ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ 15 ᠰᠠᠯᠠᠭ᠎ᠠ ᠮᠥᠴᠢᠷ᠎ᠤᠨ᠎ᠬᠢᠨ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠠᠷᠭ᠎ᠠ᠎ᠨᠤᠭᠤᠳ》᠎ᠢ ᠲᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2024-11-18

     ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠪᠠ ᠰᠢᠨ᠎ᠡ ᠴᠠᠭ ᠦᠶ᠎ᠡ ᠵᠢᠨ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ ᠵᠢᠨ ᠲᠥᠯᠥᠭᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠲᠣᠪᠴᠢᠶ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠤᠯᠪᠤᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠠᠷᠭ᠎ᠠ᠎ᠨᠤᠭᠤᠳ》᠎ᠢ ᠲᠠᠷᠤᠮᠠᠯᠯᠠᠨ ᠲᠠᠷᠬᠠᠭ᠋ᠠᠪᠠ᠃
    《ᠠᠷᠭ᠎ᠠ᠎ᠨᠤᠭᠤᠳ》᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠱᠤᠭᠤᠮ᠎ᠢ ᠪᠠᠷᠢᠮᠲᠠᠯᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠬᠠᠩᠭ᠋ᠠᠯᠭ᠎ᠠ ᠵᠢ ᠦᠷᠭᠦᠯᠵᠢᠯᠡᠨ ᠥᠷᠭᠡᠳᠬᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠪᠠ ᠬᠠᠮᠢᠶᠠᠷᠤᠯᠲᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠬᠡᠪ ᠴᠢᠨᠠᠷ ᠰᠢᠯᠢᠳᠡᠭ᠂ ᠲᠣᠭ᠎ᠠ ᠭᠦᠢ᠍ᠴᠡᠳ᠂ ᠪᠦᠲᠦᠴᠡ ᠵᠣᠬᠢᠰᠲᠠᠢ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠪᠠᠢ᠌ᠭᠤᠯᠤᠯᠲᠠ ᠵᠢ  ᠴᠢᠷᠮᠠᠢ᠌ᠨ ᠠᠬᠢᠭᠤᠯᠬᠤ ᠠᠬᠢᠭᠤᠯᠬᠤ ᠬᠡᠷᠡᠭᠲᠡᠢ ᠭᠡᠵᠦ ᠲᠤᠷᠠᠳᠪᠠ᠃
     《ᠠᠷᠭ᠎ᠠ᠎ᠨᠤᠭᠤᠳ》᠎ᠲᠤ ᠴᠢᠳᠠᠪᠤᠷᠢᠲᠠᠨ᠎ᠤ ᠡᠩᠨᠡᠭᠡ ᠵᠢᠨ ᠢᠷᠡᠯᠲᠡ ᠵᠢ ᠥᠷᠭᠡᠳᠬᠡᠬᠦ᠂ ᠴᠢᠳᠠᠪᠤᠷᠢᠲᠠᠨ᠎ᠤ ᠬᠡᠪ ᠴᠢᠨᠠᠷ ᠴᠢᠳᠠᠪᠤᠷᠢ ᠵᠢ ᠳᠡᠭᠡᠭᠰᠢᠯᠡᠭᠦᠯᠬᠦ᠂ ᠴᠢᠳᠠᠪᠤᠷᠢᠲᠠᠨ᠎ᠢ ᠦᠨᠡᠯᠡᠬᠦ ᠲᠣᠭᠲᠠᠴᠠ ᠵᠢ ᠪᠦᠷᠢᠨᠰᠢᠭᠦᠯᠬᠦ᠂ ᠴᠢᠳᠠᠪᠤᠷᠢᠲᠠᠨ᠎ᠤ ᠬᠡᠷᠡᠭᠯᠡᠯᠲᠡ ᠬᠠᠮᠢᠶᠠᠷᠤᠯᠲᠠ ᠵᠢ ᠴᠢᠬᠤᠯᠠᠴᠢᠯᠠᠬᠤ᠂ ᠴᠢᠳᠠᠪᠤᠷᠢᠲᠠᠨ᠎ᠢ ᠤᠷᠮᠠᠰᠢᠭᠤᠯᠬᠤ ᠠᠷᠭ᠎ᠠ ᠵᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ 15   ᠪᠣᠳᠠᠲᠠᠢ ᠠᠷᠭ᠎ᠠ ᠵᠢ ᠳᠤᠷᠠᠳᠪᠠ᠃ ᠴᠢᠳᠠᠪᠤᠷᠢᠲᠠᠨ᠎ᠤ ᠢᠷᠡᠯᠲᠡ ᠵᠢᠨ ᠠᠷᠭ᠎ᠠ ᠵᠠᠮ᠎ᠢ ᠥᠷᠭᠡᠳᠬᠡᠬᠦ ᠲᠠᠯ᠎ᠠ᠎ᠪᠠᠷ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠵᠢᠨ ᠣᠨᠴᠠᠯᠢᠭ᠎ᠲᠠᠢ ᠤᠶᠠᠯᠳᠤᠭᠤᠯᠤᠨ ᠠᠵᠢᠯᠴᠢᠨ ᠬᠡᠷᠡᠭᠯᠡᠬᠦ ᠠᠷᠭ᠎ᠠ ᠵᠠᠮ᠎ᠢ ᠥᠷᠭᠡᠳᠬᠡᠵᠦ᠂ ᠴᠢᠳᠠᠪᠤᠷᠢᠲᠠᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ ᠠᠵᠢᠯ ᠣᠯᠵᠤ ᠦᠢ᠍ᠯᠡᠰ ᠪᠣᠰᠬᠠᠬᠤ ᠵᠢ ᠵᠢᠯᠤᠭᠣᠳᠴᠤ᠂ ᠠᠵᠢᠯ ᠲᠦᠷᠦᠯ ᠪᠠ ᠬᠦᠷᠢᠶ᠎ᠡ ᠠᠯᠤᠰᠯᠠᠭᠰᠠᠨ ᠴᠢᠳᠠᠪᠤᠷᠢᠲᠠᠨ᠎ᠤ ᠰᠢᠯᠵᠢᠯᠲᠡ ᠵᠢ ᠲᠡᠮᠵᠢᠵᠤ᠂ ᠠᠵᠢᠯ ᠣᠯᠵᠤ ᠦᠢ᠍ᠯᠡᠰ ᠪᠣᠰᠬᠠᠬᠤ ᠵᠢ ᠲᠡᠳᠬᠦᠬᠦ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ ᠵᠡᠷᠭᠡ ᠰᠠᠭᠤᠷᠢ ᠪᠠᠭᠤᠷᠠᠢ ᠭᠠᠵᠠᠷ ᠣᠷᠣᠨ᠎ᠳᠤ ᠣᠴᠢᠵᠤ ᠦᠢ᠍ᠯᠡᠰ ᠪᠣᠰᠬᠠᠵᠤ ᠠᠵᠢᠯ ᠣᠯᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠴᠢᠳᠠᠪᠤᠷᠢᠲᠠᠨ᠎ᠤ ᠬᠡᠪ ᠴᠢᠨᠠᠷ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ᠂ ᠲᠤᠰᠬᠠᠢ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠮᠥᠵᠢᠭᠦᠯᠦᠯ᠎ᠢ ᠴᠢᠩᠭ᠋ᠠᠳᠬᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠶᠡᠬᠡ᠎ᠪᠠᠷ ᠬᠥᠭᠵᠢᠭᠦᠯᠦᠨ᠂ ᠡᠩ᠎ᠤᠨ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠪᠠ ᠲᠡᠭᠦᠨ᠎ᠠᠴᠠ ᠳᠡᠭᠡᠭᠰᠢᠬᠢ ᠲᠠᠰ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠮᠡᠷᠭᠡᠵᠢᠯ᠎ᠤᠨ ᠪᠣᠯᠪᠠᠰᠤᠷᠠᠯ᠎ᠢ ᠴᠢᠡᠭᠭ᠋ᠠᠳᠬᠠᠬᠤ ᠪᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠴᠢᠳᠠᠪᠤᠷᠢᠲᠠᠨ᠎ᠢ ᠲᠣᠭᠲᠠᠴᠠ ᠵᠢ ᠪᠦᠷᠢᠨᠰᠢᠭᠦᠯᠬᠦ ᠲᠠᠯ᠎ᠠ᠎ᠪᠠᠷ᠂ ᠠᠵᠢᠯ ᠮᠡᠷᠭᠡᠵᠢᠯ᠎ᠤᠨ ᠬᠥᠭᠵᠢᠯᠲᠡ ᠵᠢᠨ ᠵᠠᠮ᠎ᠢ ᠥᠷᠭᠡᠳᠬᠡᠵᠦ᠂ ᠠᠵᠢᠯ ᠮᠡᠷᠭᠡᠵᠢᠯ᠎ᠤᠨ ᠲᠦᠪᠰᠢᠨ᠎ᠤ ᠦᠨᠡᠯᠡᠯᠲᠡ ᠵᠢ ᠠᠬᠢᠭᠤᠯᠵᠤ᠂ ᠨᠠᠰᠤᠵᠢᠯ᠎ᠤᠨ ᠠᠰᠠᠷᠠᠭᠴᠢ᠎ᠪᠠᠷ ᠲᠤᠷᠰᠢᠯᠲᠠ ᠵᠢᠨ ᠴᠡᠭ ᠪᠣᠯᠭ᠋ᠠᠵᠤ ᠨᠠᠰᠤᠵᠢᠯ᠎ᠤᠨ ᠦᠢ᠍ᠯᠡᠴᠢᠯᠡᠭᠡᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠳᠡᠰ᠎ᠤᠨ ᠳᠦᠷᠢᠮ᠎ᠢ ᠲᠡᠬᠦᠯᠳᠡᠷᠵᠢᠬᠦᠯᠤᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠬᠡᠷᠡᠭᠯᠡᠯᠲᠡ ᠬᠠᠮᠢᠶᠠᠷᠤᠯᠲᠠ ᠵᠢᠨ ᠲᠠᠯ᠎ᠠ᠎ᠪᠠᠷ᠂ ᠠᠵᠢᠯ᠎ᠤᠨ ᠪᠠᠢ᠌ᠷᠢ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠴᠢᠳᠠᠪᠤᠷᠢᠲᠠᠨ᠎ᠤ ᠬᠡᠷᠡᠭᠯᠡᠯᠲᠡ ᠵᠢᠨ ᠲᠣᠭᠲᠠᠴᠠ ᠵᠢ ᠪᠦᠷᠢᠨᠰᠢᠭᠦᠯᠦᠨ᠂ ᠴᠢᠳᠠᠪᠤᠷᠢᠲᠠᠨ᠎ᠤ ᠵᠢᠷᠤᠮᠵᠢᠭᠰᠠᠨ ᠬᠠᠮᠢᠶᠠᠷᠤᠯᠲᠠ ᠵᠢ ᠴᠢᠡᠭᠭ᠋ᠠᠳᠬᠠᠨ᠎ᠠ᠃ ᠴᠢᠳᠠᠪᠤᠷᠢᠲᠠᠨ᠎ᠤ ᠪᠠᠲᠤᠯᠠᠭ᠎ᠠ ᠪᠠ ᠤᠷᠮᠠᠰᠢᠭᠤᠯᠤᠯ᠎ᠢ ᠴᠢᠩᠭ᠋ᠠᠳᠬᠠᠬᠤ ᠲᠠᠯ᠎ᠠ᠎ᠪᠠᠷ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠴᠠᠯᠢᠩ ᠬᠥᠯᠥᠰᠦ ᠵᠢᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠵᠦ᠂ ᠰᠢᠯᠭ᠋ᠠᠷᠠᠭᠤᠯᠤᠨ ᠬᠥᠬᠢᠭᠦᠯᠬᠦ᠂ ᠤᠷ᠎ᠠ ᠴᠢᠳᠠᠪᠤᠷᠢ ᠵᠢᠨ ᠤᠷᠤᠯᠳᠤᠭ᠋ᠠᠨ ᠶᠠᠪᠤᠭᠤᠯᠬᠤ᠂ ᠨᠡᠢ᠌ᠲᠡᠯᠢᠭ ᠵᠢᠱ᠌ᠢᠶ᠎ᠡ ᠵᠢ ᠰᠣᠩᠭᠣᠨ ᠭᠠᠷᠭ᠋ᠠᠬᠤ ᠵᠡᠷᠭᠡ ᠠᠵᠢᠯᠯᠠᠭ᠎ᠠ᠎ᠪᠠᠷ ᠰᠠᠢ᠌ᠰᠢᠶᠠᠨ ᠵᠣᠷᠢᠭᠵᠢᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠦᠨᠳᠦᠳᠬᠡᠯ ᠪᠠ ᠨᠡᠢ᠌ᠭᠡᠮ᠎ᠤᠨ ᠮᠡᠳᠡᠷᠡᠮᠵᠢ ᠵᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
     《ᠠᠷᠭ᠎ᠠ᠎ᠨᠤᠭᠤᠳ》᠎ᠲᠤ ᠂ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠨᠠᠮ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠪᠠ ᠰᠢᠨ᠎ᠡ ᠴᠠᠭ ᠦᠶ᠎ᠡ ᠵᠢᠨ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠶᠡᠷᠦᠩᠬᠡᠢ ᠪᠠᠢ᠌ᠷᠢᠯᠠᠭᠤᠯᠤᠯᠲᠠ ᠪᠠ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠠᠵᠢᠯ ᠵᠶ᠋ᠠᠨ ᠰᠠᠢ᠌ᠲᠤᠷ ᠬᠢᠬᠦ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠤᠳᠤ ᠪᠠᠢ᠌ᠭ᠎ᠠ ᠪᠡᠯᠡ ᠮᠥᠩᠭᠥ  ᠵᠢᠨ ᠠᠷᠭ᠎ᠠ ᠵᠠᠮ᠎ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠲᠣᠭᠲᠠᠭ᠋ᠠᠯ ᠶᠣᠰᠣᠭ᠋ᠠᠷ ᠳᠡᠮᠵᠢᠬᠦ ᠬᠡᠷᠡᠭᠲᠡᠢ ᠭᠡᠵᠤ ᠱᠠᠭ᠋ᠠᠷᠳᠠᠯ᠎ᠠ᠃



    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
2025 ᠣᠨ᠎ᠤ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠰᠡᠳᠦᠪ᠎ᠤᠨ ᠵᠦᠭᠯᠡᠭᠦᠷ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠢᠡᠭᠭᠢᠮ᠎ᠤᠨ᠎ᠬᠢᠨ᠎ᠤ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》᠎ᠤᠨ ᠲᠥᠷᠥᠯ ᠵᠦᠢ᠍ᠯ᠎ᠤᠨ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠪᠠᠷ ᠰᠣᠩᠭᠣᠭᠰᠠᠨ ᠦᠷ᠎ᠡ ᠳ᠋ᠦᠩ᠎ᠤᠨ ᠲᠤᠬᠠᠢ ᠠᠯᠪᠠᠨ ᠵᠠᠷ
2025 ᠣᠨ᠎ᠤ 《〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ》 ᠥᠷᠨᠢᠭᠦᠯᠬᠦ ᠲᠤᠬᠠᠢ ᠮᠡᠳᠡᠭᠳᠡᠯ
《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ᠎ᠬᠢᠨ᠎ᠤ ᠮᠡᠳᠡᠭᠳᠡᠯ
ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠪᠥᠬᠥ ᠨᠠᠮ᠎ᠤᠨ ᠬᠡᠪᠴᠢᠶᠡᠨ᠎ᠳᠤ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠦᠷᠨᠢᠬᠦᠯᠬᠦ ᠲᠤᠬᠠᠢ 《ᠮᠡᠳᠡᠭᠳᠡᠯ》 ᠳᠠᠷᠤᠮᠠᠯᠯᠠᠨ ᠲᠠᠷᠬᠠᠭ᠋ᠠᠯ᠎ᠠ
 
            