ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠰᠢᠨ᠎ᠡ ᠤᠨ᠎ᠤ ᠮᠡᠨᠳᠤᠴᠢᠯᠡᠬᠡ
ᠨᠡᠶᠢᠲᠡᠯᠡᠭᠰᠡᠨ ᠴᠠᠭ᠄ 2023-01-05

ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠺᠠᠳ᠋ᠷ ᠠᠵᠢᠯᠳᠠᠳ᠎ᠲᠤ᠄


     ᠰᠠᠢ᠌ᠬᠠᠨ ᠡᠪᠤᠯᠵᠢᠵᠤ ᠪᠠᠢ᠌ᠨ᠎ᠠ ᠤᠤ?

    2023 ᠣᠨ ᠤᠶᠠᠭ᠋ᠠᠨ ᠲᠡᠬᠡᠷ᠎ᠡ ᠪᠠᠭᠤᠵᠤ ᠪᠠᠢ᠌ᠭ᠎ᠠ ᠲᠠᠰᠢᠷᠠᠮ ᠵᠶ᠋ᠡᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠲᠠ ᠪᠦᠬᠦᠨ᠎ᠳᠤ᠎ᠪᠠᠨ ᠰᠢᠨ᠎ᠡ ᠤᠨ᠎ᠤ ᠠᠷᠢᠭᠤᠨ ᠵᠥᠩᠨᠡᠯ ᠵᠶ᠋ᠡᠨ ᠲᠡᠪᠰᠢᠬᠦᠯᠵᠤ ᠪᠠᠢ᠌ᠨ᠎ᠠ᠃
    2022 ᠣᠨ᠎ᠳᠤ ᠮᠠᠨ᠎ᠤ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠵᠢᠯᠣᠭᠣᠳᠤᠯᠭ᠎ᠠ᠎ᠪᠠᠷ ᠡᠷᠡᠯᠬᠡᠭᠯᠡᠨ ᠲᠡᠮᠡᠴᠡᠵᠦ᠂ ᠡᠷᠡᠮᠡᠬᠡᠢ᠌ᠯᠡᠨ ᠤᠷᠤᠬᠰᠢᠯᠠᠬᠰᠠᠨ ᠵᠶ᠋ᠡᠷ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ ᠵᠢᠨ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂  ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠡᠳᠦᠷ ᠢᠷᠡᠬᠦᠶ᠎ᠡ ᠴᠢᠩᠭ᠋ᠠᠷᠠᠵᠤ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ ᠪᠦᠬᠦ ᠲᠠᠯ᠎ᠠ᠎ᠪᠠᠷ ᠳᠡᠭᠡᠭᠰᠢᠯᠡᠵᠦ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠡᠯ᠎ᠡ ᠵᠦᠢ᠍ᠯ᠎ᠤᠨ ᠠᠵᠢᠯ ᠰᠢᠨ᠎ᠡ ᠪᠠᠶᠠᠷᠯᠠᠭᠤᠰᠢᠲᠠᠢ ᠠᠮᠵᠢᠯᠲᠠ ᠣᠯᠪᠠ᠃ ᠨᠢᠭᠡ ᠵᠢᠯ᠎ᠤᠨ ᠲᠤᠷᠰᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠡᠮᠦᠨ᠎ᠡ᠂ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠡᠮᠦᠨ᠎ᠡ᠎ᠨᠢ ᠭᠠᠪᠰᠢᠭ᠋ᠠᠢ᠌ᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂  ᠦᠢ᠍ᠯᠡᠴᠢᠯᠡᠬᠡ ᠬᠦᠷᠳᠡᠭᠰᠡᠳ᠎ᠤᠨ ᠡᠷᠡᠭᠦᠯ ᠮᠡᠨᠳᠦ ᠠᠮᠤᠷ ᠲᠦᠪᠰᠢᠨ ᠪᠠ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠥᠬᠥ ᠲᠠᠯ᠎ᠠ᠎ᠪᠠᠷ ᠪᠠᠲᠤᠯᠠᠵᠤ᠂ ᠠᠷᠠᠳ᠎ᠤᠨ ᠶᠠᠪᠤᠳᠠᠯ᠎ᠤᠨ ᠬᠦᠴᠦᠷᠬᠡᠭ ᠲᠠᠭᠤᠨ᠎ᠢ ᠬᠠᠩᠭᠢᠨᠠᠭᠤᠯᠤᠨ᠂ ᠠᠷᠠᠳ᠎ᠤᠨ ᠶᠠᠪᠤᠳᠠᠯ᠎ᠤᠨ ᠬᠦᠴᠦᠨ᠎ᠢ ᠢᠯᠡᠷᠡᠭᠦᠯᠵᠦ᠂ ᠠᠷᠠᠳ᠎ᠤᠨ ᠶᠠᠪᠤᠳᠠᠯ᠎ᠤᠨ ᠳᠦᠷᠢ ᠲᠥᠷᠬᠦ ᠵᠢ ᠪᠣᠶ ᠪᠣᠯᠭ᠋ᠠᠪᠠ᠃
     ᠡᠲᠡᠭᠡᠷ ᠠᠮᠵᠢᠯᠲᠠ ᠪᠤᠯ ᠤᠯᠠᠨ ᠵᠶ᠋ᠠᠷ ᠵᠶ᠋ᠠᠨ ᠬᠠᠮᠳᠤ᠎ᠪᠠᠷ ᠴᠢᠷᠮᠠᠢ᠌ᠨ ᠲᠡᠮᠡᠴᠡᠭᠰᠡᠨ᠎ᠤ ᠦᠷ᠎ᠡ ᠳ᠋ᠦᠩ ᠮᠥᠨ᠂ ᠲᠠ ᠪᠦᠬᠦᠨ ᠵᠦᠳᠡᠷᠡᠯ᠎ᠡ!
    2023 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ ᠮᠥᠨ᠂ ᠪᠢᠳᠡ ᠨᠡᠩ ᠪᠠᠲᠤ ᠢᠲᠡᠭᠡᠯ᠎ᠲᠠᠢ᠂ ᠨᠡᠩ ᠪᠠᠲᠤ ᠠᠯᠬᠤᠮ ᠵᠶ᠋ᠠᠷ ᠤᠷᠤᠭᠰᠢᠯᠠᠶ᠎ᠠ᠃ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠨᠡᠩ ᠰᠠᠨᠠᠭ᠋ᠠᠴᠢᠯᠠᠭ᠎ᠠ᠎ᠠᠴᠠ᠎ᠪᠠᠨ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ᠎ᠬᠢ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂  ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠵᠦ᠂ ᠬᠦᠴᠢᠷ ᠪᠡᠷᠬᠡᠰᠢᠶᠡᠯ᠎ᠢ ᠬᠠᠮᠳᠤ᠎ᠪᠠᠷ ᠲᠤᠭᠤᠯᠵᠤ᠂ ᠬᠦᠴᠦ᠎ᠪᠠᠨ ᠬᠠᠮᠲᠤᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ  ᠴᠢᠨᠠᠷᠯᠢᠭ ᠬᠥᠭᠵᠢᠯᠲᠡ ᠵᠢᠨ ᠰᠢᠨ᠎ᠡ ᠬᠠᠭᠤᠳᠠᠰᠤ ᠵᠢ ᠦᠷᠭᠦᠯᠵᠢᠯᠡᠨ  ᠪᠢᠴᠢᠭᠯᠡᠵᠡᠭᠡᠶ᠎ᠡ᠃
 






ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠶᠤᠯ ᠦᠬᠡᠢ ᠵᠢᠨ ᠬᠠᠮᠢᠶᠠᠷᠤᠯᠳᠠ ᠵᠢᠨ ᠠᠵᠢᠯ᠎ᠢ ᠲᠠᠬᠢᠨᠳᠠ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠤᠨ᠎ᠬᠢᠨ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ᠎ᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠵᠠᠰᠠᠬᠤ ᠰᠠᠨᠠᠭ᠋ᠠᠴᠢᠯᠠᠭ᠎ᠠ ᠵᠢᠨ ᠪᠢᠴᠢᠭ᠎ᠢ ᠳᠠᠷᠤᠮᠠᠯᠯᠠᠨ ᠲᠠᠷᠬᠠᠭ᠋ᠠᠪᠠ
《ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ᠎ᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠵᠠᠰᠠᠬᠤ ᠰᠠᠨᠠᠭ᠋ᠠᠴᠢᠯᠠᠭ᠎ᠠ ᠵᠢᠨ ᠪᠢᠴᠢᠭ》᠎ᠢ ᠨᠡᠢ᠌ᠲᠡᠯᠡᠬᠦ ᠲᠤᠬᠠᠢ ᠮᠡᠳᠡᠭᠳᠡᠯ᠄
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《2023 ᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠭᠣᠣᠯᠳᠠᠯᠭ᠎ᠠ》 ᠵᠢ ᠳᠠᠷᠤᠮᠠᠯᠯᠠᠨ ᠲᠠᠷᠬᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠭᠦᠷᠭᠡᠯᠡᠬᠦ᠎ᠪᠠᠷ ᠪᠠᠢ᠌ᠭ᠎ᠠ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠢ ᠲᠦᠷᠢᠮᠵᠢᠬᠦᠯᠵᠤ ᠪᠠᠢ᠌ᠨ᠎ᠠ
 
            