ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠨᠠᠮ᠎ᠤᠨ ᠬᠣᠷᠢᠶ᠎ᠠ ᠵᠢᠨ ᠲᠠᠷᠢᠶᠠᠯᠠᠩ᠎ᠤᠨ ᠠᠵᠢᠯ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠨᠠᠮ᠎ᠤᠨ ᠬᠣᠷᠢᠶ᠎ᠠ ᠵᠢᠨ ᠲᠠᠷᠢᠶᠠᠯᠠᠩ᠎ᠤᠨ ᠠᠵᠢᠯ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠳᠤ᠄
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ᠂ ᠨᠦᠬᠦᠴᠡᠯ᠎ᠳᠤ ᠨᠡᠶ᠋ᠢᠴᠡᠬᠦ ᠬᠦᠴᠢᠷᠳᠡᠯᠲᠡᠢ ᠣᠯᠠᠨ ᠲᠦᠮᠡᠨ᠎ᠢ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ ᠴᠠᠭ ᠲᠤᠬᠠᠢᠳᠤᠨᠢ ᠤᠷᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ ᠵᠢ ᠥᠷᠭᠡᠳᠬᠡᠨ ᠦᠷ᠎ᠡ ᠠᠰᠢᠭ᠎ᠢ ᠨᠡᠮᠩᠳᠡᠬᠦᠯᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠬᠣᠷᠢᠭ᠎ᠠ ᠱᠤᠭᠤᠮ᠎ᠢ ᠦᠨᠡᠨ ᠬᠦ᠌ ᠪᠠᠳᠤᠯᠠᠨ᠂ ᠣᠨᠣᠪᠴᠢᠲᠠᠶ ᠪᠠᠲᠤᠯᠠᠵᠤ᠂ ᠰᠠᠢ᠌ᠲᠤᠷ ᠪᠠᠲᠤᠯᠠᠬᠤ ᠵᠢᠨ ᠲᠦᠯᠤᠬᠡ ᠡᠳᠦᠭᠡ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠶ᠎ᠡ᠄
ᠨᠢᠬᠡ᠂ ᠨᠠᠭ᠋ᠠᠳᠤ ᠵᠠᠬ᠎ᠠ ᠵᠢᠨ ᠪᠠᠳᠤᠯᠠᠭ᠎ᠠ ᠵᠢᠨ ᠠᠵᠢᠯ᠎ᠢ ᠴᠢᠡᠭᠭ᠋ᠠᠳᠬᠠᠵᠤ᠂ ᠬᠦᠷᠢᠶ᠎ᠡ ᠴᠠᠷᠠᠭ᠎ᠠ ᠵᠢ ᠦᠷᠬᠡᠳᠬᠡᠬᠦ ᠠᠵᠢᠯ᠎ᠤᠨ ᠡᠷᠴᠢᠮ᠎ᠢ ᠴᠢᠡᠭᠭ᠋ᠠᠷᠠᠭᠤᠯᠬᠤ ᠬᠡᠷᠡᠭᠳᠡᠢ
(ᠨᠢᠭᠡ) ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠵᠦᠪᠰᠢᠶᠡᠷᠡᠯ᠎ᠤᠨ ᠨᠥᠬᠥᠴᠡᠯ᠎ᠢ ᠵᠢᠷᠤᠮᠵᠢᠭᠤᠯᠤᠨ ᠲᠡᠭᠦᠯᠳᠡᠷᠵᠢᠭᠦᠯᠦᠨ᠎ᠡ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠬᠢᠨᠠᠨ ᠬᠠᠷᠭᠤᠭᠤᠯᠵᠤ ᠨᠤᠲᠠᠯᠠᠬᠤ ᠬᠠᠮᠢᠶ᠎ᠠ ᠪᠦᠬᠦᠢ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠤ᠎ᠬᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠥᠬᠥᠴᠡᠯ᠎ᠤᠨ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠢ ᠨᠠᠢ᠌ᠳᠠᠪᠤᠷᠢᠵᠢᠭᠤᠯᠵᠤ᠂ ᠭᠤᠶᠤᠴᠢᠯᠠᠭᠰᠠᠨ ᠭᠡᠷ ᠪᠦᠯᠢ ᠵᠢᠨ ᠣᠷᠣᠯᠭ᠎ᠠ᠂ ᠡᠳ᠋ ᠬᠥᠷᠥᠩᠭᠡ ᠵᠢᠨ ᠪᠠᠢ᠌ᠳᠠᠯ ᠵᠡᠷᠭᠡ ᠵᠢ ᠶᠡᠷᠦᠩᠬᠡᠢ᠌ᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠬᠢᠨᠠᠨ ᠬᠠᠷᠭᠤᠭᠤᠯᠵᠤ ᠨᠤᠲᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠴᠢᠬᠤᠯᠠ ᠪᠤᠰᠤ ᠬᠢᠵᠠᠭ᠋ᠠᠷᠯᠠᠬᠤ ᠴᠢᠨᠠᠷᠲᠠᠢ ᠨᠥᠬᠥᠴᠡᠯ᠎ᠢ ᠳᠤᠷ᠎ᠠ᠎ᠪᠠᠷ ᠵᠶ᠋ᠠᠨ ᠳᠠᠭ᠋ᠠᠯᠳᠤᠭᠤᠯᠵᠤ ᠪᠣᠯᠬᠤ ᠦᠭᠡᠢ᠂ ᠣᠨᠴᠠ ᠲᠣᠭᠲᠠᠭ᠋ᠠᠭᠰᠠᠨ ᠠᠵᠢᠯ ᠮᠡᠷᠭᠡᠵᠢᠯ᠂ ᠤᠨᠴᠠᠭ᠋ᠠᠢ ᠬᠢᠷᠢ ᠬᠡᠮ ᠵᠡᠷᠭᠡ᠎ᠪᠠᠷ ᠰᠢᠯᠲᠠᠭ ᠪᠤᠯᠭ᠋ᠠᠬᠤ ᠪᠤᠶᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠪᠠᠢ᠌ᠴᠠᠭ᠋ᠠᠨ ᠬᠢᠨᠠᠨ ᠬᠠᠷᠭᠤᠭᠤᠯᠤᠭᠰᠠᠨ ᠦᠭᠡᠢ᠎ᠪᠠᠷ ᠭᠤᠶᠤᠴᠢᠯᠠᠭᠰᠠᠨ ᠭᠡᠷ ᠪᠦᠯᠢ ᠵᠢᠨ ᠨᠥᠬᠥᠴᠡᠯ᠎ᠳᠤ ᠨᠡᠶ᠋ᠢᠴᠡᠬᠦ ᠡᠰᠡᠬᠦ ᠵᠢ ᠰᠢᠭᠤᠳ ᠮᠠᠭ᠋ᠠᠳᠯᠠᠨ ᠲᠣᠭᠲᠠᠭ᠋ᠠᠵᠤ ᠪᠣᠯᠬᠤ ᠦᠭᠡᠢ᠃ ᠭᠤᠶᠤᠴᠢᠯᠠᠭᠰᠠᠨ ᠭᠡᠷ ᠪᠦᠯᠢ᠎ᠨᠢ ᠨᠥᠬᠥᠴᠡᠯ᠎ᠳᠤ ᠨᠡᠢ᠌ᠴᠡᠪᠡᠯ᠂ ᠭᠡᠷ ᠪᠦᠯᠢ ᠵᠢᠨ ᠣᠨᠴᠠ ᠵᠠᠷᠢᠮ ᠪᠦᠷᠢᠯᠳᠦᠭᠦᠨ᠎ᠢ᠎ᠨᠢ ᠯᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠦᠷᠢᠶ᠎ᠡ ᠴᠠᠷᠠᠭ᠎ᠠ᠎ᠳᠤ ᠤᠷᠤᠭᠤᠯᠤᠭ᠋ᠠᠳ ᠯᠨ ᠪᠣᠯᠬᠤ ᠦᠭᠡᠢ᠃ 《ᠬᠥᠳᠡᠯᠮᠦᠷᠢ ᠬᠦᠴᠦᠨ᠎ᠤ ᠢᠯᠡᠳᠬᠡᠮᠵᠢ》 ᠵᠡᠷᠭᠡ ᠠᠷᠭ᠎ᠠ᠎ᠪᠠᠷ ᠭᠤᠶᠤᠴᠢᠯᠠᠭᠰᠠᠨ ᠭᠡᠷ ᠪᠦᠯᠢ ᠵᠢᠨ ᠣᠷᠣᠯᠭ᠎ᠠ ᠵᠢ ᠲᠣᠭ᠋ᠠᠴᠠᠭ᠎ᠠ ᠬᠢᠬᠦ᠎ᠳᠤ ᠭᠡᠷ ᠪᠦᠯᠢ ᠵᠢᠨ ᠪᠦᠷᠢᠯᠳᠦᠭᠦᠨ᠎ᠤ ᠪᠣᠳᠠᠲᠤ ᠪᠠᠢ᠌ᠳᠠᠯ᠎ᠢ ᠪᠤᠰᠤᠳᠴᠢ᠎ᠪᠠᠷ ᠪᠣᠳᠣᠯᠬᠢᠯᠠᠵᠤ᠂ ᠦᠨᠡᠨᠬᠦ ᠠᠵᠢᠯ ᠣᠯᠬᠤ᠎ᠳᠤ ᠬᠦᠴᠢᠷᠲᠡᠢ ᠪᠤᠶᠤ ᠨᠡᠯᠢᠶᠡᠳ ᠤᠷᠳᠤ ᠬᠤᠭᠤᠴᠠᠭ᠎ᠠ᠎ᠪᠠᠷ ᠣᠷᠣᠯᠭ᠎ᠠ ᠣᠯᠬᠤ ᠵᠢᠨ ᠠᠷᠭ᠎ᠠ ᠦᠭᠡᠢ ᠪᠠᠢ᠌ᠪᠠᠯ᠂ ᠭᠡᠷ ᠪᠦᠯᠢ ᠵᠢᠨ ᠪᠣᠳᠠᠲᠠᠢ ᠬᠦᠴᠢᠷᠳᠡᠯ᠎ᠢ ᠦᠨᠳᠦᠰᠦᠯᠡᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠬᠤ ᠡᠰᠡᠬᠦ ᠵᠢ ᠶᠡᠷᠦᠩᠬᠡᠢ᠌ᠯᠡᠨ ᠮᠠᠭ᠋ᠠᠳᠯᠠᠬᠤ ᠬᠡᠷᠡᠭᠲᠡᠢ᠃ ᠨᠠᠰᠤᠨ᠎ᠳᠤ ᠭᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ᠎ᠲᠤ 《ᠭᠠᠭᠴᠠ ᠬᠥᠮᠥᠨ᠎ᠤ ᠡᠷᠦᠬᠡ》᠎ᠪᠠᠷ ᠯᠠᠪᠯᠠᠯᠲᠠ ᠪᠣᠯᠭ᠋ᠠᠵᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠤᠶᠤᠴᠢᠯᠠᠯ ᠭᠠᠷᠭ᠋ᠠᠵᠤ ᠪᠣᠯᠣᠨ᠎ᠠ᠃ ᠠᠬ᠎ᠠ ᠳᠡᠭᠦᠦ ᠡᠭᠡᠴᠢ ᠥᠬᠢᠨ ᠳᠡᠭᠦᠦ᠎ᠨᠢ ᠪᠤᠶᠤ60 ᠪᠦᠬᠦᠯᠢ ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠲᠦᠰᠢᠭᠯᠡᠨ ᠠᠮᠢᠳᠤᠷᠠᠵᠤ ᠪᠠᠢ᠌ᠭ᠎ᠠ ᠨᠠᠰᠤᠨ᠎ᠳᠤ ᠭᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠦᠨᠡᠯᠡᠨ ᠮᠠᠭ᠋ᠠᠳᠯᠠᠨ ᠲᠣᠭᠲᠠᠭ᠋ᠠᠬᠤ ᠦᠶ᠎ᠡ᠎ᠳᠤ᠂ ᠠᠬ᠎ᠠ ᠳᠡᠭᠦᠦ ᠡᠭᠡᠴᠢ ᠥᠬᠢᠨ ᠳᠡᠭᠦᠦ᠎ᠨᠢ ᠪᠤᠶᠤ 60 ᠪᠦᠬᠦᠯᠢ ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠠᠰᠠᠷᠠᠨ ᠲᠡᠵᠢᠭᠡᠬᠦ ᠵᠠᠷᠤᠳᠠᠯ᠎ᠢ ᠪᠠᠢ᠌ᠳᠠᠯ᠎ᠢ᠎ᠨᠢ ᠦᠵᠡᠵᠦ ᠪᠠᠢ᠌ᠭ᠋ᠠᠳ ᠵᠣᠬᠢᠬᠤ ᠬᠡᠮᠵᠢᠶ᠎ᠡ᠎ᠪᠠᠷ ᠬᠡᠯᠲᠦᠷᠢᠭᠦᠯᠵᠦ ᠪᠣᠯᠣᠨ᠎ᠠ᠂ ᠨᠥᠬᠥᠴᠡᠯ᠎ᠳᠤ ᠨᠡᠢ᠌ᠴᠡᠪᠡᠯ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠦᠷᠢᠶ᠎ᠡ ᠴᠠᠷᠠᠭ᠎ᠠ᠎ᠳᠤ ᠣᠷᠣᠭᠤᠯᠤᠨ᠎ᠠ᠃
(ᠬᠣᠶᠠᠷ) ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠦᠨᠡᠡᠯᠵᠤ ᠮᠠᠭ᠋ᠠᠳᠯᠠᠨ ᠲᠣᠭᠲᠠᠭ᠋ᠠᠬᠤ ᠨᠦᠬᠦᠴᠡᠯ᠎ᠢ ᠵᠦᠢ ᠵᠤᠬᠢᠰᠳᠠᠢ ᠲᠤᠬᠳᠠᠭ᠋ᠠᠬᠤ ᠵᠢᠨ ᠬᠠᠮᠳᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠳᠠᠭ᠋ᠠᠯᠳᠤᠨ ᠠᠯᠬᠤᠮ ᠠᠯᠬᠤᠮ ᠵᠶ᠋ᠠᠷ ᠲᠣᠬᠢᠷᠠᠭᠤᠯᠤᠯᠲᠠ ᠬᠢᠨ᠎ᠡ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠦᠨᠡᠯᠡᠵᠤ ᠮᠠᠭ᠋ᠠᠳᠯᠠᠨ ᠲᠤᠬᠳᠠᠭ᠋ᠠᠬᠤ ᠠᠷᠭ᠎ᠠ ᠵᠢ ᠲᠡᠭᠦᠯᠳᠡᠷᠵᠢᠭᠦᠯᠵᠦ᠂ ᠭᠡᠷ ᠪᠦᠯᠢ ᠵᠢᠨ ᠡᠳ᠋ ᠬᠥᠷᠥᠩᠭᠡ ᠵᠢᠨ ᠵᠠᠬ᠎ᠠ ᠳᠡᠯᠭᠡᠭᠦᠷ᠎ᠤᠨ ᠥᠷᠲᠡᠭ᠂ ᠪᠣᠳᠠᠲᠠᠢ ᠡᠵᠡᠩᠨᠡᠯᠲᠡ ᠵᠢᠨ ᠣᠷᠣᠯᠭ᠎ᠠ ᠵᠢᠨ ᠪᠠᠢ᠌ᠳᠠᠯ ᠪᠠ ᠭᠡᠷ ᠪᠦᠯᠢ ᠵᠢᠨ᠎ᠬᠢᠨ᠎ᠢ ᠪᠣᠳᠠᠲᠠᠢ ᠠᠮᠢᠳᠤᠷᠠᠯ᠎ᠤᠨ ᠪᠠᠢ᠌ᠳᠠᠯ ᠵᠡᠷᠭᠡ ᠵᠢ ᠶᠡᠷᠦᠩᠬᠡᠢ᠌ᠯᠡᠨ ᠪᠣᠳᠣᠯᠬᠢᠯᠠᠵᠤ᠂ ᠦᠨᠡᠨ᠎ᠢ ᠪᠠᠷᠢᠮᠲᠠᠯᠠᠨ ᠦᠨᠡᠯᠡᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠭᠤᠶᠤᠴᠢᠯᠠᠬᠤ ᠬᠡᠷᠡᠴᠢ ᠵᠢᠨ ᠠᠮᠠᠯᠠᠯᠳᠠ ᠵᠢᠨ ᠲᠦᠷᠢᠮ᠎ᠢ ᠬᠡᠷᠡᠭᠵᠢᠭᠦᠯᠬᠦ ᠵᠢ ᠵᠣᠷᠢᠭᠵᠢᠭᠤᠯᠵᠤ᠂ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠡᠷᠭᠡ ᠵᠢ ᠭᠤᠶᠤᠴᠢᠯᠠᠭᠴᠢ᠎ᠳᠤ ᠪᠢᠴᠢᠭ ᠵᠶ᠋ᠡᠷ ᠨᠢᠭᠡ ᠯᠨ ᠲᠡᠬᠡᠷ᠎ᠡ ᠮᠡᠳᠡᠭᠳᠡᠨ᠎ᠡ᠂ ᠭᠤᠶᠤᠴᠢᠯᠠᠭᠴᠢ ᠵᠢᠨ ᠪᠢᠴᠢᠭ᠎ᠤᠨ ᠠᠮᠠᠯᠠᠯᠲᠠ᠎ᠨᠢ ᠨᠢᠭᠡᠨᠲᠡ ᠮᠡᠳᠡᠭᠰᠡᠨ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠨᠡᠢ᠌ᠴᠡᠪᠡᠯ ᠳᠠᠭᠢᠵᠤ ᠬᠣᠯᠪᠣᠭᠳᠠᠯ ᠪᠦᠬᠦᠢ ᠭᠡᠷᠡᠴᠢ ᠵᠢ ᠠᠪᠬᠤ ᠦᠭᠡᠢ᠎ᠪᠠᠷ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠪᠠᠢ᠌ᠴᠠᠭ᠋ᠠᠬᠤ᠂ ᠬᠢᠨᠠᠨ ᠬᠠᠷᠭᠤᠭᠤᠯᠵᠤ ᠨᠤᠲᠠᠯᠠᠬᠤ ᠵᠡᠷᠭᠡ ᠠᠵᠢᠯ᠎ᠢ ᠰᠢᠭᠤᠳ ᠥᠷᠨᠢᠭᠦᠯᠦᠨ᠎ᠡ᠃
(ᠭᠤᠷᠪᠠ) ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ ᠢᠳᠡᠭ ᠢᠳᠡᠭ ᠵᠶ᠋ᠡᠷ ᠭᠠᠷᠭ᠋ᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠠᠵᠢᠯ ᠣᠯᠬᠤ ᠴᠢᠳᠠᠪᠤᠷᠢ᠎ᠲᠠᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ᠎ᠤ ᠠᠵᠢᠯ ᠣᠯᠬᠤ ᠵᠢ ᠵᠣᠷᠢᠭᠵᠢᠭᠤᠯᠵᠤ᠂ ᠠᠵᠢᠯ ᠣᠯᠣᠭᠰᠠᠨ᠎ᠤ ᠳᠠᠷᠠᠭ᠎ᠠ ᠭᠡᠷ ᠪᠦᠯᠢ ᠵᠢᠨ ᠬᠥᠮᠥᠨ ᠳᠤᠮᠳᠠᠴᠢ ᠵᠢᠨ ᠣᠷᠣᠯᠭ᠎ᠠ᠎ᠨᠢ ᠲᠤᠬᠠᠢ ᠵᠢᠨ ᠭᠠᠵᠠᠷ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠬᠡᠲᠦᠷᠡᠭᠰᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ᠎ᠳᠤ ᠵᠠᠷᠴᠢᠮ ᠳᠡᠭᠡᠷ᠎ᠡ᠎ᠪᠠᠨ 6 ᠰᠠᠷ᠎ᠠ ᠵᠢᠨ ᠲᠤᠳᠤᠷ᠎ᠠ ᠢᠳᠡᠭ ᠢᠳᠡᠭ ᠵᠶ᠋ᠡᠷ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ ᠭᠠᠷᠭ᠋ᠠᠨ᠎ᠠ᠃ ᠭᠡᠷ ᠪᠦᠯᠢ ᠵᠢᠨ ᠪᠦᠷᠢᠯᠳᠦᠭᠦᠨ᠎ᠨᠢ ᠨᠦᠭᠴᠢᠪᠡᠯ᠂ ᠨᠦᠭᠴᠢᠭᠰᠡᠨ ᠡᠳᠦᠷ᠎ᠠᠴᠠ ᠡᠬᠢᠯᠡᠨ 3 ᠰᠠᠷ᠎ᠠ ᠵᠢᠨ ᠳᠣᠲᠣᠷ᠎ᠠ ᠭᠡᠷ ᠪᠦᠯᠢ ᠵᠢᠨ ᠪᠠᠢ᠌ᠳᠠᠯ᠎ᠢ ᠬᠢᠨᠠᠨ ᠪᠠᠢ᠌ᠴᠠᠭ᠋ᠠᠬᠤ ᠵᠢᠨ ᠬᠠᠮᠲᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠮᠥᠩᠭᠥ ᠵᠢ ᠨᠡᠮᠡᠵᠦ ᠣᠯᠭᠣᠬᠤ ᠪᠤᠶᠤ ᠬᠠᠰᠤᠵᠤ ᠣᠯᠭᠣᠬᠤ᠂ ᠡᠰᠡᠪᠡᠯ ᠣᠯᠭᠣᠬᠤ ᠵᠢ ᠵᠣᠭᠰᠤᠭ᠋ᠠᠬᠤ ᠵᠡᠷᠭᠡ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠵᠦ ᠳᠠᠭᠤᠰᠬᠠᠬᠤ ᠬᠡᠷᠡᠭᠲᠡᠢ᠃
(ᠳᠥᠷᠪᠡ) ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠨᠠᠷᠢᠯᠢᠭᠵᠢᠭᠤᠯᠤᠨ᠎ᠠ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠭᠡᠳᠡᠭ᠎ᠨᠢ ᠡᠩ᠎ᠤᠨ ᠪᠠᠢ᠌ᠳᠠᠯ᠎ᠳᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠥᠬᠥᠴᠡᠯ᠎ᠳᠤ ᠨᠡᠶ᠋ᠢᠴᠡᠬᠦ ᠦᠭᠡᠢ᠂ ᠭᠡᠷ ᠪᠦᠯᠢ ᠵᠢᠨ ᠬᠥᠮᠥᠨ ᠳᠤᠮᠳᠠᠴᠢ ᠵᠢᠨ ᠣᠷᠣᠯᠭ᠎ᠠ᠎ᠨᠢ ᠲᠤᠬᠠᠢ ᠵᠢᠨ ᠭᠠᠵᠠᠷ᠎ᠤᠨ 1.5 ᠳᠠᠬᠢᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠳᠣᠣᠷ᠎ᠠ ᠮᠥᠷᠲᠡᠭᠡᠨ ᠡᠳ᠋ ᠬᠥᠷᠥᠩᠭᠡ ᠵᠢᠨ ᠪᠠᠢ᠌ᠳᠠᠯ᠎ᠨᠢ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠬᠦ ᠵᠢ ᠬᠡᠯᠡᠨ᠎ᠡ᠃ ᠡᠯ᠎ᠡ ᠭᠠᠵᠠᠷ᠎ᠤᠨ᠎ᠬᠢᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢᠨ ᠡᠳ᠋ ᠬᠥᠷᠥᠩᠭᠡ ᠵᠢᠨ ᠪᠠᠢ᠌ᠳᠠᠯ᠎ᠢ ᠮᠠᠭ᠋ᠠᠳᠯᠠᠬᠤ ᠪᠠᠷᠢᠮᠵᠢᠶ᠎ᠠ ᠲᠤᠬᠳᠠᠭ᠋ᠠᠬᠤ ᠵᠢ ᠵᠤᠷᠢᠬ᠍ᠵᠢᠭᠤᠯᠤᠨ᠎ᠠ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢᠨ ᠨᠤᠴᠢᠳᠠᠢ ᠵᠡᠮᠳᠡᠭ ᠬᠥᠮᠥᠰ᠂ ᠬᠦᠨᠳᠦ ᠡᠪᠡᠳᠴᠢᠲᠡᠨ ᠵᠡᠷᠭᠡ ᠤᠨᠴᠠᠭ᠋ᠠᠢ ᠬᠦᠴᠢᠷᠳᠡᠯᠲᠡᠢ ᠬᠥᠮᠥᠰ᠎ᠢ ᠲᠣᠰ ᠬᠥᠮᠥᠨ᠎ᠨᠢ ᠭᠤᠶᠤᠴᠢᠯᠠᠯ ᠵᠶ᠋ᠡᠷ 《ᠭᠠᠭᠴᠠ ᠬᠥᠮᠥᠨ᠎ᠤ ᠡᠷᠦᠬᠡ》᠎ᠪᠠᠷ ᠯᠠᠪᠯᠠᠯᠲᠠ ᠪᠣᠯᠭ᠋ᠠᠵᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠦᠷᠢᠶ᠎ᠡ ᠴᠠᠷᠠᠭ᠎ᠠ᠎ᠳᠤ ᠣᠷᠣᠭᠤᠯᠵᠤ ᠪᠣᠯᠣᠨ᠎ᠠ᠃
ᠬᠣᠶᠠᠷ᠂ ᠪᠠᠴᠢᠮ ᠬᠦᠴᠢᠷᠳᠡᠯᠳᠡᠢ ᠬᠦᠮᠦᠰ᠎ᠲᠤ ᠲᠦᠷ ᠴᠠᠭ᠎ᠤᠨ ᠲᠤᠰᠠᠯᠠᠮᠵᠢ ᠦᠵᠡᠬᠦᠯᠬᠦ ᠠᠵᠢᠯ᠎ᠢ ᠴᠢᠡᠭᠭ᠋ᠠᠳᠬᠠᠨ᠎ᠠ
(ᠨᠢᠭᠡ) ᠠᠮᠢᠳᠤᠷᠠᠯ᠎ᠨᠢ ᠬᠦᠴᠢᠷᠳᠡᠯᠳᠡᠢ ᠪᠥᠭᠡᠳ ᠳᠠᠭ᠋ᠠᠳᠬᠠᠯ᠎ᠳᠤ ᠣᠷᠣᠯᠴᠠᠭᠰᠠᠨ ᠦᠭᠡᠢ ᠠᠵᠢᠯ ᠠᠯᠳᠠᠭᠰᠠᠳ᠎ᠲᠤ ᠲᠥᠷᠤᠨ ᠲᠤᠰᠠᠯᠠᠮᠵᠢ ᠬᠠᠡᠭᠭ᠋ᠠᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠬᠢᠵᠢᠭ᠎ᠤᠨ ᠨᠥᠯᠥᠭᠡ᠎ᠠᠴᠠ ᠪᠣᠯᠣᠭ᠋ᠠᠳ ᠠᠵᠢᠯ᠎ᠳᠤ᠎ᠪᠠᠨ ᠤᠴᠢᠵᠤ ᠲᠡᠢ᠌ᠯᠬᠦ ᠦᠭᠡᠢ᠂ ᠵᠠᠯᠭ᠋ᠠᠭ᠎ᠠ᠎ᠪᠠᠷ 3 ᠰᠠᠷ᠎ᠠ ᠣᠷᠣᠯᠭ᠎ᠠ ᠦᠭᠡᠢ᠂ ᠠᠮᠢᠳᠤᠷᠠᠯ᠎ᠨᠢ ᠬᠦᠴᠢᠷᠳᠡᠯᠳᠡᠢ ᠮᠥᠷᠲᠡᠭᠡᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠲᠦᠷᠦ ᠵᠢᠨ ᠪᠣᠳᠣᠯᠭ᠎ᠠ᠎ᠳᠤ ᠬᠠᠮᠤᠷᠬᠤ ᠵᠢᠨ ᠠᠷᠭ᠎ᠠ ᠦᠭᠡᠢ ᠬᠥᠯᠥᠰᠦᠨ ᠠᠵᠢᠯᠴᠢᠨ ᠵᠡᠷᠭᠡ ᠳᠠᠭ᠋ᠠᠳᠬᠠᠯ᠎ᠳᠤ ᠣᠷᠣᠯᠴᠠᠭᠰᠠᠨ ᠦᠭᠡᠢ ᠠᠵᠢᠯ ᠠᠯᠳᠠᠭᠰᠠᠳ᠎ᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠤᠭᠰᠠᠨ ᠦᠭᠡᠢ ᠪᠤᠯ ᠲᠤᠰ ᠬᠥᠮᠥᠨᠤᠬᠢᠨᠢ ᠭᠤᠶᠤᠴᠢᠯᠠᠯ ᠵᠶ᠋ᠠᠷ ᠠᠵᠢᠯ ᠬᠢᠵᠦ ᠪᠠᠢ᠌ᠭ᠎ᠠ ᠭᠠᠵᠠᠷ ᠪᠤᠶᠤ ᠪᠠᠢ᠌ᠩᠭᠤ ᠰᠠᠭᠤᠭ᠎ᠠ ᠭᠠᠵᠠᠷ᠎ᠠᠴᠠ ᠲᠦᠷ ᠴᠠᠭ᠎ᠤᠨ ᠲᠤᠰᠠᠯᠠᠮᠵᠢ ᠵᠢᠨ ᠮᠦᠡᠭᠬᠦ ᠵᠢ ᠨᠢᠭᠡ ᠤᠳᠠᠭ᠎ᠠ ᠣᠯᠭᠣᠨ᠎ᠠ᠃ᠡ᠊ ᠊ᠯᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠦᠷ ᠴᠠᠭ᠎ᠤᠨ ᠲᠤᠰᠠᠯᠠᠮᠵᠢ ᠪᠠ ᠠᠵᠢᠯ ᠣᠯᠭᠣᠯᠲᠠ ᠵᠢᠨ ᠲᠥᠷᠥ ᠵᠢᠨ ᠪᠣᠳᠣᠯᠭ᠎ᠠ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠴᠢᠩᠭ᠋ᠠᠳᠬᠠᠵᠤ᠂ ᠬᠥᠳᠡᠯᠮᠦᠷᠢᠯᠡᠬᠦ ᠴᠢᠳᠠᠪᠤᠷᠢ᠎ᠲᠠᠢ ᠲᠦᠷ ᠴᠠᠭ᠎ᠤᠨ ᠬᠦᠴᠢᠷᠳᠡᠯ᠎ᠳᠤ ᠲᠤᠯᠭ᠋ᠠᠷᠠᠬᠰᠠᠳᠢ ᠬᠠᠪᠰᠤᠷᠤᠨ ᠬᠦᠴᠢᠷ᠎ᠢ ᠲᠤᠭᠤᠯᠤᠭᠤᠯᠬᠤ ᠬᠡᠷᠡᠭᠲᠡᠢ᠃
(ᠬᠣᠶᠠᠷ) ᠪᠤᠰᠤᠳ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ ᠲᠦᠷ ᠴᠠᠭ᠎ᠤᠨ ᠲᠤᠰᠠᠯᠠᠮᠵᠢ ᠦᠵᠡᠬᠦᠯᠬᠦ ᠡᠷᠴᠢᠮ᠎ᠢ ᠴᠢᠡᠭᠭ᠋ᠠᠷᠠᠭᠤᠯᠤᠨᠠ᠃ ᠬᠢᠵᠢᠭ᠎ᠤᠨ ᠨᠦᠯᠦᠬᠡ᠎ᠠᠴᠠ ᠪᠣᠯᠵᠤ ᠠᠵᠢᠯ ᠣᠯᠣᠭ᠋ᠠᠳᠤᠢ᠂ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ ᠣᠶᠤᠲᠠᠳ ᠪᠠ ᠬᠢᠵᠢᠭ᠎ᠠᠴᠠ ᠪᠣᠯᠵᠤ ᠦᠨᠳᠦᠰᠦᠨ ᠠᠮᠢᠳᠤᠷᠠᠯ᠎ᠨᠢ ᠲᠦᠷ ᠴᠠᠭ᠎ᠤᠨ ᠬᠦᠴᠢᠷᠳᠡᠯ᠎ᠳᠤ ᠲᠤᠯᠭ᠋ᠠᠷᠠᠭᠰᠠᠨ ᠪᠤᠰᠤᠳ ᠭᠡᠷ ᠪᠦᠯᠢ ᠪᠤᠶᠤ ᠬᠤᠪᠢ ᠬᠥᠮᠥᠨ᠎ᠢ ᠲᠦᠷ ᠴᠠᠭ᠎ᠤᠨ ᠲᠤᠰᠠᠯᠠᠮᠵᠢ ᠵᠢᠨ ᠬᠡᠪᠴᠢᠶᠡᠨ᠎ᠳᠤ ᠲᠠᠷᠤᠢ ᠣᠷᠣᠭᠤᠯᠬᠤ ᠬᠡᠷᠡᠭᠲᠡᠢ᠃ ᠲᠦᠷ ᠴᠠᠭ᠎ᠤᠨ ᠲᠤᠰᠠᠯᠠᠮᠵᠢ ᠪᠤᠯᠤᠨ ᠭᠠᠮᠰᠢᠭᠳᠠᠭᠰᠠᠨ ᠬᠥᠮᠥᠰ᠎ᠢ ᠲᠤᠰᠠᠯᠠᠬᠤ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠪᠠᠴᠢᠮ ᠢ ᠠᠷᠭ᠋ᠠᠴᠠᠭ᠋ᠠᠬᠤ ᠬᠤᠭᠤᠴᠠᠭ᠋ᠠᠨ᠎ᠤ ᠲᠤᠰᠠᠯᠠᠮᠵᠢ᠂ ᠰᠢᠯᠵᠢᠯᠲᠡ ᠵᠢᠨ ᠬᠤᠭᠤᠴᠠᠭ᠋ᠠᠨ᠎ᠤ ᠠᠮᠢᠳᠤᠷᠠᠯ᠎ᠤᠨ ᠲᠤᠰᠠᠯᠠᠮᠵᠢ ᠵᠢᠨ ᠲᠠᠷᠠᠭ᠎ᠠ ᠦᠨᠳᠦᠰᠦᠨ ᠠᠮᠢᠳᠤᠷᠠᠯ᠎ᠨᠢ ᠮᠥᠨ ᠬᠦ᠌ ᠨᠡᠯᠢᠶᠡᠳ ᠶᠡᠬᠡ ᠬᠦᠴᠢᠷᠳᠡᠯ᠎ᠲᠠᠢ ᠭᠠᠮᠰᠢᠭᠳᠠᠭᠰᠠᠨ ᠣᠯᠠᠨ ᠲᠦᠮᠡᠨ᠎ᠳᠤ ᠴᠠᠭ ᠲᠠᠷᠤᠢ᠎ᠳᠤ᠎ᠨᠢ ᠲᠦᠷ ᠴᠠᠭ᠎ᠤᠨ ᠲᠤᠰᠠᠯᠠᠮᠵᠢ ᠦᠵᠡᠬᠦᠯᠵᠤ᠂ ᠭᠠᠮᠰᠢᠭ᠎ᠠᠴᠠ ᠪᠣᠯᠵᠤ ᠳᠠᠬᠢᠨ ᠶᠠᠳᠠᠭᠤᠷᠠᠬᠤ ᠵᠢ ᠰᠡᠷᠭᠡᠢ᠌ᠯᠡᠨ᠎ᠡ᠃
ᠭᠤᠷᠪᠠ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ
(ᠨᠢᠭᠡ) ᠣᠨᠳᠣᠣ ᠭᠠᠵᠠᠷ᠎ᠲᠤ ᠨᠡᠭᠦᠯᠭᠡᠬᠦ ᠪᠠ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠠᠵᠢᠯ᠎ᠢ ᠵᠣᠯᠭ᠋ᠠᠭᠤᠯᠬᠤ ᠲᠤᠬᠳᠠᠴᠨ ᠵᠢ ᠪᠠᠢ᠌ᠭᠤᠯᠤᠨ᠎ᠠ᠃ ᠣᠢ᠌ᠯᠠᠭ᠋ᠠᠵᠤ ᠵᠢᠭᠰᠠᠭ᠋ᠠᠨ ᠪᠦᠷᠢᠳᠬᠡᠬᠦ ᠵᠢ ᠴᠢᠩᠭ᠋ᠠᠳᠬᠠᠵᠤ᠂ ᠨᠡᠭᠦᠵᠦ ᠤᠴᠢᠬᠤ ᠭᠠᠵᠠᠷ᠂ ᠨᠡᠭᠦᠵᠦ ᠭᠠᠷᠬᠤ ᠭᠠᠵᠠᠷ᠎ᠤᠨ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠢ᠌ᠲᠤᠷ ᠬᠢᠵᠦ᠂ ᠪᠣᠳᠠᠲᠠᠢ ᠪᠠᠢ᠌ᠳᠠᠯ᠎ᠢ ᠦᠨᠳᠦᠰᠦᠯᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠲᠥᠷᠥᠯ ᠢᠯᠭ᠋ᠠᠯ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠂ ᠨᠥᠬᠥᠪᠦᠷᠢ ᠵᠢᠨ ᠬᠡᠮᠵᠢᠶ᠎ᠡ ᠵᠢ ᠴᠠᠭ ᠲᠤᠬᠠᠢᠳᠤᠨᠢ ᠲᠣᠬᠢᠷᠠᠭᠤᠯᠤᠨ᠂ ᠬᠦᠴᠢᠷᠳᠡᠯᠲᠡᠢ ᠣᠯᠠᠨ ᠲᠦᠮᠡᠨ᠎ᠤ ᠣᠨᠳᠣᠣ ᠭᠠᠵᠠᠷ᠎ᠲᠤ ᠨᠡᠭᠦᠭᠰᠡᠨ᠎ᠠᠴᠠ ᠪᠣᠯᠵᠤ ᠪᠠᠲᠤᠯᠠᠭ᠎ᠠ ᠵᠢ ᠣᠷᠬᠢᠭᠳᠠᠭᠤᠯᠬᠤ ᠪᠤᠶᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠳᠤ ᠳᠠᠪᠬᠤᠷᠳᠠᠭᠤᠯᠤᠨ ᠣᠷᠣᠭᠤᠯᠬᠤ᠎ᠠᠴᠠ ᠰᠡᠷᠭᠡᠢ᠌ᠯᠡᠬᠦ ᠬᠡᠷᠡᠭᠲᠡᠢ᠃
(ᠬᠣᠶᠠᠷ) ᠨᠡᠢ᠌ᠭᠡᠮ᠎ᠤᠨ ᠲᠤᠰᠠᠯᠠᠮᠵᠢ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠨᠡᠢ᠌ᠭᠡᠮ᠎ᠤᠨ ᠲᠤᠰᠠᠯᠠᠮᠵᠢ ᠵᠢ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠲᠥᠷᠥᠯ ᠵᠦᠢ᠍ᠯ᠎ᠢ ᠲᠡᠭᠦᠯᠳᠡᠷᠵᠢᠭᠦᠯᠵᠦ᠂ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠬᠤᠭᠤᠷᠤᠨᠳᠤ᠎ᠪᠠᠨ ᠣᠷᠣᠭ ᠬᠤᠷᠢᠮ᠂ ᠣᠷᠣᠰᠢᠭᠤᠯᠭ᠎ᠠ ᠵᠢᠨ ᠠᠵᠢᠯ ᠵᠡᠷᠭᠡ᠎ᠳᠤ ᠬᠣᠯᠪᠣᠭᠳᠠᠭᠰᠠᠨ ᠮᠡᠳᠡᠭᠡ ᠵᠠᠩᠭᠢ ᠵᠢ ᠬᠠᠷᠢᠯᠴᠠᠨ ᠨᠡᠪᠳᠡᠷᠡᠬᠦᠯᠵᠤ ᠬᠠᠮᠲᠤ᠎ᠪᠠᠷ ᠡᠳ᠋ᠯᠡᠬᠦ ᠵᠢ ᠲᠦᠷᠭᠡᠨ ᠪᠡᠶᠡᠯᠡᠭᠦᠯᠦᠨ᠎ᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠨᠡᠪᠲᠡᠷᠡᠯᠴᠡᠨ ᠵᠣᠬᠢᠴᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ᠂ ᠪᠠᠩᠬᠢ ᠵᠢᠨ ᠬᠠᠳᠠᠭ᠋ᠠᠯᠠᠮᠵᠢ᠂ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ᠂ ᠨᠠᠰᠤᠵᠢᠯ᠎ᠤᠨ ᠠᠰᠠᠷᠠᠮᠵᠢ ᠵᠢᠨ ᠮᠥᠩᠭᠥ ᠲᠤᠰᠢᠶᠠᠬᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠠᠩᠰᠠᠯᠠᠯᠲᠠ᠂ ᠦᠬᠦᠯ ᠵᠡᠷᠭᠡ ᠵᠢᠨ ᠮᠡᠳᠡᠭᠡ ᠵᠠᠩᠭᠢ ᠵᠢᠨ ᠬᠠᠷᠢᠴᠠᠭᠤᠯᠤᠯ᠎ᠢ ᠠᠬᠢᠭᠤᠯᠤᠨ᠎ᠠ᠃ ᠣᠨᠳᠣᠣ ᠭᠠᠵᠠᠷ᠎ᠲᠤ ᠬᠠᠮᠵᠢᠯᠴᠠᠨ ᠪᠠᠢ᠌ᠴᠠᠭ᠋ᠠᠨ ᠯᠠᠪᠯᠠᠵᠤ ᠬᠠᠷᠭᠤᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠪᠤᠰᠤᠳ ᠮᠤᠵᠢ᠎ᠠᠴᠠ ᠢᠷᠡᠭᠦᠯᠦᠭᠰᠡᠨ ᠬᠠᠷᠭᠤᠭᠤᠯᠬᠤ ᠭᠤᠶᠤᠴᠢᠯᠠᠯ᠎ᠢ ᠴᠠᠭ ᠲᠤᠬᠠᠢᠳᠤᠨᠢ ᠭᠦᠢ᠍ᠴᠡᠳᠬᠡᠨ᠎ᠡ᠃
(ᠭᠤᠷᠪᠠ) ᠣᠷᠣᠯᠭ᠎ᠠ ᠪᠠᠭ᠋ᠠᠲᠠᠢ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠪᠠ ᠱᠠᠲᠤ ᠲᠥᠷᠥᠯ ᠬᠤᠪᠢᠶᠠᠨ ᠲᠤᠰᠠᠯᠠᠵᠤ ᠲᠡᠳᠬᠦᠬᠦ ᠲᠣᠭᠲᠠᠴᠠ ᠵᠢ ᠪᠦᠷᠢᠨᠰᠢᠭᠦᠯᠦᠨ᠎ᠡ᠃ ᠪᠦᠬᠦ ᠤᠯᠤᠰ᠎ᠤᠨ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠥᠳᠡᠯᠦᠩᠭᠦᠢ ᠪᠠᠢ᠌ᠳᠠᠯ᠎ᠢ ᠬᠢᠨᠠᠬᠤ ᠮᠡᠳᠡᠭᠡ ᠵᠠᠩᠭᠢ ᠵᠢᠨ ᠲᠠᠪᠴᠠᠩ᠎ᠤᠨ ᠬᠡᠷᠡᠭᠯᠡᠯᠲᠡ ᠵᠢ ᠥᠷᠭᠡᠳᠬᠡᠵᠦ᠂ ᠣᠷᠣᠯᠭ᠎ᠠ ᠪᠠᠭ᠋ᠠᠲᠠᠢ ᠬᠦᠮᠦᠰ᠎ᠤᠨ ᠤᠷᠢᠳᠴᠢᠯᠠᠨ ᠰᠡᠷᠡᠮᠵᠢᠯᠡᠭᠦᠯᠬᠦ ᠭᠦᠢ᠍ᠴᠡᠳᠬᠡᠬᠦ ᠲᠣᠭ᠎ᠠ ᠵᠢ ᠲᠡᠭᠦᠯᠳᠡᠷᠵᠢᠭᠦᠯᠵᠦ᠂ ᠲᠣᠭ᠎ᠠ ᠪᠠᠷᠢᠮᠲᠠ ᠵᠢ ᠰᠣᠯᠪᠢᠴᠠᠭᠤᠯᠤᠨ ᠬᠠᠷᠢᠴᠠᠭᠤᠯᠬᠤ᠂ ᠬᠣᠯᠪᠣᠭᠳᠠᠭᠤᠯᠤᠨ ᠵᠠᠳᠠᠯᠬᠤ ᠪᠠ ᠶᠡᠷᠦᠩᠬᠡᠢ᠌ᠯᠡᠨ ᠦᠨᠡᠯᠡᠬᠦ᠎ᠪᠠᠷ ᠳᠠᠮᠵᠢᠭᠤᠯᠤᠨ᠂ ᠲᠦᠭᠰᠢᠭᠦᠷᠢ᠎ᠲᠠᠢ ᠪᠠᠢ᠌ᠭ᠎ᠠ ᠣᠷᠣᠯᠭ᠎ᠠ ᠪᠠᠭ᠋ᠠᠲᠠᠢ ᠬᠥᠮᠥᠨ ᠠᠮᠠ ᠵᠢ ᠰᠢᠭᠰᠢᠨ ᠪᠠᠢ᠌ᠴᠠᠭ᠋ᠠᠵᠤ᠂ ᠴᠠᠭ ᠲᠤᠬᠠᠢᠳᠤᠨᠢ ᠪᠠᠢ᠌ᠴᠠᠭ᠋ᠠᠨ ᠰᠤᠷᠪᠤᠯᠵᠢᠯᠠᠵᠤ ᠬᠢᠨᠠᠨ ᠬᠠᠷᠭᠤᠭᠤᠯᠵᠤ᠂ᠲᠤᠰᠠᠯᠠᠵᠤ ᠲᠡᠳᠬᠦᠨ᠎ᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠯᠦᠭᠡ ᠵᠢᠨ ᠮᠡᠳᠡᠭᠡ ᠵᠠᠩᠭᠢ ᠵᠢ ᠬᠠᠮᠳᠤ᠎ᠪᠠᠷ ᠡᠳ᠋ᠯᠡᠬᠦ ᠵᠢ ᠴᠢᠩᠭ᠋ᠠᠳᠬᠠᠵᠤ᠂ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠥᠳᠡᠯᠦᠩᠭᠦᠢ ᠪᠠᠢ᠌ᠳᠠᠯ᠎ᠤᠨ ᠬᠢᠨᠠᠨ ᠬᠡᠮᠵᠢᠯᠲᠡ ᠵᠢᠨ ᠮᠡᠳᠡᠭᠡ ᠵᠠᠩᠭᠢ ᠵᠢᠨ ᠲᠠᠪᠴᠠᠩ ᠬᠢᠭᠡᠳ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠪᠠᠢ᠌ᠳᠠᠯ᠎ᠤᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠵᠣᠯᠭ᠋ᠠᠭᠤᠯᠬᠤ ᠲᠣᠭᠲᠠᠴᠠ ᠵᠢ ᠪᠦᠷᠢᠨᠰᠢᠭᠦᠯᠵᠦ᠂ ᠲᠣᠭ᠎ᠠ ᠪᠠᠷᠢᠮᠲᠠ ᠵᠢ ᠤᠯᠠᠷᠢᠯ ᠪᠦᠷᠢ ᠪᠤᠶᠤ ᠬᠠᠭ᠋ᠠᠰ ᠵᠢᠯ᠎ᠳᠤ ᠨᠢᠭᠡ ᠤᠳᠠᠭ᠎ᠠ ᠬᠠᠷᠢᠴᠠᠭᠤᠯᠤᠨ ᠰᠢᠭᠰᠢᠨ ᠪᠠᠢ᠌ᠴᠠᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶᠡᠨ᠎ᠳᠤ ᠣᠷᠣᠭᠤᠯᠤᠭ᠋ᠠᠳᠤᠢ ᠳᠠᠬᠢᠨ ᠶᠠᠳᠠᠭᠤᠷᠠᠬᠤ ᠪᠤᠯᠤᠮᠵᠢ᠎ᠲᠠᠢ ᠬᠦᠮᠦᠰ᠎ᠤᠨ ᠪᠠᠢ᠌ᠳᠠᠯ᠎ᠢ ᠬᠥᠳᠡᠯᠦᠩᠭᠦᠢ᠎ᠪᠠᠷ ᠡᠵᠡᠮᠰᠢᠨ᠎ᠡ᠃ ᠬᠦᠨᠳᠦ ᠡᠪᠡᠳᠴᠢᠨ᠂ ᠵᠡᠮᠳᠡᠭ᠂ ᠰᠤᠷᠭ᠋ᠠᠭᠤᠯᠢ᠎ᠳᠤ ᠣᠷᠣᠬᠤ᠂ ᠠᠵᠢᠯ ᠠᠯᠳᠠᠬᠤ ᠵᠡᠷᠭᠡ ᠪᠠᠢ᠌ᠳᠠᠯ᠎ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠭᠦᠢ᠍ᠴᠡᠳᠬᠡᠯ ᠲᠣᠭ᠎ᠠ ᠲᠣᠭᠲᠠᠭ᠋ᠠᠵᠤ᠂ ᠬᠥᠳᠡᠯᠮᠦᠷᠢᠯᠡᠬᠦ ᠴᠢᠳᠠᠪᠤᠷᠢ᠎ᠪᠠᠨ ᠪᠦᠬᠦᠨ ᠵᠶ᠋ᠡᠷ᠎ᠨᠢ ᠪᠤᠶᠤ ᠬᠡᠰᠡᠭ ᠠᠯᠳᠠᠭᠰᠠᠨ ᠣᠷᠣᠯᠭ᠎ᠠ ᠪᠠᠭ᠋ᠠᠲᠠᠢ ᠬᠦᠮᠦᠰ᠂ ᠢᠯᠠᠩᠭᠤᠶ᠎ᠠ ᠡᠪᠡᠳᠴᠢᠨ ᠪᠤᠶᠤ ᠵᠡᠮᠳᠡᠭ᠂ ᠡᠰᠡᠪᠡᠯ ᠰᠠᠨᠠᠭ᠋ᠠᠨ᠎ᠳᠤ ᠦᠭᠡᠢ ᠡ᠊ᠨᠳᠡᠯ᠎ᠠᠴᠠ ᠪᠣᠯᠵᠤ ᠵᠠᠷᠤᠯᠭ᠎ᠠ ᠵᠢᠨ ᠳᠠᠷᠤᠭ᠋ᠠᠰᠤ ᠨᠡᠯᠢᠶᠡᠳ ᠶᠡᠬᠡ᠂ ᠣᠷᠣᠯᠭ᠎ᠠ ᠵᠢ ᠨᠡᠮᠡᠭᠳᠡᠭᠦᠯᠬᠦ ᠳᠠᠷᠤᠯᠲᠠ ᠶᠡᠬᠡ᠂ ᠲᠠᠬᠢᠨ ᠶᠠᠳᠠᠭᠤᠷᠠᠬᠤ ᠲᠦᠭᠰᠢᠭᠦᠷᠢ ᠶᠡᠬᠡᠲᠡᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠮᠦᠰ᠂ ᠵᠠᠷᠤᠯᠭ᠎ᠠ ᠶᠡᠬᠡ᠎ᠠᠴᠠ ᠪᠤᠯᠵᠤ ᠬᠦᠴᠢᠷᠳᠡᠯᠳᠡᠢ ᠪᠠᠢ᠌ᠭ᠎ᠠ ᠬᠦᠮᠦᠰ᠂ ᠬᠦᠨᠳᠦ ᠡᠪᠡᠳᠴᠢᠨ᠎ᠲᠠᠢ ᠨᠤᠴᠢᠳᠠᠢ ᠵᠡᠮᠳᠡᠭ ᠬᠥᠮᠥᠰ ᠵᠡᠷᠭᠡ ᠵᠢ ᠨᠢᠭᠲᠠ ᠠᠩᠬᠠᠷᠴᠤ᠂ ᠨᠥᠬᠥᠴᠡᠯ᠎ᠳᠤ ᠨᠡᠢ᠌ᠴᠡᠭᠰᠡᠨ᠎ᠢ᠎ᠨᠢ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶᠡᠨ᠎ᠳᠤ ᠴᠠᠭ ᠲᠤᠬᠠᠢᠳᠤᠨᠢ ᠣᠷᠣᠭᠤᠯᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠰᠠᠯᠠᠮᠵᠢ ᠬᠦᠷᠳᠡᠭᠰᠡᠳ᠎ᠤᠨ ᠦᠨᠳᠦᠰᠦᠨ ᠠᠮᠢᠳᠤᠷᠠᠯ᠎ᠢ ᠰᠠᠢ᠌ᠲᠤᠷ ᠪᠠᠲᠤᠯᠠᠬᠤ ᠵᠢᠨ ᠬᠠᠮᠲᠤ᠂ ᠬᠦᠴᠢᠷᠳᠡᠯᠲᠡᠢ ᠣᠯᠠᠨ ᠲᠦᠮᠡᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠤᠰᠠᠯᠠᠮᠵᠢ ᠭᠤᠶᠤᠴᠢᠯᠠᠭᠰᠠᠨ ᠮᠡᠳᠡᠭᠡ ᠵᠠᠩᠭᠢ ᠵᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠬᠦᠷᠭᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠪᠤᠰᠤᠳ ᠲᠤᠰᠬᠠᠢ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢ ᠬᠠᠩᠭ᠋ᠠᠵᠤ᠂ ᠲᠤᠰᠠᠯᠠᠮᠵᠢ ᠵᠢᠨ ᠬᠠᠮ ᠬᠦᠴᠦᠨ᠎ᠢ ᠪᠣᠶ ᠪᠣᠯᠭ᠋ᠠᠬᠤ ᠬᠡᠷᠡᠭᠲᠡᠢ᠃
ᠳᠥᠷᠪᠡ᠂ ᠭᠦᠢ᠍ᠴᠡᠳᠬᠡᠬᠦ ᠶᠠᠪᠤᠴᠨ ᠵᠢ ᠰᠢᠯᠢᠳᠡᠭᠵᠢᠭᠦᠯᠦᠨ ᠵᠢᠷᠤᠮᠵᠢᠭᠤᠯᠤᠨ᠎ᠠ
(ᠨᠢᠭᠡ) ᠭᠦᠢ᠍ᠴᠡᠳᠬᠡᠬᠦ ᠬᠤᠭᠤᠴᠠᠭ᠎ᠠ ᠵᠢ ᠲᠣᠳᠣᠷᠬᠠᠢ᠌ᠯᠠᠨ᠎ᠠ᠃ ᠡᠯ᠎ᠡ ᠭᠠᠵᠠᠷ᠎ᠤᠨ᠎ᠬᠢᠨ ᠨᠠᠭ᠋ᠠᠲᠤ ᠵᠠᠬ᠎ᠠ ᠵᠢᠨ ᠪᠠᠳᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠵᠢ ᠰᠢᠢ᠍ᠳᠪᠦᠷᠢᠯᠡᠬᠦ ᠬᠤᠭᠤᠴᠠᠭ᠎ᠠ ᠵᠢ ᠲᠣᠳᠣᠷᠬᠠᠢ ᠲᠣᠭᠲᠠᠭ᠋ᠠᠬᠤ ᠬᠡᠷᠡᠭᠲᠡᠢ᠂ ᠡᠭᠦᠨ᠎ᠳᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠪᠠᠢ᠌ᠴᠠᠭ᠋ᠠᠯᠲᠠ ᠵᠢ ᠡᠬᠢᠯᠡᠭᠦᠯᠬᠦ᠂ ᠮᠡᠳᠡᠭᠡ ᠵᠠᠩᠭᠢ ᠵᠢ ᠬᠠᠷᠭᠤᠭᠤᠯᠬᠤ ᠠᠵᠢᠯ᠎ᠢ ᠡᠬᠢᠯᠡᠭᠦᠯᠬᠦ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠠᠴᠠ ᠠᠩᠬ᠎ᠠ ᠬᠢᠨᠠᠭᠰᠠᠨ ᠰᠠᠨᠠᠯ ᠳᠤᠷᠠᠳᠬᠤ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠢᠨᠠᠨ ᠬᠠᠷᠭᠤᠭᠤᠯᠵᠤ ᠨᠤᠲᠠᠯᠠᠬᠤ ᠵᠡᠷᠭᠡ ᠡᠯ᠎ᠡ ᠵᠠᠩᠭᠢᠯᠠᠭ᠎ᠠ ᠵᠢᠨ ᠪᠣᠳᠠᠲᠠᠢ ᠰᠢᠢ᠍ᠳᠪᠦᠷᠢᠯᠡᠬᠦ ᠬᠤᠭᠤᠴᠠᠭ᠎ᠠ ᠵᠢ ᠪᠠᠭᠲᠠᠭ᠋ᠠᠨ᠎ᠠ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ᠎ᠢ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠵᠢᠨ ᠬᠡᠪᠴᠢᠶ᠎ᠡ ᠵᠢ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠪᠠᠭᠤᠯᠭ᠋ᠠᠪᠠᠯ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠵᠠᠷᠯᠠᠨ ᠨᠡᠢ᠌ᠲᠡᠯᠡᠬᠦ᠎ᠳᠤ ᠣᠨᠳᠣᠣ ᠰᠠᠨᠠᠯ᠎ᠲᠠᠢ᠂ ᠬᠥᠮᠥᠨ ᠡᠷᠦᠬᠡ ᠰᠠᠯᠤᠩᠭᠢ᠂ ᠣᠨᠳᠣᠣ ᠭᠠᠵᠠᠷ᠎ᠲᠤ ᠭᠤᠶᠤᠴᠢᠯᠠᠨ ᠭᠦᠢ᠍ᠴᠡᠳᠬᠡᠬᠦ ᠪᠤᠶᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠪᠠᠢ᠌ᠴᠠᠭ᠋ᠠᠬᠤ᠎ᠳᠤ ᠨᠡᠯᠢᠶᠡᠳ ᠬᠦᠴᠢᠷᠲᠡᠢ ᠵᠡᠷᠭᠡ ᠤᠨᠴᠠᠭ᠋ᠠᠢ ᠪᠠᠢ᠌ᠳᠠᠯ ᠭᠠᠷᠪᠠᠯ 45 ᠠᠵᠢᠯᠯᠠᠬᠤ ᠡᠳᠦᠷ ᠪᠣᠯᠲᠠᠯ᠎ᠠ ᠤᠷᠲᠤᠳᠬᠠᠵᠤ ᠪᠣᠯᠣᠨ᠎ᠠ᠃
(ᠬᠣᠶᠠᠷ) ᠢᠯᠡᠵᠢᠬᠦᠯᠬᠦ ᠳᠦᠷᠢᠮ᠎ᠢ ᠨᠠᠢ᠌ᠳᠠᠪᠤᠷᠢᠵᠢᠭᠤᠯᠤᠨ᠎ᠠ᠃ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠤ ᠪᠠᠢ᠌ᠴᠠᠭ᠋ᠠᠵᠤ ᠬᠢᠨᠠᠨ ᠬᠠᠷᠭᠤᠭᠤᠯᠬᠤ᠎ᠪᠠᠷ ᠳᠡᠮᠵᠢᠨ ᠳᠤᠷᠠᠳᠤᠭᠰᠠᠨ ᠠᠩᠬᠠᠨ᠎ᠤ ᠬᠢᠨᠠᠯᠲᠠ ᠵᠢᠨ ᠰᠠᠨᠠᠯ᠎ᠢ ᠭᠤᠶᠤᠴᠢᠯᠠᠭᠰᠠᠨ ᠭᠡᠷ ᠪᠦᠯᠢ ᠵᠢᠨ ᠪᠠᠢ᠌ᠭ᠎ᠠ ᠲᠣᠰᠬᠣᠨ (ᠨᠡᠢ᠌ᠭᠡᠮ ᠲᠣᠭᠣᠷᠢᠭ)᠎ᠳᠤ 7 ᠡᠳᠦᠷ᠎ᠤᠨ ᠬᠤᠭᠤᠴᠠᠭ᠎ᠠ᠎ᠲᠠᠢ᠎ᠪᠠᠷ ᠵᠠᠷᠯᠠᠬᠤ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠵᠤ ᠳᠠᠭᠤᠰᠤᠭᠰᠠᠨ᠎ᠤ ᠳᠠᠷᠠᠭ᠎ᠠ᠂ ᠭᠤᠶᠤᠴᠢᠯᠠᠭᠴᠢ ᠵᠢᠨ ᠣᠪᠣᠭ ᠨᠡᠷ᠎ᠡ᠂ ᠭᠡᠷ ᠪᠦᠯᠢ ᠵᠢᠨ ᠪᠦᠷᠢᠯᠳᠦᠭᠦᠨ᠎ᠤ ᠲᠣᠭ᠎ᠠ᠂ ᠪᠠᠲᠤᠯᠠᠭ᠎ᠠ ᠵᠢᠨ ᠵᠣᠭᠣᠰ᠎ᠤᠨ ᠲᠣᠭ᠎ᠠ ᠵᠡᠷᠭᠡ ᠮᠡᠳᠡᠭᠡ ᠵᠠᠩᠭᠢ ᠵᠢ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠬᠦ ᠭᠡᠷ ᠪᠦᠯᠢ ᠵᠢᠨ ᠪᠠᠢ᠌ᠭ᠎ᠠ ᠲᠣᠰᠬᠣᠨ (ᠨᠡᠢ᠌ᠭᠡᠮ ᠲᠣᠭᠣᠷᠢᠭ)᠎ᠳᠤ ᠨᠡᠢ᠌ᠲᠡᠯᠡᠬᠦ ᠬᠡᠷᠡᠭᠲᠡᠢ᠃ ᠮᠡᠳᠡᠭᠡ ᠵᠠᠩᠭᠢ ᠵᠢ ᠢᠯᠡᠵᠢᠬᠦᠯᠬᠦ᠎ᠳᠤ ᠬᠤᠪᠢ ᠬᠥᠮᠥᠨ᠎ᠤ ᠨᠢᠭᠤᠴᠠ ᠵᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ᠂ ᠬᠠᠮᠢᠶ᠎ᠠ ᠦᠭᠡᠢ ᠮᠡᠳᠡᠭᠡ ᠵᠠᠩᠭᠢ ᠵᠢ ᠢᠯᠡᠵᠢᠬᠦᠯᠵᠤ ᠪᠣᠯᠬᠤ ᠦᠭᠡᠢ᠃
(ᠭᠤᠷᠪᠠ) ᠡᠷᠦᠬᠡ ᠠᠮᠠ ᠵᠢᠨ ᠲᠠᠡᠭᠰᠨ᠎ᠨᠢ ᠲᠤᠰ ᠭᠠᠵᠠᠷ᠎ᠤᠨ ᠪᠤᠰᠤ ᠬᠥᠮᠥᠰ᠎ᠢ ᠲᠤᠰᠠᠯᠠᠮᠵᠢ ᠭᠤᠶᠤᠴᠢᠯᠠᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠦᠨ᠎ᠡ᠃ ᠬᠠᠮᠲᠤ ᠠᠮᠢᠳᠤᠷᠠᠵᠤ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ᠎ᠤ ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ᠎ᠨᠢ ᠨᠢᠬᠡ ᠯᠨ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠳᠤ ᠪᠠᠢ᠌ᠬᠤ ᠦᠭᠡᠢ ᠪᠣᠯ ᠬᠡᠨ ᠨᠢᠬᠡᠨᠤᠬᠢᠨᠢ ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ ᠪᠤᠶᠤ ᠪᠠᠢ᠌ᠩᠭᠤ ᠰᠠᠭᠤᠭ᠎ᠠ ᠭᠠᠵᠠᠷ᠎ᠠᠴᠠ᠎ᠪᠠᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠭᠤᠶᠤᠴᠢᠯᠠᠬᠤ ᠪᠤᠶᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠮᠠᠭ᠋ᠠᠳᠯᠠᠨ ᠲᠣᠭᠲᠠᠭ᠋ᠠᠯᠭ᠋ᠠᠬᠤ ᠭᠤᠶᠤᠴᠢᠯᠠᠯ ᠭᠠᠷᠭ᠋ᠠᠵᠤ ᠪᠣᠯᠣᠨ᠎ᠠ᠃ ᠬᠠᠮᠲᠤ ᠠᠮᠢᠳᠤᠷᠠᠵᠤ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ᠎ᠤ ᠡᠷᠦᠬᠡ ᠠᠮᠠ ᠵᠢᠨ ᠲᠠᠩᠰᠠ᠎ᠨᠢ ᠪᠠᠢ᠌ᠩᠭᠤ ᠰᠠᠭᠤᠭ᠎ᠠ ᠭᠠᠵᠠᠷ᠎ᠲᠠᠢ᠎ᠨᠢ ᠠᠳᠠᠯᠢ ᠦᠭᠡᠢ ᠪᠤᠯ ᠭᠡᠷ ᠪᠦᠯᠢ ᠵᠢᠨ ᠠᠯᠢ ᠨᠢᠭᠡᠨ ᠪᠦᠷᠢᠯᠳᠦᠭᠦᠨ᠎ᠤ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠲᠤ᠎ᠪᠠᠨ ᠭᠤᠶᠤᠴᠢᠯᠠᠯ ᠭᠠᠷᠭ᠋ᠠᠵᠤ ᠪᠣᠯᠣᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠣᠷᠣᠰᠢᠨ ᠰᠠᠭᠤᠬᠤ ᠦᠨᠡᠮᠯᠡᠯ᠎ᠲᠠᠢ ᠬᠥᠮᠥᠰ ᠣᠷᠣᠰᠢᠨ ᠰᠠᠭᠤᠵᠤ ᠪᠠᠢ᠌ᠭ᠎ᠠ ᠭᠠᠵᠠᠷ᠎ᠠᠴᠠ᠎ᠪᠠᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠤᠶᠤᠴᠢᠯᠠᠬᠤ ᠪᠤᠶᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ᠎ᠪᠠᠷ ᠦᠨᠡᠯᠡᠬᠦᠯᠬᠦ ᠵᠢ ᠭᠤᠶᠤᠴᠢᠯᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ ᠪᠣᠯᠣᠨ᠎ᠠ᠃ ᠲᠦᠷ ᠴᠠᠭ᠎ᠤᠨ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠵᠦ᠂ ᠪᠠᠴᠢᠮ ᠪᠠᠢ᠌ᠳᠠᠯ ᠪᠠ ᠬᠦᠴᠢᠷᠳᠡᠯ ᠭᠠᠷᠤᠭᠰᠠᠨ ᠭᠠᠵᠠᠷ᠎ᠠᠴᠠ᠎ᠨᠢ ᠰᠢᠭᠤᠳ ᠲᠤᠰᠠᠯᠠᠬᠤ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠦᠷ ᠴᠠᠭ᠎ᠤᠨ ᠬᠦᠴᠢᠷᠳᠡᠯ᠎ᠳᠤ ᠲᠤᠯᠭ᠋ᠠᠷᠠᠭᠰᠠᠨ ᠤᠯᠠᠨ ᠲᠦᠮᠡᠨ᠎ᠤ ᠪᠠᠴᠢᠮ ᠪᠠᠢ᠌ᠳᠠᠯ᠎ᠠᠴᠠ ᠰᠠᠯᠭ᠋ᠠᠵᠤ᠂ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠭᠦᠨ᠎ᠡ᠃
ᠲᠠᠪᠤ᠂ ᠪᠠᠲᠤᠯᠠᠭ᠎ᠠ ᠵᠢᠨ ᠠᠷᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ
(ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢ ᠲᠦᠷᠦᠭᠦᠯᠡᠨ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠠᠷᠠᠳ᠎ᠤᠨ ᠶᠠᠪᠤᠳᠠᠯ᠎ᠤᠨ᠎ᠬᠢᠨ ᠲᠦᠷᠦᠭᠦᠯᠡᠭᠦᠯᠦᠭᠰᠡᠨ᠂ ᠰᠠᠯᠠᠭ᠎ᠠ ᠮᠥᠴᠢᠷ᠎ᠤᠳ ᠬᠠᠮᠵᠢᠯᠴᠠᠭᠰᠠᠨ᠂ ᠨᠡᠢ᠌ᠭᠡᠮ ᠵᠶ᠋ᠡᠷ ᠵᠶ᠋ᠡᠨ ᠣᠷᠣᠯᠴᠠᠭᠰᠠᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ᠂ ᠦᠨᠳᠦᠰᠦᠨ ᠪᠠᠳᠤᠯᠠᠭ᠎ᠠ ᠵᠢᠨ ᠠᠵᠢᠯ᠎ᠢ ᠤᠯᠠᠮ ᠰᠠᠢ᠌ᠲᠤᠷ ᠬᠢᠬᠦ ᠵᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠱᠠᠯᠠᠪᠳᠠᠨ ᠲᠣᠬᠢᠷᠠᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠢ᠌ᠳᠠᠪᠤᠷᠢᠵᠢᠭᠤᠯᠤᠨ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃ ᠨᠡᠢ᠌ᠭᠡᠮ᠎ᠤᠨ ᠲᠤᠰᠠᠯᠠᠮᠵᠢ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠰᠢᠰᠲ᠋ᠧᠮ ᠵᠶ᠋ᠡᠷ ᠳᠠᠮᠵᠢᠭᠤᠯᠤᠨ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ ᠵᠢᠨ ᠬᠥᠮᠥᠨ ᠠᠮᠠ ᠵᠢᠨ ᠪᠠᠢ᠌ᠳᠠᠯ᠂ ᠣᠷᠣᠯᠭ᠎ᠠ ᠵᠢᠨ ᠪᠠᠢ᠌ᠳᠠᠯ ᠪᠣᠯᠣᠨ ᠡᠳ᠋ ᠬᠥᠷᠥᠩᠭᠡ ᠵᠢᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠪᠠᠢ᠌ᠴᠠᠭ᠋ᠠᠵᠤ᠂ ᠬᠣᠯᠪᠣᠭᠳᠠᠯ ᠪᠦᠬᠦᠢ ᠨᠡᠢ᠌ᠭᠡᠮ᠎ᠤᠨ ᠲᠤᠰᠠᠯᠠᠮᠵᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ᠎ᠤᠨ ᠰᠠᠭᠤᠷᠢ᠎ᠪᠠᠨ ᠪᠡᠬᠢᠵᠢᠭᠦᠯᠵᠦ᠂ ᠪᠠᠳᠤᠯᠠᠭ᠎ᠠ ᠬᠦᠷᠳᠡᠭᠰᠡᠳ᠎ᠢ ᠦᠨᠡᠯᠡᠬᠦ ᠤᠨᠤᠪᠴᠢ ᠵᠢᠨ ᠬᠡᠮᠵᠢᠶ᠎ᠡ ᠪᠣᠯᠣᠨ ᠲᠣᠭ᠎ᠠ ᠪᠠᠷᠢᠮᠲᠠ ᠵᠢᠨ ᠪᠦᠷᠢᠳᠬᠡᠯ᠎ᠤᠨ ᠶᠠᠰᠤ ᠴᠢᠨᠠᠷ᠎ᠢ ᠴᠢᠷᠮᠠᠢ᠌ᠨ ᠳᠡᠭᠡᠭᠰᠢᠯᠡᠭᠦᠯᠬᠦ ᠬᠡᠷᠡᠭᠲᠡᠢ᠃
(ᠬᠣᠶᠠᠷ) ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠎ᠨᠢ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠵᠢ ᠴᠢᠬᠤᠯᠠ ᠪᠠᠢ᠌ᠷᠢᠨ᠎ᠳᠤ ᠲᠠᠯᠪᠢᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠤᠨ ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠵᠤ᠂ ᠲᠥᠪ᠎ᠤᠨ ᠡᠳ᠋᠎ᠤᠨ ᠵᠠᠰᠠᠭ᠎ᠤᠨ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠲᠤᠰᠠᠯᠠᠮᠵᠢ ᠵᠢᠨ ᠪᠡᠯᠡ ᠮᠥᠩᠭᠥ ᠪᠠ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠣᠬᠢᠷᠠᠭᠤᠯᠤᠭᠰᠠᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ᠂ ᠦᠨᠳᠦᠰᠦᠨ ᠪᠠᠳᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃
(ᠭᠤᠷᠪᠠ) ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠨᠡᠢ᠌ᠭᠡᠮ᠎ᠤᠨ ᠲᠤᠰᠠᠯᠠᠮᠵᠢ᠂ ᠦᠨᠳᠦᠰᠦᠨ ᠪᠠᠳᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠵᠢᠯᠤᠭᠣᠳᠴᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠪᠣᠳᠠᠲᠠᠢ᠌ᠵᠢᠭᠤᠯᠵᠤ᠂ ᠠᠵᠢᠯ ᠵᠶ᠋ᠠᠨ ᠵᠢᠷᠤᠮᠵᠢᠯ᠎ᠲᠠᠢ ᠡᠮᠬᠢ ᠵᠢᠷᠤᠮ᠎ᠲᠠᠢ ᠠᠬᠢᠭᠤᠯᠵᠤ᠂ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠪᠡᠯᠡ ᠮᠥᠩᠭᠥ ᠵᠢ ᠦᠨᠡᠨ ᠬᠦ᠌ ᠰᠠᠢ᠌ᠲᠤᠷ ᠬᠠᠮᠢᠶᠠᠷᠤᠨ ᠬᠡᠷᠡᠭᠯᠡᠵᠦ᠂ ᠪᠡᠯᠡ ᠮᠥᠩᠭᠥ ᠵᠢ ᠡᠵᠡᠷᠬᠡᠬᠦ᠂ ᠨᠡᠭᠦᠯᠭᠡᠨ ᠬᠡᠷᠡᠭᠯᠡᠬᠦ᠂ ᠳᠤᠮᠳᠠ᠎ᠠᠴᠠ᠎ᠨᠢ ᠦᠯᠡᠳᠡᠭᠡᠬᠦ ᠪᠤᠶᠤ ᠬᠡᠷᠡᠭᠯᠡᠬᠦ ᠬᠡᠪᠴᠢᠶ᠎ᠡ ᠵᠢ ᠥᠷᠭᠡᠳᠬᠡᠵᠦ ᠪᠣᠯᠬᠤ ᠦᠭᠡᠢ᠃ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠪᠡᠯᠡ ᠮᠥᠩᠭᠥ ᠵᠢ ᠬᠢᠨᠠᠨ ᠪᠤᠳᠤᠵᠤ ᠴᠡᠭᠴᠡᠯᠡᠨ ᠰᠠᠢ᠌ᠵᠢᠷᠠᠭᠤᠯᠬᠤ᠂ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠨ ᠵᠠᠰᠠᠬᠤ ᠵᠡᠷᠭᠡ ᠠᠵᠢᠯ᠎ᠤᠨ ᠲᠣᠬᠢᠷᠠᠭᠤᠯᠤᠯᠲᠠ᠎ᠲᠠᠢ ᠤᠶᠠᠯᠳᠤᠭᠤᠯᠤᠨ᠂ ᠨᠡᠢ᠌ᠭᠡᠮ᠎ᠤᠨ ᠲᠤᠰᠯᠠᠮᠵᠢ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠱᠠᠯᠠᠪᠳᠠᠭᠤᠯᠤᠨ ᠪᠠᠢ᠌ᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠢ᠃ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠠᠯᠳᠠᠭ᠎ᠠ ᠪᠤᠷᠤᠭᠤ ᠵᠢ ᠵᠠᠯᠠᠷᠠᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢ ᠵᠣᠷᠢᠭᠵᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭ᠋ᠠᠬᠤ ᠵᠢ ᠵᠣᠷᠢᠭᠵᠢᠭᠤᠯᠤᠨ᠎ᠠ᠃
(ᠳᠥᠷᠪᠡ) ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠨᠢ ᠵᠠᠰᠠᠭ᠎ᠤᠨ ᠣᠷᠳᠣᠨ᠎ᠤ ᠨᠡᠢ᠌ᠬᠡᠮ᠎ᠤᠨ ᠲᠤᠰᠠᠯᠠᠮᠵᠢ ᠵᠢᠨ ᠦᠢ᠍ᠯᠡᠴᠢᠯᠡᠭᠡ ᠵᠢ ᠬᠤᠳᠠᠯᠳᠤᠨ ᠠᠪᠴᠤ ᠦᠭᠭᠦ ᠠᠵᠢᠯ᠎ᠢ ᠴᠢᠩᠭ᠋ᠠᠳᠬᠠᠵᠤ᠂ ᠨᠡᠢ᠌ᠭᠡᠮ᠎ᠤᠨ ᠲᠤᠰᠠᠯᠠᠮᠵᠢ ᠵᠢᠨ ᠲᠤᠰᠬᠠᠢ᠌ᠵᠢᠭᠰᠠᠨ ᠲᠦᠪᠰᠢᠨ᠎ᠢ ᠳᠡᠭᠡᠭᠰᠢᠯᠡᠭᠦᠯᠦᠨ᠂ ᠨᠡᠢ᠌ᠭᠡᠮ᠎ᠤᠨ ᠠᠵᠢᠯᠲᠠᠨ᠂ ᠰᠠᠢ᠌ᠨ ᠳᠤᠷ᠎ᠠ ᠵᠢᠨ ᠠᠵᠢᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠣᠰᠬᠣᠨ᠎ᠤ ᠱᠠᠲᠤᠨ᠎ᠳᠤ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ᠂ ᠬᠦᠴᠢᠷᠳᠡᠯᠲᠡᠢ ᠣᠯᠠᠨ ᠲᠦᠮᠡᠨ ᠨᠡᠯᠢᠶᠡᠳ ᠣᠯᠠᠨ ᠪᠠᠢ᠌ᠭ᠎ᠠ ᠲᠣᠰᠬᠣᠨ (ᠨᠡᠢ᠌ᠭᠡᠮ ᠲᠣᠭᠣᠷᠢᠭ)᠎ᠳᠤ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠥᠷᠲᠡᠭᠡ (ᠴᠡᠭ) ᠵᠢ ᠪᠥᠬᠥ ᠲᠠᠯ᠎ᠠ᠎ᠪᠠᠷ ᠪᠠᠶ᠋ᠢᠭᠤᠯᠬᠤ ᠬᠡᠷᠡᠭᠲᠡᠢ᠃ ᠨᠡᠢ᠌ᠭᠡᠮ᠎ᠤᠨ ᠲᠤᠰᠠᠯᠠᠮᠵᠢ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ᠂ ᠲᠤᠰᠬᠠᠢ ᠮᠡᠷᠭᠡᠵᠢᠯᠲᠡᠨ ᠵᠶ᠋ᠡᠷ ᠬᠢᠴᠢᠶᠡᠯᠯᠡᠬᠦᠯᠬᠦ᠂ ᠬᠡᠷᠡᠭ᠎ᠤᠨ ᠵᠢᠱ᠌ᠢᠶ᠎ᠡ ᠵᠢᠨ ᠪᠣᠯᠪᠠᠰᠤᠷᠠᠯ ᠬᠢᠬᠦ᠂ ᠲᠤᠷᠰᠢᠯᠭ᠎ᠠ ᠲᠠᠨᠢᠯᠴᠠᠭᠤᠯᠬᠤ ᠵᠡᠷᠭᠡ ᠠᠷᠭ᠎ᠠ᠎ᠪᠠᠷ ᠨᠡᠢ᠌ᠭᠡᠮ᠎ᠤᠨ ᠲᠤᠰᠠᠯᠠᠮᠵᠢ ᠵᠢ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠠᠵᠢᠯᠲᠠᠨ᠎ᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠪᠠ ᠡᠵᠡᠮᠰᠢᠬᠦ ᠵᠢ ᠴᠢᠩᠭ᠋ᠠᠷᠠᠭᠤᠯᠤᠨ᠂ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃
(ᠲᠠᠪᠤ) ᠨᠡᠢ᠌ᠭᠡᠮ᠎ᠤᠨ ᠲᠤᠰᠠᠯᠠᠮᠵᠢ ᠵᠢᠨ ᠢᠲᠡᠭᠡᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢ ᠴᠢᠡᠭᠭ᠋ᠠᠳᠬᠠᠨ᠎ᠠ᠃ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ ᠵᠢᠨ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠲᠤᠰᠠᠯᠠᠮᠵᠢ ᠬᠦᠷᠳᠡᠭᠰᠡᠳ᠎ᠤᠨ ᠦᠨᠡᠨᠴᠢ ᠢᠲᠡᠭᠡᠮᠵᠢᠲᠡᠢ᠎ᠪᠠᠷ ᠮᠡᠳᠡᠭᠦᠯᠬᠦ ᠵᠢ ᠬᠥᠲᠥᠯᠥᠨ ᠵᠢᠯᠤᠭᠤᠳᠴᠤ᠂ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠤᠶᠤᠴᠢᠯᠠᠭᠰᠠᠨ ᠪᠤᠶᠤ ᠨᠢᠭᠡᠨᠲᠡ ᠣᠯᠣᠭᠰᠠᠨ ᠭᠡᠷ ᠪᠦᠯᠢ ᠵᠢᠨ ᠦᠨᠡᠨ ᠮᠥᠨ ᠵᠶ᠋ᠡᠷ᠎ᠨᠢ ᠮᠡᠳᠡᠭᠦᠯᠬᠦ ᠬᠠᠷᠢᠭᠤᠴᠠᠯᠭ᠎ᠠ ᠵᠢ ᠴᠢᠩᠭ᠋ᠠᠷᠠᠭᠤᠯᠤᠨ᠎ᠠ᠃ ᠭᠤᠶᠤᠴᠢᠯᠠᠭᠴᠢ᠎ᠨᠢ ᠲᠣᠭᠲᠠᠭ᠋ᠠᠯ ᠶᠣᠰᠣᠭ᠋ᠠᠷ ᠭᠡᠷ ᠪᠦᠯᠢ ᠵᠢᠨ ᠬᠥᠮᠥᠨ ᠠᠮᠠ᠂ ᠣᠷᠣᠯᠭ᠎ᠠ᠂ ᠡᠳ᠋ ᠬᠥᠷᠥᠩᠭᠡ ᠵᠡᠷᠭᠡ ᠵᠢᠨ ᠪᠠᠢ᠌ᠳᠠᠯ ᠵᠶ᠋ᠠᠨ ᠦᠨᠡᠨ ᠪᠣᠳᠠᠲᠠᠢ᠎ᠪᠠᠷ ᠮᠡᠳᠡᠭᠦᠯᠬᠦ ᠬᠡᠷᠡᠭᠲᠡᠢ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ ᠵᠢᠨ ᠬᠥᠮᠥᠨ ᠠᠮᠠ᠂ ᠣᠷᠣᠯᠭ᠎ᠠ ᠪᠠ ᠡᠳ᠋ ᠬᠥᠷᠥᠩᠭᠡ ᠵᠢᠨ ᠪᠠᠢ᠌ᠳᠠᠯᠳᠤᠨᠢ ᠬᠤᠪᠢᠷᠠᠯᠲᠠ ᠭᠠᠷᠪᠠᠯ ᠭᠡᠷ ᠪᠦᠯᠢ ᠵᠢᠨ ᠪᠦᠷᠢᠯᠳᠦᠭᠦᠨ᠎ᠨᠢ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠴᠠᠭ ᠲᠠᠷᠤᠢ᠎ᠳᠤ᠎ᠨᠢ ᠮᠡᠳᠡᠭᠳᠡᠬᠦ ᠬᠡᠷᠡᠭᠲᠡᠢ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ ᠵᠢᠨ ᠬᠥᠮᠥᠨ ᠠᠮᠠ᠂ ᠣᠷᠣᠯᠭ᠎ᠠ ᠪᠠ ᠡᠳ᠋ ᠬᠥᠷᠥᠩᠭᠡ ᠵᠢᠨ ᠪᠠᠢ᠌ᠳᠠᠯᠳᠤᠨᠢ ᠴᠢᠬᠤᠯᠠ ᠶᠡᠬᠡ ᠬᠤᠪᠢᠷᠠᠯᠲᠠ ᠭᠠᠷᠤᠭ᠋ᠠᠳ 3 ᠰᠠᠷ᠎ᠠ ᠬᠡᠲᠦᠷᠡᠲᠡᠯ᠎ᠡ ᠰᠠᠨᠠᠭ᠋ᠠᠴᠢᠯᠠᠭ᠎ᠠ᠎ᠠᠴᠠ᠎ᠪᠠᠨ ᠮᠡᠳᠡᠭᠳᠡᠭᠰᠡᠨ ᠦᠭᠡᠢ ᠪᠠᠢ᠌ᠪᠠᠯ ᠰᠢᠶᠠᠨ᠎ᠤ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠤᠶᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠠᠴᠠ ᠰᠢᠬᠦᠮᠵᠢᠯᠡᠵᠤ ᠪᠣᠯᠣᠨ᠎ᠠ᠃ᠨᠥᠬᠥᠴᠡᠯ᠎ᠳᠤ ᠨᠡᠶ᠋ᠢᠴᠡᠬᠦ ᠦᠭᠡᠢ ᠪᠠᠢ᠌ᠬᠤ ᠵᠢ ᠣᠯᠵᠤ ᠮᠡᠳᠡᠪᠡᠯ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠵᠣᠭᠰᠤᠭ᠋ᠠᠬᠤ ᠬᠡᠷᠡᠭᠲᠡᠢ᠃ ᠬᠤᠳᠠᠯ ᠵᠶ᠋ᠠᠷ ᠮᠡᠳᠡᠭᠦᠯᠬᠦ᠂ ᠨᠢᠭᠤᠨ ᠳᠠᠷᠤᠬᠤ᠂ ᠬᠠᠭᠤᠷᠮᠠᠭᠯᠠᠨ ᠵᠣᠬᠢᠶᠠᠬᠤ ᠵᠡᠷᠭᠡ᠎ᠪᠠᠷ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠮᠡᠬᠡᠯᠡᠨ ᠣᠯᠣᠭᠰᠠᠨ ᠪᠠᠢ᠌ᠪᠠᠯ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠵᠣᠭᠰᠤᠭ᠋ᠠᠬᠤ᠎ᠪᠠᠷ ᠲᠣᠭᠲᠠᠭ᠋ᠠᠵᠤ᠂ ᠬᠠᠤᠯᠢ ᠪᠤᠰᠤ᠎ᠪᠠᠷ ᠣᠯᠣᠭᠰᠠᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠮᠥᠩᠭᠥ ᠵᠢ ᠵᠠᠷᠯᠢᠭᠳᠠᠨ ᠪᠤᠴᠠᠭ᠋ᠠᠯᠭ᠋ᠠᠬᠤ ᠵᠢᠨ ᠬᠠᠮᠲᠤ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃