ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ᠄
2022 ᠣᠨ᠎ᠳᠤ ᠮᠠᠨ᠎ᠤ ᠲᠢᠩᠬᠢᠮ᠎ᠤᠨ᠎ᠬᠢᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠨ᠎ᠤ ᠬᠠᠤᠯᠢᠵᠢᠯ᠎ᠤᠨ ᠠᠵᠢᠯ᠎ᠤᠨ ᠭᠣᠣᠯᠳᠠᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ ᠵᠢ ᠪᠣᠳᠠᠲᠠᠢ ᠵᠢ ᠡᠷᠬᠢᠮᠯᠡᠨ ᠠᠬᠢᠭᠤᠯᠪᠠ᠂ ᠡᠳᠦᠭᠡ ᠬᠣᠯᠪᠣᠭᠳᠠᠯ ᠪᠦᠬᠦᠢ ᠠᠵᠢᠯ᠎ᠤᠨ ᠪᠠᠢ᠌ᠳᠠᠯ ᠵᠶ᠋ᠠᠨ ᠮᠡᠳᠡᠬᠦᠯᠰᠤᠬᠡᠢ᠃
ᠨᠢᠭᠡ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠪᠠᠢ᠌ᠭᠤᠯᠤᠯᠲᠠ᠎ᠳᠤ᠎ᠬᠢ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠡᠭᠭ᠋ᠠᠳᠬᠠᠪᠠ
(ᠨᠢᠭᠡ) ᠰᠢ ᠵᠢᠨ ᠫᠢᠩ ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠭᠣᠣᠯ ᠳᠤᠭᠤᠢ᠌ᠯᠠᠩ᠎ᠤᠨ ᠬᠠᠤᠯᠢ ᠰᠤᠷᠤᠯᠴᠠᠬᠤ ᠳᠦᠷᠢᠮ᠎ᠢ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ ᠲᠤᠬᠠᠢ ᠴᠢᠬᠤᠯᠠ ᠥᠭᠦᠯᠡᠯᠲᠡ ᠪᠣᠯᠣᠨ 《ᠦᠨᠳᠦᠰᠦᠨ ᠬᠠᠤᠯᠢ》 《ᠢᠷᠭᠡᠨ᠎ᠤ ᠬᠠᠤᠯᠢ ᠵᠢᠨ ᠪᠢᠴᠢᠭ》 ᠪᠤᠯᠤᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠡᠷᠭᠡ ᠭᠣᠣᠯᠳᠠᠯᠭ᠎ᠠ᠎ᠲᠠᠢ ᠠᠭᠤᠯᠭ᠎ᠠ ᠵᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠤᠳᠤᠷᠢᠳᠬᠤ ᠺᠠᠳ᠋ᠷᠴᠤᠳ᠎ᠤᠨ ᠰᠢ ᠵᠢᠨ ᠫᠢᠩ ᠤᠨ ᠬᠠᠤᠯᠢᠵᠢᠯ᠎ᠤᠨ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠦᠵᠡᠯ ᠰᠠᠨᠠᠭ᠋ᠠᠨ᠎ᠤ ᠤᠬᠠᠮᠰᠠᠷ ᠪᠠ ᠠᠵᠢᠯᠯᠠᠭ᠋ᠠᠨ᠎ᠤ ᠤᠬᠠᠮᠰᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠵᠢᠱ᠌ᠢᠶᠡᠴᠢ᠎ᠪᠠᠷ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠪᠠ᠃ ᠤᠯᠠᠨ ᠡᠰᠢᠴᠢᠯᠡᠭᠰᠡᠨ ᠰᠤᠷᠤᠯᠴᠠᠯᠭ᠎ᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ 《ᠱᠦᠵᠢ ᠵᠢᠨ ᠨᠠᠮ᠎ᠤᠨ ᠬᠢᠴᠢᠶᠡᠯ + ᠤᠯᠤᠰ ᠲᠦᠷᠦ ᠵᠢᠨ ᠡᠬᠡᠯᠵᠢᠳᠤ ᠪᠤᠯᠪᠠᠰᠤᠷᠠᠯ + ᠲᠤᠰᠬᠠᠢ ᠰᠡᠳᠦᠪᠲᠦ ᠲᠠᠢ᠌ᠯᠤᠮᠵᠢ + ᠬᠠᠮᠲᠤ ᠵᠢᠨ ᠰᠤᠷᠤᠯᠴᠠᠯᠭ᠎ᠠ + ᠰᠦᠯᠵᠢᠶᠡᠨ᠎ᠠᠴᠠ ᠭᠠᠳᠠᠭᠤᠷ ᠥᠪᠡᠷᠲᠡᠭᠡᠨ ᠰᠤᠷᠤᠯᠴᠠᠬᠤ + ᠰᠦᠯᠵᠢᠶᠡᠨ ᠳᠡᠭᠡᠷᠡᠬᠢ ᠪᠣᠯᠪᠠᠰᠤᠷᠠᠯ》᠎ᠢ ᠬᠠᠷᠢᠯᠴᠠᠨ ᠤᠶᠠᠯᠳᠤᠭᠤᠯᠬᠤ》 ᠠᠷᠭ᠎ᠠ᠎ᠪᠠᠷ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠭᠡᠰᠢᠭᠦᠨ ᠺᠠᠳ᠋ᠷ᠎ᠤᠨ ᠰᠢ ᠵᠢᠨ ᠫᠢᠩ ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠬᠦ᠂ ᠦᠢ᠍ᠯᠡᠳᠦᠯᠭᠡ᠎ᠪᠠᠨ ᠵᠢᠯᠣᠭᠣᠳᠤᠭᠤᠯᠬᠤ᠂ ᠠᠵᠢᠯ ᠵᠶ᠋ᠠᠨ ᠠᠬᠢᠭᠤᠯᠬᠤ ᠵᠢ ᠬᠥᠲᠥᠯᠥᠨ ᠵᠢᠯᠤᠭᠣᠳᠴᠤ᠂ ᠠᠷᠠᠳ᠎ᠤᠨ ᠶᠠᠪᠤᠳᠠᠯ᠎ᠤᠨ ᠬᠠᠤᠯᠢᠵᠢᠯ᠎ᠤᠨ ᠪᠠᠢ᠌ᠭᠤᠯᠤᠯᠲᠠ ᠵᠢᠨ ᠵᠥᠪ ᠣᠨᠣᠪᠴᠢᠲᠠᠢ ᠤᠯᠤᠰ ᠲᠦᠷᠦ ᠵᠢᠨ ᠴᠢᠭᠯᠡᠯ᠎ᠢ ᠢᠮᠠᠭᠲᠠ ᠪᠠᠳᠤᠯᠠᠬᠰᠠᠨ ᠪᠠᠢ᠌ᠨ᠎ᠠ᠃ ᠬᠠᠤᠯᠢ᠎ᠪᠠᠷ ᠵᠠᠰᠠᠬᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠬᠥᠲᠥᠯᠥᠨ ᠳᠠᠭ᠋ᠠᠭᠤᠯᠵᠤ᠂ ᠦᠢ᠍ᠯᠡᠴᠢᠯᠡᠭᠡ ᠵᠢ ᠲᠠᠢ᠍ᠢ᠍ᠴᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠰᠢ ᠵᠢᠨ ᠫᠢᠩ ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠠᠵᠢᠯ ᠬᠢᠵᠦ ᠦᠢ᠍ᠯᠡᠰ ᠴᠣᠭᠴᠠᠯᠠᠬᠤ᠂ ᠠᠷᠠᠳ ᠲᠦᠮᠡᠨ᠎ᠳᠤ ᠦᠢ᠍ᠯᠡᠴᠢᠯᠡᠬᠦ ᠪᠦᠬᠦ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ᠃
(ᠬᠣᠶᠠᠷ) ᠭᠣᠣᠯ ᠬᠠᠷᠢᠭᠤᠴᠠᠯᠭ᠋ᠠᠲᠠᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠪᠡ
ᠭᠣᠣᠯ ᠬᠠᠷᠢᠭᠤᠴᠠᠯᠭ᠋ᠠᠲᠠᠨ 《ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠭ᠋ᠠᠯ》 ᠵᠡᠷᠭᠡ ᠳᠦᠷᠢᠮ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠬᠤ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠪᠦᠬᠦ ᠲᠠᠯ᠎ᠠ ᠪᠠᠷ ᠠᠬᠢᠭᠤᠯᠬᠤ ᠵᠡᠷᠭᠡ ᠬᠡᠯᠪᠡᠷᠢ᠎ᠪᠠᠷ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠴᠢᠬᠤᠯᠠ ᠠᠵᠢᠯ᠎ᠢ ᠪᠡᠶ᠎ᠡ᠎ᠪᠠᠷ ᠵᠶ᠋ᠡᠨ ᠪᠠᠢ᠌ᠷᠢᠯᠠᠭᠤᠯᠬᠤ᠂ ᠴᠢᠬᠤᠯᠠ ᠶᠡᠬᠡ ᠠᠰᠠᠭᠤᠳᠠᠯ᠎ᠢ ᠪᠡᠶ᠎ᠡ᠎ᠪᠠᠷ ᠵᠶ᠋ᠡᠨ ᠬᠠᠮᠢᠶᠠᠷᠬᠤ᠂ ᠭᠣᠣᠯᠳᠠᠯᠭ᠎ᠠ᠎ᠲᠠᠢ ᠭᠣᠭᠴᠣᠭ᠎ᠠ ᠵᠢ ᠪᠡᠶ᠎ᠡ᠎ᠪᠠᠷ ᠵᠶ᠋ᠡᠨ ᠵᠣᠬᠢᠴᠠᠭᠤᠯᠬᠤ᠂ ᠴᠢᠬᠤᠯᠠ ᠡᠭᠦᠷᠭᠡ ᠵᠢ ᠪᠡᠶ᠎ᠡ᠎ᠪᠠᠷ ᠵᠶ᠋ᠡᠨ ᠱᠠᠯᠠᠪᠳᠠᠭᠤᠯᠤᠨ ᠬᠦᠢ᠍ᠴᠡᠳᠬᠡᠯᠬᠡᠬᠦ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠬᠠᠤᠯᠢ᠎ᠪᠠᠷ ᠵᠠᠰᠠᠬᠤ ᠠᠵᠢᠯ᠎ᠤᠨ ᠵᠣᠬᠢᠶᠠᠨ ᠪᠠᠢ᠌ᠭᠤᠯᠤᠭᠴᠢ᠂ ᠠᠬᠢᠭᠤᠯᠤᠭᠴᠢ ᠪᠠ ᠦᠢ᠍ᠯᠡᠳᠦᠯᠭᠡᠵᠢᠭᠦᠯᠦᠭᠴᠢ ᠵᠢᠨ ᠲᠤᠰᠢᠶᠠᠯ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠵᠦ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠬᠦ ᠵᠢ ᠵᠢᠯᠤᠭᠤᠳᠪᠠ᠃
(ᠭᠤᠷᠪᠠ) ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠴᠢᠩᠭ᠎ᠠ ᠪᠥᠭᠡᠳ ᠪᠤᠳᠠᠳᠠᠢ᠌ᠵᠢᠭᠤᠯᠪᠠ
ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠦᠷᠦᠭᠦᠯᠡᠨ ᠬᠢᠬᠦ ᠪᠠ ᠣᠷᠤᠯᠴᠠᠬᠤ ᠠᠵᠢᠯ᠎ᠤᠨ ᠡᠭᠦᠷᠭᠡ ᠪᠣᠯᠣᠨ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢᠵᠢᠯ᠎ᠤᠨ ᠪᠠᠢ᠌ᠭᠤᠯᠤᠯᠲᠠ ᠵᠢ 2022 ᠣᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠭᠣᠣᠯᠳᠠᠯᠭ᠎ᠠ᠎ᠳᠤ ᠣᠷᠣᠭᠤᠯᠵᠤ᠂ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠲᠠᠢ ᠵᠡᠷᠬᠡ᠎ᠪᠠᠷ ᠲᠣᠬᠢᠷᠠᠭᠤᠯᠵᠤ᠂ ᠵᠡᠷᠬᠡ᠎ᠪᠠᠷ ᠪᠠᠢ᠌ᠷᠢᠯᠠᠭᠤᠯᠵᠤ᠂ ᠵᠡᠷᠬᠡ᠎ᠪᠠᠷ ᠨᠠᠢ᠌ᠳᠠᠪᠤᠷᠢᠵᠢᠭᠤᠯᠵᠤ᠂ ᠵᠡᠷᠬᠡ᠎ᠪᠠᠷ ᠬᠢᠨᠠᠨ ᠰᠢᠯᠭ᠋ᠠᠪᠠ᠃ ᠠᠵᠢᠯ᠎ᠤᠨ ᠡᠭᠦᠷᠭᠡ ᠵᠢ ᠵᠠᠳᠠᠯᠤᠨ ᠨᠠᠷᠢᠯᠢᠭᠵᠢᠭᠤᠯᠵᠤ᠂ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠠᠵᠢᠯ᠎ᠤᠨ ᠡᠬᠡ ᠲᠠᠩᠰᠠ ᠪᠠᠢ᠌ᠭᠤᠯᠤᠨ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠠᠷᠢᠭᠤᠴᠠᠯᠭ᠎ᠠ ᠵᠢᠨ ᠭᠠᠵᠠᠷ ᠲᠠᠰᠤᠭ᠂ ᠠᠵᠢᠯ᠎ᠤᠨ ᠬᠠᠷᠠᠯᠲᠠ᠂ ᠠᠵᠢᠯ᠎ᠤᠨ ᠡᠭᠦᠷᠭᠡ᠂ ᠦᠷ᠎ᠡ ᠪᠦᠲᠦᠭᠡᠯ᠎ᠤᠨ ᠬᠡᠯᠪᠡᠷᠢ᠂ ᠪᠡᠶᠡᠯᠡᠭᠦᠯᠬᠦ ᠴᠠᠭ᠂ ᠬᠠᠷᠢᠭᠤᠴᠠᠯᠭ᠋ᠠᠲᠠᠨ᠎ᠢ ᠲᠤᠳᠤᠷᠬᠠᠢ᠌ᠯᠠᠪᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠣᠨ᠎ᠤ ᠭᠣᠣᠯᠳᠠᠯᠭ᠎ᠠ᠎ᠲᠠᠢ ᠡᠭᠦᠷᠭᠡ ᠵᠢᠨ ᠰᠠᠨᠠᠭᠤᠯᠤᠮᠵᠢ ᠵᠢᠨ ᠳᠦᠷᠢᠮ᠎ᠢ ᠬᠡᠷᠡᠭᠵᠢᠭᠦᠯᠵᠦ᠂ 《ᠨᠢᠭᠡ ᠲᠥᠯᠦᠪᠵᠢᠭᠦᠯᠭᠡ᠂ ᠬᠣᠶᠠᠷ ᠲᠣᠪᠴᠢ》 ᠵᠢᠨ ᠲᠥᠰᠥᠯ ᠠᠷᠭ᠎ᠠ ᠵᠢ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ ᠨᠠᠷᠢᠨ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠳᠤᠯᠠᠪᠠ᠃
ᠬᠣᠶᠠᠷ᠂ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠯ᠎ᠡ ᠵᠦᠢ᠍ᠯ᠎ᠤᠨ ᠡᠭᠦᠷᠭᠡ ᠠᠷᠭ᠎ᠠ ᠵᠢ ᠪᠦᠳᠦᠮᠵᠢ ᠰᠠᠢ᠌ᠳᠠᠢ ᠨᠠᠢ᠌ᠳᠠᠪᠤᠷᠢᠵᠢᠭᠤᠯᠪᠠ
(ᠨᠢᠭᠡ) ᠬᠠᠤᠯᠢ ᠲᠣᠭᠲᠠᠭ᠋ᠠᠬᠤ ᠠᠵᠢᠯ᠎ᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠪᠠ
ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠲᠤᠰᠬᠠᠢ ᠮᠡᠷᠭᠡᠵᠢᠯᠲᠡᠨ᠎ᠤ ᠪᠦᠯᠬᠦᠮ᠎ᠲᠠᠢ ᠬᠠᠮᠲᠤᠷᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ (ᠲᠥᠰᠥᠯ)》᠎ᠤᠨ ᠬᠠᠤᠯᠢ ᠲᠣᠭᠲᠠᠭ᠋ᠠᠬᠤ ᠠᠵᠢᠯ᠎ᠤᠨ ᠵᠣᠬᠢᠴᠠᠭᠤᠯᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ ᠪᠠ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ᠎ᠢ 12 ᠤᠳᠠᠭ᠎ᠠ ᠬᠤᠷᠠᠯᠳᠤᠭᠤᠯᠵᠤ᠂ ᠬᠣᠶᠠᠷ ᠤᠳᠠᠭ᠎ᠠ ᠰᠠᠨᠠᠯ ᠬᠤᠷᠢᠶᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢᠮ》᠎ᠤᠨ ᠬᠠᠤᠯᠢ ᠲᠣᠭᠲᠠᠭ᠋ᠠᠬᠤ ᠠᠵᠢᠯ᠎ᠢ ᠠᠮᠵᠢᠯᠲᠠ᠎ᠲᠠᠢ ᠪᠡᠶᠡᠯᠡᠭᠦᠯᠪᠡ᠃ ᠬᠡᠦᠬᠡᠳ᠎ᠤᠨ ᠠᠰᠠᠷᠠᠮᠵᠢ᠂ ᠨᠢᠭᠦᠯᠡᠰᠦᠩᠭᠦᠢ ᠵᠢᠨ ᠦᠢ᠍ᠯᠡᠰ᠂ ᠨᠡᠢ᠌ᠭᠡᠮ ᠲᠣᠭᠣᠷᠢᠭ᠎ᠤᠨ ᠵᠠᠰᠠᠯᠲᠠ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠋ᠠᠨ᠎ᠳᠤ᠎ᠬᠢ ᠬᠠᠤᠯᠢ ᠲᠣᠭᠲᠠᠭ᠋ᠠᠬᠤ ᠠᠬᠢᠴᠠ ᠵᠢ ᠢᠳᠡᠪᠬᠢᠲᠡᠢ᠎ᠪᠠᠷ ᠠᠬᠢᠭᠤᠯᠪᠠ᠃
(ᠬᠣᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠠᠮᠢᠶᠠᠷᠬᠤ ᠴᠢᠳᠠᠪᠤᠷᠢ ᠵᠢ ᠲᠡᠭᠡᠭᠰᠢᠯᠡᠬᠦᠯᠪᠡ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ 《ᠭᠤᠷᠪᠠᠨ ᠳᠦᠷᠢᠮ》᠎ᠢ ᠴᠢᠩᠭ᠎ᠠ ᠨᠠᠢ᠌ᠳᠠᠪᠤᠷᠢᠵᠢᠭᠤᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠦᠨᠡᠮᠯᠡᠯ᠎ᠲᠠᠢ᠎ᠪᠠᠷ ᠠᠵᠢᠯ᠎ᠤᠨ ᠪᠠᠢ᠌ᠷᠢ᠎ᠳᠤ ᠭᠠᠷᠬᠤ ᠪᠠ ᠬᠢᠷᠢ ᠬᠡᠮ᠎ᠤᠨ ᠬᠠᠮᠢᠶᠠᠷᠤᠯᠲᠠ ᠵᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠬᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥ ᠣᠷᠣᠨ᠎ᠤ 《ᠦᠬᠦᠰᠢᠷᠡᠮᠡᠯ》 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠤᠰᠬᠠᠢ ᠴᠡᠭᠴᠡᠯᠡᠨ ᠵᠠᠰᠠᠬᠤ ᠵᠡᠷᠭᠡ 4 ᠲᠤᠰᠬᠠᠢ ᠠᠵᠢᠯᠯᠠᠭ᠎ᠠ ᠵᠢ ᠥᠷᠨᠢᠭᠦᠯᠦᠨ᠂ ᠨᠡᠢ᠌ᠭᠡᠮ᠎ᠤᠨ ᠪᠦᠯᠬᠦᠮ᠎ᠤᠨ 29 ᠰᠠᠯᠪᠤᠷᠢ ᠪᠠᠢ᠌ᠭᠤᠯᠤᠮᠵᠢ ᠵᠢ ᠴᠡᠭᠴᠡᠯᠡᠨ ᠰᠠᠢ᠌ᠵᠢᠷᠠᠭᠤᠯᠵᠤ᠂ ᠬᠦᠴᠦᠨ ᠦᠭᠡᠢ ᠪᠣᠯᠭ᠋ᠠᠵᠤ᠂ 832 《ᠦᠬᠦᠰᠢᠷᠡᠮᠡᠯ》 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠴᠡᠪᠡᠷᠯᠡᠨ᠂ 2 ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠦᠨ ᠦᠭᠡᠢ ᠪᠣᠯᠭ᠋ᠠᠵᠤ᠂ ᠲᠦᠭᠰᠢᠭᠦᠷᠢ ᠵᠢᠨ ᠳᠠᠯᠳᠠ ᠬᠡᠮ᠎ᠢ ᠪᠦᠲᠦᠮᠵᠢᠲᠡᠶ ᠠᠷᠢᠯᠭ᠋ᠠᠪᠠ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠬᠠᠮᠲᠤ ᠪᠥᠬᠥ ᠣᠷᠣᠨ᠎ᠤ ᠬᠡᠪᠴᠢᠶᠡᠨ᠎ᠳᠤ ᠰᠤᠭᠤᠴᠢᠨ ᠪᠠᠢ᠌ᠠᠠᠭ᠋ᠠᠪᠠ᠃ 《ᠬᠣᠶᠠᠷ᠎ᠢ ᠳᠠᠭ᠋ᠠᠤ᠎ᠳᠤ᠎ᠨᠢ ᠪᠠᠢ᠌ᠴᠠᠭ᠋ᠠᠬᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠥᠷᠨᠢᠭᠦᠯᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠰᠤᠭᠤᠴᠢᠨ ᠪᠠᠢ᠌ᠴᠠᠭ᠋ᠠᠬᠤ ᠵᠦᠢ᠍ᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠨ᠂ 《ᠬᠠᠷ᠎ᠠ ᠤᠯᠠᠭ᠋ᠠᠨ ᠲᠠᠩᠰᠠ》 ᠵᠢᠨ ᠳᠦᠷᠢᠮ᠎ᠢ ᠬᠡᠷᠡᠭᠵᠢᠭᠦᠯᠵᠦ᠂ ᠨᠠᠰᠤᠵᠢᠯ᠎ᠤᠨ ᠪᠠᠢ᠌ᠭᠤᠯᠤᠮᠵᠢ ᠵᠢᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠬᠠᠤᠯᠢᠵᠢᠭᠤᠯᠬᠤ᠂ ᠵᠢᠷᠤᠮᠵᠢᠭᠤᠯᠬᠤ᠂ ᠪᠠᠢ᠌ᠩᠭᠤᠵᠢᠭᠤᠯᠬᠤ ᠠᠵᠢᠯ᠎ᠢ ᠠᠬᠢᠭᠤᠯᠪᠠ᠃
(ᠭᠤᠷᠪᠠ) ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠭᠦᠨᠵᠡᠭᠡᠢ ᠥᠷᠨᠢᠭᠦᠯᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠲᠡᠭᠡᠭᠰᠢᠯᠡᠬᠦᠯᠪᠡ
ᠨᠢᠭᠡ᠎ᠳᠤ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠬᠦᠯᠳᠡᠷᠵᠢᠬᠦᠯᠪᠡ᠃
ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠠᠢ᠌ᠨ ᠳᠤᠷ᠎ᠠ ᠵᠢᠨ ᠠᠵᠢᠯᠳᠠᠨ᠎ᠤ ᠡᠩᠨᠡᠭᠡ ᠵᠢ ᠪᠠᠢ᠌ᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 2022 ᠣᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠤᠨ ᠭᠣᠣᠯᠳᠠᠯᠭ᠎ᠠ》 ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠵᠤ᠂ 《ᠨᠠᠢ᠍ᠮᠨ ᠲᠠᠪᠤ》 ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠲᠥᠯᠦᠪᠵᠢᠭᠦᠯᠭᠡ ᠪᠠ ᠣᠨ᠎ᠤ ᠬᠠᠤᠯᠢ ᠴᠠᠭ᠋ᠠᠵᠨ ᠵᠢᠨ ᠤᠬᠠᠭᠤᠯᠭ᠎ᠠ ᠬᠦᠮᠤᠵᠢᠯ᠎ᠤᠨ ᠠᠵᠢᠯ᠎ᠤᠨ ᠡᠬᠦᠷᠬᠡ ᠵᠢ ᠬᠦᠨᠵᠡᠬᠡᠢ ᠬᠡᠷᠡᠭᠵᠢᠬᠦᠯᠪᠡ᠃ ᠬᠣᠶᠠᠷ᠎ᠲᠤ᠂ ᠴᠢᠬᠤᠯᠠ ᠵᠠᠩᠭᠢᠯᠠᠭ᠎ᠠ ᠵᠢᠨ ᠴᠡᠭ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠦᠷᠨᠢᠬᠦᠯᠪᠡ᠃ ᠬᠤᠶᠠᠷ᠎ᠲᠤ᠂ ᠴᠢᠬᠤᠯᠨ ᠵᠠᠡᠭᠭᠢᠯᠠᠭ᠎ᠠ ᠵᠢᠨ ᠡᠳᠤᠷ᠎ᠤᠨ ᠬᠠᠤᠯᠢ ᠤᠬᠠᠭᠤᠯᠭ᠎ᠠ ᠵᠢᠨ ᠠᠵᠢᠯ᠎ᠢ ᠡᠷᠴᠢᠮ᠎ᠲᠠᠢ ᠦᠷᠨᠢᠬᠦᠯᠪᠡ᠃ ᠬᠠᠩᠰᠢ᠂ ᠬᠡᠦᠬᠡᠳ᠎ᠤᠨ ᠪᠠᠶᠠᠷ᠂ ᠶᠢᠰᠦᠨ ᠰᠠᠷ᠎ᠠ ᠵᠢᠨ ᠶᠢᠰᠦᠨ᠎ᠤ ᠪᠠᠶᠠᠷ᠂ ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ᠂ ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠡᠷᠭᠡ ᠵᠠᠩᠭᠢᠯᠠᠭ᠎ᠠ ᠵᠢᠨ ᠴᠡᠭ᠎ᠲᠤ ᠡᠯ᠎ᠡ ᠲᠦᠷᠦᠯ᠎ᠤᠨ ᠬᠠᠤᠯᠢ ᠴᠠᠭ᠋ᠠᠵᠠ ᠵᠢᠨ ᠨᠣᠮ ᠪᠢᠴᠢᠭ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠳᠡᠪᠲᠡᠷ᠎ᠢ ᠲᠠᠷᠬᠠᠭ᠋ᠠᠵᠤ᠂ ᠨᠡᠢ᠌ᠭᠡᠮ ᠲᠣᠭᠣᠷᠢᠭ᠎ᠤᠨ ᠲᠤᠰᠬᠠᠢ ᠰᠡᠳᠦᠪᠲᠦ ᠤᠬᠠᠭᠤᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠷᠠᠳ᠎ᠤᠨ ᠶᠠᠪᠤᠳᠠᠯ᠎ᠤᠨ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ᠎ᠢ ᠬᠠᠯᠠᠮᠵᠢᠯᠠᠬᠤ ᠨᠡᠢ᠌ᠭᠡᠮ᠎ᠤᠨ ᠬᠠᠮᠲᠤ ᠵᠢᠨ ᠲᠠᠨᠢᠯᠲᠠ ᠵᠢ ᠪᠦᠲᠦᠮᠵᠢᠲᠡᠶ᠎ᠪᠠᠷ ᠨᠢᠬᠳᠠᠷᠠᠭᠤᠯᠪᠠ᠃ ᠭᠤᠷᠪᠠ᠎ᠳᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠪᠠ ᠠᠷᠠᠳ᠎ᠤᠨ ᠶᠠᠪᠤᠳᠠᠯ᠎ᠤᠨ ᠠᠵᠢᠯ᠎ᠢ ᠬᠠᠤᠯᠢ ᠶᠣᠰᠣᠭ᠋ᠠᠷ ᠵᠠᠰᠠᠬᠤ ᠵᠢ ᠤᠶᠠᠯᠳᠤᠭᠤᠯᠪᠠ᠃ ᠪᠥᠬᠥ ᠵᠢᠯ᠎ᠳᠤ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠪᠠ ᠮᠡᠳᠡᠭᠡ ᠵᠠᠩᠭᠢᠵᠢᠯᠲᠠ ᠵᠢᠨ ᠪᠣᠯᠪᠠᠰᠤᠷᠠᠯ ᠵᠡᠷᠭᠡ ᠲᠤᠬᠠᠢ᠌ᠯᠠᠭᠰᠠᠨ ᠠᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠳᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠪᠣᠯᠪᠠᠰᠤᠷᠠᠯ᠎ᠢ 20 ᠭᠠᠷᠤᠢ ᠤᠳᠠᠭ᠎ᠠ ᠡᠷᠬᠢᠯᠡᠪᠡ᠃ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ)᠎ᠤ ᠰᠣᠩᠭᠣᠨ ᠲᠣᠮᠢᠯᠠᠭᠰᠠᠨ 14063 ᠭᠠᠴᠠᠭ᠎ᠠ ᠲᠣᠰᠬᠣᠨ᠂ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ᠎ᠳᠤ ᠠᠵᠢᠯ᠎ᠤᠨ ᠪᠠᠢ᠌ᠷᠢ᠎ᠳᠤ ᠭᠠᠷᠬᠤ᠎ᠠᠴᠠ ᠡᠮᠦᠨᠡᠬᠢ ᠲᠥᠷᠥ ᠵᠢᠨ ᠪᠣᠳᠣᠯᠭ᠎ᠠ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠬᠦᠷᠳᠡᠬᠡᠪᠡ᠃ ᠵᠠᠭ᠋ᠠᠭ ᠱᠤᠭᠤᠮ᠎ᠢ ᠬᠠᠮᠲᠤᠷᠠᠨ ᠪᠠᠢ᠌ᠴᠠᠭ᠋ᠠᠬᠤ ᠠᠵᠢᠯ᠎ᠲᠠᠢ ᠤᠶᠠᠯᠳᠤᠭᠤᠯᠤᠨ᠂ ᠡᠯ᠎ᠡ ᠠᠢ᠌ᠮᠠᠭ ᠬᠣᠲᠠ ᠵᠢ ᠵᠢᠭ᠋ᠠᠨ ᠵᠢᠯᠤᠭᠤᠳᠴᠤ ᠪᠠᠢ᠌ᠭ᠋ᠠᠳ ᠬᠥᠷᠰᠢ ᠵᠡᠷᠭᠡᠯᠡᠳᠡᠭᠡ ᠭᠠᠵᠠᠷ᠎ᠤᠨ ᠣᠯᠠᠨ ᠲᠦᠮᠡᠨ᠎ᠳᠤ ᠬᠢᠯᠢ ᠵᠢᠨ ᠵᠠᠭ᠋ᠠᠭ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠤᠬᠠᠭᠤᠯᠤᠭᠤᠯᠵᠤ᠂ ᠬᠢᠯᠢ ᠵᠢᠨ ᠵᠠᠭ᠋ᠠᠭ᠎ᠢ ᠬᠠᠤᠯᠢ ᠶᠣᠰᠣᠭ᠋ᠠᠷ ᠬᠠᠮᠢᠶᠠᠷᠬᠤ ᠦᠵᠡᠯ ᠤᠬᠠᠮᠰᠠᠷ᠎ᠢ ᠴᠢᠡᠭᠭ᠋ᠠᠷᠠᠭᠤᠯᠪᠠ᠃
(ᠳᠥᠷᠪᠡ) ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠢᠯᠲᠠᠨ᠎ᠤ ᠴᠢᠳᠠᠪᠤᠷᠢ ᠵᠢ ᠲᠡᠭᠡᠭᠰᠢᠯᠡᠬᠦᠯᠪᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ ᠴᠡᠪᠡᠷᠯᠡᠵᠤ ᠨᠤᠲᠠᠯᠠᠬᠤ ᠪᠠ ᠬᠢᠷᠢ ᠬᠡᠮ᠎ᠢ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠵᠦ᠂ ᠳᠥᠷᠪᠡᠳᠦᠭᠡᠷ ᠪᠦᠯᠦᠭ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠢ ᠭᠡᠷᠡᠴᠢᠯᠡᠬᠦ ᠪᠣᠯᠪᠠᠰᠤᠷᠠᠯ᠎ᠳᠤ ᠵᠣᠬᠢᠶᠠᠨ ᠪᠠᠢ᠌ᠭᠤᠯᠤᠨ ᠤᠷᠤᠯᠴᠠᠭᠤᠯᠵᠤ᠂ ᠬᠠᠤᠯᠢ ᠬᠡᠷᠡᠭᠵᠢᠭᠦᠯᠬᠦ ᠦᠨᠡᠮᠯᠡᠯ᠎ᠢ᠎ᠨᠢ ᠰᠤᠯᠢᠪᠠ᠃ ᠣᠳᠣᠬᠠᠨ᠎ᠳᠤ ᠮᠠᠨ᠎ᠤ ᠲᠢᠩᠬᠢᠮ᠎ᠳᠤ ᠠᠵᠢᠯ᠎ᠤᠨ ᠪᠠᠢ᠌ᠷᠢ᠎ᠳᠤ ᠪᠠᠢ᠌ᠭ᠎ᠠ ᠦᠨᠡᠮᠯᠡᠯ᠎ᠲᠠᠢ ᠬᠠᠤᠯᠢ ᠬᠡᠷᠡᠭᠵᠢᠭᠦᠯᠬᠦ ᠠᠵᠢᠯᠲᠠᠨ 25 ᠬᠥᠮᠥᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ 《12345》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤ ᠵᠢᠨ ᠬᠣᠯᠪᠣᠭᠳᠠᠯ ᠪᠦᠬᠦᠢ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠮᠡᠳᠡᠯᠭᠡ ᠵᠢᠨ ᠬᠥᠮᠥᠷᠭᠡ ᠵᠢ ᠲᠡᠭᠦᠯᠳᠡᠷᠵᠢᠭᠦᠯᠬᠦ ᠪᠠ ᠮᠡᠳᠡᠭᠡ ᠵᠠᠩᠭᠢ ᠵᠢᠨ ᠯᠠᠪᠯᠠᠯᠭ᠎ᠠ ᠵᠢᠨ ᠠᠵᠢᠯ᠎ᠢ ᠦᠷᠬᠦᠯᠵᠢᠯᠡᠨ ᠠᠬᠢᠭᠤᠯᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠠᠵᠢᠯᠯᠠᠵᠤ ᠪᠠᠢ᠌ᠭ᠎ᠠ ᠠᠵᠢᠯᠲᠠᠨ᠎ᠳᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠬᠦᠷᠳᠡᠬᠡᠪᠡ᠃ ᠬᠠᠤᠯᠢ ᠴᠠᠭ᠋ᠠᠵᠠ ᠵᠢᠨ ᠵᠥᠪᠯᠡᠭᠴᠢ ᠵᠢᠨ ᠠᠵᠢᠯ᠎ᠤᠨ ᠳᠦᠷᠢᠮ᠎ᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠢᠳᠡᠪᠬᠢᠵᠢᠯ᠎ᠢ ᠬᠦᠢ᠍ᠴᠡᠳ ᠪᠠᠳᠠᠷᠠᠭᠤᠯᠪᠠ᠃ ᠬᠠᠤᠯᠢ ᠴᠠᠭ᠋ᠠᠵᠠ ᠵᠢᠨ ᠵᠥᠪᠯᠡᠭᠴᠢ ᠨᠢᠬᠡ ᠵᠢᠯ᠎ᠤᠨ ᠳᠣᠲᠣᠷ᠎ᠠ 97 ᠭᠡᠷ᠎ᠡ᠂ 38 ᠪᠢᠴᠢᠭ ᠮᠠᠲ᠋ᠧᠷᠢᠶᠠᠯ᠂ 9 ᠬᠠᠤᠯᠢ ᠴᠠᠭ᠋ᠠᠵᠠ ᠵᠢᠨ ᠰᠠᠨᠠᠯ᠎ᠢ ᠲᠤᠭᠤᠷᠪᠢᠬᠰᠠᠨ ᠪᠦᠬᠡᠳ ᠵᠠᠰᠠᠪᠤᠷᠢ ᠣᠷᠣᠭᠤᠯᠬᠤ᠎ᠳᠤ ᠤᠷᠤᠯᠴᠠᠬᠰᠠᠨ ᠪᠠᠢ᠌ᠨ᠎ᠠ᠃
ᠭᠤᠷᠪᠠ᠂ ᠢᠳᠡᠪᠬᠢᠲᠡᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠡᠯ᠎ᠡ ᠵᠦᠢ᠍ᠯ᠎ᠤᠨ ᠰᠠᠭᠤᠷᠢ ᠠᠵᠢᠯ᠎ᠢ ᠥᠨᠳᠥᠷ ᠪᠠᠷᠢᠮᠵᠢᠶ᠎ᠠ᠎ᠪᠠᠷ ᠠᠬᠢᠭᠤᠯᠪᠠ
(ᠨᠢᠭᠡ) ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠬᠦᠯᠪᠡ
ᠨᠢᠭᠡ᠎ᠳᠤ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠡᠭᠭ᠋ᠠᠳᠬᠠᠪᠠ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠳᠤ ᠲᠣᠬᠢᠷᠠᠭᠤᠯᠤᠯᠲᠠ ᠬᠢᠵᠦ᠂ ᠠᠵᠢᠯ᠎ᠤᠨ ᠲᠤᠰᠬᠠᠢ ᠠᠩᠭᠢ ᠪᠠᠢ᠌ᠭᠤᠯᠤᠨ᠂ 《ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠰᠢᠯᠢᠳᠡᠭᠵᠢᠭᠦᠯᠬᠦ ᠲᠤᠬᠠᠢ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠪᠠ᠃ ᠭᠠᠷᠠᠭ᠎ᠤᠨ ᠲᠣᠬᠢᠷᠠᠭᠤᠯᠤᠯᠲᠠ᠂ ᠰᠠᠷ᠎ᠠ ᠵᠢᠨ ᠨᠡᠪᠳᠡᠷᠡᠬᠦᠯᠬᠦ ᠲᠣᠭᠲᠠᠴᠠ ᠪᠠ ᠠᠵᠢᠯ᠎ᠤᠨ ᠵᠣᠯᠭ᠋ᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠠᠵᠢᠯ᠎ᠢ ᠠᠬᠢᠭᠤᠯᠬᠤ ᠲᠣᠬᠢᠷᠠᠭᠤᠯᠤᠯᠲᠠ ᠵᠢᠨ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ ᠬᠤᠷᠠᠯᠳᠤᠭᠤᠯᠪᠠ᠃ ᠬᠣᠶᠠᠷ᠎ᠲᠤ ᠠᠵᠢᠯ᠎ᠤᠨ ᠭᠣᠣᠯᠳᠠᠯᠭ᠎ᠠ ᠵᠢ ᠲᠤᠪᠤᠢ᠍ᠢ᠍ᠯᠭ᠋ᠠᠪᠠ᠃ 23 ᠵᠦᠢ᠍ᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠰᠢᠨ᠎ᠡ᠎ᠪᠠᠷ ᠨᠡᠮᠡᠭᠳᠡᠭᠦᠯᠬᠦ ᠵᠢᠨ ᠬᠠᠮᠲᠤ 《ᠦᠪᠤᠷ ᠮᠤᠡᠭᠭᠤᠯ᠎ᠤᠨ ᠲᠦᠷᠬᠡᠨ ᠬᠦᠢ᠍ᠴᠡᠳᠬᠡᠬᠦ》 APP ᠵᠢ ᠵᠡᠷᠬᠡ᠎ᠪᠠᠷ ᠨᠡᠢ᠌ᠲᠡᠯᠡᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠪᠠᠶ᠋ᠢᠭᠤᠯᠬᠤ᠂ ᠳᠠᠩᠰᠠᠯᠠᠯᠲᠠ ᠵᠢ ᠬᠤᠪᠢᠷᠠᠭᠤᠯᠬᠤ ᠵᠡᠷᠭᠡ ᠭᠠᠷᠳᠠᠮ᠎ᠢ ᠲᠤᠷᠰᠢᠨ ᠭᠦᠢ᠍ᠴᠡᠳᠬᠡᠬᠦ ᠦᠶ᠎ᠡ᠎ᠳᠤ 《ᠳᠤᠲᠠᠭᠤ ᠵᠢ᠎ᠨᠢ ᠭᠥᠯᠢᠶᠡᠨ ᠠᠪᠴᠤ ᠰᠢᠢ᠍ᠳᠪᠦᠷᠢᠯᠡᠬᠦ》 ᠠᠷᠭ᠎ᠠ ᠵᠢ ᠬᠡᠷᠡᠭᠵᠢᠬᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠳᠡᠩᠰᠡᠯᠡᠵᠦ ᠪᠡᠯᠡ ᠮᠥᠩᠭᠥ ᠰᠢᠯᠭ᠋ᠠᠨ ᠪᠠᠢ᠌ᠴᠠᠭ᠋ᠠᠭᠰᠠᠨ ᠭᠡᠷᠡᠴᠢᠯᠡᠬᠦ ᠵᠦᠢ᠍ᠯᠡᠰ᠎ᠢ ᠪᠠᠢ᠌ᠭᠤᠯᠵᠤ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠬᠠᠮᠢᠶ᠎ᠠ ᠪᠦᠬᠦᠢ ᠭᠡᠷᠡᠴᠢᠯᠡᠬᠦ ᠵᠦᠢ᠍ᠯᠡᠰ᠎ᠲᠤ ᠮᠡᠳᠡᠭᠳᠡᠵᠦ ᠠᠮᠠᠯᠠᠭᠤᠯᠬᠤ ᠳᠦᠷᠢᠮ᠎ᠢ ᠬᠡᠷᠡᠭᠵᠢᠬᠦᠯᠪᠡ᠃ ᠡᠯᠧᠺᠲᠷᠣᠨ ᠦᠨᠡᠮᠯᠡᠯ᠎ᠤᠨ ᠬᠡᠷᠡᠭᠯᠡᠯᠲᠡ ᠵᠢ ᠠᠬᠢᠭᠤᠯᠵᠤ᠂ ᠣᠷᠣᠭ᠎ᠤᠨ ᠲᠡᠦᠬᠡ ᠵᠢᠨ ᠲᠣᠭ᠎ᠠ ᠪᠠᠷᠢᠮᠲᠠ ᠵᠢ ᠨᠥᠬᠥᠪᠦᠷᠢᠯᠡᠨ ᠲᠡᠭᠦᠯᠳᠡᠷᠵᠢᠭᠦᠯᠬᠦ ᠠᠵᠢᠯ᠎ᠢ ᠲᠦᠷᠭᠡᠳᠬᠡᠨ᠂ ᠪᠥᠬᠥ ᠣᠷᠣᠨ᠎ᠤ 14 ᠠᠢ᠌ᠮᠠᠭ ᠬᠣᠲᠠ᠎ᠳᠤ ᠣᠷᠣᠭ᠎ᠤᠨ ᠳᠠᠩᠰᠠᠯᠠᠯᠲᠠ ᠵᠢᠨ 《ᠪᠥᠬᠥ ᠬᠣᠲᠠ᠎ᠳᠤ ᠲᠤᠭᠤᠰᠢᠳᠠᠢ ᠭᠦᠢ᠍ᠴᠡᠳᠬᠡᠬᠦ》 ᠵᠢ ᠪᠦᠬᠦᠨ᠎ᠢ ᠪᠡᠶᠡᠯᠡᠭᠦᠯᠵᠦ᠂ ᠮᠠᠨ᠎ᠤ ᠣᠷᠣᠨ᠎ᠤ 《ᠨᠢᠷᠠᠢ ᠬᠡᠦᠬᠡᠳ᠎ᠤᠨ ᠤᠴᠢᠷ》᠎ᠤᠨ ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ᠎ᠳᠤ ᠬᠠᠮᠵᠢᠯᠴᠠᠪᠠ᠃ ᠭᠤᠷᠪᠠ᠎ᠳᠤ᠂ 《ᠬᠣᠶᠠᠷ ᠰᠢᠯᠢᠳᠡᠭ》᠎ᠤᠨ ᠲᠤᠰᠬᠠᠢ ᠠᠵᠢᠯᠯᠠᠭ᠎ᠠ ᠵᠢ ᠦᠷᠨᠢᠬᠦᠯᠪᠡ᠃ ᠡᠷᠬᠡ ᠵᠢ ᠲᠤᠷᠤᠬᠰᠢ᠎ᠪᠠᠨ ᠪᠠᠭᠤᠯᠭ᠋ᠠᠬᠤ᠂ ᠴᠢᠬᠤᠯᠠ ᠨᠥᠬᠥᠴᠡᠯ᠎ᠢ ᠴᠣᠮᠬᠠᠳᠬᠠᠬᠤ᠂ ᠵᠠᠩᠭᠢᠯᠠᠭ᠎ᠠ ᠵᠢ ᠪᠠᠭ᠋ᠠᠰᠬᠠᠬᠤ᠂ ᠴᠠᠭ ᠬᠤᠭᠤᠴᠠᠭ᠎ᠠ ᠵᠢ ᠪᠣᠭᠣᠨᠢᠰᠬᠠᠬᠤ 《ᠲᠦᠷᠪᠡᠨ》 ᠦᠷ᠎ᠡ ᠪᠦᠲᠦᠭᠡᠯ᠎ᠢ ᠪᠤᠢ ᠪᠣᠯᠭ᠋ᠠᠵᠤ᠂ ᠳᠣᠲᠣᠭ᠋ᠠᠳᠤ ᠭᠠᠳᠠᠭ᠋ᠠᠳᠤ ᠵᠢᠨ ᠬᠡᠷᠡᠭ ᠶᠠᠪᠤᠳᠠᠯ᠎ᠤᠨ ᠡᠷᠬᠡ ᠵᠢ 2 ᠲᠣᠳᠣᠷᠬᠠᠢ ᠬᠠᠭᠤᠳᠠᠰᠤ ᠵᠢ ᠳᠣᠷᠣᠭᠰᠢ ᠪᠠᠭᠤᠯᠭ᠋ᠠᠵᠤ᠂ ᠮᠠᠲ᠋ᠧᠷᠢᠶᠠᠯ᠎ᠢ 20.45%᠎ᠪᠠᠷ ᠴᠣᠮᠬᠠᠳᠬᠠᠵᠤ᠂ ᠵᠠᠩᠭᠢᠯᠠᠭ᠎ᠠ ᠵᠢ 39.56%᠎ᠪᠠᠷ ᠴᠣᠮᠬᠠᠳᠬᠠᠵᠤ᠂ ᠴᠠᠭ ᠬᠤᠭᠤᠴᠠᠭ᠎ᠠ ᠵᠢ 66.99%᠎ᠪᠠᠷ ᠴᠤᠮᠬᠠᠳᠬᠠᠪᠠ᠃ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠵᠤ᠂ ᠠᠷᠠᠳ ᠢᠷᠭᠡᠳ᠎ᠤᠨ ᠤᠷᠤᠭᠯᠠᠵᠤ ᠬᠡᠦᠬᠡᠳ ᠠᠪᠬᠤ᠂ ᠵᠡᠮᠳᠡᠭᠴᠦᠳ᠎ᠢ ᠲᠡᠳᠬᠦᠨ ᠬᠦᠴᠢᠷᠳᠡᠯᠲᠡᠢ ᠵᠢ ᠲᠤᠰᠠᠯᠠᠬᠤ᠂ ᠡᠷᠬᠡ᠎ᠳᠤ ᠠᠷᠠᠳ᠎ᠤᠨ 3 ᠬᠤᠢ᠌ᠳᠤ᠎ᠬᠢ ᠤᠴᠢᠷ᠎ᠲᠤ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 ᠲᠥᠰᠥᠯ᠎ᠢ ᠬᠡᠷᠡᠭᠵᠢᠭᠦᠯᠬᠦ ᠠᠷᠭ᠎ᠠ ᠵᠢ ᠲᠦᠷᠦᠭᠦᠯᠡᠨ ᠲᠣᠭᠲᠠᠭ᠋ᠠᠵᠤ᠂ ᠤᠯᠠᠨ ᠲᠦᠮᠡᠨ᠎ᠤ ᠠᠵᠢᠯ ᠶᠠᠪᠤᠳᠠᠯ᠎ᠢ ᠦᠨᠡᠨ ᠬᠦ᠌ 《ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 ᠪᠣᠯᠭ᠋ᠠᠪᠠ᠃
(ᠬᠣᠶᠠᠷ) ᠦᠨᠳᠦᠰᠦᠨ ᠱᠠᠲᠤᠨ᠎ᠤ ᠬᠠᠤᠯᠢ᠎ᠪᠠᠷ ᠵᠠᠰᠠᠬᠤ ᠡᠭᠦᠳᠦᠨ ᠪᠠᠢ᠌ᠭᠤᠯᠤᠯᠲᠠ ᠵᠢ ᠬᠦᠨᠵᠡᠬᠡᠢ᠌ᠷᠡᠬᠦᠯᠪᠡ
ᠨᠢᠭᠡ᠎ᠳᠤ᠂ ᠨᠡᠢ᠌ᠭᠡᠮ ᠲᠣᠭᠣᠷᠢᠭ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ᠂ ᠠᠷᠠᠳᠴᠢᠯᠠᠯ ᠪᠠ ᠬᠠᠤᠯᠢ᠎ᠪᠠᠷ ᠵᠠᠰᠠᠬᠤ ᠵᠢᠱ᠌ᠢᠶ᠎ᠡ ᠦᠵᠡᠭᠦᠯᠬᠦ ᠲᠣᠰᠬᠣᠨ᠎ᠤ ᠪᠠᠢ᠌ᠭᠤᠯᠤᠯᠲᠠ ᠵᠢ ᠠᠬᠢᠭᠤᠯᠪᠠ᠃ ᠰᠣᠩᠭᠣᠨ ᠳᠡᠪᠰᠢᠭᠦᠯᠬᠦ ᠠᠵᠢᠯ᠎ᠢ ᠪᠥᠬᠥ ᠣᠷᠣᠨ᠎ᠤ ᠬᠡᠪᠴᠢᠶᠡᠨ᠎ᠳᠤ ᠥᠷᠨᠢᠭᠦᠯᠵᠦ᠂ 22 ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠢ ᠰᠣᠩᠭᠣᠨ ᠶᠢᠰᠦᠳᠦᠭᠡᠷ ᠪᠦᠯᠦᠭ 《ᠪᠥᠬᠥ ᠤᠯᠤᠰ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠵᠢᠱ᠌ᠢᠶ᠎ᠡ ᠦᠵᠡᠭᠦᠯᠬᠦ ᠲᠣᠰᠬᠣᠨ (ᠨᠡᠢ᠌ᠭᠡᠮ ᠲᠣᠭᠣᠷᠢᠭ)》᠎ᠢ ᠠᠷᠠᠳ᠎ᠤᠨ ᠶᠠᠪᠤᠳᠠᠯ᠎ᠤᠨ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠳᠤ ᠲᠡᠪᠰᠢᠬᠦᠯᠪᠡ᠃ ᠭᠤᠷᠪᠠᠳᠤᠭ᠋ᠠᠷ ᠪᠦᠯᠦᠭ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳᠴᠢᠯᠠᠯ ᠵᠶ᠋ᠠᠷ ᠬᠠᠤᠯᠢ᠎ᠪᠠᠷ ᠵᠠᠰᠠᠬᠤ ᠵᠢᠨ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)》᠎ᠢ ᠨᠡᠷᠡᠢ᠌ᠳᠦᠨ ᠲᠠᠨᠢᠯᠴᠠᠭᠤᠯᠬᠤ ᠠᠵᠢᠯ᠎ᠢ ᠦᠷᠨᠢᠬᠦᠯᠪᠡ᠃ ᠬᠣᠶᠠᠷ᠎ᠲᠤ᠂ᠠᠷᠠᠳᠴᠢᠯᠠᠯ ᠵᠶ᠋ᠡᠷ ᠵᠥᠪᠯᠡᠬᠦ ᠠᠵᠢᠯ᠎ᠢ ᠠᠬᠢᠭᠤᠯᠪᠠ᠃ ᠪᠥᠬᠥ ᠣᠷᠣᠨ᠎ᠤ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠥᠪᠳᠡᠯᠴᠡᠨ ᠦᠢ᠍ᠯᠡᠳᠦᠯᠭᠡᠵᠢᠭᠦᠯᠬᠦ ᠠᠵᠢᠯᠯᠠᠭ᠎ᠠ ᠵᠢ ᠢᠳᠡᠪᠬᠢᠲᠡᠢ᠎ᠪᠠᠷ ᠠᠬᠢᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠨᠢ ᠵᠥᠪᠳᠡᠯᠴᠡᠨ ᠦᠢ᠍ᠯᠡᠳᠦᠯᠭᠡᠵᠢᠭᠦᠯᠬᠦ ᠠᠵᠢᠯᠯᠠᠭ᠎ᠠ ᠵᠢ ᠨᠡᠢ᠌ᠳᠡᠮ ᠥᠷᠨᠢᠭᠦᠯᠵᠦ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠥᠪᠳᠡᠯᠴᠡᠭᠰᠡᠨ ᠰᠢᠯᠢᠳᠡᠭ ᠵᠢᠱ᠌ᠢᠶ᠎ᠡ ᠵᠢ ᠤᠬᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ ᠲᠣᠭᠣᠷᠢᠭ᠎ᠤᠨ ᠬᠡᠷᠡᠭ ᠵᠥᠪᠳᠡᠯᠴᠡᠭᠰᠡᠨ ᠰᠢᠯᠢᠳᠡᠭ ᠵᠢᠱ᠌ᠢᠶ᠎ᠡ ᠵᠢᠨ ᠰᠣᠩᠭᠣᠮᠠᠯ》᠎ᠢ ᠬᠡᠪᠯᠡᠭᠦᠯᠪᠡ᠃ 18 ᠭᠠᠴᠠᠭ᠎ᠠ ᠲᠣᠰᠬᠣᠨ ᠠᠷᠠᠳ᠎ᠤᠨ ᠶᠠᠪᠤᠳᠠᠯ᠎ᠤᠨ ᠶᠠᠮᠤᠨ᠎ᠳᠤ ᠪᠥᠬᠥ ᠤᠯᠤᠰ᠎ᠤᠨ ᠲᠣᠰᠬᠣᠨ᠎ᠤ ᠱᠠᠲᠤᠨ᠎ᠤ ᠬᠡᠷᠡᠭ ᠵᠥᠪᠳᠡᠯᠴᠡᠬᠦ ᠰᠢᠨ᠎ᠡ ᠵᠢ ᠡᠭᠦᠳᠬᠦ ᠲᠤᠷᠰᠢᠯᠲᠠ ᠵᠢᠨ ᠨᠢᠬᠡᠴᠢ᠎ᠪᠠᠷ ᠲᠤᠬᠳᠠᠭ᠋ᠠᠬᠳᠠᠪᠠ᠃ ᠭᠤᠷᠪᠠ᠎ᠳᠤ᠂ ᠲᠤᠰᠠᠯᠠᠮᠵᠢ ᠵᠢᠨ ᠪᠠᠲᠤᠯᠠᠭ᠎ᠠ ᠵᠢ ᠴᠢᠡᠭᠭ᠋ᠠᠳᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ 〈ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠧᠯᠸᠢᠰ ᠳ᠋ᠢᠶᠠᠩᠬᠤᠸᠠ ᠬᠤᠷᠠᠯ᠎ᠤᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠠᠵᠢᠯ᠎ᠤᠨ ᠬᠤᠪᠢᠶᠠᠷᠢᠯᠠᠯ᠎ᠤᠨ ᠲᠥᠰᠥᠯ》 ᠪᠠ ᠮᠠᠨ᠎ᠤ ᠲᠢᠩᠬᠢᠮ᠎ᠤᠨ ᠡᠭᠦᠷᠭᠡᠯᠡᠭᠰᠡᠨ ᠡᠭᠦᠷᠭᠡ᠎ᠲᠠᠢ ᠬᠠᠷᠢᠴᠠᠭᠤᠯᠵᠤ᠂ ᠡᠯ᠎ᠡ ᠭᠠᠵᠠᠷ᠎ᠢ ᠵᠢᠯᠣᠭᠣᠳᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠮᠦᠰ᠎ᠤᠨ ᠪᠠᠢ᠌ᠳᠠᠯ᠎ᠢ ᠣᠢ᠌ᠯᠠᠭ᠋ᠠᠵᠤ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠬᠦᠷᠳᠡᠭᠰᠡᠳ᠎ᠲᠤ ᠤᠯᠭᠤᠬᠤ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠦᠷᠢ ᠵᠢ ᠴᠠᠭ ᠲᠤᠬᠠᠢᠳᠤᠨᠢ ᠣᠨᠣᠪᠴᠢᠲᠠᠶ ᠤᠯᠭᠤᠯ᠎ᠠ᠃
(ᠭᠤᠷᠪᠠ) ᠵᠠᠰᠠᠭ᠎ᠤᠨ ᠶᠠᠪᠤᠳᠠᠯ᠎ᠢ ᠢᠯᠡᠵᠢᠬᠦᠯᠬᠦ ᠠᠵᠢᠯ᠎ᠢ ᠦᠷᠭᠦᠯᠵᠢᠯᠡᠨ ᠠᠬᠢᠭᠤᠯᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 2022 ᠣᠨ᠎ᠤ ᠵᠠᠰᠠᠭ᠎ᠤᠨ ᠶᠠᠪᠤᠳᠠᠯ᠎ᠢ ᠢᠯᠡᠵᠢᠬᠦᠯᠬᠦ ᠠᠵᠢᠯ᠎ᠤᠨ ᠭᠣᠣᠯᠳᠠᠯᠭ᠎ᠠ ᠡᠭᠦᠷᠭᠡ ᠵᠢᠨ ᠡᠬᠡ ᠲᠠᠩᠰᠠ》 ᠵᠢ ᠲᠣᠭᠲᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠪᠡᠯᠡ ᠮᠥᠩᠭᠥ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠵᠢᠷᠤᠮᠵᠢᠯ᠎ᠤᠨ ᠴᠢᠨᠠᠷᠲᠠᠢ ᠪᠢᠴᠢᠭ ᠮᠠᠲᠸᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠵᠢᠷᠤᠮᠵᠢᠭᠤᠯᠪᠠ᠃ ᠲᠢᠩᠬᠢᠮ᠎ᠤᠨ ᠰᠦᠯᠵᠢᠶ᠎ᠡ ᠦᠨᠤ ᠵᠢᠯ 16000 ᠭᠠᠷᠤᠢ ᠮᠡᠳᠡᠭᠡ ᠵᠠᠩᠭᠢ ᠵᠢ ᠰᠢᠨ᠎ᠡ᠎ᠪᠠᠷ ᠨᠡᠢ᠌ᠲᠡᠯᠡᠪᠡ᠃
(ᠳᠥᠷᠪᠡ) ᠡᠯ᠎ᠡ ᠲᠦᠷᠤᠯ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠪᠡ
ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ 39 ᠰᠠᠨᠠᠯ ᠵᠥᠪᠯᠡᠯᠭᠡ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂ ᠵᠠᠰᠠᠭ᠎ᠤᠨ ᠣᠷᠳᠣᠨ᠎ᠤ ᠱᠠᠯᠠᠪᠳᠠᠭᠤᠯᠤᠨ ᠪᠠᠢ᠌ᠴᠠᠭ᠋ᠠᠬᠤ ᠰᠦᠯᠵᠢᠶ᠎ᠡ ᠪᠠ ᠲᠢᠩᠬᠢᠮ᠎ᠤᠨ ᠠᠯᠪᠠᠨ ᠰᠦᠯᠵᠢᠶᠡᠨ ᠳᠡᠭᠡᠷ᠎ᠡ ᠰᠢᠢ᠍ᠳᠪᠦᠷᠢᠯᠡᠭᠰᠡᠨ ᠪᠠᠢ᠌ᠳᠠᠯ ᠵᠶ᠋ᠠᠨ ᠢᠯᠡᠵᠢᠬᠦᠯᠵᠤ᠂ ᠬᠠᠷᠢᠭᠤᠯᠲᠠ ᠥᠭᠭᠦᠭᠰᠡᠨ ᠨᠤᠷᠮ᠎ᠠ ᠪᠠ ᠢᠯᠡ᠎ᠪᠠᠷ ᠨᠡᠢ᠌ᠲᠡᠯᠡᠭᠰᠡᠨ ᠨᠤᠷᠮ᠎ᠠ ᠵᠢ 100%᠎ᠳᠤ ᠬᠦᠷᠴᠡᠢ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠦᠯᠵᠢᠶ᠎ᠡ᠂ ᠤᠯᠠᠨ ᠲᠦᠮᠡᠨ᠎ᠳᠤ ᠦᠢ᠍ᠯᠡᠴᠢᠯᠡᠬᠦ ᠲᠠᠪᠴᠠᠡᠭ ᠵᠡᠷᠭᠡ ᠢᠯᠡᠴᠢᠯᠡᠨ ᠮᠡᠳᠡᠭᠦᠯᠬᠦ ᠲᠠᠪᠴᠠᠩ ᠲᠡᠬᠡᠷᠡᠬᠢ ᠣᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠴᠠᠭ ᠲᠤᠬᠠᠢᠳᠤᠨᠢ ᠬᠠᠷᠢᠭᠤ ᠲᠤᠰᠬᠠᠵᠤ᠂ ᠲᠣᠬᠢᠲᠠᠢ ᠰᠢᠢ᠍ᠳᠪᠦᠷᠢᠯᠡᠵᠦ᠂ ᠠᠷᠠᠳ᠎ᠲᠤ ᠲᠥᠬᠥᠮ ᠦᠵᠡᠭᠦᠯᠬᠦ 12345 ᠪᠠᠢ᠌ᠡᠭᠭᠤ ᠵᠢᠨ ᠤᠲᠠᠰᠤᠨ᠎ᠤ ᠲᠠᠪᠴᠠᠩ᠎ᠳᠤ ᠨᠡᠶ᠋ᠢᠲᠡ 49 ᠠᠵᠢᠯ᠎ᠤᠨ ᠬᠠᠭᠤᠳᠠᠰᠤ ᠵᠢ ᠭᠥᠯᠢᠶᠡᠨ ᠠᠪᠴᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠦᠯᠡᠳᠡᠭᠡᠭᠰᠡᠨ 102 ᠵᠤᠷᠪᠤᠰ᠎ᠢ ᠭᠥᠯᠢᠶᠡᠨ ᠠᠪᠴᠤ᠂ ᠴᠥᠮ ᠴᠠᠭ ᠲᠤᠬᠠᠢᠳᠤᠨᠢ ᠭᠦᠢ᠍ᠴᠡᠳᠬᠡᠭᠰᠡᠨ ᠪᠤᠶᠤ ᠰᠢᠯᠵᠢᠭᠦᠯᠦᠨ ᠰᠢᠢ᠍ᠳᠪᠦᠷᠢᠯᠡᠭᠦᠯᠪᠡ᠃
(ᠲᠠᠪᠤ) ᠨᠡᠢ᠌ᠭᠡᠮ᠎ᠤᠨ ᠵᠥᠷᠢᠴᠡᠯ᠎ᠢ ᠬᠠᠤᠯᠢ ᠶᠣᠰᠣᠭ᠋ᠠᠷ ᠪᠦᠲᠦᠮᠵᠢᠲᠡᠶ ᠠᠷᠢᠯᠭ᠋ᠠᠪᠠ
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ ᠠᠵᠢᠯ᠎ᠤᠨ ᠲᠥᠰᠥᠯ ᠲᠣᠭᠲᠠᠭ᠋ᠠᠵᠤ᠂ ᠠᠵᠢᠯ᠎ᠤᠨ ᠲᠤᠰᠬᠠᠢ ᠠᠩᠭᠢ ᠪᠠᠢ᠌ᠭᠤᠯᠵᠤ᠂ ᠠᠵᠢᠯ᠎ᠤᠨ ᠡᠬᠡ ᠲᠠᠨᠭ᠌ᠰᠠ ᠭᠠᠷᠭ᠋ᠠᠨ᠂ ᠵᠠᠬᠢᠳᠠᠯ ᠰᠣᠷᠪᠤᠯᠵᠢᠯᠠᠭ᠎ᠠ ᠵᠢᠨ ᠳᠠᠷᠤᠭᠳᠠᠮᠠᠯ ᠬᠡᠷᠡᠭ᠎ᠢ ᠲᠤᠰᠬᠠᠢ ᠵᠦᠢ᠍ᠯ ᠵᠶ᠋ᠡᠷ ᠰᠢᠢ᠍ᠳᠪᠦᠷᠢᠯᠡᠬᠦ ᠠᠵᠢᠯ᠎ᠢ ᠦᠷᠨᠢᠬᠦᠯᠤᠬᠡᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠬᠤᠭᠤᠴᠠᠭ᠋ᠠᠨ᠎ᠳᠤ ᠶᠡᠬᠡ ᠲᠠᠯ᠎ᠠ᠎ᠳᠤ ᠪᠦᠲᠦᠮᠵᠢᠲᠡᠶ᠎ᠪᠠᠷ ᠦᠢ᠍ᠯᠡᠴᠢᠯᠡᠬᠦ ᠵᠢ ᠦᠨᠡᠨ ᠬᠦ᠌ ᠪᠠᠳᠤᠯᠠᠵᠤ ᠴᠢᠳᠠᠬᠰᠠᠨ ᠪᠠᠢ᠌ᠨ᠎ᠠ᠃
ᠮᠠᠨ᠎ᠤ ᠲᠢᠩᠬᠢᠮ᠎ᠤᠨ᠎ᠬᠢᠨ ᠲᠠᠷᠠᠭ᠋ᠠᠴᠢ᠎ᠪᠠᠷ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠠᠷᠠᠳ᠎ᠤᠨ ᠶᠠᠪᠤᠳᠠᠯ᠎ᠤᠨ ᠬᠠᠤᠯᠢ᠎ᠪᠠᠷ ᠵᠠᠰᠠᠬᠤ ᠠᠵᠢᠯ᠎ᠤᠨ ᠳᠦᠷᠢᠮᠵᠢᠯᠲᠡ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠴᠢᠨᠠᠷᠵᠢᠭᠤᠨ ᠪᠠᠳᠤᠯᠠᠭ᠎ᠠ᠎ᠪᠠᠷ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠦᠢ᠍ᠯᠡᠰ᠎ᠤᠨ ᠴᠢᠨᠠᠷᠯᠢᠭ ᠬᠦᠭᠵᠢᠯᠳᠡ ᠵᠢ ᠠᠬᠢᠭᠤᠯᠬᠤ ᠪᠤᠯᠤᠨ᠎ᠠ᠃
ᠡᠬᠦᠨ᠎ᠤ ᠲᠤᠯᠨ ᠣᠨᠴᠠᠭ᠋ᠠᠢ᠌ᠯᠠᠨ ᠮᠡᠳᠡᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠬᠢᠮ
2023 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠤᠷ