ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2025 ᠣᠨ᠎ᠤ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠰᠡᠳᠦᠪ᠎ᠤᠨ ᠵᠦᠭᠯᠡᠭᠦᠷ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠢᠡᠭᠭᠢᠮ᠎ᠤᠨ᠎ᠬᠢᠨ᠎ᠤ ᠮᠡᠳᠡᠭᠳᠡᠯ
ᠨᠡᠶᠢᠲᠡᠯᠡᠭᠰᠡᠨ ᠴᠠᠭ᠄ 2024-12-10

     ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ  ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠢ᠌ᠯᠠᠭ᠋ᠠᠬᠤ ᠪᠠ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠯ᠎ᠡ ᠲᠠᠯ᠎ᠠ ᠵᠢᠨ ᠬᠦᠴᠦᠨ᠎ᠢ ᠳᠠᠢ᠍ᠢ᠍ᠴᠢᠯᠠᠨ ᠠᠷᠪᠠᠨ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ ᠎ᠤᠨ ᠠᠷᠠᠳ᠎ᠤᠨ ᠶᠠᠪᠤᠳᠠᠯ ᠎ᠤᠨ ᠬᠤᠷᠠᠯ ᠎ᠤᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ  ᠵᠢ ᠠᠬᠢᠭᠤᠯᠬᠤ ᠵᠢᠨ ᠲᠦᠯᠤᠬᠡ ᠡᠳᠦᠭᠡ ᠪᠦᠬᠦ ᠣᠷᠣᠨ᠎ᠤ ᠠᠷᠠᠳ᠎ᠤᠨ ᠶᠠᠪᠤᠳᠠᠯ ᠎ᠤᠨ ᠰᠢᠰᠲᠸᠮ᠎ᠤᠨ ᠨᠡᠢ᠌ᠭᠡᠮ᠎ᠤᠨ ᠡᠯ᠎ᠡ ᠡᠲᠡᠭᠡᠳ᠎ᠠᠴᠠ ᠲᠦᠷᠦ ᠵᠢᠨ ᠪᠣᠳᠣᠯᠭ᠎ᠠ ᠵᠢᠨ ᠤᠨᠤᠯ᠎ᠤᠨ ᠰᠤᠳᠤᠯᠤᠯ᠎ᠤᠨ ᠦᠷ᠎ᠡ ᠪᠦᠲᠦᠭᠡᠯ ᠴᠤᠬᠯᠠᠭᠤᠯᠬᠤ᠎ᠪᠠᠷ ᠪᠤᠯᠤᠯ᠎ᠠ᠃
    ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠣᠨᠣᠯ᠎ᠤᠨ ᠰᠤᠳᠤᠯᠭ᠋ᠠᠨ᠎ᠤ ᠠᠵᠢᠯ᠎ᠢ ᠴᠢᠬᠤᠯᠠ ᠪᠠᠢ᠌ᠷᠢᠨ᠎ᠳᠤ ᠲᠠᠯᠪᠢᠵᠤ᠂ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠣᠰ ᠭᠠᠵᠠᠷ ᠣᠷᠣᠨ᠂ ᠲᠣᠰ ᠨᠢᠬᠡᠴᠢ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠰᠤᠳᠤᠯᠭ᠋ᠠᠨ᠎ᠤ ᠰᠡᠳᠦᠪ ᠰᠣᠩᠭᠣᠬᠤ᠎ᠪᠠᠨ ᠴᠠᠭ ᠲᠤᠬᠠᠢ᠎ᠳᠤ᠎ᠨᠢ ᠲᠣᠭᠲᠠᠭ᠋ᠠᠵᠤ᠂ ᠰᠤᠳᠤᠯᠭ᠋ᠠᠨ᠎ᠤ ᠬᠦᠴᠦᠨ᠎ᠢ ᠢᠳᠡᠪᠬᠢᠲᠡᠢ ᠵᠣᠬᠢᠶᠠᠨ ᠪᠠᠢ᠌ᠭᠤᠯᠵᠤ᠂ ᠲᠤᠰᠬᠠᠢ ᠮᠡᠷᠭᠡᠵᠢᠯᠲᠡᠨ ᠡᠷᠳᠡᠮᠲᠡᠨ᠎ᠢ ᠥᠷᠭᠡᠨ ᠵᠶ᠋ᠡᠷ ᠳᠠᠶ᠋ᠢᠴᠢᠯᠠᠨ ᠣᠷᠣᠯᠴᠠᠭᠤᠯᠵᠤ᠂ ᠰᠤᠳᠤᠯᠭ᠋ᠠᠨ᠎ᠤ ᠰᠡᠳᠦᠪ ᠮᠡᠳᠡᠭᠦᠯᠬᠦ ᠪᠠ ᠰᠤᠳᠤᠯᠬᠤ ᠠᠵᠢᠯ᠎ᠢ ᠬᠢᠨᠠᠮᠠᠭ᠋ᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ 2025 ᠣᠨ᠎ᠤ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠠᠵᠢᠯ᠎ᠳᠤ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠵᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠨ᠎ᠡ᠃

    ᠨᠢᠭᠡ᠂ ᠰᠢᠯᠭ᠋ᠠᠷᠠᠭᠤᠯᠬᠤ᠎ᠪᠠᠷ ᠮᠡᠳᠡᠭᠦᠯᠬᠦ ᠠᠯᠬᠤᠮ ᠳᠠᠷᠠᠭ᠎ᠠ

     (ᠨᠢᠭᠡ) ᠰᠡᠳᠦᠪ ᠨᠡᠢ᠌ᠲᠡᠯᠡᠬᠦ ᠪᠠ ᠭᠤᠶᠤᠴᠢᠯᠠᠬᠤ
    ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠰᠡᠳᠦᠪ᠎ᠢ ᠨᠡᠢ᠌ᠭᠡᠮ᠎ᠳᠤ ᠬᠠᠨᠳᠤᠭᠤᠯᠤᠨ ᠢᠯᠡ᠎ᠪᠠᠷ ᠨᠡᠢ᠌ᠲᠡᠯᠡᠵᠦ᠂ ᠭᠤᠶᠤᠴᠢᠯᠠᠭᠴᠢ᠎ᠨᠢ 《2025 ᠣᠨ᠎ᠤ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠰᠡᠳᠦᠪ ᠰᠣᠩᠭᠣᠬᠤ》 (ᠳᠠᠭ᠋ᠠᠯᠳᠤᠭᠤᠯᠤᠯ 1) ᠵᠢᠨ ᠬᠡᠪᠴᠢᠶᠡᠨ ᠳᠣᠲᠣᠷ᠎ᠠ ᠰᠡᠳᠦᠪ ᠰᠣᠩᠭᠣᠬᠤ᠎ᠪᠠᠷ ᠭᠤᠶᠤᠴᠢᠯᠠᠵᠤ ᠪᠣᠯᠣᠨ᠎ᠠ᠂ ᠪᠠᠰᠠ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠡᠳᠦᠪ ᠰᠣᠩᠭᠣᠬᠤ᠎ᠳᠤ ᠬᠣᠯᠪᠣᠭᠳᠠᠬᠤ ᠠᠭᠤᠯᠭ᠎ᠠ ᠵᠢᠨ ᠲᠣᠭᠣᠷᠢᠨ᠎ᠳᠤ ᠰᠡᠳᠦᠪ ᠵᠶ᠋ᠡᠨ ᠥᠪᠡᠰᠦᠪᠡᠨ ᠲᠤᠭᠤᠷᠪᠢᠵᠤ ᠪᠣᠯᠣᠨ᠎ᠠ᠃ ᠨᠢᠭᠡᠴᠢ ᠵᠢᠨ ᠨᠡᠷ᠎ᠡ᠎ᠪᠠᠷ ᠭᠤᠶᠤᠴᠢᠯᠠᠵᠤ ᠪᠤᠯᠬᠤ ᠪᠦᠬᠡᠳ ᠬᠤᠪᠢ ᠬᠥᠮᠥᠨ ᠪᠤᠶᠤ ᠤᠯᠠᠭᠤᠯᠨ ᠬᠠᠮᠲᠤᠷᠠᠨ ᠭᠤᠶᠤᠴᠢᠯᠠᠭᠰᠠᠨ ᠴᠤ᠌ ᠪᠣᠯᠣᠨ᠎ᠠ᠃ ᠭᠤᠶᠤᠴᠢᠯᠠᠭᠴᠢ᠎ᠨᠢ 《2025 ᠣᠨ᠎ᠤ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠮᠡᠳᠡᠭᠦᠯᠬᠦ ᠰᠡᠳᠦᠪ᠎ᠤᠨ ᠦᠨᠳᠦᠰᠦᠨ ᠪᠠᠢ᠌ᠳᠠᠯ᠎ᠤᠨ ᠬᠦᠰᠦᠨᠦᠭᠲᠦ》 (ᠳᠠᠭ᠋ᠠᠯᠳᠤᠭᠤᠯᠤᠯ 2) ᠪᠠ 《2025 ᠣᠨ᠎ᠤ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠰᠡᠳᠦᠪ᠎ᠤᠨ ᠮᠡᠳᠡᠭᠦᠯᠦᠭᠴᠢ ᠵᠢᠨ ᠠᠮᠠᠯᠠᠯᠲᠠ ᠵᠢᠨ ᠪᠢᠴᠢᠭ》 (ᠳᠠᠭ᠋ᠠᠯᠳᠤᠭᠤᠯᠤᠯ 3)᠎ᠢ ᠲᠠᠭᠯᠠᠵᠤ᠂ ᠴᠠᠭ᠋ᠠᠰᠤᠨ ᠬᠡᠪᠯᠡᠯ  ᠪᠠ ᠡᠯᠧᠺᠲᠷᠣᠨ ᠬᠡᠪᠯᠡᠯ ᠵᠶ᠋ᠡᠷ ᠮᠡᠳᠡᠬᠦᠯᠬᠦ ᠬᠡᠷᠡᠭᠲᠡᠢ᠂ ᠰᠡᠳᠦᠪ ᠭᠤᠶᠤᠴᠢᠯᠠᠬᠤ ᠰᠡᠬᠦᠯᠴᠢ ᠵᠢᠨ ᠬᠤᠭᠤᠴᠠᠭ᠎ᠠ᠎ᠨᠢ 2025 ᠣᠨ᠎ᠤ 1 ᠳ᠋ᠤᠬᠡᠷ ᠰᠠᠷ᠎ᠠ ᠵᠢᠨ 27᠎ᠤ ᠡᠳᠦᠷ ᠪᠣᠯᠣᠨ᠎ᠠ᠃
    (ᠬᠣᠶᠠᠷ) ᠰᠡᠳᠦᠪ ᠲᠣᠭᠲᠠᠭ᠋ᠠᠬᠤ ᠪᠠ ᠬᠠᠮᠢᠶᠠᠷᠬᠤ
   ᠮᠡᠳᠡᠭᠦᠯᠬᠦ ᠮᠠᠲᠸᠷᠢᠶᠠᠯ᠎ᠢ ᠮᠠᠨ᠎ᠤ ᠲᠢᠩᠬᠢᠮ᠎ᠤᠨ᠎ᠬᠢᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠬᠢᠨᠠᠨ ᠲᠣᠭᠲᠠᠭ᠋ᠠᠵᠤ᠂ ᠰᠡᠳᠦᠪ᠎ᠢ ᠳᠠᠭ᠋ᠠᠭ᠋ᠠᠨ ᠠᠪᠬᠤ ᠨᠢᠬᠡᠴᠢ ᠵᠢ ᠲᠣᠭᠲᠠᠭ᠋ᠠᠨ᠎ᠠ᠃ ᠬᠢᠨᠠᠨ ᠲᠣᠭᠲᠠᠭ᠋ᠠᠬᠤ᠎ᠪᠠᠷ ᠳᠠᠮᠵᠢᠭᠰᠠᠨ ᠪᠥᠭᠡᠳ ᠠᠷᠠᠳ᠎ᠤᠨ ᠶᠠᠪᠤᠳᠠᠯ᠎ᠤᠨ ᠶᠠᠮᠤᠨ᠎ᠤ ᠰᠡᠳᠦᠪ᠎ᠢ ᠰᠠᠢ᠌ᠨ ᠳᠤᠷ᠎ᠠ᠎ᠠᠴᠠ᠎ᠪᠠᠨ ᠮᠡᠳᠡᠭᠦᠯᠦᠭᠰᠡᠨ ᠪᠤᠯ ᠠᠷᠠᠳ᠎ᠤᠨ ᠶᠠᠪᠤᠳᠠᠯ᠎ᠤᠨ ᠶᠠᠮᠤᠨ᠎ᠤ ᠰᠡᠳᠦᠪ᠎ᠤᠨ ᠰᠡᠳᠦᠪ ᠲᠣᠭᠲᠠᠭ᠋ᠠᠵᠤ ᠬᠢᠨᠠᠨ ᠲᠣᠭᠲᠠᠭ᠋ᠠᠬᠤ᠎ᠳᠤ ᠣᠷᠣᠯᠴᠠᠭᠤᠯᠬᠤ᠎ᠪᠠᠷ ᠳᠡᠪᠰᠢᠭᠦᠯᠦᠨ᠎ᠡ᠃ ᠮᠠᠨ᠎ᠤ ᠲᠢᠩᠬᠢᠮ᠎ᠤᠨ ᠰᠡᠳᠦᠪ ᠲᠣᠭᠲᠠᠭ᠋ᠠᠬᠤ ᠱᠠᠭ᠋ᠠᠷᠳᠠᠯᠭ᠎ᠠ᠎ᠳᠤ ᠨᠡᠢ᠌ᠴᠡᠪᠡᠯ ᠮᠠᠨ᠎ᠤ ᠲᠢᠩᠬᠢᠮ᠎ᠠᠴᠠ ᠳᠠᠭ᠋ᠠᠭ᠋ᠠᠨ ᠠᠪᠤᠭᠰᠠᠨ ᠨᠢᠬᠡᠴᠢ᠎ᠯᠦᠭᠡ ᠨᠠᠶ᠋ᠢᠳᠠᠯᠭ᠎ᠠ ᠵᠢᠨ ᠰᠡᠳᠦᠪ ᠰᠤᠳᠤᠯᠬᠤ ᠭᠡᠷ᠎ᠡ ᠲᠣᠭᠲᠠᠨ᠎ᠠ᠃
    (ᠭᠤᠷᠪᠠ) ᠲᠤᠬᠳᠠᠭ᠋ᠠᠬᠰᠠᠨ ᠰᠡᠳᠦᠪ᠎ᠢ ᠳᠠᠭᠤᠰᠬᠠᠬᠤ ᠪᠠ ᠱᠠᠩᠨᠠᠯ ᠲᠣᠭᠲᠠᠭ᠋ᠠᠬᠤ
   ᠲᠤᠬᠳᠠᠭ᠋ᠠᠬᠰᠠᠨ ᠰᠡᠳᠦᠪ᠎ᠢ ᠮᠠᠨ᠎ᠤ ᠲᠢᠩᠬᠢᠮ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠢᠨᠠᠨ ᠰᠢᠯᠭ᠋ᠠᠷᠠᠭᠤᠯᠵᠤ᠂ ᠬᠢᠨᠠᠨ ᠰᠢᠯᠭ᠋ᠠᠷᠠᠭᠤᠯᠤᠯᠲᠠ᠎ᠳᠤ ᠪᠠᠲᠤᠯᠠᠭᠳᠠᠭᠰᠠᠳ᠎ᠲᠤ ᠰᠡᠳᠦᠪ᠎ᠢ ᠳᠠᠭᠤᠰᠬᠠᠵᠤ᠂ ᠡᠮᠦᠨᠡᠬᠢ ᠬᠤᠭᠤᠴᠠᠭ᠋ᠠᠨ᠎ᠤ ᠰᠤᠳᠤᠯᠭ᠋ᠠᠨ᠎ᠤ ᠠᠵᠢᠯ᠎ᠳᠤ ᠵᠣᠬᠢᠬᠤ ᠬᠡᠮᠵᠢᠶᠡᠨ᠎ᠤ ᠲᠤᠰᠠᠯᠠᠮᠵᠢ ᠦᠵᠡᠭᠦᠯᠵᠦ᠂ ᠰᠡᠳᠦᠪ ᠳᠠᠭᠤᠰᠬᠠᠭᠰᠠᠨ ᠦᠷ᠎ᠡ ᠪᠦᠲᠦᠭᠡᠯ᠎ᠢ ᠲᠠᠨᠢᠯᠴᠠᠭᠤᠯᠵᠤ 2025 ᠣᠨ᠎ᠤ ᠠᠷᠠᠳ᠎ᠤᠨ ᠶᠠᠪᠤᠳᠠᠯ᠎ᠤᠨ ᠶᠠᠮᠤᠨ᠎ᠤ 《ᠠᠷᠠᠳ᠎ᠤᠨ ᠶᠠᠪᠤᠳᠠᠯ᠎ᠤᠨ ᠶᠠᠷᠢᠶᠠᠨ᠎ᠤ ᠲᠠᠪᠴᠠᠩ》᠎ᠤᠨ ᠰᠢᠯᠭ᠋ᠠᠷᠠᠭᠤᠯᠤᠯᠲᠠ᠎ᠳᠤ ᠣᠷᠣᠯᠴᠠᠭᠤᠯᠤᠨ᠎ᠠ᠃ ᠰᠤᠳᠤᠯᠭ᠋ᠠᠨ᠎ᠤ ᠰᠡᠳᠦᠪ᠎ᠤᠨ ᠰᠤᠳᠤᠯᠭ᠋ᠠᠨ᠎ᠤ ᠮᠡᠳᠡᠭᠦᠯᠦᠯᠲᠡ ᠵᠢ ᠴᠠᠭ᠋ᠠᠰᠤᠨ ᠬᠡᠪᠯᠡᠯ) ᠪᠠ ᠡᠯᠧᠺᠲᠷᠣᠨ ᠬᠡᠪᠯᠡᠯ ᠵᠶ᠋ᠡᠷ ᠮᠡᠳᠡᠬᠦᠯᠬᠦ ᠴᠢᠬᠤᠯᠠᠲᠠᠢ᠂  ᠲᠡᠪᠰᠢᠬᠦᠯᠬᠦ ᠰᠡᠬᠦᠯᠴᠢ ᠵᠢᠨ ᠬᠤᠭᠤᠴᠠᠭ᠎ᠠ᠎ᠨᠢ 2025 ᠣᠨ᠎ᠤ 7 ᠳ᠋ᠤᠭ᠋ᠠᠷ ᠰᠠᠷ᠎ᠠ ᠵᠢᠨ 30᠎ᠤ ᠡᠳᠦᠷ ᠪᠣᠯᠣᠨ᠎ᠠ᠃

ᠬᠣᠶᠠᠷ᠂ ᠰᠤᠳᠤᠯᠭ᠋ᠠᠨ᠎ᠤ ᠦᠷ᠎ᠡ ᠪᠦᠲᠦᠭᠡᠯ᠎ᠤᠨ ᠱᠠᠭ᠋ᠠᠷᠳᠠᠯᠭ᠎ᠠ

    (ᠨᠢᠭᠡ) ᠤᠯᠤᠰ ᠲᠥᠷᠥᠴᠢ ᠴᠢᠨᠠᠷ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠢ᠌ᠯᠠᠭ᠋ᠠᠨ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠴᠢᠬᠤᠯᠠ ᠶᠡᠬᠡ ᠤᠨᠤᠯ ᠪᠣᠯᠣᠨ ᠦᠢ᠍ᠯᠡᠳᠦᠯᠭᠡ ᠵᠢᠨ ᠠᠰᠠᠭᠤᠳᠠᠯ᠎ᠤᠨ ᠲᠣᠭᠣᠷᠢᠨ᠎ᠳᠤ ᠰᠤᠳᠤᠯᠭ᠋ᠠᠨ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ  ᠬᠥᠭᠵᠢᠯᠲᠡ᠎ᠳᠤ ᠬᠦᠴᠦᠨ ᠨᠡᠮᠡᠷᠢᠯᠡᠨ᠎ᠡ᠃
   (ᠬᠣᠶᠠᠷ) ᠲᠥᠷᠥ ᠵᠢᠨ ᠪᠣᠳᠣᠯᠭ᠎ᠠ ᠵᠢᠨ ᠴᠢᠨᠠᠷ᠃ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ᠎ᠲᠠᠢ ᠨᠢᠭᠲᠠ ᠤᠶᠠᠯᠳᠤᠭᠤᠯᠤᠨ᠂ ᠲᠥᠷᠥ ᠵᠢᠨ ᠪᠣᠳᠣᠯᠭ᠎ᠠ ᠵᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠦᠢ᠍ᠯᠡᠳᠦᠯᠭᠡ ᠵᠢᠨ ᠴᠢᠨᠠᠷ᠂ ᠬᠡᠷᠡᠭᠯᠡᠭᠡᠨ᠎ᠤ ᠴᠢᠨᠠᠷ᠂ ᠴᠢᠭᠯᠡᠭᠦᠯᠦᠯᠲᠦ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠲᠣᠪᠤᠢ᠌ᠯᠭ᠋ᠠᠨ᠂  ᠦᠨᠡᠨ ᠬᠦ᠌ ᠶᠠᠪᠤᠭᠳᠠᠭᠤᠰᠢᠲᠠᠢ ᠠᠷᠭ᠋ᠠᠴᠠᠭ᠋ᠠᠬᠤ ᠪᠣᠳᠣᠯᠭ᠎ᠠ ᠵᠢᠨ ᠰᠠᠨᠠᠭᠤᠯᠭ᠎ᠠ ᠳᠤᠷᠠᠳᠴᠤ᠂ ᠲᠥᠷᠥ ᠵᠢᠨ ᠪᠣᠳᠣᠯᠭ᠎ᠠ ᠲᠣᠭᠲᠠᠭ᠋ᠠᠬᠤ (ᠵᠠᠰᠠᠪᠤᠷᠢ ᠣᠷᠣᠭᠤᠯᠬᠤ)᠂ ᠠᠵᠢᠯ᠎ᠢ ᠠᠬᠢᠭᠤᠯᠬᠤ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠬᠠᠩᠭ᠋ᠠᠨ᠎ᠠ᠃
    (ᠭᠤᠷᠪᠠ) ᠰᠢᠨ᠎ᠡ ᠵᠢ ᠡᠭᠦᠳᠬᠦ ᠴᠢᠨᠠᠷ᠃ ᠰᠢᠨ᠎ᠡ ᠢᠯᠡᠷᠡᠭᠦᠯᠦᠯᠲᠡ᠂ ᠰᠢᠨ᠎ᠡ ᠦᠵᠡᠯᠲᠡ᠂ ᠰᠢᠨ᠎ᠡ ᠦᠵᠡᠯᠲᠡ᠎ᠲᠠᠢ ᠪᠠᠢ᠌ᠵᠤ᠂ ᠲᠤᠢ᠌ᠷᠦ ᠵᠢᠨ ᠪᠣᠳᠣᠯᠭ᠎ᠠ ᠵᠢ ᠰᠤᠳᠤᠯᠬᠤ ᠬᠦᠷᠢᠶᠡᠨ᠎ᠳᠤ ᠰᠢᠨ᠎ᠡ ᠠᠭᠤᠯᠭ᠎ᠠ ᠰᠢᠨ᠎ᠡ ᠠᠷᠭ᠎ᠠ᠎ᠲᠠᠢ ᠪᠠᠢ᠌ᠬᠤ ᠬᠡᠷᠡᠭᠲᠡᠢ᠃ ᠰᠡᠳᠦᠪ᠎ᠤᠨ ᠰᠤᠳᠤᠯᠭ᠋ᠠᠨ᠎ᠤ ᠮᠡᠳᠡᠭᠦᠯᠦᠯᠲᠡ ᠪᠤᠶᠤ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠥᠭᠦᠯᠡᠯ᠎ᠢ ᠡᠷᠬᠡᠪᠰᠢ ᠰᠣᠨᠢᠨ ᠰᠡᠳᠬᠦᠯ᠂ ᠰᠡᠳᠬᠦᠯ ᠵᠡᠷᠭᠡ ᠵᠠᠭᠤᠴᠢᠯᠠᠭᠤᠷ᠎ᠲᠤ ᠶᠡᠷᠦ᠎ᠠᠴᠠ ᠨᠡᠢ᠌ᠲᠡᠯᠡᠭᠡ ᠦᠭᠡᠢ ᠮᠥᠷᠲᠡᠭᠡᠨ ᠬᠣᠲᠠ ᠵᠢᠨ ᠱᠠᠲᠤᠨ᠎ᠠᠴᠠ ᠳᠡᠭᠡᠭᠰᠢᠬᠢ ᠱᠠᠩᠨᠠᠯ ᠰᠢᠯᠭ᠋ᠠᠷᠠᠭᠤᠯᠬᠤ ᠠᠵᠢᠯᠯᠠᠭ᠎ᠠ᠎ᠳᠤ ᠣᠷᠣᠯᠴᠠᠵᠤ ᠥᠩᠭᠡᠷᠡᠭᠰᠡᠨ ᠦᠭᠡᠢ ᠠᠩᠬᠠᠨ᠎ᠤ ᠡᠬᠡ ᠪᠢᠴᠢᠭ ᠪᠠᠢ᠌ᠬᠤ ᠬᠡᠷᠡᠭᠲᠡᠢ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠠᠭᠤᠷᠠᠯᠳᠤᠭ᠋ᠠᠨ ᠣᠷᠣᠰᠢᠬᠤ ᠦᠭᠡᠢ᠂ ᠥᠰᠥᠭ ᠪᠢᠴᠢᠭ᠎ᠤᠨ ᠬᠠᠷᠢᠭᠤᠴᠠᠯᠭ᠎ᠠ ᠵᠢ ᠰᠡᠳᠦᠪ᠎ᠤᠨ ᠰᠤᠳᠤᠯᠭ᠋ᠠᠨ᠎ᠤ ᠨᠢᠬᠡᠴᠢ ᠡᠭᠦᠷᠭᠡᠯᠡᠨ᠎ᠡ᠃
   (ᠳᠥᠷᠪᠡ) ᠵᠢᠷᠤᠮᠵᠢᠯᠳᠤ ᠴᠢᠨᠠᠷ᠃ ᠰᠡᠳᠦᠪ ᠲᠣᠭᠲᠠᠭ᠋ᠠᠬᠤ ᠰᠡᠳᠦᠪ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠨᠢ ᠪᠢᠴᠢᠭ᠎ᠤᠨ ᠰᠤᠳᠤᠯᠭ᠋ᠠᠨ᠎ᠤ ᠮᠡᠳᠡᠭᠦᠯᠦᠯᠲᠡ ᠪᠣᠯᠣᠨ᠎ᠠ᠂ ᠰᠤᠳᠤᠯᠭ᠋ᠠᠨ᠎ᠤ ᠮᠡᠳᠡᠭᠦᠯᠦᠯᠲᠡ ᠵᠢᠨ ᠭᠣᠣᠯ ᠠᠭᠤᠯᠭ᠎ᠠ᠎ᠨᠢ ᠡᠩ᠎ᠤᠨ ᠪᠠᠢ᠌ᠳᠠᠯ᠎ᠳᠤ 10000 ᠥᠰᠥᠭ᠎ᠠᠴᠠ ᠳᠤᠲᠠᠭᠤ ᠦᠭᠡᠢ ᠪᠠᠢ᠌ᠬᠤ ᠵᠢᠨ ᠬᠠᠮᠲᠤ ᠲᠤᠰᠠᠭ᠋ᠠᠷ 3000 ᠥᠰᠥᠭ᠎ᠠᠴᠠ ᠳᠤᠲᠠᠭᠤ ᠦᠭᠡᠢ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ ᠰᠠᠨᠠᠭᠤᠯᠭ᠎ᠠ ᠵᠢ ᠪᠣᠶ ᠪᠣᠯᠭ᠋ᠠᠵᠤ᠂ ᠰᠤᠳᠤᠯᠭ᠋ᠠᠨ᠎ᠤ ᠦᠷ᠎ᠡ ᠪᠦᠲᠦᠭᠡᠯ᠎ᠢ ᠤᠳᠤᠷᠢᠳᠤᠯᠭ᠎ᠠ ᠵᠢᠨ ᠰᠢᠢ᠍ᠳᠪᠦᠷᠢᠲᠦ ᠪᠣᠳᠣᠯᠭ᠎ᠠ ᠲᠡᠢ᠌ᠰᠢ ᠤᠯᠠᠷᠢᠭᠤᠯᠤᠨ ᠬᠡᠷᠡᠭᠯᠡᠬᠦ ᠵᠢ ᠴᠢᠩᠭ᠋ᠠᠳᠬᠠᠨ᠎ᠠ᠃ ᠰᠤᠳᠤᠯᠭ᠋ᠠᠨ᠎ᠤ ᠮᠡᠳᠡᠭᠦᠯᠦᠯᠲᠡ ᠵᠢᠨ ᠵᠠᠭᠪᠤᠷ ᠪᠠ ᠵᠢᠷᠤᠮᠵᠢᠯ᠎ᠢ 《2025 ᠣᠨ᠎ᠤ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠣᠨᠣᠯ᠎ᠤᠨ ᠰᠤᠳᠤᠯᠭ᠋ᠠᠨ᠎ᠤ ᠮᠡᠳᠡᠭᠦᠯᠦᠯᠲᠡ ᠵᠢᠨ ᠵᠣᠬᠢᠶᠠᠨ ᠪᠢᠴᠢᠬᠦ ᠱᠠᠭ᠋ᠠᠷᠳᠠᠯᠭ᠎ᠠ》 (ᠳᠠᠭ᠋ᠠᠯᠳᠤᠭᠤᠯᠤᠯ 4)᠎ᠪᠠᠷ ᠯᠠᠪᠯᠠᠯᠲᠠ ᠪᠣᠯᠭ᠋ᠠᠨ᠎ᠠ᠃

   ᠬᠠᠷᠢᠯᠴᠠᠬᠤ ᠬᠥᠮᠥᠨ᠄ ᠸᠠᠩ ᠶᠢᠩ ᠰᠢᠤᠸᠠᠨ
   ᠬᠠᠷᠢᠯᠴᠠᠬᠤ ᠤᠲᠠᠰᠤ᠄ 0471-6611870
    ᠢᠮᠧᠯ᠄ nmgmztzcfgc@163.com
    ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠢᠨ 63 ᠳ᠋ᠤᠭ᠋ᠠᠷ ᠬᠦᠷᠢᠶᠡᠨ᠎ᠤ 6 ᠳ᠋ᠤᠭ᠋ᠠᠷ ᠠᠰᠠᠷ 809

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ


             2024 ᠣᠨ᠎ᠤ 12 ᠳ᠋ᠤᠭ᠋ᠠᠷ ᠰᠠᠷ᠎ᠠ ᠵᠢᠨ 9᠎ᠤ ᠡᠳᠤᠷ

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》᠎ᠤᠨ ᠲᠥᠷᠥᠯ ᠵᠦᠢ᠍ᠯ᠎ᠤᠨ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠪᠠᠷ ᠰᠣᠩᠭᠣᠭᠰᠠᠨ ᠦᠷ᠎ᠡ ᠳ᠋ᠦᠩ᠎ᠤᠨ ᠲᠤᠬᠠᠢ ᠠᠯᠪᠠᠨ ᠵᠠᠷ
2025 ᠣᠨ᠎ᠤ 《〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ》 ᠥᠷᠨᠢᠭᠦᠯᠬᠦ ᠲᠤᠬᠠᠢ ᠮᠡᠳᠡᠭᠳᠡᠯ
《ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ᠎ᠬᠢᠨ᠎ᠤ ᠮᠡᠳᠡᠭᠳᠡᠯ
ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠪᠥᠬᠥ ᠨᠠᠮ᠎ᠤᠨ ᠬᠡᠪᠴᠢᠶᠡᠨ᠎ᠳᠤ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠦᠷᠨᠢᠬᠦᠯᠬᠦ ᠲᠤᠬᠠᠢ 《ᠮᠡᠳᠡᠭᠳᠡᠯ》 ᠳᠠᠷᠤᠮᠠᠯᠯᠠᠨ ᠲᠠᠷᠬᠠᠭ᠋ᠠᠯ᠎ᠠ
ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠬᠠᠯᠠᠮᠵᠢᠯᠠᠬᠤ ᠦᠢ᠍ᠯᠡᠴᠢᠯᠡᠬᠡᠨ᠎ᠤ ᠠᠵᠢᠯ᠎ᠢ ᠴᠢᠡᠭᠭ᠋ᠠᠳᠬᠠᠬᠤ ᠲᠤᠬᠠᠢ ᠮᠡᠳᠡᠭᠳᠡᠯ
 
            