ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠥᠬᠥ ᠣᠷᠣᠨ᠎ᠤ 2023 ᠣᠨ᠎ᠤ ᠬᠠᠩᠰᠢ ᠵᠢᠨ ᠡᠳᠦᠷ᠎ᠤᠨ ᠪᠣᠯᠪᠠᠰᠤᠨ᠎ᠤ ᠲᠠᠬᠢᠯᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ
ᠨᠡᠶᠢᠲᠡᠯᠡᠭᠰᠡᠨ ᠴᠠᠭ᠄ 2023-03-30

ᠪᠥᠬᠥ ᠣᠷᠣᠨ᠎ᠤ ᠺᠠᠳ᠋ᠷ ᠣᠯᠠᠨ ᠲᠦᠮᠡᠨ᠎ᠳᠤ᠄
 

     ᠦᠨᠤ ᠵᠢᠯ᠎ᠤᠨ ᠬᠠᠩᠰᠢ ᠪᠣᠯ ᠮᠠᠨ᠎ᠤ ᠤᠯᠤᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠠᠯ᠎ᠠ᠎ᠪᠠᠷ ᠴᠢᠬᠤᠯᠠ ᠶᠡᠬᠡ ᠰᠢᠢ᠍ᠳᠪᠦᠷᠢᠯᠡᠭᠴᠢ ᠴᠢᠨᠠᠷᠲᠠᠢ ᠢᠯᠠᠯᠲᠠ ᠣᠯᠵᠤ᠂ 《ᠬᠥᠬᠡᠭᠴᠢᠨ ᠲᠥᠷᠥᠯ᠎ᠳᠤ ᠬᠥᠬᠡᠭᠴᠢᠨ ᠲᠥᠷᠥᠯ᠎ᠤᠨ ᠬᠠᠮᠢᠶᠠᠷᠤᠯᠲᠠ》 ᠵᠢ ᠬᠡᠷᠡᠭᠵᠢᠭᠦᠯᠦᠭᠰᠡᠨ᠎ᠤ ᠳᠠᠷᠠᠭ᠋ᠠᠬᠢ ᠠᠩᠬᠠᠳᠠᠭᠴᠢ ᠬᠠᠩᠰᠢ ᠪᠣᠯᠣᠨ᠎ᠠ᠃ ᠠᠷᠪᠢᠯᠠᠨ ᠭᠠᠮᠨᠠᠵᠤ ᠪᠣᠯᠪᠠᠰᠤᠨ ᠵᠶ᠋ᠠᠷ  ᠪᠡᠯᠪᠡᠰᠤᠷᠡᠵᠤ᠂ ᠭᠠᠵᠠᠷ ᠰᠢᠷᠣᠢ ᠵᠢ ᠠᠷᠪᠢᠯᠠᠨ  ᠠᠮᠢ ᠠᠬᠤᠢ᠌ᠯᠢᠭ ᠣᠷᠣᠰᠢᠭᠤᠯᠭ᠎ᠠ ᠪᠣᠯᠣᠨ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠵᠢᠨ ᠰᠢᠨ᠎ᠡ ᠬᠡᠪ ᠰᠤᠷᠲᠠᠯ᠎ᠢ ᠠᠬᠢᠭᠤᠯᠵᠤ᠂  ᠠᠶᠤᠯ ᠦᠬᠡᠢ᠂ ᠪᠣᠯᠪᠠᠰᠤᠨ᠂ ᠡᠶ᠎ᠡ ᠵᠣᠬᠢᠴᠠᠩᠭᠤᠢ᠂ ᠡᠮᠬᠢ ᠳᠢᠭᠯᠢᠮ᠎ᠲᠠᠢ ᠰᠠᠢ᠌ᠨ ᠰᠠᠢ᠌ᠬᠠᠨ ᠳᠠᠬᠢᠯᠭ᠎ᠠ ᠵᠢᠨ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠥᠯᠥᠭᠡ᠂  ᠪᠦᠬᠦ ᠣᠷᠣᠨ᠎ᠤ  ᠺᠠᠳ᠋ᠷ ᠤᠯᠠᠨ ᠲᠦᠮᠡᠨ᠎ᠳᠤ ᠡᠢ᠌ᠨ ᠬᠦ᠌ ᠰᠠᠨᠠᠭ᠋ᠠᠴᠢᠯᠠᠵᠤ ᠪᠠᠢ᠌ᠨ᠎ᠠ᠄
     ᠨᠢᠭᠡ᠎ᠳᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠲᠠᠬᠢᠯᠭ᠎ᠠ ᠵᠢᠨ ᠰᠢᠨ᠎ᠡ ᠰᠤᠷᠲᠠᠯ᠎ᠢ ᠪᠤᠢ ᠪᠤᠯᠭ᠋ᠠᠶ᠎ᠠ᠃ ᠠᠮᠢ ᠨᠠᠰᠤ ᠵᠢ ᠬᠦᠨᠳᠦᠳᠬᠡᠬᠦ᠂ ᠪᠣᠬᠢᠷᠳᠤᠯ ᠦᠭᠡᠢ᠂ ᠪᠣᠯᠪᠠᠰᠤᠨ᠎ᠢ ᠡᠷᠬᠢᠮᠯᠡᠭᠰᠡᠨ ᠲᠠᠬᠢᠯᠭ᠎ᠠ ᠵᠢᠨ ᠰᠢᠨ᠎ᠡ ᠬᠡᠪ ᠰᠤᠷᠲᠠᠯ᠎ᠢ ᠰᠠᠨᠠᠭ᠋ᠠᠴᠢᠯᠠᠵᠤ᠂ ᠪᠣᠯᠬᠢ ᠪᠦᠳᠦᠭᠦᠯᠢᠭ ᠲᠠᠬᠢᠯᠭ᠎ᠠ ᠵᠢᠨ ᠬᠡᠷᠡᠭᠰᠡᠯ ᠪᠣᠯᠣᠨ ᠮᠤᠬᠤᠷ ᠪᠢᠰᠢᠷᠡᠯ᠎ᠤᠨ ᠠᠵᠢᠯᠯᠠᠭ᠎ᠠ ᠵᠢ ᠬᠣᠷᠢᠭᠯᠠᠵᠤ᠂ ᠰᠣᠷᠭᠣᠭ ᠴᠡᠴᠡᠭ ᠵᠶ᠋ᠡᠷ ᠴᠠᠭ᠋ᠠᠰᠤᠨ ᠵᠣᠭᠣᠰ ᠵᠢ ᠤᠷᠤᠯᠠᠭᠤᠯᠵᠤ᠂ ᠲᠣᠷᠭ᠋ᠠᠨ ᠪᠦᠴᠡ᠎ᠪᠠᠷ ᠭᠠᠰᠢᠭᠤᠳᠠᠯ ᠵᠶ᠋ᠠᠨ ᠢᠯᠡᠳᠬᠡᠬᠦ ᠵᠢ ᠰᠠᠨᠠᠭ᠋ᠠᠴᠢᠯᠠᠵᠤ᠂ ᠠᠯᠤᠰ᠎ᠤᠨ ᠲᠠᠬᠢᠯᠭ᠎ᠠ᠂ ᠰᠦᠯᠵᠢᠶᠡᠨ᠎ᠤ ᠲᠠᠬᠢᠯᠭ᠎ᠠ᠂ ᠨᠡᠶ᠋ᠢᠲᠡ ᠵᠢᠨ ᠲᠠᠬᠢᠯᠭ᠎ᠠ ᠵᠢᠨ ᠬᠡᠯᠪᠡᠷᠢ᠎ᠪᠠᠷ ᠨᠥᠭᠴᠢᠭᠰᠡᠳ᠎ᠢ ᠳᠤᠷᠠᠰᠤᠨ ᠰᠠᠨᠠᠭ᠋ᠠᠯᠵᠠᠬᠤ ᠰᠡᠳᠬᠢᠯᠬᠡ᠎ᠪᠠᠨ ᠢᠯᠡᠳᠬᠡᠵᠡᠬᠡᠶ᠎ᠡ᠃ ᠳᠤᠮᠳᠠᠳᠤ ᠵᠢᠨ ᠦᠨᠳᠦᠰᠦᠲᠡᠨ᠎ᠤ ᠠᠵᠢᠯᠴᠢ ᠠᠷᠪᠢᠴᠢ᠂ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ᠎ᠢ ᠪᠠᠳᠠᠷᠠᠭᠤᠯᠤᠨ᠂ ᠶᠡᠬᠡ᠎ᠪᠠᠷ ᠪᠡᠯᠡᠳᠬᠡᠨ ᠶᠡᠬᠡ᠎ᠪᠠᠷ ᠡᠷᠬᠢᠯᠡᠬᠦ᠂ ᠪᠠᠶᠠᠨ ᠵᠶ᠋ᠠᠨ ᠭᠠᠢ᠌ᠬᠠᠭᠤᠯᠬᠤ᠂ ᠠᠮᠢᠳᠤ᠎ᠳᠤ᠎ᠨᠢ ᠠᠴᠢᠯᠠᠬᠤ ᠦᠬᠡᠢ᠎ᠪᠠᠷ ᠤᠷᠤᠰᠢᠭᠤᠯᠭ᠎ᠠ ᠵᠢ ᠬᠦᠨᠳᠤ᠎ᠪᠠᠷ ᠦᠢ᠍ᠯᠡᠳᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ᠎ᠢ ᠬᠣᠷᠢᠭᠯᠠᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠵᠢᠨ ᠠᠷᠭ᠎ᠠ᠎ᠢ ᠤᠬᠠᠮᠰᠠᠷ᠎ᠠᠴᠠ᠎ᠪᠠᠨ ᠦᠢ᠍ᠯᠡᠳᠤᠯᠬᠡᠵᠢᠬᠦᠯᠤᠶ᠎ᠡ᠃
     ᠬᠣᠶᠠᠷ᠎ᠲᠤ᠂ ᠭᠠᠵᠠᠷ ᠠᠷᠪᠢᠯᠠᠵᠤ ᠠᠮᠢ ᠠᠬᠤᠢ᠌ᠯᠢᠭ  ᠤᠷᠤᠰᠢᠭᠤᠯᠬᠤ ᠵᠢ ᠰᠠᠨᠠᠭ᠋ᠠᠴᠢᠯᠠᠨ᠎ᠠ᠃ ᠪᠠᠢ᠌ᠭ᠋ᠠᠯᠢ ᠠᠬᠤᠢ ᠵᠢ ᠬᠦᠨᠳᠦᠳᠬᠡᠵᠦ᠂ ᠪᠠᠢ᠌ᠭ᠋ᠠᠯᠢ᠎ᠲᠠᠢ ᠵᠣᠬᠢᠴᠠᠵᠤ᠂ ᠪᠠᠢ᠌ᠭ᠋ᠠᠯᠢ ᠵᠢ ᠬᠠᠮᠠᠭ᠋ᠠᠯᠠᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ᠂  ᠡᠬᠢ ᠪᠠᠶᠠᠯᠢᠭ᠎ᠢ ᠠᠷᠪᠢᠯᠠᠬᠤ᠂ ᠣᠷᠴᠢᠨ ᠠᠬᠤᠢ ᠵᠢ ᠬᠠᠮᠠᠭ᠋ᠠᠯᠠᠬᠤ᠎ᠪᠠᠷ ᠦᠷᠳᠡᠭ᠎ᠤᠨ ᠤᠳᠤᠷᠢᠳᠤᠮᠵᠢ ᠪᠣᠯᠭ᠋ᠠᠵᠤ᠂ ᠮᠤᠳᠤᠨ᠎ᠤ ᠲᠤᠤᠷ᠎ᠠ ᠤᠷᠤᠰᠢᠭᠤᠯᠬᠤ (树葬)᠂   ᠴᠡᠴᠡᠭ᠎ᠤᠨ ᠲᠤᠤᠷ᠎ᠠ ᠤᠷᠤᠰᠢᠭᠤᠯᠬᠤ (花坛葬)᠂ ᠵᠦᠯᠬᠡᠨ᠎ᠤ ᠲᠤᠤᠷ᠎ᠠ ᠤᠷᠤᠰᠢᠭᠤᠯᠬᠤ (草坪葬) ᠴᠢᠨᠳᠠᠷ᠎ᠢ ᠲᠡᠭᠳᠡᠬᠡᠬᠦ (骨灰散撒) ᠵᠡᠷᠭᠡ ᠠᠮᠢ ᠠᠬᠤᠢ᠌ᠯᠢᠭ ᠣᠷᠣᠰᠢᠭᠤᠯᠭ᠎ᠠ ᠵᠢ ᠶᠡᠬᠡ᠎ᠪᠠᠷ ᠰᠠᠨᠠᠭ᠋ᠠᠴᠢᠯᠠᠵᠤ᠂ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠥᠭᠵᠢᠬᠦ ᠵᠢ ᠠᠬᠢᠭᠤᠯᠵᠤ᠂ ᠦᠷ᠎ᠡ ᠬᠣᠢ᠌ᠴᠢᠰ᠎ᠲᠤ᠎ᠪᠠᠨ ᠪᠤᠶᠠᠨ ᠦᠢ᠍ᠯᠡᠳᠤᠶ᠎ᠡ᠃
     ᠭᠤᠷᠪᠠ᠎ᠳᠤ᠂  ᠠᠶᠤᠯ ᠦᠬᠡᠢ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃  ᠠᠶᠤᠯ ᠦᠬᠡᠢ ᠵᠢᠨ ᠲᠤᠬᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠦᠭᠡᠢ᠂ ᠣᠶ ᠰᠢᠭᠤᠢ᠂ ᠲᠠᠯ᠎ᠠ ᠨᠤᠲᠤᠭ᠂ ᠠᠭᠤᠳᠠᠮ ᠲᠠᠯᠠᠪᠠᠶ᠂ ᠬᠤᠷᠢᠶᠠᠯᠠᠯ᠂ ᠵᠠᠮ᠎ᠤᠨ ᠠᠭᠤᠯᠵᠠᠷ᠂ ᠨᠡᠶ᠋ᠢᠲᠡ ᠵᠢᠨ ᠣᠩᠭᠣᠨ ᠵᠡᠷᠭᠡ ᠣᠯᠠᠨ ᠨᠡᠶ᠋ᠢᠲᠡ ᠵᠢᠨ ᠲᠠᠯᠠᠪᠤᠷ᠎ᠲᠤ ᠴᠠᠭ᠋ᠠᠰᠤᠨ ᠵᠣᠭᠣᠰ ᠰᠢᠲᠠᠭ᠋ᠠᠬᠤ ᠦᠭᠡᠢ᠂ ᠫᠤᠤᠵᠢᠩ ᠲᠠᠯᠪᠢᠬᠤ ᠦᠭᠡᠢ᠂ ᠲᠠᠬᠢᠯᠭ᠎ᠠ ᠵᠢᠨ ᠬᠡᠷᠡᠭᠰᠡᠯ᠎ᠢ ᠬᠠᠶᠠᠬᠤ ᠦᠭᠡᠢ᠎ᠪᠠᠷ ᠪᠣᠬᠢᠷᠳᠤᠯ ᠦᠭᠡᠢ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠳᠤ᠎ᠪᠠᠷ ᠬᠠᠮᠠᠭ᠋ᠠᠯᠠᠬᠤ ᠬᠡᠷᠡᠭᠲᠡᠢ᠃ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ᠂ ᠠᠮᠤᠷ ᠲᠦᠪᠰᠢᠨ ᠵᠶ᠋ᠡᠷ ᠠᠶᠠᠯᠠᠵᠤ᠂ ᠠᠮᠤᠷ ᠠᠮᠤᠭᠤᠯᠠᠩ᠂ ᠬᠠᠯᠠᠭᠤᠨ ᠳᠤᠯᠠᠭ᠋ᠠᠨ᠂ ᠪᠣᠯᠪᠠᠰᠤᠨ᠂ ᠡᠶ᠎ᠡ ᠵᠣᠬᠢᠴᠠᠯ᠎ᠲᠠᠢ ᠬᠠᠡᠭᠰᠢ ᠵᠢᠨ ᠡᠳᠤᠷ᠎ᠤᠨ ᠠᠭᠤᠷ ᠠᠮᠢᠰᠬᠤᠯ᠎ᠢ ᠬᠠᠮᠳᠤ᠎ᠪᠠᠷ ᠪᠣᠶ ᠪᠣᠯᠭ᠋ᠠᠨ᠎ᠠ᠃
     ᠳᠥᠷᠪᠡ᠎ᠳᠤ᠂ ᠨᠠᠮ᠎ᠤᠨ ᠭᠡᠰᠢᠭᠦᠨ ᠺᠠᠳ᠋ᠷ ᠰᠠᠢ᠌ᠲᠤᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃  ᠨᠠᠮ᠎ᠤᠨ ᠭᠡᠰᠢᠭᠦᠨ ᠺᠠᠳ᠋ᠷᠴᠤᠳ ᠬᠣᠰᠢᠭᠤᠴᠢ ᠵᠢᠱ᠌ᠢᠶᠡᠴᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠬᠡᠪ ᠳᠦᠷᠢᠮ᠂ ᠦᠯᠢᠭᠡᠷ ᠳᠠᠭᠤᠷᠢᠶᠠᠯ ᠪᠣᠯᠵᠤ᠂ ᠪᠣᠯᠪᠠᠰᠤᠨ ᠲᠠᠬᠢᠯᠭ᠎ᠠ ᠪᠠ ᠪᠣᠬᠢᠷᠳᠤᠯ ᠦᠭᠡᠢ ᠲᠠᠬᠢᠯᠭ᠎ᠠ ᠵᠢ ᠲᠦᠷᠤᠬᠦᠯᠡᠨ ᠦᠢ᠍ᠯᠡᠳᠴᠤ᠂ ᠪᠣᠳᠠᠲᠤ ᠠᠵᠢᠯᠯᠠᠭ᠎ᠠ᠎ᠪᠠᠷ ᠵᠶ᠋ᠠᠨ ᠳᠡᠷᠭᠡᠳᠡᠬᠢ ᠤᠯᠠᠨ ᠲᠦᠮᠡᠨ ᠵᠶ᠋ᠡᠨ ᠨᠥᠯᠥᠭᠡᠯᠡᠨ ᠲᠠᠢ᠍ᠢ᠍ᠴᠢᠯᠠᠵᠤ᠂ ᠪᠣᠯᠪᠠᠰᠤᠨ ᠲᠠᠬᠢᠯᠭ᠎ᠠ ᠵᠢᠨ ᠤᠬᠠᠭᠤᠯᠤᠭᠴᠢ᠂ ᠠᠬᠢᠭᠤᠯᠤᠭᠴᠢ ᠪᠠ ᠦᠢ᠍ᠯᠡᠳᠦᠯᠭᠡᠵᠢᠭᠦᠯᠦᠭᠴᠢ ᠪᠣᠯᠬᠤ᠎ᠪᠠᠷ ᠴᠢᠷᠮᠠᠢ᠌ᠬᠤ ᠬᠡᠷᠡᠭᠲᠡᠢ᠃
     ᠪᠣᠯᠪᠠᠰᠤᠨ ᠭᠡᠷ ᠣᠷᠣᠨ᠎ᠢ ᠬᠠᠮᠲᠤ᠎ᠪᠠᠷ ᠪᠠᠢ᠌ᠭᠤᠯᠤᠶ᠎ᠠ᠃ ᠪᠢᠳᠡ ᠭᠠᠷ ᠭᠠᠷ ᠵᠶ᠋ᠠᠨ ᠬᠣᠯᠪᠣᠯᠴᠠᠨ᠂ ᠪᠣᠯᠪᠠᠰᠤᠨ᠎ᠤ ᠳᠠᠬᠢᠯᠭ᠎ᠠ ᠵᠢᠨ ᠰᠠᠨᠠᠭ᠋ᠠᠴᠢᠯᠠᠭᠴᠢ᠂ ᠪᠣᠬᠢᠷᠳᠤᠯ ᠦᠭᠡᠢ ᠣᠷᠣᠰᠢᠭᠤᠯᠭ᠎ᠠ ᠵᠢᠨ ᠬᠣᠰᠢᠭᠤᠴᠢ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠠᠳᠠᠷᠠᠭᠤᠯᠤᠭᠴᠢ ᠪᠤᠯᠵᠠᠭ᠋ᠠᠨ᠂ ᠪᠣᠯᠪᠠᠰᠤᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠪᠣᠳᠠᠲᠤ ᠠᠵᠢᠯᠯᠠᠭ᠎ᠠ᠎ᠪᠠᠷ ᠵᠶ᠋ᠠᠨ ᠬᠤᠪᠢ ᠨᠡᠮᠡᠷᠢ᠎ᠪᠠᠨ ᠦᠵᠡᠭᠦᠯᠦᠶ᠎ᠡ᠃

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠤᠯᠪᠠᠰᠤᠨ᠎ᠤ ᠪᠠᠢ᠌ᠭᠤᠯᠤᠯᠳᠠ ᠵᠢᠨ ᠵᠦᠪᠯᠡᠯ᠎ᠤᠨ ᠠᠯᠪᠠᠨ ᠬᠡᠷ
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ
 

                2023 ᠣᠨ᠎ᠤ 3 ᠳ᠋ᠤᠭ᠋ᠠᠷ ᠰᠠᠷ᠎ᠠ ᠵᠢᠨ 27

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠯᠡᠬᠦ)》 ᠵᠢᠨ ᠲᠤᠬᠠᠢ (ᠰᠠᠨᠠᠯ ᠬᠤᠷᠢᠶᠠᠬᠤ ᠨᠤᠤᠷᠠᠭ) ᠰᠠᠨᠠᠯ ᠬᠤᠷᠢᠶᠠᠬᠤ ᠵᠠᠬᠢᠳᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠰᠢᠨ᠎ᠡ ᠤᠨ᠎ᠤ ᠮᠡᠨᠳᠤᠴᠢᠯᠡᠬᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠶᠤᠯ ᠦᠬᠡᠢ ᠵᠢᠨ ᠬᠠᠮᠢᠶᠠᠷᠤᠯᠳᠠ ᠵᠢᠨ ᠠᠵᠢᠯ᠎ᠢ ᠲᠠᠬᠢᠨᠳᠠ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠤᠨ᠎ᠬᠢᠨ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ᠎ᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠵᠠᠰᠠᠬᠤ ᠰᠠᠨᠠᠭ᠋ᠠᠴᠢᠯᠠᠭ᠎ᠠ ᠵᠢᠨ ᠪᠢᠴᠢᠭ᠎ᠢ ᠳᠠᠷᠤᠮᠠᠯᠯᠠᠨ ᠲᠠᠷᠬᠠᠭ᠋ᠠᠪᠠ
 
            