎ᠠ》᠂ 《ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠣᠨ᠎ᠤ ᠪᠠᠢ᠌ᠴᠠᠭ᠋ᠠᠯᠲᠠ ᠵᠢᠨ ᠠᠷᠭ᠎ᠠ》 ᠪᠠ 《ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠣᠨ᠎ᠤ ᠪᠠᠢ᠌ᠴᠠᠭ᠋ᠠᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ ᠪᠠᠢ᠌ᠨ᠎ᠠ᠃ 《ᠨᠡᠢ᠌ᠭᠡᠮ᠎ᠤᠨ ᠪᠦᠯᠬᠦᠮ᠎ᠤᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠳᠦᠷᠢᠮ》 《ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》 ᠪᠣᠯᠣᠨ 《ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠠᠮᠢᠶᠠᠷᠤᠯᠲᠠ ᠵᠢᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠳᠠᠩᠰᠠᠯᠠᠯᠲᠠ ᠵᠢ᠎ᠨᠢ ᠬᠦᠴᠦᠨ ᠦᠭᠡᠢ ᠪᠣᠯᠭ᠋ᠠᠬᠤ ᠬᠡᠷᠡᠭᠲᠡᠢ᠃ ᠲᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠳᠡᠭᠡᠷ᠎ᠡ ᠳᠤᠷᠠᠳᠤᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ 《ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠮᠡᠳᠡᠭᠳᠡᠬᠦ ᠪᠢᠴᠢᠭ》 ᠪᠠᠭᠤᠯᠭ᠋ᠠᠵᠤ᠂ ᠮᠡᠳᠡᠭᠳᠡᠬᠦ ᠪᠢᠴᠢᠭ᠎ᠢ ᠬᠦᠷᠭᠡᠭᠰᠡᠨ᠎ᠠᠴᠠ 3 ᠬᠤᠨᠤᠭ᠎ᠤᠨ ᠳᠣᠲᠣᠷ᠎ᠠ ᠡᠷᠬᠡ᠎ᠪᠠᠨ ᠪᠢᠴᠢᠭ ᠵᠶ᠋ᠡᠷ ᠲᠣᠳᠣᠷᠬᠠᠢ᠌ᠯᠠᠨ ᠵᠦᠪᠳᠡᠬᠡᠵᠤ ᠪᠣᠯᠣᠨ᠎ᠠ᠃ ᠡᠭᠦᠨ᠎ᠤ ᠬᠠᠮᠲᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠨᠢᠬᠡᠴᠢ ᠵᠢᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠳᠠᠩᠰᠠᠯᠠᠯᠲᠠ ᠵᠢ ᠬᠦᠴᠦᠨ ᠦᠭᠡᠢ ᠪᠣᠯᠭ᠋ᠠᠬᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠮᠢᠶ᠎ᠠ ᠪᠦᠬᠦᠢ ᠲᠠᠰ ᠳᠠᠷᠠᠭ᠋ᠠᠯᠠᠯ᠎ᠢ ᠬᠠᠤᠯᠢ ᠶᠣᠰᠣᠭ᠋ᠠᠷ ᠭᠦᠢ᠍ᠴᠡᠳᠬᠡᠵᠦ᠂ ᠬᠠᠤᠯᠢ᠎ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠷᠡᠰ᠎ᠲᠤ ᠣᠷᠣᠭᠤᠯᠬᠤ ᠵᠢᠨ ᠬᠠᠮᠲᠤ ᠨᠡᠢ᠌ᠭᠡᠮ ᠨᠡᠢ᠌ᠳᠡ᠎ᠳᠤ ᠵᠠᠷᠯᠠᠨ ᠢᠯᠡᠵᠢᠬᠦᠯᠬᠦ ᠪᠤᠯᠤᠨ᠎ᠠ᠃
ᠤᠷᠴᠢᠮ᠎ᠤᠨ ᠵᠢᠯ᠎ᠠᠴᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠦᠬᠦᠰᠢᠷᠡᠮᠡᠯ》 ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠴᠡᠪᠡᠷᠯᠡᠨ ᠴᠡᠭᠴᠡᠯᠡᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠳᠠᠩᠰᠠᠯᠠᠯ᠎ᠢ ᠬᠦᠴᠦᠨ ᠦᠭᠡᠢ ᠪᠣᠯᠭ᠋ᠠᠬᠤ᠂ ᠢᠳᠬᠠᠨ ᠬᠦᠴᠦᠨ ᠦᠭᠡᠢ ᠪᠣᠯᠭ᠋ᠠᠬᠤ᠂ ᠨᠡᠢ᠌ᠳᠬᠡᠬᠦ ᠵᠡᠷᠭᠡ ᠠᠷᠭ᠎ᠠ ᠬᠡᠪᠡᠷ 1930 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠴᠡᠪᠡᠷᠯᠡᠵᠦ᠂ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠲᠥᠪ ᠴᠢᠩᠭ᠎ᠠ ᠴᠢᠨᠠᠷ᠎ᠢ ᠬᠠᠮᠠᠭ᠋ᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ᠃