ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《2023 ᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠭᠣᠣᠯᠳᠠᠯᠭ᠎ᠠ》 ᠵᠢ ᠳᠠᠷᠤᠮᠠᠯᠯᠠᠨ ᠲᠠᠷᠬᠠᠭ᠋ᠠᠵᠤ᠂ ᠭᠤᠷᠪᠠᠨ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠢ ᠳᠤᠷᠠᠳᠪᠠ᠄
ᠨᠢᠭᠡ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠨᠳᠦᠰᠦᠨ ᠪᠠᠲᠤᠯᠠᠭ᠎ᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠨ᠎ᠡ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠦᠨᠳᠦᠰᠦᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠵᠦ᠂ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ ᠪᠠᠢ᠌ᠳᠠᠯ᠎ᠢ ᠬᠡᠮᠵᠢᠬᠦ ᠪᠠ ᠱᠠᠲᠤ ᠲᠦᠷᠦᠯ ᠬᠤᠪᠢᠶᠠᠨ ᠲᠤᠰᠠᠯᠠᠬᠤ ᠠᠵᠢᠯ᠎ᠢ ᠴᠢᠩᠭ᠋ᠠᠳᠬᠠᠵᠤ᠂ ᠪᠡᠶ᠎ᠡ᠎ᠳᠤ᠎ᠪᠠᠨ ᠵᠦᠪ ᠦᠬᠡᠢ ᠬᠦᠮᠦᠰ᠎ᠢ ᠲᠤᠰᠠᠯᠠᠬᠤ ᠪᠠᠲᠤᠯᠠᠭ᠎ᠠ ᠵᠢ ᠦᠷᠭᠦᠯᠵᠢᠯᠡᠨ ᠰᠠᠢ᠌ᠲᠤᠷ ᠬᠢᠨ᠎ᠡ᠃ ᠨᠡᠢ᠌ᠭᠡᠮ᠎ᠤᠨ ᠲᠤᠰᠠᠯᠠᠮᠵᠢ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠯᠠᠪᠳᠠᠭᠤᠨ ᠵᠶ᠋ᠠᠷ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠵᠥᠷᠢᠶ᠎ᠡ᠂ ᠣᠷᠣᠨ ᠪᠦᠰᠡ ᠵᠢᠨ ᠵᠥᠷᠢᠶ᠎ᠡ ᠵᠢ ᠦᠷᠭᠦᠯᠵᠢᠯᠡᠨ ᠪᠠᠭ᠋ᠠᠰᠬᠠᠨ᠎ᠠ᠃ ᠣᠨᠴᠠᠭ᠋ᠠᠶ ᠬᠦᠴᠢᠷᠳᠡᠯᠲᠡᠢ ᠬᠦᠮᠦᠰ᠎ᠢ ᠰᠤᠷᠪᠤᠯᠵᠢᠯᠠᠵᠤ ᠬᠠᠯᠠᠮᠵᠢᠯᠠᠬᠤ ᠦᠢ᠍ᠯᠡᠴᠢᠯᠡᠭᠡᠨ᠎ᠤ ᠲᠣᠭᠲᠠᠴᠠ ᠵᠢ ᠨᠠᠢ᠌ᠳᠠᠪᠤᠷᠢᠵᠢᠭᠤᠯᠵᠤ᠂ 《ᠨᠠᠰᠤᠳᠠᠳ ᠬᠡᠤᠬᠡᠳ》 ᠵᠡᠷᠬᠡ ᠭᠣᠣᠯᠳᠠᠯᠭ᠎ᠠ᠎ᠲᠠᠢ ᠬᠦᠮᠦᠰ᠎ᠢ ᠬᠠᠯᠠᠮᠵᠢᠯᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢ ᠠᠬᠢᠭᠤᠯᠤᠨ᠎ᠠ᠃ ᠵᠡᠮᠳᠡᠭᠴᠦᠳ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠡᠮᠳᠡᠭᠴᠦᠳ᠎ᠤᠨ ᠬᠣᠶᠠᠷ ᠨᠥᠬᠥᠪᠦᠷᠢ ᠵᠢ ᠣᠯᠭᠣᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
ᠬᠣᠶᠠᠷ᠎ᠲᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢ ᠠᠬᠢᠭᠤᠯᠤᠨ᠎ᠠ᠃ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠬᠥᠳᠡᠭᠡ ᠲᠣᠰᠬᠣᠨ᠎ᠤ ᠵᠠᠰᠠᠯᠲᠠ ᠵᠢ ᠯᠠᠪᠳᠠᠭᠤᠨ ᠠᠬᠢᠭᠤᠯᠵᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠬᠤᠤᠰᠯᠠᠨ ᠪᠠᠢ᠌ᠭᠤᠯᠬᠤ ᠪᠠ ᠬᠠᠪᠰᠤᠷᠬᠤ ᠠᠵᠢᠯᠯᠠᠭ᠎ᠠ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠤ ᠠᠶᠠᠯᠠᠯ᠎ᠤᠨ ᠭᠣᠣᠯ ᠰᠡᠳᠦᠪᠲᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠤᠨ ᠬᠥᠮᠥᠷᠭᠡ᠎ᠳᠤ ᠣᠷᠣᠯᠴᠠᠬᠤ ᠵᠢ ᠲᠡᠭᠦᠯᠳᠡᠷᠵᠢᠭᠦᠯᠦᠨ᠎ᠡ᠃ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠪᠠᠢ᠌ᠭᠤᠯᠤᠯᠲᠠ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠨᠡᠢ᠌ᠬᠡᠮ ᠬᠤᠯᠪᠤᠭ᠋ᠠᠯᠠᠨ ᠬᠥᠳᠡᠯᠦᠯᠴᠡᠬᠦ》᠂ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ ᠵᠢᠨ 《ᠭᠠᠷ ᠬᠣᠯᠪᠣᠬᠤ ᠲᠥᠯᠥᠪᠯᠡᠭᠡ》 ᠵᠡᠷᠭᠡ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠭᠦᠨᠵᠡᠭᠡᠢ ᠰᠠᠢ᠌ᠲᠤᠷ ᠥᠷᠨᠢᠭᠦᠯᠦᠨ᠎ᠡ᠃
ᠭᠤᠷᠪᠠ᠎ᠳᠤ᠂ ᠪᠦᠲᠦᠮᠵᠢᠲᠡᠢ ᠵᠣᠯᠭ᠋ᠠᠭᠤᠯᠵᠤ ᠲᠤᠯᠭ᠋ᠠᠭᠤᠷᠢᠯᠠᠨ ᠪᠠᠲᠤᠯᠠᠬᠤ ᠵᠢ ᠴᠢᠩᠭ᠋ᠠᠳᠬᠠᠨ᠎ᠠ᠃ ᠲᠥᠯᠦᠪᠵᠢᠭᠦᠯᠭᠡ ᠵᠢᠨ ᠠᠵᠢᠯᠯᠠᠭ᠋ᠠᠨ᠎ᠤ ᠬᠦᠳᠤᠯᠤᠮᠵᠢ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠬᠦᠯᠤᠯᠳᠡ ᠵᠢᠨ ᠲᠥᠯᠦᠪᠵᠢᠭᠦᠯᠭᠡ ᠵᠢᠨ ᠬᠡᠷᠡᠭᠵᠢᠭᠦᠯᠦᠯᠲᠡ ᠵᠢ ᠦᠷᠭᠦᠯᠵᠢᠯᠡᠨ ᠠᠬᠢᠭᠤᠯᠵᠤ᠂ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠲᠤᠰᠬᠠᠢ ᠵᠦᠢ᠍ᠯᠡᠰ᠎ᠤᠨ ᠲᠥᠯᠦᠪᠵᠢᠭᠦᠯᠭᠡ᠂ ᠴᠢᠬᠤᠯᠠ ᠶᠡᠬᠡ ᠢᠨᠵᠧᠨᠧᠷᠢᠩ᠎ᠤᠨ ᠲᠥᠯᠥᠪᠯᠡᠭᠡ ᠵᠢᠨ ᠠᠵᠢᠯᠯᠠᠭ᠎ᠠ ᠵᠡᠷᠭᠡ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠤᠨ᠎ᠠ᠃ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠬᠤ ᠲᠣᠭᠲᠠᠴᠠ ᠵᠢ ᠪᠦᠷᠢᠨᠰᠢᠭᠦᠯᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠣᠨ᠎ᠤ ᠡᠭᠦᠷᠭᠡ ᠵᠢᠨ ᠨᠠᠷᠢᠨ ᠬᠠᠭᠤᠳᠠᠰᠤ ᠪᠠ ᠠᠵᠢᠯ᠎ᠤᠨ ᠡᠬᠡ ᠲᠠᠩᠰᠠ ᠵᠢ ᠲᠡᠭᠦᠯᠳᠡᠷᠵᠢᠭᠦᠯᠵᠦ᠂ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠣᠨ᠎ᠤ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠠᠵᠢᠯ᠎ᠤᠨ ᠶᠡᠷᠦᠩᠬᠡᠢ᠌ᠯᠡᠭᠰᠡᠨ ᠦᠨᠡᠯᠡᠯᠲᠡ ᠪᠠ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠣᠷᠣᠭᠤᠯᠤᠨ᠎ᠠ᠃ ᠮᠡᠳᠡᠭᠡ ᠵᠠᠩᠭᠢ ᠵᠢᠨ ᠰᠣᠯᠢᠯᠴᠠᠭ᠎ᠠ ᠤᠬᠠᠭᠤᠯᠭ᠎ᠠ ᠵᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠨᠳᠤᠰᠤᠨ ᠪᠠᠳᠤᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠡᠷᠭᠡ ᠲᠠᠯ᠎ᠠ᠎ᠪᠠᠷ᠎ᠬᠢ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠵᠢ ᠭᠦᠨᠵᠡᠭᠡᠢ ᠤᠬᠠᠭᠤᠯᠤᠨ᠎ᠠ᠃