ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠠᠵᠤ ᠦᠢ᠍ᠯᠡᠰ᠎ᠤᠨ ᠨᠡᠢ᠌ᠭᠡᠮᠯᠢᠭ᠎ᠤᠨ᠎ᠬᠢᠨ 《2023 ᠣᠨ᠎ᠤ ᠪᠥᠬᠥ ᠤᠯᠤᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠡᠳᠦᠷ》᠎ᠤᠨ ᠰᠠᠨᠠᠭ᠋ᠠᠴᠢᠯᠠᠭ᠎ᠠ ᠵᠢᠨ ᠪᠢᠴᠢᠭ ᠭᠠᠷᠭ᠋ᠠᠪᠠ
ᠨᠡᠶᠢᠲᠡᠯᠡᠭᠰᠡᠨ ᠴᠠᠭ᠄ 2023-07-19

   7 ᠳ᠋ᠤᠭ᠋ᠠᠷ ᠰᠠᠷ᠎ᠠ ᠵᠢᠨ 12 ᠎ᠤᠨ ᠡᠳᠦᠷ ᠪᠣᠯ ᠪᠦᠬᠦ ᠤᠯᠤᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠂ ᠡᠨᠡ ᠬᠦ᠌ ᠡᠳᠤᠷ᠎ᠤᠨ ᠭᠤᠤᠯ ᠰᠡᠳᠤᠪ᠎ᠨᠢ 《ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠶ᠎ᠠ》 ᠪᠤᠯᠤᠨ᠎ᠠ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠦᠭᠵᠢᠬᠦᠯᠤᠯᠳᠡ ᠵᠢᠨ ᠣᠢ᠌ᠯᠠᠭ᠋ᠠᠭᠳᠠᠬᠤᠨ᠎ᠢ ᠥᠷᠭᠡᠨ ᠵᠶ᠋ᠡᠷ ᠤᠬᠠᠭᠤᠯᠵᠤ᠂ ᠪᠦᠬᠦ ᠨᠡᠢ᠌ᠭᠡᠮ᠎ᠤᠨ᠎ᠬᠢᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠤᠬᠠᠮᠰᠠᠷ ᠪᠣᠯᠣᠨ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠵᠢᠨ ᠲᠥᠯᠥᠭᠡ᠂ ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠠᠵᠤ ᠦᠢ᠍ᠯᠡᠰ᠎ᠤᠨ ᠨᠡᠢ᠌ᠭᠡᠮᠯᠢᠭ᠎ᠤᠨ᠎ᠬᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠨᠠᠢ᠌ᠳᠠᠪᠤᠷᠢᠵᠢᠭᠤᠯᠵᠤ᠂ ᠪᠣᠬᠢᠷᠲᠤᠯ ᠦᠭᠡᠢ ᠬᠦᠭᠵᠢᠬᠦᠯᠤᠯᠳᠡ ᠵᠢ ᠠᠬᠢᠭᠤᠯᠬᠤ ᠵᠢ ᠰᠠᠨᠠᠭ᠋ᠠᠴᠢᠯᠠᠪᠠ᠃
  ᠰᠠᠨᠠᠭ᠋ᠠᠴᠢᠯᠠᠭ᠎ᠠ ᠵᠢᠨ ᠪᠢᠴᠢᠭ᠎ᠲᠤ᠂ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭ᠋ᠠᠰᠬᠠᠵᠤ ᠬᠠᠮᠲᠤ᠎ᠪᠠᠷ ᠤᠷᠤᠬᠰᠢᠯᠠᠬᠤ》 ᠠᠵᠢᠯᠯᠠᠭ᠎ᠠ ᠵᠢᠨ ᠤᠯᠠᠮᠵᠢᠯᠠᠬ᠍ᠴᠢ ᠪᠣᠯᠬᠤ᠎ᠪᠠᠷ ᠴᠢᠷᠮᠠᠢ᠌ᠬᠤ ᠬᠡᠷᠡᠭᠲᠡᠢ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭ᠋ᠠᠰᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠠᠵᠢᠯᠴᠢ ᠠᠷᠪᠢᠴᠢ ᠰᠢᠯᠢᠳᠡᠭ ᠤᠯᠠᠮᠵᠢᠯᠠᠯ ᠪᠠ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠮᠢᠳᠤᠷᠠᠯ᠎ᠤᠨ ᠣᠢ᠌ᠯᠠᠭ᠋ᠠᠭᠳᠠᠬᠤᠨ᠎ᠢ ᠤᠬᠠᠮᠰᠠᠷ᠎ᠠᠴᠠ᠎ᠪᠠᠨ ᠤᠶᠠᠯᠳᠤᠭᠤᠯᠵᠤ᠂ ᠳᠥᠭᠥᠮ ᠪᠥᠭᠡᠳ ᠲᠣᠬᠢᠷᠠᠮᠵᠢᠲᠠᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠮᠢᠳᠤᠷᠠᠯ᠎ᠤᠨ ᠠᠷᠭ᠎ᠠ  ᠵᠢ ᠰᠠᠨᠠᠭ᠋ᠠᠴᠢᠯᠠᠵᠤ᠂ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠵᠤ ᠬᠠᠮᠲᠤ᠎ᠪᠠᠷ ᠤᠷᠤᠬᠰᠢᠯᠠᠬᠤ》 ᠨᠡᠢ᠌ᠭᠡᠮ᠎ᠤᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠬᠠᠵᠠᠭᠤ ᠬᠠᠪᠢ  ᠵᠢᠨ᠎ᠬᠢᠨ ᠵᠶ᠋ᠡᠨ ᠲᠠᠢ᠍ᠢ᠍ᠴᠢᠯᠠᠨ᠂  ᠠᠷᠪᠢᠴᠢ ᠭᠠᠮᠴᠢ ᠨᠡᠢ᠌ᠭᠡᠮ᠎ᠤᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠭᠤᠯᠵᠤ᠂ ᠪᠣᠬᠢᠷᠲᠤᠯ ᠦᠭᠡᠢ ᠬᠥᠭᠵᠢᠭᠦᠯᠬᠦ᠂ ᠠᠷᠪᠢᠯᠠᠨ ᠭᠠᠮᠨᠠᠬᠤ ᠵᠢ ᠡᠷᠬᠢᠮᠯᠡᠬᠦ ᠨᠡᠢ᠌ᠭᠡᠮ᠎ᠤᠨ ᠠᠭᠤᠷ ᠠᠮᠢᠰᠬᠤᠯ᠎ᠢ ᠬᠠᠮᠲᠤ᠎ᠪᠠᠷ ᠪᠤᠢ ᠪᠤᠯᠭ᠋ᠠᠬᠤ ᠬᠡᠷᠡᠭᠳᠡᠢ ᠬᠡᠪᠡ᠃
   ᠰᠠᠨᠠᠭ᠋ᠠᠴᠢᠯᠠᠭ᠎ᠠ ᠵᠢᠨ ᠪᠢᠴᠢᠭ᠎ᠲᠤ᠂ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭ᠋ᠠᠰᠬᠠᠵᠤ ᠬᠠᠮᠲᠤ᠎ᠪᠠᠷ ᠤᠷᠤᠬᠰᠢᠯᠠᠬᠤ》 ᠠᠵᠢᠯᠯᠠᠭ᠎ᠠ ᠵᠢᠨ ᠦᠢ᠍ᠯᠡᠳᠤᠯᠬᠡᠵᠢᠬᠦᠯᠦᠭᠴᠢ ᠪᠣᠯᠬᠤ᠎ᠪᠠᠷ ᠴᠢᠷᠮᠠᠢ᠌ᠬᠤ ᠬᠡᠷᠡᠭᠲᠡᠢ᠃ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠵᠢᠯᠯᠠᠭ᠎ᠠ ᠵᠢ ᠦᠢ᠍ᠯᠡᠳᠦᠯᠭᠡᠵᠢᠭᠦᠯᠵᠦ᠂ ᠬᠢᠯᠠᠭ᠋ᠠᠷ ᠤᠭᠤᠳᠠ ᠬᠡᠷᠡᠭᠯᠡᠬᠦ ᠵᠢ ᠲᠦᠷᠦᠭᠦᠯᠡᠨ ᠪᠠᠭ᠋ᠠᠰᠬᠠᠵᠤ᠂ ᠴᠠᠭ᠋ᠠᠨ ᠪᠣᠬᠢᠷᠲᠤᠯ᠎ᠢ ᠬᠣᠷᠢᠭᠯᠠᠨ ᠵᠣᠭᠰᠣᠭ᠋ᠠᠨ᠎ᠠ᠃ ᠬᠣᠭ ᠨᠣᠪᠰᠢ ᠵᠢ ᠲᠥᠷᠥᠯ ᠬᠤᠪᠢᠶᠠᠬᠤ ᠳᠠᠳᠬᠠᠯ᠎ᠢ ᠬᠥᠮᠥᠵᠢᠭᠦᠯᠵᠦ᠂ ᠲᠤᠬᠳᠠᠭ᠋ᠠᠯ ᠶᠤᠰᠤᠭ᠋ᠠᠷ ᠲᠥᠷᠥᠯ ᠬᠤᠪᠢᠶᠠᠨ᠂ ᠵᠦᠢ ᠵᠣᠬᠢᠰᠲᠠᠢ ᠲᠠᠯᠪᠢᠵᠤ᠂ ᠠᠮᠢᠳᠤᠷᠠᠯ᠎ᠤᠨ ᠬᠣᠭ ᠨᠣᠪᠰᠢ ᠵᠢ ᠪᠠᠭ᠋ᠠᠰᠬᠠᠬᠤ᠂ ᠡᠬᠢ ᠪᠠᠶᠠᠯᠢᠭᠵᠢᠭᠤᠯᠬᠤ ᠵᠢ ᠪᠡᠶᠡᠯᠡᠬᠦᠯᠬᠦ ᠬᠡᠷᠡᠭᠳᠡᠢ᠃ ᠠᠮᠤ ᠪᠤᠳᠠᠭ᠎ᠠ ᠵᠢ ᠭᠠᠮᠨᠠᠵᠤ᠂ ᠢᠳᠡᠬᠦ ᠵᠢᠨ ᠵᠶ᠋ᠡᠨ ᠬᠡᠮᠵᠢᠶ᠎ᠡ᠎ᠪᠠᠷ ᠬᠣᠭᠣᠯᠠ ᠵᠠᠬᠢᠶᠠᠯᠠᠨ᠂ ᠪᠣᠯᠪᠠᠰᠤᠨ ᠵᠶ᠋ᠠᠷ ᠢᠳᠡᠵᠤ ᠤᠤᠭᠤᠬᠤ ᠬᠡᠷᠡᠭᠳᠡᠢ᠃ ᠪᠣᠬᠢᠷᠲᠤᠯ ᠦᠭᠡᠢ ᠠᠯᠪᠠᠯᠠᠵᠤ᠂ ᠭ᠋ᠷᠡᠳᠦ᠋ᠰ ᠴᠠᠬᠢᠯᠭ᠋ᠠᠨ᠂ ᠳᠤᠰᠤᠯ ᠤᠰᠤ᠂ ᠦᠬᠡᠳᠡᠰᠤ ᠴᠠᠭ᠋ᠠᠰᠤ ᠵᠢ ᠬᠦᠷᠳᠡᠯ᠎ᠡ ᠨᠠᠨᠳᠢᠩᠨᠠᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠠᠯᠪᠠᠯᠠᠬᠤ ᠠᠵᠢᠯᠯᠠᠭ᠎ᠠ ᠵᠢᠨ ᠤᠬᠠᠮᠰᠠᠷ᠎ᠢ ᠦᠨᠡᠨ ᠬᠦ᠌ ᠴᠢᠡᠭᠭ᠋ᠠᠷᠠᠭᠤᠯᠬᠤ ᠬᠡᠷᠡᠭᠳᠡᠢ᠃ ᠠᠭ᠋ᠠᠷᠵᠢᠭᠤᠯᠤᠬ᠍ᠴᠢ ᠵᠢᠨ ᠲᠤᠬᠠᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠠᠭ᠋ᠠᠷᠵᠢᠭᠤᠯᠤᠬ᠍ᠴᠢ ᠵᠢ ᠡᠳᠦᠷ ᠪᠦᠷᠢ 1 ᠴᠠᠭ ᠳᠤᠲᠠᠭᠤ ᠨᠡᠭᠡᠭᠡᠬᠦ ᠵᠢ ᠰᠠᠨᠠᠭ᠋ᠠᠴᠢᠯᠠᠨ᠎ᠠ᠃ ᠨᠠᠷᠠᠨ᠎ᠤ ᠬᠡᠷᠡᠯ᠎ᠢ ᠠᠰᠢᠬᠯᠠᠬᠤ ᠵᠢ ᠡᠷᠬᠢᠮᠯᠡᠵᠦ᠂ 《ᠡᠳᠦᠷ ᠵᠶ᠋ᠡᠷ ᠳ᠋ᠸᠡᠭ ᠠᠰᠠᠭ᠋ᠠᠬᠤ》 《  ᠡᠳᠤᠷ ᠰᠦᠨᠢ ᠦᠬᠡᠢ ᠠᠰᠠᠭ᠋ᠠᠬᠤ》᠎ᠢ ᠡᠷᠡᠰ ᠬᠣᠷᠢᠭᠯᠠᠬᠤ ᠬᠡᠷᠡᠭᠲᠡᠢ᠃ ᠴᠠᠭ᠋ᠠᠰᠤ ᠬᠡᠷᠡᠭᠯᠡᠬᠦ ᠦᠭᠡᠢ᠎ᠪᠠᠷ ᠠᠵᠢᠯᠯᠠᠬᠤ ᠠᠵᠢᠯᠯᠠᠭ᠎ᠠ ᠵᠢ ᠢᠳᠡᠪᠬᠢᠲᠡᠢ ᠳᠡᠯᠭᠡᠷᠡᠭᠦᠯᠵᠦ᠂ ᠴᠠᠭ᠋ᠠᠰᠤ ᠵᠢ ᠬᠤᠶᠠᠷ ᠲᠠᠯ᠎ᠠ᠎ᠪᠠᠷ᠎ᠨᠢ ᠬᠡᠷᠡᠭᠯᠡᠬᠦ ᠬᠡᠷᠡᠭᠲᠡᠢ᠃ ᠪᠣᠬᠢᠷᠲᠤᠯ ᠦᠭᠡᠢ ᠠᠶᠠᠯᠠᠯ᠎ᠢ ᠦᠢ᠍ᠯᠡᠳᠦᠯᠭᠡᠵᠢᠭᠦᠯᠵᠦ᠂ 《ᠶᠠᠪᠠᠭ᠋ᠠᠨ ᠶᠠᠪᠤᠵᠤ ᠪᠤᠯᠪᠠᠯ ᠲᠤᠭᠤᠢ ᠤᠨᠤᠬᠤ ᠦᠬᠡᠢ᠂ ᠲᠤᠭᠤᠢ ᠤᠨᠤᠵᠤ ᠪᠤᠯᠪᠠᠯ ᠮᠠᠰᠢᠨ᠎ᠳᠤ ᠰᠠᠭᠤᠬᠤ ᠦᠬᠡᠢ᠂ ᠮᠠᠰᠢᠨ᠎ᠳᠤ ᠰᠠᠭᠤᠵᠤ ᠪᠤᠯᠪᠠᠯ ᠮᠠᠰᠢᠨ ᠪᠠᠷᠢᠬᠤ ᠦᠬᠡᠢ》 ᠠᠶᠠᠯᠠᠯ᠎ᠤᠨ ᠤᠢ᠌ᠯᠠᠭ᠋ᠠᠬᠳᠠᠬᠤᠨ᠎ᠢ ᠪᠣᠶ ᠪᠣᠯᠭ᠋ᠠᠵᠤ᠂ ᠨᠡᠶ᠋ᠢᠲᠡ ᠵᠢᠨ ᠮᠠᠰᠢᠨ ᠲᠡᠷᠭᠡ᠂ ᠳᠤᠭᠤᠢ᠎ᠪᠠᠷ ᠪᠤᠶᠤ ᠶᠠᠪᠠᠭ᠋ᠠᠨ ᠵᠶ᠋ᠠᠷ ᠠᠵᠢᠯ᠎ᠳᠤ  ᠶᠠᠪᠤᠵᠤ ᠰᠠᠭᠤᠬᠤ ᠵᠡᠷᠭᠡ ᠡᠨᠧᠷᠭᠢ ᠠᠷᠪᠢᠯᠠᠬᠤ ᠪᠦᠲᠦᠮᠵᠢᠲᠡᠶ᠂ ᠡᠷᠡᠭᠦᠯ ᠮᠡᠨᠳᠦ᠎ᠳᠤ ᠠᠰᠢᠭᠲᠠᠢ᠂ ᠪᠣᠬᠢᠷᠲᠤᠯ ᠦᠭᠡᠢ ᠠᠶᠠᠯᠠᠯ᠎ᠢ ᠰᠠᠨᠠᠭ᠋ᠠᠴᠢᠯᠠᠭ᠎ᠠ᠎ᠠᠴᠠ᠎ᠪᠠᠨ ᠰᠤᠡᠭᠭᠤᠬᠤ ᠪᠦᠬᠡᠳ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠡᠷᠡᠭᠯᠡᠬᠦ ᠬᠡᠷᠡᠭᠳᠡᠢ᠃
   ᠰᠠᠨᠠᠭ᠋ᠠᠴᠢᠯᠠᠭ᠎ᠠ ᠵᠢᠨ ᠪᠢᠴᠢᠭ᠎ᠲᠤ᠂ 《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭ᠋ᠠᠰᠬᠠᠵᠤ ᠬᠠᠮᠲᠤ᠎ᠪᠠᠷ ᠤᠷᠤᠭᠰᠢᠯᠠᠶ᠎ᠠ》 ᠵᠢᠨ ᠳᠠᠭ᠋ᠠᠭᠤᠯᠤᠭᠴᠢ ᠪᠣᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠤᠷᠢᠶᠠᠯᠠᠪᠠ᠃ ᠠᠷᠪᠢᠴᠢ ᠭᠠᠮᠴᠢ ᠪᠠᠢ᠌ᠭᠤᠯᠭ᠎ᠠ᠂ ᠪᠣᠬᠢᠷᠲᠤᠯ ᠦᠭᠡᠢ ᠬᠣᠭᠣᠯᠠᠨ ᠭᠡᠷ᠂ ᠪᠣᠬᠢᠷᠲᠤᠯ ᠦᠭᠡᠢ ᠡᠮᠨᠡᠯᠭᠡ ᠵᠢᠨ ᠬᠣᠷᠢᠶ᠎ᠠ᠂ ᠪᠣᠬᠢᠷᠲᠤᠯ ᠦᠭᠡᠢ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠵᠤ᠂ ᠪᠦᠬᠦ ᠨᠡᠢ᠌ᠭᠡᠮ ᠲᠠᠶᠠᠭ᠋ᠠᠷ᠎ᠤᠨ᠎ᠬᠢᠨ᠎ᠢ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠢ  ᠠᠷᠪᠢᠯᠠᠭᠤᠯᠬᠤ᠎ᠪᠠᠷ ᠵᠢᠯᠤᠭᠤᠳᠬᠤ ᠬᠡᠷᠡᠭᠳᠡᠢ᠃ ᠨᠢᠭᠡᠨᠲᠡ ᠪᠠᠢ᠌ᠭ᠎ᠠ ᠤᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠠᠬᠢᠭᠤᠯᠵᠤ᠂ ᠬᠠᠮᠲᠤᠷᠠᠨ ᠠᠵᠢᠯᠯᠠᠵᠤ ᠬᠠᠷᠢᠯᠴᠠᠨ ᠠᠰᠢᠭ ᠬᠥᠷᠳᠡᠬᠥ ᠡᠨᠧᠷᠭᠢ ᠵᠢᠨ ᠰᠤᠷᠪᠤᠯᠵᠢ ᠵᠢᠨ ᠭᠡᠷᠡᠲᠦ ᠬᠠᠮᠢᠶᠠᠷᠤᠯᠲᠠ ᠵᠢᠨ ᠵᠠᠭᠪᠤᠷ᠎ᠢ ᠰᠦᠪᠡᠭᠴᠢᠯᠡᠨ᠎ᠡ᠃ ᠤᠯᠠᠨ ᠨᠡᠶ᠋ᠢᠲᠡ ᠵᠢᠨ ᠪᠠᠢ᠌ᠭᠤᠯᠤᠮᠵᠢ ᠲᠦᠷᠦᠭᠦᠯᠡᠨ ᠵᠢᠱ᠌ᠢᠶ᠎ᠡ ᠦᠵᠡᠬᠦᠯᠵᠤ ᠳᠠᠭ᠋ᠠᠭᠤᠯᠬᠤ ᠠᠵᠢᠯ᠎ᠢ ᠰᠠᠢ᠌ᠲᠤᠷ ᠬᠢᠵᠦ᠂ 《ᠨ᠊ ᠊ᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ》 ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠭᠡᠰᠢᠭᠦᠨ ᠠᠵᠤ ᠠᠬᠤᠢ᠌ᠯᠠᠯ᠎ᠢ ᠤᠬᠠᠮᠰᠠᠷ᠎ᠠᠴᠠ᠎ᠪᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠰᠠᠢ᠌ᠨ ᠰᠠᠢ᠌ᠬᠠᠨ ᠬᠡᠪ ᠰᠤᠷᠲᠠᠯ᠎ᠢ ᠪᠤᠢ ᠪᠤᠯᠭ᠋ᠠᠬᠤ ᠲᠡᠢ᠌ᠰᠢ ᠵᠢᠯᠤᠭᠤᠳᠴᠤ᠂ ᠬᠥᠮᠥᠨ ᠪᠤᠯᠭ᠋ᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ ᠦᠭᠡᠢ ᠬᠦᠭᠵᠢᠬᠦᠯᠤᠯᠳᠡ᠎ᠳᠤ ᠬᠤᠪᠢ ᠨᠡᠮᠡᠷᠢ᠎ᠪᠠᠨ ᠦᠵᠡᠭᠦᠯᠬᠦ ᠵᠢ ᠵᠣᠷᠢᠭᠵᠢᠭᠤᠯᠬᠤ ᠬᠡᠷᠡᠭᠲᠡᠢ᠃ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠪᠤᠰᠢᠭᠤᠬᠠᠨ ᠬᠦᠳᠡᠯᠤᠯᠴᠡᠨ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠰᠢᠨ᠎ᠡ ᠣᠢ᠌ᠯᠠᠭ᠋ᠠᠭᠳᠠᠬᠤᠨ᠎ᠢ ᠤᠬᠠᠮᠰᠠᠷ᠎ᠠᠴᠠ᠎ᠪᠠᠨ ᠳᠡᠯᠭᠡᠷᠡᠭᠦᠯᠵᠦ᠂ ᠴᠢᠷᠮᠠᠢ᠌ᠨ ᠦᠢ᠍ᠯᠡᠳᠦᠯᠭᠡᠵᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠡᠬᠢ ᠪᠠᠶᠠᠯᠢᠭ᠎ᠢ ᠠᠷᠪᠢᠯᠠᠬᠤ᠂  ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠦᠭᠵᠢᠬᠦᠯᠤᠯᠳᠡ ᠵᠢᠨ ᠰᠢᠨ᠎ᠡ ᠪᠠᠢ᠌ᠳᠠᠯ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠵᠦ᠂  ᠦᠪᠤᠷ ᠮᠤᠡᠭᠭᠤ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠢ᠌ᠲᠤᠷ ᠵᠠᠮᠨᠠᠬᠤ᠎ᠳᠤ ᠬᠦᠴᠦᠨ ᠴᠢᠳᠠᠯ ᠵᠶ᠋ᠠᠨ ᠡᠷᠭᠦᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠨᠡᠢ᠌ᠭᠡᠮ᠎ᠤᠨ ᠬᠡᠪ ᠰᠤᠷᠲᠠᠯ᠎ᠢ ᠬᠠᠮᠳᠤ᠎ᠪᠠᠷ ᠪᠤᠢ ᠪᠤᠯᠭ᠋ᠠᠰᠤᠭ᠋ᠠᠢ ᠬᠡᠪᠡ᠃

 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠭ᠋ᠠᠳ ᠦᠬᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠳᠠ ᠵᠢᠨ ᠬᠠᠤᠯᠢ》 ᠵᠢ 9 ᠳ᠋ᠤᠬᠡᠷ ᠰᠠᠷ᠎ᠠ ᠵᠢᠨ1᠎ᠤ ᠡᠳᠤᠷ᠎ᠠᠴᠠ ᠬᠡᠷᠡᠭᠵᠢᠬᠦᠯᠤᠨ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ ᠵᠢ ᠲᠤᠰᠬᠠᠢ ᠮᠡᠷᠭᠡᠵᠢᠯᠲᠡᠨ ᠨᠤᠲᠠᠯᠠᠬᠤ ᠳᠦᠷᠢᠮ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
2023 ᠣᠨ᠎ᠤ ᠪᠦᠬᠦ ᠤᠯᠤᠰ᠎ᠤᠨ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠢ ᠪᠦᠬᠦ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠲᠠᠪᠤᠳᠤᠭ᠋ᠠᠷ ᠤᠳᠠᠭ᠋ᠠᠨ᠎ᠤ ᠳᠤᠮᠳᠠᠳᠤ ᠤᠯᠤᠰ᠎ᠤᠨ ᠬᠣᠲᠠ ᠬᠥᠳᠡᠭᠡ ᠵᠢᠨ ᠨᠠᠰᠤᠲᠠᠢ᠌ᠴᠤᠳ᠎ᠤᠨ ᠠᠮᠢᠳᠤᠷᠠᠯ᠎ᠤᠨ ᠪᠠᠢ᠌ᠳᠠᠯ᠎ᠢ ᠪᠠᠢ᠌ᠴᠠᠭ᠋ᠠᠬᠤ ᠠᠵᠢᠯ᠎ᠤᠨ ᠳᠤᠮᠳᠠ ᠲᠣᠪᠣᠢ᠌ᠮ᠎ᠠ ᠢᠯᠡᠷᠡᠯ᠎ᠲᠠᠢ ᠵᠠᠷᠯᠠᠨ ᠰᠠᠢ᠌ᠰᠢᠶᠠᠬᠤ᠎ᠪᠠᠷ ᠪᠠᠢ᠌ᠭ᠎ᠠ ᠨᠢᠬᠡᠴᠢ ᠵᠢᠨ ᠨᠡᠷᠡᠰ᠎ᠤᠨ ᠢᠯᠡᠵᠢᠬᠦᠯᠤᠯᠳᠡ
 
            