ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠵᠢᠷᠤᠮᠵᠢᠭᠤᠯᠤᠨ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠪᠡ᠃
《ᠮᠡᠳᠡᠭᠳᠡᠯ》᠎ᠳᠤ ᠴᠢᠬᠤᠯᠠᠴᠢᠯᠠᠭᠰᠠᠨ᠎ᠨᠢ᠂ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠪᠣᠯ ᠣᠶᠣᠨ ᠰᠠᠭ᠋ᠠᠳ᠎ᠲᠠᠢ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠪᠠᠳᠤᠯᠠᠭ᠎ᠠ ᠵᠢᠨ ᠲᠤᠰᠬᠠᠢ ᠪᠠᠢ᠌ᠭᠤᠯᠤᠮᠵᠢ ᠮᠥᠨ ᠪᠦᠬᠡᠳ ᠣᠶᠣᠨ ᠤ ᠰᠠᠭ᠋ᠠᠳ᠎ᠲᠠᠢ ᠬᠦᠮᠦᠰ᠎ᠲᠤ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠦᠢ᠍ᠯᠡᠴᠢᠯᠡᠭᠡ ᠬᠠᠩᠭ᠋ᠠᠬᠤ ᠴᠢᠬᠤᠯᠠ ᠠᠴᠢᠶᠠᠯᠠᠪᠤᠷᠢ ᠮᠥᠨ᠃ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠪᠣᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠵᠠᠢ᠌ᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠃
《ᠮᠡᠳᠡᠭᠳᠡᠯ》᠎ᠳᠤ ᠵᠢᠭ᠋ᠠᠬᠰᠠᠨ᠎ᠨᠢ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯ᠎ᠢ ᠰᠠᠢ᠌ᠲᠤᠷ ᠬᠢᠬᠦ ᠪᠣᠯ ᠵᠡᠮᠳᠡᠭᠴᠦᠳ᠎ᠤᠨ ᠳᠦᠷᠢᠮ᠎ᠢ ᠲᠡᠭᠦᠯᠳᠡᠷᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠂ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ᠎ᠢ ᠬᠠᠮᠠᠭ᠋ᠠᠯᠠᠬᠤ ᠵᠢᠨ ᠲᠤᠯᠭ᠋ᠠᠮ ᠱᠠᠭ᠋ᠠᠷᠳᠠᠯᠭ᠎ᠠ ᠮᠥᠨ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠣᠷᠣᠭᠤᠯᠤᠯᠲᠠ᠎ᠪᠠᠨ ᠨᠡᠮᠡᠭᠳᠡᠭᠦᠯᠦᠨ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠰᠢᠨ᠎ᠡ ᠵᠢ ᠡᠭᠦᠳᠴᠦ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃
《ᠮᠡᠳᠡᠭᠳᠡᠯ》᠎ᠳᠤ ᠱᠠᠭ᠋ᠠᠷᠳᠠᠬᠰᠠᠨ᠎ᠨᠢ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠠᠵᠢᠯ᠎ᠢ ᠮᠠᠰᠢᠳᠠ ᠴᠢᠬᠤᠯᠠᠴᠢᠯᠠᠵᠤ᠂ ᠪᠠᠢ᠌ᠭᠤᠯᠤᠮᠵᠢ ᠵᠢᠨ ᠲᠥᠷᠥ ᠵᠢᠨ ᠪᠣᠳᠣᠯᠭ᠎ᠠ ᠵᠢᠨ ᠵᠢᠯᠣᠭᠣᠳᠤᠯᠭ᠎ᠠ ᠵᠢ ᠴᠢᠩᠭ᠋ᠠᠳᠬᠠᠨ᠂ ᠨᠡᠢ᠌ᠭᠡᠮ᠎ᠤᠨ ᠠᠰᠠᠷᠠᠮᠵᠢ ᠵᠢᠨ ᠰᠢᠨᠵᠢ ᠪᠠ ᠨᠡᠶ᠋ᠢᠲᠡ ᠵᠢᠨ ᠠᠰᠠᠷᠠᠮᠵᠢ ᠵᠢᠨ ᠰᠢᠨᠵᠢ ᠵᠢ ᠳᠣᠪᠣᠶ᠋ᠢᠯᠭ᠋ᠠᠵᠤ᠂ ᠠᠵᠢᠯ᠎ᠤᠨ ᠵᠠᠷᠴᠢᠮ ᠪᠠ ᠬᠠᠷᠠᠯᠲᠠ ᠡᠭᠦᠷᠭᠡ ᠵᠢ ᠲᠣᠳᠣᠷᠬᠠᠢ᠌ᠯᠠᠨ᠂ ᠠᠵᠢᠯ᠎ᠤᠨ ᠠᠷᠭ᠎ᠠ ᠵᠢ ᠨᠠᠷᠢᠯᠢᠭᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠪᠤᠳᠠᠳᠠᠢ᠌ᠵᠢᠭᠤᠯᠤᠨ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠠᠵᠢᠯ᠎ᠤᠨ ᠣᠨᠴᠠᠯᠢᠭ᠎ᠢ ᠦᠨᠳᠦᠰᠦᠯᠡᠨ᠂ ᠪᠠᠢ᠌ᠭᠤᠯᠤᠮᠵᠢ ᠵᠢ ᠲᠥᠷᠥᠯ ᠬᠤᠪᠢᠶᠠᠨ ᠬᠠᠮᠢᠶᠠᠷᠴᠤ ᠵᠢᠯᠤᠭᠣᠳᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠦᠪᠰᠢᠨ ᠪᠣᠯᠣᠨ ᠪᠠᠲᠤᠯᠠᠭ᠎ᠠ ᠬᠦᠷᠳᠡᠭᠰᠡᠳ᠎ᠤᠨ ᠬᠡᠷᠡᠭᠴᠡᠭᠡ ᠱᠠᠭ᠋ᠠᠷᠳᠠᠯᠭ᠎ᠠ ᠲᠠᠢ ᠤᠶᠠᠯᠳᠤᠭᠤᠯᠵᠤ᠂ ᠪᠠᠢ᠌ᠭᠤᠯᠤᠮᠵᠢ ᠵᠢᠨ ᠲᠥᠯᠦᠪᠵᠢᠭᠦᠯᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ 《ᠬᠣᠭᠣᠰᠤᠨ ᠭᠠᠵᠠᠷ》᠎ᠢ ᠨᠥᠬᠥᠵᠦ᠂ 2025 ᠣᠨ ᠪᠣᠯᠬᠤ᠎ᠳᠤ ᠠᠢ᠌ᠮᠠᠭ ᠬᠣᠲᠠ ᠪᠤᠯᠭ᠋ᠠᠨ᠎ᠳᠤ ᠠᠷᠠᠳ᠎ᠤᠨ ᠶᠠᠪᠤᠳᠠᠯ᠎ᠤᠨ ᠰᠢᠭᠤᠳ ᠬᠠᠷᠢᠶ᠎ᠠ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ 1 ᠪᠠᠶ᠋ᠢᠭᠤᠯᠬᠤ ᠵᠢ ᠦᠨᠡᠨ ᠬᠦ᠌ ᠪᠠᠲᠤᠯᠠᠵᠤ᠂ ᠪᠡᠯᠡ ᠮᠥᠩᠭᠥ ᠴᠤᠭᠯᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠂ ᠣᠨᠴᠠᠭ᠋ᠠᠶ ᠬᠦᠴᠢᠷᠳᠡᠯᠳᠡᠢ ᠣᠶᠣᠨ᠎ᠤ ᠰᠠᠭ᠋ᠠᠳ᠎ᠲᠠᠢ ᠡᠪᠡᠳᠴᠢᠲᠡᠨ᠎ᠢ ᠠᠪᠤᠷᠠᠨ ᠵᠠᠰᠠᠬᠤ᠂ ᠠᠰᠠᠷᠠᠨ ᠲᠡᠵᠢᠭᠡᠬᠦ ᠵᠠᠷᠤᠳᠠᠯ᠎ᠤᠨ ᠪᠠᠷᠢᠮᠵᠢᠶ᠎ᠠ ᠵᠢ ᠬᠥᠳᠡᠯᠦᠩᠭᠦᠢ᠎ᠪᠠᠷ ᠨᠡᠮᠡᠭᠳᠡᠭᠦᠯᠬᠦ ᠲᠣᠭᠲᠠᠴᠠ ᠵᠢ ᠲᠣᠭᠲᠠᠭ᠋ᠠᠵᠤ᠂ ᠰᠠᠯᠠᠭ᠎ᠠ ᠲᠠᠰᠤᠭ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠵᠤ᠂ ᠠᠪᠤᠷᠠᠨ ᠲᠤᠰᠠᠯᠠᠬᠤ᠂ ᠰᠤᠪᠢᠯᠠᠬᠤ᠂ ᠡᠷᠡᠭᠦᠯᠵᠢᠭᠦᠯᠬᠦ᠂ ᠬᠠᠷᠠᠭ᠋ᠠᠯᠵᠠᠬᠤ ᠵᠡᠷᠭᠡ ᠴᠢᠳᠠᠮᠵᠢ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠂ ᠠᠪᠤᠷᠠᠨ ᠵᠠᠰᠠᠬᠤ ᠠᠵᠢᠯᠲᠠᠨ᠎ᠤ ᠠᠳᠠᠯᠢ ᠪᠤᠰᠤ ᠱᠠᠲᠤ ᠦᠶ᠎ᠡ ᠵᠢᠨ ᠵᠦᠢ ᠵᠣᠬᠢᠰᠲᠠᠢ ᠬᠡᠷᠡᠭᠴᠡᠭᠡ ᠵᠢ ᠦᠨᠡᠨ ᠬᠦ᠌ ᠬᠠᠡᠭᠭ᠋ᠠᠬᠤ ᠬᠡᠷᠡᠭᠳᠡᠢ᠃ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠠᠪᠤᠷᠠᠨ ᠲᠤᠰᠠᠯᠠᠬᠤ ᠵᠢ ᠪᠠᠷᠢᠮᠲᠠᠯᠠᠵᠤ᠂ ᠰᠢᠢ᠍ᠳᠪᠦᠷᠢᠯᠡᠬᠦ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠣᠨᠣᠰᠢᠯᠠᠨ ᠡᠮᠨᠡᠬᠦ᠂ ᠡᠷᠡᠭᠦᠯᠵᠢᠭᠦᠯᠬᠦ᠂ ᠠᠰᠠᠷᠠᠨ ᠬᠠᠮᠠᠭ᠋ᠠᠯᠠᠬᠤ ᠪᠠ ᠨᠡᠢ᠌ᠭᠡᠮ᠎ᠳᠤ ᠪᠤᠴᠠᠭ᠋ᠠᠬᠤ ᠭᠤᠷᠪᠠ ᠵᠢ ᠣᠷᠭ᠋ᠠᠨᠢᠭ ᠵᠶ᠋ᠠᠷ ᠵᠣᠯᠭ᠋ᠠᠭᠤᠯᠵᠤ᠂ ᠪᠦᠲᠦᠮᠵᠢᠲᠡᠶ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠢᠰᠲᠸᠮ᠎ᠢ ᠪᠠᠶ᠋ᠢᠭᠤᠯᠬᠤ ᠬᠡᠷᠡᠭᠲᠡᠢ᠃ ᠴᠢᠳᠠᠪᠤᠷᠢᠲᠠᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠤᠬᠠᠢ᠌ᠯᠠᠭᠰᠠᠨ ᠠᠵᠢᠯ᠎ᠤᠨ ᠰᠣᠯᠢᠯᠴᠠᠭ᠎ᠠ ᠬᠢᠬᠦ᠂ ᠬᠣᠣᠰᠯᠠᠨ ᠬᠤᠯᠪᠤᠭ᠋ᠠᠯᠠᠵᠤ ᠲᠡᠳᠬᠦᠬᠦ ᠠᠷᠭ᠎ᠠ᠎ᠪᠠᠷ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠦᠢ᠍ᠯᠡᠴᠢᠯᠡᠭᠡᠨ᠎ᠤ ᠣᠷᠣᠨ ᠪᠦᠰᠡ ᠵᠢᠨ ᠨᠢᠭᠡᠳᠦᠯᠲᠡᠢ ᠲᠥᠯᠦᠪᠵᠢᠭᠦᠯᠭᠡ ᠵᠢ ᠴᠢᠩᠭ᠋ᠠᠳᠬᠠᠵᠤ᠂ ᠡᠬᠢ ᠪᠠᠶᠠᠯᠢᠭ᠎ᠢ ᠬᠤᠪᠢᠶᠠᠯᠴᠠᠬᠤ ᠵᠢ ᠠᠬᠢᠭᠤᠯᠵᠤ᠂ ᠪᠦᠬᠦᠯᠢ ᠴᠣᠭᠴᠠ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠣᠶᠣᠨ ᠮᠡᠳᠡᠷᠡᠯ᠎ᠤᠨ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠣᠷᠣᠭᠤᠯᠬᠤ᠎ᠪᠠᠷ ᠬᠦᠳᠤᠯᠬᠦ ᠬᠡᠷᠡᠭᠲᠡᠢ᠃