ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠭᠦᠷᠭᠡᠯᠡᠬᠦ᠎ᠪᠠᠷ ᠪᠠᠢ᠌ᠭ᠎ᠠ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠢ ᠲᠦᠷᠢᠮᠵᠢᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2023-06-05

    《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ (ᠲᠤᠷᠰᠢᠨ ᠬᠡᠷᠡᠭᠵᠢᠭᠦᠯᠬᠦ)》 (ᠲᠥᠪ ᠠᠯᠪᠠᠨ ᠲᠠᠷᠬᠠᠭ᠋ᠠᠭᠰᠠᠨ [2015]51 ᠳ᠋ᠤᠬᠡᠷ ᠲᠣᠭ᠋ᠠᠲᠤ)᠎ᠢ ᠭᠦᠨᠵᠡᠭᠡᠢ  ᠲᠤᠭᠤᠰᠢᠯᠠᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠲᠤᠰᠢᠶᠠᠯ᠎ᠳᠤ ᠲᠣᠮᠢᠯᠠᠬᠤ᠎ᠪᠠᠷ ᠪᠠᠢ᠌ᠭ᠎ᠠ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠵᠢᠯ᠎ᠢ ᠤᠯᠠᠮ ᠵᠢᠷᠤᠮᠵᠢᠭᠤᠯᠬᠤ ᠵᠢᠨ ᠲᠦᠯᠤᠬᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ 5 ᠳ᠋ᠤᠭ᠋ᠠᠷ ᠰᠠᠷ᠎ᠠ ᠵᠢᠨ 19᠎ᠤ ᠡᠳᠦᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠬᠦᠷᠬᠡᠯᠡᠬᠦ᠎ᠪᠠᠷ ᠪᠠᠢ᠌ᠭ᠎ᠠ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠬᠢᠨᠠᠨ ᠵᠥᠪᠯᠡᠵᠦ ᠪᠠᠲᠤᠯᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ ᠨᠡᠷ᠎ᠡ᠎ᠪᠠᠷ ᠪᠦᠬᠦ ᠣᠷᠣᠨ᠎ᠤ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠳᠠᠷᠤᠮᠠᠯᠯᠠᠨ ᠲᠠᠷᠬᠠᠭ᠋ᠠᠵᠤ  ᠬᠡᠷᠡᠭᠵᠢᠬᠦᠯᠬᠦ ᠪᠤᠯᠤᠨ᠎ᠠ᠃ 
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠬᠦᠷᠬᠡᠯᠡᠬᠦ᠎ᠪᠠᠷ ᠪᠠᠢ᠌ᠭ᠎ᠠ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》᠎ᠳᠤ ᠨᠡᠶ᠋ᠢᠲᠡ 17 ᠵᠦᠢ᠍ᠯ ᠪᠠᠢ᠌ᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠲᠤᠰᠢᠶᠠᠯ ᠡᠬᠦᠷᠬᠡᠯᠡᠬᠦ ᠪᠣᠭᠣᠮᠲᠠ ᠵᠢ ᠡᠬᠢ ᠡᠭᠦᠰᠦᠯ᠎ᠠᠴᠠ᠎ᠨᠢ ᠰᠠᠢ᠌ᠲᠤᠷ ᠠᠳᠬᠤᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢᠨ ᠰᠠᠭᠤᠷᠢ ᠵᠢ ᠲᠠᠯᠪᠢᠬᠤ ᠵᠢᠨ ᠲᠥᠯᠥᠭᠡ ᠲᠣᠭᠲᠠᠭ᠋ᠠᠭᠰᠠᠨ ᠦᠨᠳᠦᠰᠦᠯᠡᠯ᠂ ᠬᠢᠨᠠᠨ ᠬᠠᠷᠭᠤᠭᠤᠯᠬᠤ ᠬᠡᠪᠴᠢᠶ᠎ᠡ᠂ ᠬᠡᠷᠡᠭᠯᠡᠬᠦ ᠬᠡᠪᠴᠢᠶ᠎ᠡ᠂ ᠬᠢᠨᠠᠨ ᠬᠠᠷᠭᠤᠭᠤᠯᠬᠤ ᠵᠠᠷᠴᠢᠮ᠂ ᠬᠢᠷᠢ ᠬᠡᠮ᠎ᠤᠨ ᠨᠥᠬᠥᠴᠡᠯ᠂ ᠮᠡᠳᠡᠭᠦᠯᠬᠦ ᠪᠠ ᠬᠢᠨᠠᠨ ᠵᠥᠪᠰᠢᠶᠡᠷᠡᠬᠦ ᠵᠡᠷᠭᠡ 7 ᠬᠡᠰᠡᠭ ᠪᠣᠶ᠃
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠬᠦᠷᠬᠡᠯᠡᠬᠦ᠎ᠪᠠᠷ ᠪᠠᠢ᠌ᠭ᠎ᠠ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》᠎ᠳᠤ  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠬᠢᠨᠠᠨ ᠬᠠᠷᠭᠤᠭᠤᠯᠤᠯᠲᠠ ᠵᠢ ᠬᠤᠪᠢ ᠬᠥᠮᠥᠨ᠎ᠤ ᠢᠯᠡᠷᠬᠡᠢ᠌ᠯᠡᠯᠲᠡ ᠪᠠ ᠠᠮᠠᠯᠠᠯᠲᠠ᠂ ᠵᠣᠬᠢᠶᠠᠨ ᠪᠠᠢ᠌ᠭᠤᠯᠤᠯᠲᠠ ᠵᠢᠨ ᠰᠣᠷᠪᠤᠯᠵᠢᠯᠠᠭ᠎ᠠ᠂ ᠵᠠᠬᠢᠳᠠᠯ ᠵᠶ᠋ᠠᠷ ᠠᠰᠠᠭᠤᠬᠤ ᠪᠠ ᠢᠲᠡᠭᠡᠮᠵᠢ ᠵᠢᠨ ᠯᠠᠪᠯᠠᠯᠲᠠ ᠵᠢᠨ ᠵᠡᠷᠭᠡ ᠣᠯᠠᠨ ᠠᠷᠭ᠎ᠠ᠎ᠪᠠᠷ ᠶᠠᠪᠤᠭᠳᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠷᠢᠨ ᠪᠢᠴᠢᠭ᠎ᠤᠨ ᠳᠠᠷᠤᠭ᠎ᠠ ᠵᠢᠨ ᠲᠤᠰᠢᠶᠠᠯ᠎ᠳᠤ ᠲᠣᠮᠢᠯᠠᠬᠤ᠎ᠪᠠᠷ ᠪᠠᠢ᠌ᠭ᠎ᠠ ᠪᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠡᠷᠭᠡ ᠲᠤᠰᠢᠶᠠᠯ᠎ᠤᠨ ᠵᠢᠱ᠌ᠢᠭᠳᠡᠭᠴᠢ᠎ᠳᠤ ᠬᠢᠨᠠᠨ ᠬᠠᠷᠭᠤᠭᠤᠯᠤᠯᠲᠠ ᠬᠢᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠡᠭᠦᠨ᠎ᠳᠤ ᠰᠢᠭᠤᠳ ᠳᠠᠩᠰᠠᠯᠠᠭᠤᠯᠤᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠠᠳᠠᠯᠢ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠭᠤᠯᠤᠮᠵᠢ᠎ᠠᠴᠠ ᠰᠢᠭᠤᠳ ᠬᠦᠯᠢᠶᠡᠨ ᠠᠪᠴᠤ ᠰᠢᠢ᠍ᠳᠪᠦᠷᠢᠯᠡᠨ᠎ᠡ᠃ ᠳᠠᠪᠬᠤᠷ ᠬᠠᠮᠢᠶᠠᠷᠤᠯᠲᠠ᠎ᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠲᠤᠬᠠᠢ᠌ᠯᠠᠭᠰᠠᠨ ᠠᠵᠢᠯ᠎ᠤᠨ ᠡᠷᠭᠢᠯᠡᠨ ᠬᠠᠮᠢᠶᠠᠷᠬᠤ ᠨᠢᠭᠡᠴᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠠᠩᠬ᠎ᠠ ᠬᠢᠨᠠᠭᠰᠠᠨ᠎ᠤ ᠳᠠᠷᠠᠭ᠎ᠠ᠂ ᠠᠳᠠᠯᠢ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠭᠤᠯᠤᠮᠵᠢ᠎ᠳᠤ ᠮᠡᠳᠡᠭᠦᠯᠵᠦ ᠬᠢᠨᠠᠨ ᠬᠠᠷᠭᠤᠭᠤᠯᠤᠭᠤᠯᠬᠤ ᠬᠡᠷᠡᠭᠲᠡᠢ᠃
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠬᠦᠷᠬᠡᠯᠡᠬᠦ᠎ᠪᠠᠷ ᠪᠠᠢ᠌ᠭ᠎ᠠ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》᠎ᠳᠤ  ᠵᠢᠭ᠋ᠠᠬᠰᠠᠨ᠎ᠨᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠢ ᠬᠢᠨᠠᠨ ᠬᠠᠷᠭᠤᠭᠤᠯᠬᠤ᠎ᠳᠤ᠎ᠪᠠᠨ ᠤᠯᠤᠰ ᠲᠥᠷᠥ ᠵᠢᠨ ᠪᠠᠷᠢᠮᠵᠢᠶ᠎ᠠ ᠵᠢ ᠪᠠᠷᠢᠮᠲᠠᠯᠠᠵᠤ᠂ 《ᠢᠲᠡᠭᠡᠯ ᠵᠣᠷᠢᠭ ᠵᠶ᠋ᠠᠨ ᠪᠠᠷᠢᠮᠲᠠᠯᠠᠬᠤ᠂ ᠬᠤᠪᠢ ᠨᠡᠮᠡᠷᠢ ᠦᠵᠡᠭᠦᠯᠬᠦ ᠵᠢ ᠡᠷᠬᠢᠮᠯᠡᠬᠦ᠂ ᠴᠢᠳᠠᠪᠤᠷᠢ᠎ᠲᠠᠢ ᠪᠠᠢ᠌ᠬᠤ᠂ ᠵᠠᠩ ᠰᠤᠷᠲᠠᠯ᠎ᠢ ᠴᠢᠬᠤᠯᠠᠴᠢᠯᠠᠬᠤ》 ᠱᠠᠭ᠋ᠠᠷᠳᠠᠯᠭ᠎ᠠ ᠶᠣᠰᠣᠭ᠋ᠠᠷ᠂ ᠤᠯᠤᠰ ᠲᠥᠷᠥ ᠵᠢᠨ ᠪᠣᠭᠣᠮᠲᠠ᠂  ᠶᠤᠰᠤ ᠰᠤᠷᠳᠠᠬᠤᠨ᠎ᠤ ᠪᠣᠭᠣᠮᠲᠠ᠂ ᠴᠢᠳᠠᠪᠤᠷᠢ ᠵᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠭᠴᠢ ᠵᠢᠨ ᠪᠣᠭᠣᠮᠲᠠ ᠵᠢ ᠦᠨᠡᠨ ᠬᠦ᠌ ᠰᠠᠢ᠌ᠲᠤᠷ ᠡᠵᠡᠮᠳᠡᠬᠦ ᠬᠡᠷᠡᠭᠲᠡᠢ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠣᠯᠤᠭᠰᠠᠨ᠎ᠤ ᠬᠤᠪᠢ᠎ᠳᠤ ᠲᠤᠰᠢᠶᠠᠯ ᠡᠬᠦᠷᠬᠡᠯᠡᠬᠦ᠎ᠪᠠᠷ ᠪᠠᠢ᠌ᠭ᠎ᠠ ᠬᠥᠮᠥᠰ ᠡᠷᠬᠡᠪᠰᠢ ᠲᠣᠰ ᠤᠯᠤᠰ᠎ᠤᠨ ᠬᠠᠷᠢᠶ᠎ᠠ᠎ᠲᠠᠢ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠬᠠᠢ᠌ᠷᠠᠲᠠᠢ᠂ ᠰᠠᠢ᠌ᠨ ᠰᠠᠢ᠌ᠬᠠᠨ ᠤᠯᠤᠰ ᠲᠥᠷᠥ ᠵᠢᠨ ᠬᠡᠪ ᠴᠢᠨᠠᠷ᠂ ᠶᠣᠰᠣ ᠮᠣᠷᠠᠯ ᠵᠠᠩ ᠰᠤᠷᠲᠠᠯ᠂ ᠢᠲᠡᠭᠡᠮᠵᠢ ᠵᠢᠨ ᠲᠡᠮᠳᠡᠭᠯᠡᠯ᠎ᠲᠠᠢ᠂ ᠲᠤᠰᠢᠶᠠᠯ ᠬᠠᠷᠢᠭᠤᠴᠠᠯᠭ᠎ᠠ᠎ᠪᠠᠨ ᠬᠡᠪ᠎ᠤᠨ ᠶᠣᠰᠣᠭ᠋ᠠᠷ ᠭᠦᠢ᠍ᠴᠡᠳᠬᠡᠬᠦ ᠪᠡᠶ᠎ᠡ ᠮᠠᠬᠠᠪᠤᠳ᠎ᠤᠨ ᠨᠥᠬᠥᠴᠡᠯ ᠪᠠ ᠴᠢᠳᠠᠪᠤᠷᠢ ᠵᠢᠨ ᠬᠡᠪ ᠴᠢᠨᠠᠷ ᠵᠡᠷᠭᠡ 7 ᠦᠨᠳᠦᠰᠦᠨ ᠨᠥᠬᠥᠴᠡᠯ᠎ᠲᠠᠢ ᠪᠠᠢ᠌ᠬᠤ ᠬᠡᠷᠡᠭᠲᠡᠢ᠃
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠢᠶᠠᠯ ᠡᠬᠦᠷᠬᠡᠯᠡᠬᠦ᠎ᠪᠠᠷ ᠪᠠᠢ᠌ᠭ᠎ᠠ ᠬᠠᠷᠢᠭᠤᠴᠠᠯᠭ᠋ᠠᠲᠠᠨ᠎ᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》᠎ᠳᠤ ᠪᠠᠰᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠬᠢᠨᠠᠨ ᠬᠠᠷᠭᠤᠭᠤᠯᠬᠤ ᠲᠠᠰ ᠳᠠᠷᠠᠭ᠋ᠠᠯᠠᠯ᠂ ᠭᠠᠳᠠᠭᠤᠷᠴᠢᠯᠠᠬᠤ ᠵᠦᠢ᠍ᠯ ᠵᠤᠷᠪᠤᠰ᠂ ᠢᠯᠡᠵᠢᠬᠦᠯᠬᠦ ᠵᠡᠷᠭᠡ ᠵᠦᠢ᠍ᠯᠡᠰ᠎ᠤᠨ ᠲᠤᠬᠠᠢ ᠲᠣᠳᠣᠷᠬᠠᠢ ᠲᠣᠭᠲᠠᠭ᠋ᠠᠵᠠᠢ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠭᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠤ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ᠎ᠬᠢᠨ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠴᠢᠨᠠᠬᠰᠢᠳᠠ ᠴᠢᠩᠭ᠋ᠠᠳᠬᠠᠬᠤ ᠲᠤᠬᠠᠢ 《ᠮᠡᠳᠡᠭᠳᠡᠯ》 ᠭᠠᠷᠭ᠋ᠠᠪᠠ
ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠠᠵᠤ ᠦᠢ᠍ᠯᠡᠰ᠎ᠤᠨ ᠨᠡᠢ᠌ᠭᠡᠮᠯᠢᠭ᠎ᠤᠨ᠎ᠬᠢᠨ 《2023 ᠣᠨ᠎ᠤ ᠪᠥᠬᠥ ᠤᠯᠤᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠡᠳᠦᠷ》᠎ᠤᠨ ᠰᠠᠨᠠᠭ᠋ᠠᠴᠢᠯᠠᠭ᠎ᠠ ᠵᠢᠨ ᠪᠢᠴᠢᠭ ᠭᠠᠷᠭ᠋ᠠᠪᠠ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》 ᠵᠢ 9 ᠳ᠋ᠤᠬᠡᠷ ᠰᠠᠷ᠎ᠠ ᠵᠢᠨ1᠎ᠤ ᠡᠳᠤᠷ᠎ᠠᠴᠠ ᠬᠡᠷᠡᠭᠵᠢᠬᠦᠯᠤᠨ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠲᠤᠰᠬᠠᠢ ᠮᠡᠷᠭᠡᠵᠢᠯᠲᠡᠨ ᠨᠤᠲᠠᠯᠠᠬᠤ ᠳᠦᠷᠢᠮ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
 
            