ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《〈ᠢᠯᠨ ᠨᠢᠭᠦᠯᠡᠰᠦᠩᠭᠦᠢ〉 ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2024-02-02

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《〈ᠢᠯᠨ ᠨᠢᠭᠦᠯᠡᠰᠦᠩᠭᠦᠢ〉 ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》 (《ᠲᠥᠰᠥᠯ》 ᠭᠡᠵᠦ ᠲᠦᠬᠦᠮᠴᠢᠯᠡᠶ᠎ᠡ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠨᠢᠭᠦᠯᠡᠰᠦᠩᠭᠦᠢ ᠵᠢᠨ ᠮᠡᠳᠡᠭᠡ ᠵᠠᠩᠭᠢ ᠵᠢ ᠢᠯᠡᠵᠢᠬᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠬᠦᠭᠵᠢᠬᠦᠯᠤᠯᠳᠡ ᠵᠢᠨ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠪᠠ᠃
   《ᠲᠥᠰᠥᠯ》᠎ᠳᠤ᠄
   《ᠢᠯᠡ ᠨᠢᠭᠦᠯᠡᠰᠦᠩᠭᠦᠢ》 ᠢᠨᠵᠧᠨᠧᠷᠢᠩ᠎ᠢ ᠬᠡᠷᠡᠭᠵᠢᠭᠦᠯᠬᠦ ᠪᠣᠯ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠵᠢᠷᠤᠮᠵᠢᠭᠰᠠᠨ ᠬᠠᠮᠢᠶᠠᠷᠤᠯᠲᠠ ᠵᠢ ᠠᠬᠢᠭᠤᠯᠬᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠣᠯᠠᠨ ᠨᠡᠶ᠋ᠢᠲᠡ᠎ᠳᠤ ᠤᠯᠠᠮ ᠢᠳᠡᠬᠡᠮᠵᠢ᠎ᠲᠠᠢ ᠪᠤᠯᠭ᠋ᠠᠬᠤ᠂ ᠪᠥᠬᠥ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠪᠣᠯᠣᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ 《ᠢᠯᠨ ᠨᠢᠭᠦᠯᠡᠰᠦᠩᠭᠦᠢ》 ᠢᠨᠵᠧᠨᠧᠷᠢᠩ᠎ᠢ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠠᠵᠢᠯ᠎ᠤᠨ ᠲᠣᠭᠲᠠᠴᠠ᠎ᠪᠠᠨ ᠲᠡᠬᠦᠯᠳᠡᠷᠵᠢᠬᠦᠯᠤᠨ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠷ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ ᠭᠡᠵᠤ ᠱᠠᠭ᠋ᠠᠷᠳᠠᠪᠠ᠃
   《ᠲᠥᠰᠥᠯ》᠎ᠳᠤ᠄
    ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢ ᠤᠬᠠᠭᠤᠯᠬᠤ᠂ ᠲᠤᠰᠬᠠᠢ ᠵᠦᠢ᠍ᠯ᠎ᠤᠨ ᠪᠠᠢ᠌ᠴᠠᠭ᠋ᠠᠯᠲᠠ᠂ ᠮᠡᠳᠡᠭᠡ ᠵᠠᠩᠭᠢ ᠵᠢᠨ ᠲᠠᠪᠴᠠᠩ᠎ᠤᠨ ᠬᠡᠷᠡᠭᠯᠡᠯᠲᠡ ᠪᠠ ᠳᠦᠷᠢᠮ᠎ᠤᠨ ᠪᠠᠢ᠌ᠭᠤᠯᠤᠯᠲᠠ ᠵᠡᠷᠭᠡ ᠳᠥᠷᠪᠡᠨ ᠵᠦᠢ᠍ᠯ᠎ᠤᠨ ᠭᠣᠣᠯᠳᠠᠯᠭ᠎ᠠ ᠎ᠲᠠᠢ ᠡᠭᠦᠷᠭᠡ ᠵᠢ ᠴᠢᠩᠭ᠎ᠠ ᠠᠩᠬᠠᠷᠴᠤ᠂ ᠪᠣᠳᠠᠲᠠᠢ ᠨᠠᠢ᠌ᠳᠠᠪᠤᠷᠢᠵᠢᠭᠤᠯᠬᠤ ᠠᠷᠭ᠎ᠠ ᠵᠢ ᠲᠣᠭᠲᠠᠭ᠋ᠠᠵᠤ᠂ ᠠᠷᠭ᠎ᠠ ᠪᠠ ᠠᠯᠬᠤᠮ ᠳᠠᠷᠠᠭ᠎ᠠ᠂ ᠪᠡᠶᠡᠯᠡᠭᠦᠯᠬᠦ ᠴᠠᠭ ᠬᠤᠭᠤᠴᠠᠭ᠎ᠠ᠂ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠨ᠂ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ ᠪᠥᠬᠥ ᠲᠠᠯ᠎ᠠ᠎ᠪᠠᠷ ᠡᠮᠬᠢᠯᠡᠨ᠂ ᠪᠦᠲᠦᠮᠵᠢᠲᠡᠶ ᠠᠷᠭ᠎ᠠ ᠬᠢᠳᠡᠯ ᠪᠠ ᠠᠮᠵᠢᠯᠲᠠ᠎ᠲᠠᠢ ᠲᠤᠷᠰᠢᠯᠭ᠎ᠠ ᠵᠢ ᠢᠳᠡᠪᠬᠢᠲᠡᠢ ᠳᠡᠯᠭᠡᠷᠡᠭᠦᠯᠦᠨ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠮᠡᠳᠡᠭᠡ ᠵᠠᠩᠭᠢᠵᠢᠯᠲᠠ ᠪᠠ ᠳᠦᠷᠢᠮᠵᠢᠭᠦᠯᠦᠯᠲᠡ ᠵᠢᠨ ᠪᠠᠢ᠌ᠭᠤᠯᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ   ᠲᠡᠬᠦᠯᠳᠡᠷᠵᠢᠬᠦᠯᠬᠦ ᠬᠡᠷᠡᠭᠳᠡᠢ ᠬᠡᠪᠡ᠃
    《ᠲᠥᠰᠥᠯ》᠎ᠳᠤ᠄
    ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠠᠮᠵᠢᠯᠴᠠᠭ᠎ᠠ ᠵᠤᠬᠢᠴᠠᠯᠳᠤᠭ᠎ᠠ ᠴᠢᠩᠭ᠋ᠠᠳᠬᠠᠵᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠨᠢᠬᠡᠴᠢ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠠᠵᠢᠯ ᠲᠥᠷᠥᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯ᠎ᠤᠨ ᠳᠡᠮᠵᠢᠯᠭᠡ ᠵᠢ ᠢᠳᠡᠪᠬᠢᠲᠡᠢ᠎ᠪᠠᠷ ᠣᠯᠬᠤ ᠬᠡᠷᠡᠭᠲᠡᠢ᠃ ᠷᠠᠳᠢᠣ᠋ ᠲᠧᠯᠸᠢᠰ᠂ ᠵᠠᠭᠤᠴᠢᠯᠠᠭᠤᠷ ᠵᠡᠷᠭᠡ ᠬᠣᠯᠪᠣᠭᠳᠠᠯ ᠪᠦᠬᠦᠢ ᠨᠢᠭᠡᠴᠢ ᠵᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠵᠤ᠂ ᠤᠯᠠᠨ ᠬᠡᠯᠪᠡᠷᠢ ᠣᠬᠠᠭᠤᠯᠵᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ ᠵᠢᠨ ᠮᠡᠳᠡᠭᠡ ᠵᠠᠩᠭᠢ ᠵᠢ ᠢᠯᠡᠵᠢᠬᠦᠯᠦᠭᠰᠡᠨ ᠰᠢᠯᠢᠳᠡᠭ ᠨᠡᠢ᠌ᠲᠡᠯᠢᠭ ᠵᠢᠱ᠌ᠢᠶ᠎ᠡ ᠵᠢ ᠰᠣᠩᠭᠣᠨ᠂ 《ᠢᠯᠡ ᠨᠢᠭᠦᠯᠡᠰᠦᠩᠭᠦᠢ》 ᠵᠢᠨ ᠪᠠᠢ᠌ᠭᠤᠯᠤᠯᠲᠠ ᠵᠢ ᠬᠠᠮᠲᠤ᠎ᠪᠠᠷ ᠠᠬᠢᠭᠤᠯᠵᠤ᠂ ᠨᠢᠭᠦᠯᠡᠰᠦᠩᠭᠦᠢ ᠵᠢᠨ ᠠᠵᠢᠯᠯᠠᠭ᠎ᠠ ᠵᠢ ᠢᠯᠡᠵᠢᠬᠦᠯᠬᠦ ᠬᠡᠷᠡᠭᠳᠡᠢ ᠭᠡᠵᠤ ᠱᠠᠭ᠋ᠠᠷᠳᠠᠯ᠎ᠠ᠃
  
 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠳᠤᠮᠳᠠᠳᠤ ᠤᠯᠤᠰ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠭᠠᠷᠴᠠᠭ (2023 ᠣᠨ᠎ᠤ ᠬᠡᠪᠯᠡᠯ)》᠎ᠢ ᠨᠡᠢ᠌ᠳᠡᠯᠡᠭᠰᠡᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠵᠠᠷᠯᠠᠯ
《ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ᠎ᠬᠢ ᠥᠨᠥᠴᠢᠨ ᠬᠡᠦᠬᠡᠳ᠎ᠢ ᠨᠠᠰᠤᠨ᠎ᠳᠤ ᠬᠥᠷᠥᠭᠰᠡᠨ᠎ᠤ᠎ᠬᠢ᠎ᠨᠢ ᠲᠠᠷᠠᠭ᠎ᠠ ᠲᠥᠪᠬᠢᠨᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠭ᠎ᠠ 》 ᠵᠢ ᠳᠠᠷᠤᠮᠠᠯᠯᠠᠨ ᠲᠠᠷᠬᠠᠭ᠋ᠠᠬᠰᠠᠨ ᠲᠤᠬᠠᠢ ᠮᠡᠳᠡᠭᠳᠡᠯ
《ᠳᠤᠮᠳᠠᠳᠤ ᠤᠯᠤᠰ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠭᠠᠷᠴᠠᠭ (2023 ᠣᠨ᠎ᠤ ᠬᠡᠪᠯᠡᠯ)》᠎ᠢ ᠨᠡᠢ᠌ᠳᠡᠯᠡᠭᠰᠡᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠵᠠᠷᠯᠠᠯ
ᠠᠷᠠᠳ᠎ᠤᠨ ᠶᠠᠪᠤᠳᠠᠯ᠎ᠤᠨ ᠶᠠᠮᠤᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠢ ᠨᠡᠢ᠌ᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠲᠤᠬᠠᠢ ᠮᠡᠳᠡᠭᠳᠡᠯ (ᠲᠡᠭᠡᠳᠤ)
 
            