ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》
ᠨᠡᠶᠢᠲᠡᠯᠡᠭᠰᠡᠨ ᠴᠠᠭ᠄ 2023-04-06

                          ᠬᠡᠬᠡᠨᠳᠤᠶᠠᠭ᠎ᠠ ᠤᠷᠴᠢᠭᠤᠯᠪᠠ

     ᠨᠢᠭᠡᠳᠦᠭᠡᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠢ ᠵᠢᠷᠤᠮᠵᠢᠭᠤᠯᠬᠤ ᠵᠢᠨ ᠲᠦᠯᠤᠬᠡ᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ (ᠲᠤᠷᠰᠢᠨ ᠬᠡᠷᠡᠭᠵᠢᠭᠦᠯᠬᠦ)》 (ᠲᠥᠪ ᠠᠯᠪᠠᠨ ᠲᠠᠷᠬᠠᠭ᠋ᠠᠭᠰᠠᠨ [2015] 51 ᠳ᠋ᠤᠬᠡᠷ ᠲᠣᠭ᠋ᠠᠲᠤ)᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ (ᠲᠤᠷᠰᠢᠨ ᠬᠡᠷᠡᠭᠵᠢᠭᠦᠯᠬᠦ)》 (ᠥᠪᠥᠷ ᠨᠠᠮ ᠠᠯᠪᠠᠨ ᠲᠠᠷᠬᠠᠭ᠋ᠠᠭᠰᠠᠨ [2015] 51 ᠳ᠋ᠤᠬᠡᠷ ᠲᠣᠭ᠋ᠠᠲᠤ)᠎ᠤᠨ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
     ᠬᠣᠶᠠᠳᠤᠭ᠋ᠠᠷ ᠵᠦᠢ᠍ᠯ᠄ ᠲᠣᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ᠎ᠳᠤ ᠲᠣᠮᠢᠯᠠᠬᠤ᠎ᠪᠠᠷ ᠪᠠᠢ᠌ᠭ᠎ᠠ ᠬᠠᠷᠢᠭᠤᠴᠠᠯᠭ᠋ᠠᠲᠠᠨ᠎ᠢ ᠬᠢᠨᠠᠵᠤ ᠬᠠᠷᠭᠤᠭᠤᠯᠬᠤ ᠠᠵᠢᠯ᠎ᠳᠤ ᠬᠡᠷᠡᠭᠯᠡᠨ᠎ᠡ᠃
     ᠭᠤᠷᠪᠠᠳᠤᠭ᠋ᠠᠷ ᠵᠦᠢ᠍ᠯ᠄ ᠲᠤᠰ ᠠᠷᠭ᠎ᠠ᠎ᠳᠤ ᠬᠡᠯᠡᠵᠦ ᠪᠠᠢ᠌ᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠭᠡᠳᠡᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ (ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ)᠎ᠲᠤ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠨᠡᠢ᠌ᠭᠡᠮ᠎ᠤᠨ ᠪᠦᠯᠬᠦᠮ᠂ ᠨᠡᠢ᠌ᠭᠡᠮ ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ (ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ) ᠪᠣᠯᠣᠨ ᠰᠠᠭᠤᠷᠢ ᠮᠥᠩᠭᠥᠨ᠎ᠤ ᠨᠡᠢ᠌ᠭᠡᠮᠯᠢᠭ᠎ᠢ ᠵᠢᠭ᠋ᠠᠵᠤ ᠪᠤᠢ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠭᠡᠳᠡᠭ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮᠯᠢᠭ᠎ᠤᠨ ᠳᠠᠷᠤᠭ᠎ᠠ (ᠬᠡᠷᠡᠭ ᠡᠷᠬᠢᠯᠡᠭᠴᠢᠳ᠎ᠤᠨ ᠳᠠᠷᠤᠭ᠎ᠠ)᠂ ᠨᠡᠢ᠌ᠭᠡᠮᠯᠢᠭ᠎ᠤᠨ ᠳᠡᠳ᠋ ᠳᠠᠷᠤᠭ᠎ᠠ (ᠬᠡᠷᠡᠭ ᠡᠷᠬᠢᠯᠡᠭᠴᠢᠳ᠎ᠤᠨ ᠳᠡᠳ᠋ ᠳᠠᠷᠤᠭ᠎ᠠ)᠂ ᠨᠠᠷᠢᠨ ᠪᠢᠴᠢᠭ᠎ᠤᠨ ᠳᠠᠷᠤᠭ᠎ᠠ (ᠭᠦᠢ᠍ᠴᠡᠳᠬᠡᠬᠦ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ) ᠪᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠡᠷᠭᠡ ᠲᠤᠰᠢᠶᠠᠯ᠎ᠢ ᠡᠭᠦᠷᠭᠡᠯᠡᠬᠦ᠎ᠪᠠᠷ ᠪᠠᠢ᠌ᠭ᠎ᠠ ᠵᠢᠱ᠌ᠢᠭᠳᠡᠭᠴᠢ ᠵᠢ ᠵᠢᠭ᠋ᠠᠵᠤ ᠪᠠᠢ᠌ᠨ᠎ᠠ᠃
     ᠳᠥᠷᠪᠡᠳᠦᠭᠡᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠳᠤ ᠲᠠᠷᠠᠭ᠋ᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠢ᠄
    (ᠨᠢᠭᠡ) ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠎ᠠ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠮᠣᠷᠠᠯ ᠴᠢᠳᠠᠪᠤᠷᠢ ᠵᠢ ᠬᠤᠤᠰᠯᠠᠬᠰᠠᠨ ᠪᠦᠬᠡᠳ ᠮᠣᠷᠠᠯ᠎ᠢ ᠲᠡᠷᠢᠭᠦᠨ᠎ᠳᠤ ᠲᠠᠯᠪᠢᠬᠤ ᠬᠥᠮᠥᠨ᠎ᠢ ᠰᠣᠩᠭᠣᠵᠤ᠂ ᠬᠡᠷᠡᠭᠯᠡᠬᠦ ᠤᠳᠤᠷᠢᠳᠤᠮᠵᠢ ᠵᠢ ᠪᠠᠷᠢᠮᠲᠠᠯᠠᠵᠤ᠂ ᠬᠢᠨᠠᠨ ᠬᠠᠷᠭᠤᠭᠤᠯᠬᠤ ᠠᠵᠢᠯ᠎ᠤᠨ ᠬᠠᠮᠢᠶᠠᠷᠤᠯᠲᠠ ᠪᠣᠯᠣᠨ ᠪᠠᠢ᠌ᠴᠠᠭ᠋ᠠᠯᠲᠠ ᠬᠢᠨᠠᠯᠲᠠ ᠵᠢ ᠴᠢᠩᠭ᠋ᠠᠳᠬᠠᠵᠤ᠂ ᠨᠠᠮ᠎ᠤᠨ ᠤᠯᠤᠰ ᠲᠦᠷᠦ ᠵᠢᠨ ᠤᠳᠤᠷᠢᠳᠤᠯᠭ᠎ᠠ᠂ ᠦᠵᠡᠯ ᠰᠠᠨᠠᠭ᠋ᠠᠨ᠎ᠤ ᠤᠳᠤᠷᠢᠳᠤᠯᠭ᠎ᠠ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠤᠨ ᠪᠦᠬᠦ ᠲᠠᠯ᠎ᠠ᠂ ᠪᠦᠬᠦ ᠶᠠᠪᠤᠴᠠ᠎ᠳᠤ ᠲᠤᠭᠤᠰᠢᠯᠠᠭᠤᠯᠬᠤ ᠵᠢ ᠪᠠᠲᠤᠯᠠᠬᠤ ᠬᠡᠷᠡᠭᠲᠡᠢ᠃
    (ᠬᠣᠶᠠᠷ) ᠤᠯᠤᠰ ᠲᠦᠷᠦ ᠵᠢᠨ ᠪᠠᠷᠢᠮᠵᠢᠶ᠎ᠠ ᠵᠢ ᠪᠠᠷᠢᠮᠲᠠᠯᠠᠨ᠎ᠠ᠃ ᠢᠲᠡᠭᠡᠯ ᠵᠣᠷᠢᠭ᠎ᠢ ᠪᠠᠷᠢᠮᠲᠠᠯᠠᠬᠤ᠂ ᠬᠤᠪᠢ ᠨᠡᠮᠡᠷᠢ ᠦᠵᠡᠭᠦᠯᠬᠦ ᠵᠢ ᠡᠷᠬᠢᠮᠯᠡᠬᠦ᠂ ᠴᠢᠳᠠᠪᠤᠷᠢ᠎ᠲᠠᠢ᠂ ᠵᠠᠡᠭ ᠰᠤᠷᠳᠠᠯ᠎ᠢ ᠴᠢᠬᠤᠯᠠᠴᠢᠯᠠᠬᠤ ᠱᠠᠭ᠋ᠠᠷᠳᠠᠯᠭ᠎ᠠ ᠶᠣᠰᠣᠭ᠋ᠠᠷ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢᠨ ᠤᠯᠤᠰ ᠲᠦᠷᠦ ᠵᠢᠨ ᠢᠲᠡᠭᠡᠯ᠂ ᠤᠯᠤᠰ ᠲᠦᠷᠦ ᠵᠢᠨ ᠵᠣᠭᠰᠣᠯᠲᠠ᠂ ᠤᠯᠤᠰ ᠲᠦᠷᠦ ᠵᠢᠨ ᠡᠭᠦᠷᠭᠡᠯᠡᠯ᠂ ᠤᠯᠤᠰ ᠲᠦᠷᠦ ᠵᠢᠨ ᠴᠢᠳᠠᠪᠤᠷᠢ ᠪᠠ ᠦᠨᠡᠨᠴᠢ ᠢᠲᠡᠭᠡᠮᠵᠢᠲᠡᠢ ᠪᠠᠢ᠌ᠬᠤ᠂ ᠠᠷᠢᠭᠤᠨ ᠴᠢᠭᠴᠢ᠎ᠪᠠᠷ ᠪᠡᠶ᠎ᠡ᠎ᠪᠠᠨ ᠪᠠᠷᠢᠬᠤ ᠵᠡᠷᠭᠡ ᠪᠠᠢ᠌ᠳᠠᠯ᠎ᠢ ᠬᠢᠨᠠᠨ ᠬᠠᠷᠭᠤᠭᠤᠯᠬᠤ᠎ᠪᠠᠨ ᠴᠢᠩᠭ᠋ᠠᠳᠬᠠᠵᠤ᠂ ᠤᠯᠤᠰ ᠲᠦᠷᠦ ᠵᠢᠨ ᠪᠣᠭᠣᠮᠲᠠ᠂ ᠵᠠᠩ ᠰᠤᠷᠲᠠᠯ᠎ᠤᠨ ᠪᠣᠭᠣᠮᠲᠠ᠂ ᠴᠢᠳᠠᠪᠤᠷᠢ ᠵᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠭᠴᠢ ᠵᠢᠨ ᠪᠣᠭᠣᠮᠲᠠ ᠵᠢ ᠦᠨᠡᠨ ᠬᠦ᠌ ᠰᠠᠢ᠌ᠲᠤᠷ ᠡᠵᠡᠮᠳᠡᠬᠦ ᠬᠡᠷᠡᠭᠲᠡᠢ᠃
    (ᠭᠤᠷᠪᠠ) ᠬᠠᠤᠯᠢ ᠶᠣᠰᠣᠭ᠋ᠠᠷ ᠬᠢᠨᠠᠨ ᠬᠠᠷᠭᠤᠭᠤᠯᠬᠤ ᠵᠢ ᠪᠠᠷᠢᠮᠲᠠᠯᠠᠨ᠎ᠠ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠠᠮ᠎ᠤᠨ ᠰᠠᠬᠢᠯᠭ᠎ᠠ ᠪᠠᠲᠤ ᠵᠢᠨ ᠳᠦᠷᠢᠮ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠬᠠᠤᠯᠢ᠎ᠪᠠᠷ ᠲᠣᠭᠲᠠᠭ᠋ᠠᠭᠰᠠᠨ ᠲᠠᠰ ᠳᠠᠷᠠᠭ᠋ᠠᠯᠠᠯ ᠪᠠ ᠵᠣᠬᠢᠶᠠᠨ ᠪᠠᠢ᠌ᠭᠤᠯᠤᠯᠲᠠ ᠵᠢᠨ ᠬᠢᠨᠠᠨ ᠰᠢᠯᠭ᠋ᠠᠵᠤ ᠰᠢᠯᠭ᠋ᠠᠨ ᠪᠠᠢ᠌ᠴᠠᠭ᠋ᠠᠬᠤ ᠲᠠᠰ ᠳᠠᠷᠠᠭ᠋ᠠᠯᠠᠯ᠎ᠢ ᠴᠢᠩᠳᠠᠯᠠᠵᠤ᠂ ᠬᠢᠨᠠᠨ ᠬᠠᠷᠭᠤᠭᠤᠯᠬᠤ ᠬᠠᠷᠢᠭᠤᠴᠠᠯᠭ᠎ᠠ ᠵᠢ ᠴᠢᠩᠭ᠎ᠠ ᠭᠦᠢ᠍ᠴᠡᠳᠬᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠤᠨ ᠬᠠᠤᠯᠢ ᠲᠣᠭᠲᠠᠭ᠋ᠠᠯ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃

     ᠲᠠᠪᠤᠳᠤᠭ᠋ᠠᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ᠎ᠨᠢ ᠲᠠᠷᠠᠭ᠋ᠠᠬᠢ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄
    (ᠨᠢᠭᠡ) ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠠᠷᠢᠶ᠎ᠠ᠎ᠲᠠᠢ᠃
    (ᠬᠣᠶᠠᠷ) ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠨᠡᠢ᠌ᠭᠡᠮ ᠵᠢᠷᠤᠮᠲᠤ ᠪᠠᠢ᠌ᠭᠤᠯᠤᠯ᠎ᠢ ᠬᠦᠷᠢᠶᠡᠯᠡᠬᠦ᠃
    (ᠭᠤᠷᠪᠠ) ᠰᠠᠢ᠌ᠨ ᠰᠠᠢ᠌ᠬᠠᠨ ᠤᠯᠤᠰ ᠲᠤᠢ᠌ᠷᠦ ᠵᠢᠨ ᠬᠡᠪ ᠴᠢᠨᠠᠷ ᠪᠠ ᠶᠣᠰᠣ ᠮᠣᠷᠠᠯ᠂ ᠵᠠᠩ ᠰᠤᠷᠲᠠᠯ᠎ᠲᠠᠢ ᠪᠠᠢ᠌ᠬᠤ᠃
    (ᠲᠦᠷᠪᠡ) ᠢᠲᠡᠭᠡᠮᠵᠢ ᠵᠢᠨ ᠰᠠᠢ᠌ᠨ ᠲᠡᠮᠳᠡᠭᠯᠡᠯ᠎ᠲᠠᠢ ᠪᠠᠢ᠌ᠵᠤ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠬᠠᠢ᠌ᠷᠠᠲᠠᠢ ᠪᠠᠢ᠌ᠬᠤ᠃
    (ᠲᠠᠪᠤ) ᠲᠤᠰᠢᠶᠠᠯ ᠬᠠᠷᠢᠭᠤᠴᠠᠯᠭ᠎ᠠ᠎ᠪᠠᠨ ᠬᠡᠪ᠎ᠤᠨ ᠪᠠᠢ᠌ᠳᠠᠯ ᠵᠶ᠋ᠠᠷ ᠭᠦᠢ᠍ᠴᠡᠳᠬᠡᠬᠦ ᠪᠡᠶ᠎ᠡ ᠮᠠᠬᠠᠪᠤᠳ᠎ᠤᠨ ᠨᠥᠬᠥᠴᠡᠯ᠎ᠲᠠᠢ ᠪᠠᠢ᠌ᠬᠤ᠃
    (ᠵᠢᠷᠭᠤᠭ᠎ᠠ) ᠲᠤᠰᠢᠶᠠᠯ᠎ᠤᠨ ᠪᠠᠢ᠌ᠷᠢ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠠᠵᠢᠯ᠎ᠤᠨ ᠴᠢᠳᠠᠪᠤᠷᠢ᠎ᠲᠠᠢ ᠪᠠᠢ᠌ᠬᠤ᠃
    (ᠲᠤᠯᠤᠭ᠎ᠠ) ᠤᠯᠤᠰ᠎ᠠᠴᠠ ᠲᠣᠭᠲᠠᠭ᠋ᠠᠭᠰᠠᠨ ᠪᠤᠰᠤᠳ ᠬᠢᠷᠢ ᠬᠡᠮ᠎ᠤᠨ ᠨᠥᠬᠥᠴᠡᠯ᠎ᠢ ᠪᠦᠷᠢᠳᠦᠭᠦᠯᠦᠭᠰᠡᠨ ᠪᠠᠢ᠌ᠬᠤ᠃

 

     ᠵᠢᠷᠭᠤᠳᠤᠭ᠋ᠠᠷ ᠵᠦᠢ᠍ᠯ᠄  ᠲᠠᠷᠠᠭ᠋ᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠪᠣᠯᠭ᠋ᠠᠵᠤ ᠪᠣᠯᠬᠤ ᠦᠭᠡᠢ᠄
    (ᠨᠢᠭᠡ) ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠦᠭᠡᠢ ᠪᠤᠶᠤ ᠢᠷᠭᠡᠨ᠎ᠤ ᠬᠡᠷᠡᠭ᠎ᠤᠨ ᠬᠢᠵᠠᠭ᠋ᠠᠷᠲᠤ ᠠᠵᠢᠯᠯᠠᠭ᠎ᠠ ᠵᠢᠨ ᠴᠢᠳᠠᠪᠤᠷᠢ᠎ᠲᠠᠢ ᠬᠥᠮᠥᠨ᠃
    (ᠬᠣᠶᠠᠷ) ᠤᠯᠤᠰ ᠲᠤᠢ᠌ᠷᠦ ᠵᠢᠨ ᠡᠷᠬᠡ ᠵᠢ᠎ᠨᠢ ᠬᠠᠰᠤᠭᠰᠠᠨ ᠡᠷᠡᠭᠦᠦ ᠵᠢᠨ ᠰᠢᠢ᠍ᠳᠬᠡᠯ ᠵᠶ᠋ᠡᠷ ᠰᠢᠢ᠍ᠳᠬᠡᠭᠳᠡᠵᠤ ᠪᠠᠢ᠌ᠭ᠎ᠠ ᠪᠤᠶᠤ ᠰᠢᠳᠬᠡᠭᠳᠡᠵᠦ ᠥᠩᠭᠡᠷᠡᠭᠰᠡᠨ᠃
    (ᠭᠤᠷᠪᠠ) ᠵᠣᠷᠢᠭᠤᠳᠠ ᠶᠠᠯ᠎ᠠ ᠬᠢᠭᠰᠡᠨ᠎ᠠᠴᠠ ᠪᠣᠯᠵᠤ ᠡᠷᠡᠭᠦᠦ  ᠰᠢᠢ᠍ᠳᠬᠡᠯ ᠵᠶ᠋ᠡᠷ ᠰᠢᠢ᠍ᠳᠬᠡᠭᠳᠡᠵᠤ᠂ ᠡᠷᠡᠭᠦᠦ ᠰᠢᠢ᠍ᠳᠬᠡᠯ᠎ᠢ ᠭᠦᠢ᠍ᠴᠡᠳᠬᠡᠵᠦ  ᠲᠠᠭᠤᠰᠤᠭ᠋ᠠᠳ ᠪᠦᠳᠤᠨ 5 ᠵᠢᠯ ᠪᠤᠯᠤᠭ᠋ᠠᠳᠤᠢ᠃
    (ᠳᠥᠷᠪᠡ) ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠲᠤ ᠬᠢᠨᠠᠨ ᠪᠢ᠌ᠴᠠᠭ᠋ᠠᠭᠳᠠᠵᠤ ᠪᠠᠢ᠌ᠭ᠎ᠠ ᠬᠥᠮᠥᠰ᠃
    (ᠲᠠᠪᠤ) ᠳᠠᠩᠰᠠᠯᠠᠭᠤᠯᠤᠭᠰᠠᠨ ᠦᠨᠡᠮᠯᠡᠯ ᠵᠶ᠋ᠡᠨ ᠬᠤᠷᠢᠶᠠᠭᠳᠠᠨ ᠬᠦᠴᠦᠨ ᠦᠭᠡᠢ ᠪᠣᠯᠭ᠋ᠠᠭᠳᠠᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠤᠶᠤ ᠴᠠᠭ᠋ᠠᠵᠠᠯᠠᠭᠳᠠᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠬᠠᠷᠢᠭᠤᠴᠠᠯᠭ᠎ᠠ᠎ᠲᠠᠢ ᠬᠥᠮᠥᠨ᠃
    (ᠵᠢᠷᠭᠤᠭ᠎ᠠ) ᠬᠠᠤᠯᠢ ᠴᠠᠭ᠋ᠠᠵᠨ ᠵᠢ ᠬᠦᠨᠳᠦ ᠨᠣᠴᠢᠲᠠᠢ ᠵᠥᠷᠢᠴᠡᠵᠦ ᠢᠲᠡᠭᠡᠯ ᠵᠶ᠋ᠡᠨ ᠠᠯᠳᠠᠭᠰᠠᠨ ᠨᠡᠷᠡᠰ᠎ᠲᠤ ᠵᠢᠭᠰᠠᠭ᠋ᠠᠭᠳᠠᠭᠰᠠᠨ᠃ 
    (ᠲᠤᠯᠦᠭ᠎ᠠ) ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠤᠢ᠌ᠯᠦ ᠨᠡᠶ᠋ᠢᠴᠡᠬᠦ ᠪᠤᠰᠤᠳ ᠪᠠᠢ᠌ᠳᠠᠯ᠎ᠤᠳ᠃

 

     ᠳᠣᠯᠣᠳᠤᠭ᠋ᠠᠷ ᠵᠦᠢ᠍ᠯ᠄ ᠡᠯ᠎ᠡ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠂ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠭᠤᠯᠤᠮᠵᠢ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ ᠡᠭᠦᠨ᠎ᠳᠤ᠂ ᠰᠢᠭᠤᠳ ᠳᠠᠩᠰᠠᠯᠠᠭᠤᠯᠤᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠣᠯᠪᠣᠭᠳᠠᠯ ᠪᠦᠬᠦᠢ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠭᠤᠯᠤᠮᠵᠢ᠎ᠠᠴᠠ ᠰᠢᠭᠤᠳ ᠭᠥᠯᠢᠶᠡᠨ ᠠᠪᠴᠤ ᠬᠢᠨᠠᠨ ᠬᠠᠷᠭᠤᠭᠤᠯᠤᠨ᠎ᠠ᠃ ᠳᠠᠪᠬᠤᠷ ᠬᠠᠮᠢᠶᠠᠷᠤᠯᠲᠠ᠎ᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠠᠩᠬ᠎ᠠ ᠬᠢᠨᠠᠭᠰᠠᠨ᠎ᠤ ᠲᠠᠷᠠᠭ᠎ᠠ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠭᠤᠯᠤᠮᠵᠢ᠎ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ᠃
     ᠨᠠᠢ᠍ᠮᠠᠳᠤᠭ᠋ᠠᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ᠎ᠳᠤ ᠬᠤᠪᠢ ᠬᠥᠮᠥᠨ᠎ᠤ ᠢᠯᠡᠷᠬᠡᠢ᠌ᠯᠡᠯᠲᠡ᠂ ᠠᠮᠠᠯᠠᠯᠲᠠ᠂ ᠢᠲᠡᠭᠡᠮᠵᠢ ᠵᠢ ᠪᠠᠢ᠌ᠴᠠᠭ᠋ᠠᠨ ᠯᠠᠪᠯᠠᠬᠤ ᠪᠠ ᠵᠠᠷᠯᠠᠨ ᠨᠡᠢ᠌ᠲᠡᠯᠡᠬᠦ ᠵᠡᠷᠭᠡ ᠠᠷᠭ᠎ᠠ᠎ᠪᠠᠷ ᠶᠠᠪᠤᠭᠳᠠᠭᠤᠯᠤᠨ᠎ᠠ᠃ ᠴᠢᠬᠤᠯᠠ᠎ᠲᠠᠢ ᠦᠶ᠎ᠡ᠎ᠳᠤ ᠲᠤᠬᠠᠢ ᠵᠢᠨ ᠭᠠᠵᠠᠷ᠎ᠲᠤ᠎ᠨᠢ ᠰᠤᠷᠪᠤᠯᠵᠢᠯᠠᠬᠤ᠂ ᠪᠠᠢ᠌ᠴᠠᠭ᠋ᠠᠨ ᠬᠠᠷᠭᠤᠭᠤᠯᠬᠤ᠂ ᠶᠠᠷᠢᠯᠴᠠᠬᠤ᠂ ᠵᠠᠬᠢᠳᠠᠯ ᠵᠶ᠋ᠠᠷ ᠠᠰᠠᠭᠤᠬᠤ ᠵᠡᠷᠭᠡ ᠠᠷᠭ᠎ᠠ᠎ᠪᠠᠷ ᠶᠠᠪᠤᠭᠳᠠᠭᠤᠯᠤᠨ᠎ᠠ᠃
    

     ᠶᠢᠰᠦᠳᠦᠭᠡᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠤᠭᠰᠠᠨ ᠮᠠᠲ᠋ᠧᠷᠢᠶᠠᠯ᠎ᠢ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠨᠢᠭᠡᠴᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠪᠤᠶᠤ ᠬᠣᠯᠪᠣᠭᠳᠠᠯ ᠪᠦᠬᠦᠢ ᠨᠢᠭᠡᠴᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ᠎ᠪᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠪᠤᠰᠤᠳ ᠭᠤᠶᠤᠴᠢᠯᠠᠯ᠎ᠤᠨ ᠮᠠᠲ᠋ᠧᠷᠢᠶᠠᠯ᠎ᠲᠠᠢ ᠬᠠᠮᠲᠤ᠎ᠳᠤ᠎ᠨᠢ ᠲᠤᠰᠢᠶᠠᠨ᠎ᠠ᠂ ᠡᠭᠦᠨ᠎ᠳᠤ ᠭᠣᠣᠯᠳᠠᠭᠤ᠄
    (ᠨᠢᠭᠡ) ᠲᠣᠮᠢᠯᠠᠬᠤ᠎ᠪᠠᠷ ᠪᠠᠢ᠌ᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢᠨ ᠭᠤᠶᠤᠴᠢᠯᠠᠯ ᠪᠤᠶᠤ ᠬᠤᠷᠠᠯ᠎ᠤᠨ ᠲᠣᠪᠴᠢ ᠲᠡᠮᠳᠡᠭᠯᠡᠯ᠃
    (ᠬᠣᠶᠠᠷ) ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠵᠶ᠋ᠠᠷ ᠵᠢᠱ᠌ᠢᠭᠳᠡᠭᠰᠡᠳ᠎ᠤᠨ ᠨᠡᠷᠡᠰ᠎ᠤᠨ ᠬᠠᠭᠤᠳᠠᠰᠤ᠃
    (ᠭᠤᠷᠪᠠ) ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠵᠶ᠋ᠠᠷ ᠵᠢᠱ᠌ᠢᠭᠳᠡᠭᠴᠢ ᠵᠢ ᠬᠢᠨᠠᠨ ᠬᠠᠷᠭᠤᠭᠤᠯᠤᠭᠰᠠᠨ ᠬᠦᠰᠦᠨᠦᠭᠲᠦ᠃
    (ᠳᠥᠷᠪᠡ) ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠣᠯᠬᠤ ᠭᠡᠵᠤ ᠪᠠᠢ᠌ᠭ᠎ᠠ ᠬᠥᠮᠥᠨ᠎ᠤ ᠬᠤᠪᠢ ᠵᠢᠨ ᠢᠯᠡᠷᠬᠡᠢ᠌ᠯᠡᠯᠲᠡ᠂ ᠠᠮᠠᠯᠠᠯᠲᠠ ᠵᠢᠨ ᠪᠢᠴᠢᠭ᠃
    (ᠲᠠᠪᠤ) ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠠᠮᠠᠯᠠᠯᠲᠠ ᠵᠢᠨ ᠪᠢᠴᠢᠭ᠃
    (ᠵᠢᠷᠭᠤᠭ᠎ᠠ) ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ᠎ᠨᠢ ᠠᠵᠢᠯ᠎ᠳᠤ ᠪᠠᠢ᠌ᠭ᠎ᠠ᠂ ᠲᠥᠷᠥ ᠵᠢᠨ ᠪᠠᠢ᠌ᠭᠤᠯᠭ᠎ᠠ ᠪᠠ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ ᠵᠢᠨ ᠲᠡᠳᠬᠦᠪᠤᠷᠢ᠎ᠳᠤ ᠭᠠᠷᠤᠬᠰᠠᠨ ᠠᠵᠢᠯᠲᠠᠨ ᠪᠤᠯ ᠲᠣᠰ ᠬᠥᠮᠥᠨ᠎ᠤ ᠪᠠᠢ᠌ᠭ᠎ᠠ ᠨᠢᠬᠡᠴᠢ ᠵᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠪᠤᠶᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠤᠯᠲᠠ (ᠠᠵᠢᠯᠲᠠᠨ᠎ᠤ ᠶᠠᠪᠤᠳᠠᠯ) ᠵᠢᠨ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠬᠦ (ᠳᠠᠩᠰᠠᠯᠠᠭᠤᠯᠬᠤ) ᠰᠠᠨᠠᠯ᠎ᠢ ᠳᠡᠪᠰᠢᠭᠦᠯᠬᠦ ᠬᠡᠷᠡᠭᠲᠡᠢ᠃

 

     ᠠᠷᠪᠠᠳᠤᠭ᠋ᠠᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠠᠶ᠋ᠢᠭᠤᠯᠬᠤ᠎ᠪᠠᠷ ᠭᠤᠶᠤᠴᠢᠯᠠᠬᠤ᠂ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠠᠷᠢᠭᠤᠴᠠᠯᠭ᠋ᠠᠲᠠᠨ᠎ᠤ ᠬᠤᠭᠤᠴᠠᠭ᠎ᠠ ᠰᠣᠯᠢᠬᠤ ᠪᠤᠶᠤ ᠬᠤᠭᠤᠴᠠᠭ᠋ᠠᠨ᠎ᠤ ᠳᠤᠮᠳᠠ ᠲᠣᠬᠢᠷᠠᠭᠤᠯᠤᠯᠲᠠ ᠬᠢᠬᠦ᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ (ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ) ᠵᠢᠨ ᠬᠠᠷᠢᠭᠤᠴᠠᠯᠭ᠋ᠠᠲᠠᠨ᠎ᠢ ᠬᠤᠪᠢᠷᠠᠭᠤᠯᠬᠤ᠎ᠳᠤ ᠠᠷᠠᠳᠴᠢᠯᠠᠯ ᠵᠶ᠋ᠠᠷ ᠰᠣᠩᠭᠣᠬᠤ᠂ ᠤᠷᠢᠨ ᠲᠣᠮᠢᠯᠠᠬᠤ ᠵᠡᠷᠭᠡ ᠲᠠᠰ ᠳᠠᠷᠠᠭ᠋ᠠᠯᠠᠯ᠎ᠢ ᠭᠦᠢ᠍ᠴᠡᠳᠬᠡᠬᠦ᠎ᠠᠴᠠ 30 ᠬᠤᠨᠤᠭ᠎ᠤᠨ ᠡᠮᠦᠨ᠎ᠡ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠳᠡᠭᠡᠭᠰᠢ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃
     ᠠᠷᠪᠠᠨ ᠨᠢᠭᠡᠳᠦᠭᠡᠷ ᠵᠦᠢ᠍ᠯ᠄ ᠬᠢᠨᠠᠨ ᠬᠠᠷᠭᠤᠭᠤᠯᠬᠤ ᠰᠠᠯᠠᠭ᠎ᠠ ᠮᠥᠴᠢᠷ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠭᠰᠠᠨ ᠮᠠᠲᠸᠷᠢᠶᠠᠯ᠎ᠨᠢ ᠪᠦᠷᠢᠨ ᠭᠦᠢ᠍ᠴᠡᠳ ᠪᠣᠯᠤᠭᠰᠠᠨ ᠡᠳᠦᠷ᠎ᠠᠴᠠ 5 ᠬᠤᠨᠤᠭ᠎ᠤᠨ ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠬᠤ ᠬᠡᠷᠡᠭᠲᠡᠢ᠃ ᠪᠠᠢ᠌ᠳᠠᠯ᠎ᠨᠢ ᠪᠤᠳᠤᠯᠢᠶᠠᠨᠲᠠᠢ ᠪᠤᠯ ᠬᠢᠨᠠᠨ ᠬᠠᠷᠭᠤᠭᠤᠯᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠮᠡᠳᠡᠭᠦᠯᠦᠨ ᠵᠥᠪᠰᠢᠶᠡᠷᠡᠭᠦᠯᠦᠭᠡᠳ᠂ 5 ᠠᠵᠢᠯᠯᠠᠬᠤ ᠡᠳᠦᠷ ᠤᠷᠲᠤᠳᠬᠠᠵᠤ ᠬᠢᠨᠠᠨ ᠬᠠᠷᠭᠤᠭᠤᠯᠬᠤ ᠠᠵᠢᠯ᠎ᠢ ᠪᠡᠶᠡᠯᠡᠭᠦᠯᠵᠦ ᠪᠣᠯᠣᠨ᠎ᠠ᠃
     ᠠᠷᠪᠠᠨ ᠬᠣᠶᠠᠳᠤᠭ᠋ᠠᠷ ᠵᠦᠢ᠍ᠯ᠄ ᠬᠢᠨᠠᠨ ᠬᠠᠷᠭᠤᠭᠤᠯᠬᠤ ᠰᠠᠯᠠᠭ᠎ᠠ ᠮᠥᠴᠢᠷ᠎ᠤᠨ᠎ᠬᠢᠨ ᠲᠣᠮᠢᠯᠠᠬᠤ᠎ᠪᠠᠷ ᠪᠠᠢ᠌ᠭ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠵᠣᠬᠢᠬᠤ ᠬᠡᠪᠴᠢᠶᠡᠨ᠎ᠤ ᠳᠣᠲᠣᠷ᠎ᠠ ᠵᠠᠷᠯᠠᠵᠤ᠂ ᠵᠠᠷᠯᠠᠬᠤ ᠬᠤᠭᠤᠴᠠᠭ᠎ᠠ ᠵᠢ ᠴᠠᠭ᠎ᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃ ᠵᠠᠷᠯᠠᠬᠤ ᠬᠤᠭᠤᠴᠠᠭ᠋ᠠᠨ᠎ᠳᠤ ᠣᠨᠳᠣᠣ ᠰᠠᠨᠠᠯ ᠦᠭᠡᠢ᠂ ᠠᠩᠬᠠᠨ᠎ᠤ ᠬᠢᠨᠠᠯᠲᠠ ᠵᠢ ᠲᠠᠪᠠᠬᠰᠠᠨ ᠪᠤᠯ ᠪᠢᠴᠢᠭ ᠵᠶ᠋ᠡᠷ ᠵᠦᠪᠰᠢᠶᠡᠷᠡᠯ ᠥᠭᠭᠦᠨ᠎ᠡ᠃ ᠠᠩᠬᠠᠨ᠎ᠤ ᠬᠢᠨᠠᠯᠲᠠ ᠵᠢ ᠲᠠᠪᠠᠬᠰᠠᠨ ᠦᠭᠡᠢ ᠪᠤᠯ ᠪᠢᠴᠢᠭ ᠵᠶ᠋ᠡᠷ ᠮᠡᠳᠡᠭᠳᠡᠬᠦ ᠬᠡᠷᠡᠭᠲᠡᠢ᠃ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ ᠦᠭᠡᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠠᠷᠠᠳᠴᠢᠯᠠᠯ ᠵᠶ᠋ᠠᠷ ᠰᠣᠩᠭᠣᠬᠤ᠂ ᠤᠷᠢᠨ ᠲᠣᠮᠢᠯᠠᠬᠤ ᠵᠡᠷᠭᠡ ᠵᠢᠷᠤᠮ᠎ᠳᠤ ᠣᠷᠣᠭᠤᠯᠵᠤ ᠪᠣᠯᠬᠤ ᠦᠭᠡᠢ᠃
     ᠠᠷᠪᠠᠨ ᠭᠤᠷᠪᠠᠳᠤᠭ᠋ᠠᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠵᠤ ᠪᠠᠲᠤᠯᠠᠭᠰᠠᠨ ᠦᠭᠡᠢ ᠪᠠᠢ᠌ᠳᠠᠯ᠄
    (ᠨᠢᠭᠡ) ᠲᠤᠰ ᠠᠷᠭ᠎ᠠ ᠵᠢᠨ ᠵᠢᠷᠭᠤᠳᠤᠭ᠋ᠠᠷ ᠵᠦᠢ᠍ᠯ᠎ᠳᠤ ᠵᠢᠭᠰᠠᠭ᠋ᠠᠭᠰᠠᠨ ᠪᠠᠢ᠌ᠳᠠᠯ᠎ᠲᠠᠢ ᠪᠠᠢ᠌ᠬᠤ᠃
    (ᠬᠣᠶᠠᠷ) ᠨᠡᠢ᠌ᠭᠡᠮ᠎ᠤᠨ ᠪᠦᠯᠬᠦᠮ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠨᠢ ᠨᠡᠢ᠌ᠭᠡᠮ᠎ᠤᠨ ᠪᠤᠰᠤᠳ ᠪᠦᠯᠬᠦᠮ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠵᠢᠱ᠌ᠢᠭᠳᠡᠭᠴᠢ ᠵᠢᠨ ᠲᠤᠰᠢᠶᠠᠯ᠎ᠳᠤ ᠲᠣᠮᠢᠯᠠᠬᠤ᠎ᠪᠠᠷ ᠲᠥᠰᠥᠪᠯᠡᠭᠰᠡᠨ᠃
    (ᠭᠤᠷᠪᠠ) ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠨᠢ ᠨᠡᠢ᠌ᠭᠡᠮ᠎ᠤᠨ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠵᠢᠱ᠌ᠢᠭᠳᠡᠭᠴᠢ ᠵᠢᠨ ᠲᠤᠰᠢᠶᠠᠯ᠎ᠳᠤ ᠲᠣᠮᠢᠯᠠᠬᠤ᠎ᠪᠠᠷ ᠲᠣᠭᠲᠠᠭ᠋ᠠᠭᠰᠠᠨ᠃ 
    (ᠳᠥᠷᠪᠡ) ᠠᠵᠢᠯ᠎ᠳᠤ ᠪᠠᠢ᠌ᠭ᠎ᠠ ᠠᠯᠪᠠᠲᠠᠨ᠎ᠢ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠂ ᠣᠨᠳᠣᠣ  ᠭᠠᠵᠠᠷ᠎ᠤᠨ ᠬᠤᠳᠠᠯᠳᠤᠭ᠋ᠠᠨ᠎ᠤ ᠡᠪᠯᠡᠯ᠂ ᠰᠠᠭᠤᠷᠢ ᠮᠥᠩᠭᠥᠨ᠎ᠤ ᠨᠡᠢ᠌ᠭᠡᠮᠯᠢᠭ᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢᠨ ᠲᠤᠰᠢᠶᠠᠯ᠎ᠳᠤ ᠲᠣᠮᠢᠯᠠᠬᠤ᠎ᠪᠠᠷ ᠪᠠᠢ᠌ᠭ᠎ᠠ᠃
    (ᠲᠠᠪᠤ) ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠬᠤᠳᠠᠯ ᠵᠶ᠋ᠠᠷ ᠮᠡᠳᠡᠭᠦᠯᠬᠦ ᠪᠤᠶᠤ ᠨᠢᠭᠤᠭᠰᠠᠨ᠂ ᠡᠰᠡᠪᠡᠯ ᠠᠮᠠᠯᠠᠯᠲᠠ᠎ᠨᠢ ᠬᠤᠳᠠᠯ ᠬᠠᠭᠤᠷᠮᠠᠭ᠃
    (ᠵᠢᠷᠭᠤᠭ᠎ᠠ) ᠵᠠᠷᠯᠠᠬᠤ ᠬᠤᠭᠤᠴᠠᠭ᠋ᠠᠨ᠎ᠳᠤ ᠤᠯᠠᠨ ᠲᠦᠮᠡᠨ ᠠᠰᠠᠭᠤᠳᠠᠯ ᠲᠤᠰᠬᠠᠭᠰᠠᠨ ᠪᠥᠭᠡᠳ ᠪᠠᠢ᠌ᠴᠠᠭ᠋ᠠᠨ ᠲᠣᠳᠣᠯᠠᠭᠰᠠᠨ᠃
    (ᠲᠤᠯᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠪᠤᠰᠤᠳ ᠪᠠᠢ᠌ᠳᠠᠯ᠃


     ᠠᠷᠪᠠᠨ ᠳᠥᠷᠪᠡᠳᠦᠭᠡᠷ ᠵᠦᠢ᠍ᠯ᠄ ᠬᠢᠨᠠᠨ ᠬᠠᠷᠭᠤᠭᠤᠯᠬᠤ ᠰᠠᠯᠠᠭ᠎ᠠ ᠮᠥᠴᠢᠷ᠎ᠤᠨ ᠠᠵᠢᠯᠲᠠᠨ ᠲᠣᠰ ᠠᠷᠭ᠎ᠠ ᠵᠢᠨ ᠶᠣᠰᠣᠭ᠋ᠠᠷ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠶᠤ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭᠰᠠᠨ᠂ ᠬᠤᠪᠢ ᠵᠢᠨ ᠨᠠᠢ᠌ᠷ ᠵᠶ᠋ᠠᠷ ᠬᠠᠤᠯᠢ ᠵᠢ ᠵᠥᠷᠢᠴᠡᠭᠰᠡᠨ ᠪᠤᠯ ᠵᠣᠬᠢᠬᠤ ᠡᠷᠬᠡ ᠮᠡᠳᠡᠯ ᠪᠠ ᠲᠣᠭᠲᠠᠭ᠋ᠠᠯ ᠶᠣᠰᠣᠭ᠋ᠠᠷ ᠰᠢᠢ᠍ᠳᠬᠡᠯ ᠥᠭᠴᠦ᠂ ᠶᠠᠯ᠎ᠠ᠎ᠳᠤ ᠬᠦᠷᠦᠭᠰᠡᠨ ᠰᠡᠵᠢᠭᠯᠡᠯᠲᠡᠢ ᠪᠤᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠠᠤᠯᠢ ᠶᠣᠰᠣᠭ᠋ᠠᠷ ᠰᠢᠯᠵᠢᠭᠦᠯᠦᠨ ᠰᠢᠢ᠍ᠳᠪᠦᠷᠢᠯᠡᠭᠦᠯᠦᠨ᠎ᠡ᠃
     ᠠᠷᠪᠠᠨ ᠲᠠᠪᠤᠳᠤᠭ᠋ᠠᠷ ᠵᠦᠢ᠍ᠯ᠄ ᠲᠤᠰ ᠠᠷᠭ᠎ᠠ ᠵᠢ ᠬᠡᠷᠡᠭᠵᠢᠭᠦᠯᠬᠦ ᠬᠤᠭᠤᠴᠠᠭ᠋ᠠᠨ᠎ᠳᠤ ᠳᠡᠭᠡᠳᠦ ᠱᠠᠲᠤᠨ᠎ᠠᠴᠠ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠪᠡᠯ᠂ ᠲᠣᠬᠢᠷᠠᠭᠤᠯᠤᠯᠲᠠ ᠵᠢᠨ ᠳᠠᠷᠠᠭ᠋ᠠᠬᠢ ᠲᠥᠷᠥ ᠵᠢᠨ ᠪᠣᠳᠣᠯᠭ᠎ᠠ ᠶᠣᠰᠣᠭ᠋ᠠᠷ ᠬᠡᠷᠡᠭᠵᠢᠭᠦᠯᠦᠨ᠎ᠡ᠃
     ᠠᠷᠪᠠᠨ ᠵᠢᠷᠭᠤᠳᠤᠭ᠋ᠠᠷ ᠵᠦᠢ᠍ᠯ᠄ ᠲᠣᠰ ᠠᠷᠭ᠎ᠠ ᠵᠢ ᠦᠪᠤᠷ ᠮᠤᠡᠭᠭᠤᠯ᠎ᠤᠨ ᠦᠪᠡᠷᠳᠡᠬᠡᠨ ᠵᠠᠰᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ (ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠯᠪᠠᠨ ᠭᠡᠷ) ᠵᠢᠨ᠎ᠬᠢᠨ ᠬᠠᠷᠢᠭᠤᠴᠠᠨ ᠲᠠᠢ᠌ᠯᠪᠤᠷᠢᠯᠠᠨ᠎ᠠ᠃
     ᠠᠷᠪᠠᠨ ᠳᠣᠯᠣᠳᠤᠭ᠋ᠠᠷ ᠵᠦᠢ᠍ᠯ᠄ ᠲᠤᠰ ᠠᠷᠭ᠎ᠠ ᠵᠢ ᠲᠠᠷᠤᠮᠠᠯᠯᠠᠵᠤ ᠢᠯᠡᠬᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


     ᠳᠠᠭ᠋ᠠᠯᠳᠤᠭᠤᠯᠤᠯ 1᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢᠨ ᠨᠡᠷᠡᠰ᠃
     ᠳᠠᠭ᠋ᠠᠯᠳᠤᠭᠤᠯᠤᠯ 2᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠬᠦᠰᠦᠨᠦᠭᠲᠦ᠃
     ᠳᠠᠭ᠋ᠠᠯᠳᠤᠭᠤᠯᠤᠯ 3᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢᠨ ᠬᠤᠪᠢ ᠬᠥᠮᠥᠨ᠎ᠤ ᠢᠯᠡᠷᠬᠡᠢ᠌ᠯᠡᠯᠲᠡ ᠪᠠ ᠠᠮᠠᠯᠠᠯᠲᠠ ᠵᠢᠨ ᠪᠢᠴᠢᠭ᠃
     ᠳᠠᠭ᠋ᠠᠯᠳᠤᠭᠤᠯᠤᠯ 4᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠠᠮᠠᠯᠠᠯᠲᠠ ᠵᠢᠨ ᠪᠢᠴᠢᠭ;
     ᠳᠠᠭ᠋ᠠᠯᠳᠤᠭᠤᠯᠤᠯ 5᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠢᠯᠡᠵᠢᠬᠦᠯᠬᠦ (ᠲᠠᠨᠢᠯᠴᠠᠭᠤᠯᠬᠤ ᠶᠠᠩᠵᠤ ᠬᠡᠯᠪᠡᠷᠢ)᠃
     ᠳᠠᠭ᠋ᠠᠯᠳᠤᠭᠤᠯᠤᠯ 6᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠢᠯᠡᠵᠢᠬᠦᠯᠦᠭᠰᠡᠨ ᠪᠠᠢ᠌ᠳᠠᠯ᠎ᠤᠨ ᠲᠣᠳᠣᠷᠬᠠᠢ᠌ᠯᠠᠯᠲᠠ (ᠲᠠᠨᠢᠯᠴᠠᠭᠤᠯᠬᠤ ᠶᠠᠩᠵᠤ ᠬᠡᠯᠪᠡᠷᠢ)᠃

 

  ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠤᠵᠢᠯ᠎ᠤᠨ ᠬᠡᠪᠯᠡᠯ᠎ᠤᠨ ᠬᠤᠷᠢᠶ᠎ᠠ

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠰᠢᠨ᠎ᠡ ᠤᠨ᠎ᠤ ᠮᠡᠨᠳᠤᠴᠢᠯᠡᠬᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠶᠤᠯ ᠦᠬᠡᠢ ᠵᠢᠨ ᠬᠠᠮᠢᠶᠠᠷᠤᠯᠳᠠ ᠵᠢᠨ ᠠᠵᠢᠯ᠎ᠢ ᠲᠠᠬᠢᠨᠳᠠ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠤᠨ᠎ᠬᠢᠨ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ᠎ᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠵᠠᠰᠠᠬᠤ ᠰᠠᠨᠠᠭ᠋ᠠᠴᠢᠯᠠᠭ᠎ᠠ ᠵᠢᠨ ᠪᠢᠴᠢᠭ᠎ᠢ ᠳᠠᠷᠤᠮᠠᠯᠯᠠᠨ ᠲᠠᠷᠬᠠᠭ᠋ᠠᠪᠠ
《ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ᠎ᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠵᠠᠰᠠᠬᠤ ᠰᠠᠨᠠᠭ᠋ᠠᠴᠢᠯᠠᠭ᠎ᠠ ᠵᠢᠨ ᠪᠢᠴᠢᠭ》᠎ᠢ ᠨᠡᠢ᠌ᠲᠡᠯᠡᠬᠦ ᠲᠤᠬᠠᠢ ᠮᠡᠳᠡᠭᠳᠡᠯ᠄
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《2023 ᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠭᠣᠣᠯᠳᠠᠯᠭ᠎ᠠ》 ᠵᠢ ᠳᠠᠷᠤᠮᠠᠯᠯᠠᠨ ᠲᠠᠷᠬᠠᠭ᠋ᠠᠪᠠ
 
            