ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠮᠠᠨ᠎ᠤ ᠤᠷᠤᠨ 《ᠠᠷᠭ᠎ᠠ》 ᠨᠡᠢ᠌ᠲᠡᠯᠡᠵᠦ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠨᠥᠴᠢᠨ ᠬᠡᠦᠬᠡᠳ᠎ᠢ ᠨᠠᠰᠤᠨ᠎ᠳᠤ ᠭᠦᠷᠦᠭᠰᠡᠨ᠎ᠤ ᠳᠠᠷᠠᠭ᠎ᠠ ᠲᠥᠪᠬᠢᠨᠡᠭᠦᠯᠬᠦ ᠠᠵᠢᠯ᠎ᠢ ᠲᠦᠷᠢᠮᠵᠢᠬᠦᠯᠪᠡ
ᠨᠡᠶᠢᠲᠡᠯᠡᠭᠰᠡᠨ ᠴᠠᠭ᠄ 2024-01-17

    ᠮᠠᠨ᠎ᠤ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ᠎ᠬᠢ ᠲᠡᠵᠢᠬᠡᠵᠤ ᠪᠠᠢ᠌ᠭ᠎ᠠ ᠥᠨᠥᠴᠢᠨ ᠬᠡᠦᠬᠡᠳ᠎ᠤᠨ ᠨᠠᠰᠤᠨ᠎ᠳᠤ ᠬᠦᠷᠦᠭᠰᠡᠨ᠎ᠤ ᠳᠠᠷᠠᠭ᠋ᠠᠬᠢ ᠬᠠᠤᠯᠢ ᠶᠣᠰᠣᠨ᠎ᠤ ᠡᠷᠬᠡ ᠠᠰᠢᠭ᠎ᠢ ᠪᠠᠳᠤᠯᠠᠨ᠂ ᠨᠡᠢ᠌ᠭᠡᠮ᠎ᠯᠦᠭᠡ ᠠᠭᠤᠰᠤᠯᠴᠠᠬᠤ ᠪᠠ ᠪᠡᠶ᠎ᠡ᠎ᠪᠠᠨ ᠳᠠᠭ᠋ᠠᠭ᠋ᠠᠨ ᠬᠦᠴᠤᠷᠬᠡᠭᠵᠢᠬᠦ ᠵᠢ ᠠᠬᠢᠭᠤᠯᠤᠨ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 《ᠰᠤᠪᠢᠯᠠᠯᠲᠠ᠂ ᠵᠠᠰᠠᠯᠲᠠ᠂ ᠰᠤᠷᠭ᠋ᠠᠨ ᠬᠥᠮᠦᠵᠢᠯ᠂ ᠡᠷᠡᠭᠦᠯ ᠮᠡᠨᠳᠦ᠂ ᠠᠶᠤᠯ ᠦᠬᠡᠢ᠂ ᠨᠡᠢ᠌ᠭᠡᠮ᠎ᠤᠨ ᠠᠵᠢᠯ》᠎ᠢ ᠨᠢᠭᠡ ᠴᠣᠭᠴᠠᠵᠢᠭᠤᠯᠤᠨ ᠴᠢᠨᠠᠷ ᠰᠠᠢ᠌ᠲᠠᠢ ᠬᠥᠭᠵᠢᠭᠦᠯᠬᠦ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢᠨ ᠲᠦᠯᠤᠬᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠡᠷᠭᠡ 11 ᠰᠠᠯᠠᠭ᠎ᠠ ᠮᠥᠴᠢᠷ᠎ᠤᠨ᠎ᠬᠢᠨ᠎ᠲᠠᠢ ᠬᠠᠮᠳᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠨᠥᠴᠢᠨ ᠬᠡᠦᠬᠡᠳ᠎ᠢ ᠨᠠᠰᠤᠨ᠎ᠳᠤ ᠭᠦᠷᠦᠭᠰᠡᠨ᠎ᠤ ᠲᠠᠷᠠᠭ᠎ᠠ ᠲᠥᠪᠬᠢᠨᠡᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠃
    《ᠠᠷᠭ᠎ᠠ》᠎ᠳᠤ᠄ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ ᠥᠨᠥᠴᠢᠨ ᠬᠡᠦᠬᠡᠳ ᠨᠠᠰᠤᠨ᠎ᠳᠤ ᠭᠦᠷᠦᠭᠰᠡᠨ᠎ᠤ ᠳᠠᠷᠠᠭ᠎ᠠ ᠨᠡᠢ᠌ᠭᠡᠮ᠎ᠤᠨ ᠠᠵᠢᠯ ᠪᠠ ᠠᠮᠢᠳᠤᠷᠠᠯ᠎ᠳᠤ ᠣᠷᠣᠬᠤ ᠴᠢᠳᠠᠪᠤᠷᠢ᠎ᠲᠠᠢ ᠪᠣᠯ ᠨᠡᠢ᠌ᠭᠡᠮᠴᠢᠯᠡᠨ ᠲᠥᠪᠬᠢᠨᠡᠭᠦᠯᠦᠨ᠎ᠡ᠃ ᠣᠨᠴᠠ ᠬᠦᠴᠢᠷᠳᠡᠯᠲᠡᠢ ᠬᠥᠮᠥᠰ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠪᠡᠯ᠂ 《ᠣᠨᠴᠠ ᠬᠦᠴᠢᠷᠳᠡᠯᠲᠡᠢ ᠬᠥᠮᠥᠰ᠎ᠢ ᠮᠠᠭ᠋ᠠᠳᠯᠠᠨ ᠲᠣᠭᠲᠠᠭ᠋ᠠᠬᠤ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠲᠤᠰᠠᠯᠠᠮᠵᠢ᠎ᠳᠤ ᠣᠷᠣᠭᠤᠯᠵᠤ᠂ ᠨᠥᠬᠥᠴᠡᠯ᠎ᠳᠤ ᠨᠡᠢ᠌ᠴᠡᠬᠦ ᠪᠦᠬᠡᠳ ᠲᠥᠪᠯᠡᠷᠡᠭᠦᠯᠦᠨ ᠠᠰᠠᠷᠠᠨ ᠲᠡᠵᠢᠬᠡᠯᠬᠡᠬᠦ ᠬᠦᠰᠡᠯ᠎ᠲᠠᠢ ᠪᠤᠯ ᠵᠣᠬᠢᠬᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠴᠠᠭ ᠲᠤᠬᠠᠢ᠎ᠳᠤ᠎ᠨᠢ ᠲᠤᠬᠢᠷᠠᠭᠤᠯᠤᠨ᠎ᠠ ᠭᠡᠵᠤ ᠲᠤᠬᠳᠠᠭ᠋ᠠᠪᠠ᠃
《ᠠᠷᠭ᠎ᠠ》᠎ᠳᠤ᠄ ᠠᠢ᠌ᠮᠠᠭ ᠬᠣᠲᠠ᠂ ᠬᠣᠰᠢᠭᠤ ᠰᠢᠶᠠᠨ᠎ᠨᠤᠭᠤᠳ ᠲᠤᠬᠠᠢ ᠵᠢᠨ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠦᠪᠰᠢᠨ ᠪᠠ ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠪᠠᠷᠢᠮᠵᠢᠶ᠎ᠠ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠤᠨ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮᠴᠢᠯᠡᠨ ᠲᠥᠪᠬᠢᠨᠡᠭᠦᠯᠦᠭᠰᠡᠨ ᠨᠠᠰᠤᠨ᠎ᠳᠤ ᠬᠦᠷᠦᠭᠰᠡᠨ ᠥᠨᠥᠴᠢᠨ ᠬᠡᠦᠬᠡᠳ᠎ᠲᠤ ᠨᠡᠢ᠌ᠭᠡᠮᠴᠢᠯᠡᠨ ᠲᠥᠪᠬᠢᠨᠡᠭᠦᠯᠬᠦ ᠨᠥᠬᠥᠪᠦᠷᠢ ᠵᠢ ᠨᠢᠬᠡ ᠯᠨ ᠤᠳᠠᠭ᠎ᠠ᠎ᠪᠠᠷ ᠤᠯᠭᠤᠨ᠎ᠠ᠂ ᠪᠣᠳᠠᠲᠠᠢ ᠪᠠᠷᠢᠮᠵᠢᠶ᠎ᠠ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠰᠤᠳᠤᠯᠤᠨ ᠲᠣᠭᠲᠠᠭ᠋ᠠᠬᠤ ᠵᠢᠨ ᠬᠠᠮᠲᠤ ᠴᠠᠭ ᠲᠤᠬᠠᠢ᠎ᠳᠤ᠎ᠨᠢ ᠲᠣᠬᠢᠷᠠᠭᠤᠯᠤᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠠᠴᠠ ᠬᠥᠮᠥᠨ ᠪᠦᠷᠢ᠎ᠳᠤ 5 ᠲᠦᠮᠡᠨ ᠲᠥᠭᠥᠷᠢᠭ᠎ᠤᠨ ᠨᠥᠬᠥᠪᠦᠷᠢ ᠥᠭᠭᠦᠨ᠎ᠡ ᠭᠡᠵᠤ ᠲᠤᠬᠳᠠᠭ᠋ᠠᠵᠠᠢ᠃
    《ᠠᠷᠭ᠎ᠠ》᠎ᠳᠤ ᠪᠠᠰᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮᠴᠢᠯᠡᠭᠰᠡᠨ ᠲᠥᠪᠬᠢᠨᠡᠭᠦᠯᠬᠦ ᠨᠥᠬᠥᠴᠡᠯ᠎ᠳᠤ ᠨᠡᠢ᠌ᠴᠡᠬᠦ ᠨᠠᠰᠤᠨ᠎ᠳᠤ ᠬᠦᠷᠦᠭᠰᠡᠨ ᠥᠨᠥᠴᠢᠨ ᠬᠡᠦᠬᠡᠳ᠎ᠲᠤ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ᠂ ᠡᠳ᠋᠎ᠤᠨ ᠵᠠᠰᠠᠭ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠂ ᠡᠮ ᠡᠮᠨᠡᠯᠭᠡ ᠵᠢᠨ ᠳᠠᠭ᠋ᠠᠳᠬᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠬᠡᠴᠢ ᠪᠠ ᠵᠣᠬᠢᠶᠠᠨ ᠪᠠᠢ᠌ᠭᠤᠯᠤᠯᠲᠠ ᠵᠢᠨ᠎ᠬᠢᠨ ᠲᠣᠰ ᠲᠣᠰ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠠᠵᠢᠯ ᠣᠯᠭᠣᠬᠤ᠂ ᠣᠷᠣᠨ ᠰᠠᠭᠤᠴᠠ᠂ ᠡᠷᠦᠬᠡ ᠠᠮᠠ ᠣᠷᠣᠭᠤᠯᠬᠤ᠂ ᠨᠡᠢ᠌ᠭᠡᠮ᠎ᠤᠨ ᠳᠠᠭ᠋ᠠᠳᠬᠠᠯ ᠪᠠ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠡᠷᠬᠡ ᠠᠰᠢᠭ᠎ᠢ ᠪᠠᠲᠤᠯᠠᠬᠤ ᠵᠡᠷᠭᠡ ᠲᠠᠯ᠎ᠠ᠎ᠪᠠᠷ ᠨᠡᠢ᠌ᠭᠡᠮᠴᠢᠯᠡᠨ ᠲᠥᠪᠬᠢᠨᠡᠭᠦᠯᠬᠦ ᠠᠵᠢᠯ᠎ᠢ ᠬᠠᠮᠵᠢᠯᠴᠠᠨ ᠰᠠᠢ᠌ᠲᠤᠷ ᠬᠢᠵᠦ᠂ ᠲᠡᠳᠡᠨ᠎ᠢ ᠬᠠᠪᠰᠤᠷᠤᠨ ᠨᠡᠢ᠌ᠭᠡᠮ᠎ᠳᠤ ᠤᠷᠤᠭᠰᠢᠲᠠᠢ ᠠᠭᠤᠰᠤᠯᠴᠠᠭᠤᠯᠬᠤ ᠬᠡᠷᠡᠭᠲᠡᠢ ᠭᠡᠵᠤ ᠲᠤᠷᠠᠳᠤᠬᠰᠠᠨ ᠪᠠᠢ᠌ᠨ᠎ᠠ᠃





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《〈ᠢᠯᠨ ᠨᠢᠭᠦᠯᠡᠰᠦᠩᠭᠦᠢ〉 ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
《ᠳᠤᠮᠳᠠᠳᠤ ᠤᠯᠤᠰ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠭᠠᠷᠴᠠᠭ (2023 ᠣᠨ᠎ᠤ ᠬᠡᠪᠯᠡᠯ)》᠎ᠢ ᠨᠡᠢ᠌ᠳᠡᠯᠡᠭᠰᠡᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠵᠠᠷᠯᠠᠯ
《ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ᠎ᠬᠢ ᠥᠨᠥᠴᠢᠨ ᠬᠡᠦᠬᠡᠳ᠎ᠢ ᠨᠠᠰᠤᠨ᠎ᠳᠤ ᠬᠥᠷᠥᠭᠰᠡᠨ᠎ᠤ᠎ᠬᠢ᠎ᠨᠢ ᠲᠠᠷᠠᠭ᠎ᠠ ᠲᠥᠪᠬᠢᠨᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠭ᠎ᠠ 》 ᠵᠢ ᠳᠠᠷᠤᠮᠠᠯᠯᠠᠨ ᠲᠠᠷᠬᠠᠭ᠋ᠠᠬᠰᠠᠨ ᠲᠤᠬᠠᠢ ᠮᠡᠳᠡᠭᠳᠡᠯ
《ᠳᠤᠮᠳᠠᠳᠤ ᠤᠯᠤᠰ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠭᠠᠷᠴᠠᠭ (2023 ᠣᠨ᠎ᠤ ᠬᠡᠪᠯᠡᠯ)》᠎ᠢ ᠨᠡᠢ᠌ᠳᠡᠯᠡᠭᠰᠡᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠵᠠᠷᠯᠠᠯ
ᠠᠷᠠᠳ᠎ᠤᠨ ᠶᠠᠪᠤᠳᠠᠯ᠎ᠤᠨ ᠶᠠᠮᠤᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠢ ᠨᠡᠢ᠌ᠲᠡᠯᠡᠪᠡ
 
            