ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠷᠠᠳ᠎ᠤᠨ ᠶᠠᠪᠤᠳᠠᠯ᠎ᠤᠨ ᠶᠠᠮᠤᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠢ ᠨᠡᠢ᠌ᠲᠡᠯᠡᠪᠡ
ᠨᠡᠶᠢᠲᠡᠯᠡᠭᠰᠡᠨ ᠴᠠᠭ᠄ 2024-03-25

    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ 《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》 (ᠠᠷᠠᠳ᠎ᠤᠨ ᠶᠠᠪᠤᠳᠠᠯ᠎ᠤᠨ ᠶᠠᠮᠤᠨ᠎ᠤ ᠵᠠᠷᠯᠢᠭ 71 ᠳ᠋ᠤᠬᠡᠷ ᠲᠣᠭ᠋ᠠᠲᠤ ᠪᠢᠴᠢᠭ ᠮᠠᠲᠸᠷᠢᠶᠠᠯ)  ᠵᠢ ᠨᠡᠢ᠌ᠳᠡᠯᠡᠪᠡ᠂ 2024 ᠣᠨ᠎ᠤ 5 ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃
    ᠭᠠᠵᠠᠷ᠎ᠤᠨ ᠨᠡᠷᠡᠰ ᠪᠣᠯ ᠨᠡᠢ᠌ᠭᠡᠮ᠎ᠤᠨ ᠦᠨᠳᠦᠰᠦᠨ ᠣᠯᠠᠨ ᠨᠡᠶ᠋ᠢᠲᠡ ᠵᠢᠨ ᠮᠡᠳᠡᠭᠡ ᠵᠠᠩᠭᠢ᠂ ᠲᠡᠦᠬᠡ ᠰᠣᠶᠣᠯ᠎ᠤᠨ ᠴᠢᠬᠤᠯᠠ ᠠᠴᠢᠶᠠᠯᠠᠪᠤᠷᠢ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠳᠤᠮᠳᠠ ᠴᠢᠬᠤᠯᠠ ᠰᠠᠭᠤᠷᠢ ᠴᠢᠨᠠᠷᠲᠠᠢ ᠦᠢ᠍ᠯᠡᠳᠦᠯ ᠪᠠᠳᠠᠷᠠᠭᠤᠯᠵᠤ ᠪᠠᠢ᠌ᠳᠠᠭ᠃ 2022 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠭᠰᠡᠨ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》  ᠎ᠳᠤ ᠭᠠᠵᠠᠷ᠎ᠤᠨ ᠨᠡᠷ᠎ᠡ ᠵᠢᠨ ᠬᠠᠮᠢᠶᠠᠷᠤᠯᠲᠠ᠎ᠳᠤ ᠪᠥᠬᠥ ᠲᠠᠯ᠎ᠠ ᠵᠢᠨ᠂ ᠰᠢᠰᠲ᠋ᠧᠮ᠎ᠲᠠᠢ ᠲᠣᠭᠲᠠᠭ᠋ᠠᠯ ᠭᠠᠷᠭ᠋ᠠᠪᠠ᠃ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠢ  ᠨᠠᠢ᠌ᠳᠠᠪᠤᠷᠢᠵᠢᠭᠤᠯᠵᠤ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠤᠨ ᠰᠢᠰᠲᠸᠮ᠎ᠢ ᠲᠡᠭᠦᠯᠳᠡᠷᠵᠢᠭᠦᠯᠬᠦ ᠵᠢᠨ ᠲᠥᠯᠥᠭᠡ᠂ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠦᠢ᠍ᠯᠡᠳᠦᠯᠭᠡ ᠵᠢᠨ ᠲᠤᠷᠰᠢᠯᠭ᠎ᠠ᠎ᠪᠠᠨ ᠳ᠋ᠦᠩᠨᠡᠵᠦ᠂ ᠭᠦᠢ᠍ᠴᠡᠳ ᠰᠤᠳᠤᠯᠤᠨ ᠨᠤᠲᠠᠯᠠᠵᠤ᠂ ᠥᠷᠭᠡᠨ ᠵᠶ᠋ᠡᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠨ ᠨᠡᠢ᠌ᠲᠡᠯᠡᠪᠡ᠃
《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》᠎ᠨᠢ ᠨᠡᠶ᠋ᠢᠲᠡ 26 ᠵᠦᠢ᠍ᠯ᠎ᠲᠠᠢ᠂ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠢ ᠨᠠᠷᠢᠯᠢᠭᠵᠢᠭᠤᠯᠤᠨ ᠨᠥᠬᠥᠪᠦᠷᠢᠯᠡᠵᠦ᠂ ᠬᠠᠨᠳᠤᠯᠭ᠋ᠠᠲᠤ ᠴᠢᠨᠠᠷ᠂ ᠬᠡᠷᠡᠭᠯᠡᠭᠡᠨ᠎ᠤ ᠴᠢᠨᠠᠷ᠂ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠲᠣᠪᠤᠢ᠌ᠯᠭ᠋ᠠᠨ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠎ᠳᠤ ᠳᠦᠷᠢᠮ᠎ᠤᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃ ᠭᠣᠣᠯ ᠠᠭᠤᠯᠭ᠎ᠠ᠎ᠳᠤ᠄
ᠨᠢᠭᠡ᠎ᠳᠤ᠂ ᠭᠠᠵᠠᠷ᠎ᠤᠨ ᠨᠡᠷᠡᠰ᠎ᠢ  ᠨᠡᠷᠡᠢ᠌ᠳᠬᠦ᠂ ᠬᠠᠯᠠᠬᠤ᠃ 《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》᠎ᠳᠤ ᠭᠠᠵᠠᠷ᠎ᠤᠨ ᠨᠡᠷᠡᠰ᠎ᠤᠨ ᠲᠥᠰᠥᠯ᠎ᠢ ᠨᠠᠢ᠌ᠷᠠᠭᠤᠯᠤᠨ ᠵᠣᠬᠢᠶᠠᠬᠤ ᠠᠭᠤᠯᠭ᠎ᠠ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠪᠠ ᠬᠤᠪᠢᠷᠠᠭᠤᠯᠬᠤ ᠵᠢᠷᠤᠮ᠎ᠢ ᠲᠣᠭᠲᠠᠭ᠋ᠠᠵᠠᠢ᠂ ᠬᠥᠮᠥᠨ᠎ᠤ ᠨᠡᠷ᠎ᠡ᠂ ᠠᠵᠤ ᠠᠬᠤᠢ᠌ᠯᠠᠯ᠎ᠤᠨ ᠨᠡᠷᠡᠢ᠌ᠳᠦᠯ᠂ ᠲᠠᠸᠠᠷ᠎ᠤᠨ ᠲᠡᠮᠳᠡᠭ᠎ᠤᠨ ᠨᠡᠷᠡᠢ᠌ᠳᠦᠯ ᠵᠶ᠋ᠡᠷ ᠭᠠᠵᠠᠷ᠎ᠤᠨ ᠨᠡᠷᠡᠰ ᠪᠣᠯᠭ᠋ᠠᠬᠤ ᠦᠭᠡᠢ ᠪᠠᠢ᠌ᠬᠤ ᠲᠤᠬᠠᠢ ᠣᠨᠴᠠᠭ᠋ᠠᠶ ᠲᠣᠭᠲᠠᠭ᠋ᠠᠯ᠎ᠢ ᠲᠣᠳᠣᠷᠬᠠᠢ᠌ᠯᠠᠵᠤ᠂ ᠶᠡᠷᠦᠩᠬᠡᠢ᠌ᠯᠡᠨ ᠦᠨᠡᠯᠡᠬᠦ᠂ ᠲᠤᠰᠬᠠᠢ ᠮᠡᠷᠭᠡᠵᠢᠯᠲᠡᠨ ᠨᠤᠳᠠᠯᠠᠬᠤ᠂ ᠰᠠᠨᠠᠯ ᠬᠤᠷᠢᠶᠠᠬᠤ ᠮᠡᠳᠡᠭᠦᠯᠦᠯᠲᠡ ᠵᠢᠨ ᠠᠭᠤᠯᠭ᠎ᠠ ᠪᠠ ᠭᠠᠵᠠᠷ᠎ᠤᠨ  ᠨᠡᠷᠡᠰ᠎ᠢ ᠳᠠᠩᠰᠠᠯᠠᠬᠤ᠂ ᠵᠠᠷᠯᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠷᠢᠯᠢᠭᠵᠢᠭᠤᠯᠵᠤ᠂ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠬᠠᠮᠢᠶ᠎ᠠ ᠪᠦᠬᠦᠢ ᠨᠡᠷᠡᠢ᠌ᠳᠦᠯ᠎ᠤᠨ ᠬᠡᠪᠴᠢᠶ᠎ᠡ ᠵᠢ ᠬᠣᠯᠪᠣᠭᠳᠠᠯ ᠪᠦᠬᠦᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠣᠳᠠᠲᠠᠢ ᠪᠠᠢ᠌ᠳᠠᠯ᠎ᠲᠠᠢ᠎ᠪᠠᠨ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠢᠵᠠᠭ᠋ᠠᠷ᠎ᠢ ᠦᠨᠳᠦᠰᠦᠯᠡᠨ ᠲᠣᠭᠲᠠᠭ᠋ᠠᠨ᠎ᠠ ᠭᠡᠵᠦ ᠲᠣᠭᠲᠠᠭ᠋ᠠᠵᠠᠢ᠃
ᠬᠣᠶᠠᠷ᠎ᠲᠤ᠂ ᠭᠠᠵᠠᠷ᠎ᠤᠨ ᠨᠡᠷᠡᠰ᠎ᠢ ᠬᠡᠷᠡᠭᠯᠡᠬᠦ᠃ 《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》᠎ᠳᠤ ᠭᠠᠵᠠᠷ᠎ᠤᠨ ᠨᠡᠷᠡᠰ᠎ᠢ ᠷᠣᠮᠠ ᠥᠰᠥᠭ ᠵᠶ᠋ᠡᠷ ᠠᠪᠢᠶᠠᠴᠢᠯᠠᠨ ᠪᠢᠴᠢᠬᠦ᠂ ᠭᠠᠵᠠᠷ᠎ᠤᠨ ᠨᠡᠷᠡᠰ᠎ᠤᠨ ᠬᠡᠷᠡᠭᠯᠡᠭᠡᠨ᠎ᠤ ᠥᠰᠥᠭ᠎ᠤᠨ ᠳᠠᠭᠤᠳᠠᠯᠭ᠎ᠠ ᠵᠢ ᠬᠢᠨᠠᠨ ᠲᠣᠭᠲᠠᠭ᠋ᠠᠬᠤ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ  ᠨᠡᠷᠡᠰ ᠪᠠ ᠭᠠᠳᠠᠭ᠋ᠠᠳᠤ ᠬᠡᠯᠡᠨ᠎ᠤ ᠭᠠᠵᠠᠷ᠎ᠤᠨ ᠨᠡᠷᠡᠰ᠎ᠢ ᠬᠢᠲᠠᠳ ᠥᠰᠥᠭ ᠵᠶ᠋ᠡᠷ ᠣᠷᠴᠢᠭᠤᠯᠤᠨ ᠪᠢᠴᠢᠬᠦ ᠪᠠ ᠪᠠᠷᠢᠮᠵᠢᠶᠠᠲᠤ ᠬᠢᠲᠠᠳ ᠥᠰᠥᠭ᠎ᠤᠨ ᠣᠷᠴᠢᠭᠤᠯᠭ᠎ᠠ ᠵᠢᠨ ᠨᠡᠷ᠎ᠡ ᠵᠢ ᠬᠡᠷᠡᠭᠯᠡᠬᠦ ᠵᠡᠷᠭᠡ ᠱᠠᠭ᠋ᠠᠷᠳᠠᠯᠭ᠎ᠠ ᠵᠢ ᠨᠠᠷᠢᠯᠢᠭᠵᠢᠭᠤᠯᠵᠤ᠂ ᠤᠯᠤᠰ᠎ᠤᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠬᠠᠮᠢᠶᠠᠷᠤᠯᠲᠠ᠂ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠠ ᠲᠣᠭ᠎ᠠ ᠪᠠᠷᠢᠮᠲᠠ ᠵᠢ ᠬᠠᠮᠢᠶᠠᠷᠬᠤ ᠵᠡᠷᠭᠡ ᠱᠠᠭ᠋ᠠᠷᠳᠠᠯᠭ᠎ᠠ ᠵᠢ ᠲᠣᠭᠲᠠᠭ᠋ᠠᠵᠤ᠂ ᠭᠠᠵᠠᠷ᠎ᠤᠨ  ᠨᠡᠷᠡᠰ᠎ᠤᠨ ᠲᠡᠮᠳᠡᠭ᠎ᠤᠨ ᠪᠠᠢ᠌ᠷᠢᠯᠠᠭᠤᠯᠤᠯᠲᠠ ᠪᠠ ᠬᠠᠮᠠᠭ᠋ᠠᠯᠠᠯᠲᠠ ᠵᠢᠨ ᠪᠣᠳᠠᠲᠠᠢ ᠠᠭᠤᠯᠭ᠎ᠠ ᠵᠢ ᠲᠣᠳᠣᠷᠬᠠᠢ᠌ᠯᠠᠭᠰᠠᠨ ᠪᠠᠢ᠌ᠨ᠎ᠠ᠃
ᠭᠤᠷᠪᠠ᠎ᠳᠤ᠂ ᠭᠠᠵᠠᠷ᠎ᠤᠨ  ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ᠃ 《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》᠎ᠳᠤ ᠭᠠᠵᠠᠷ᠎ᠤᠨ ᠨᠡᠷᠡᠰ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠭᠠᠵᠠᠷ᠎ᠤᠨ  ᠨᠡᠷᠡᠰ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢᠨ ᠲᠥᠷᠥᠯ ᠢᠯᠭ᠋ᠠᠯ᠂ ᠠᠭᠤᠯᠭ᠎ᠠ᠂ ᠨᠡᠢ᠌ᠲᠡᠯᠡᠬᠦ ᠵᠡᠷᠭᠡ ᠱᠠᠭ᠋ᠠᠷᠳᠠᠯᠭ᠎ᠠ ᠵᠢ ᠨᠠᠷᠢᠯᠢᠭᠵᠢᠭᠤᠯᠵᠤ᠂ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠭᠳᠠᠭᠰᠠᠨ ᠭᠠᠵᠠᠷ᠎ᠤᠨ ᠨᠡᠷᠡᠰ᠎ᠤᠨ ᠲᠡᠮᠳᠡᠭ ᠲᠠᠯᠪᠢᠬᠤ᠂ ᠰᠠᠯᠪᠤᠷᠢᠯᠠᠨ ᠨᠡᠷᠡᠢ᠌ᠳᠬᠦ᠂ ᠠᠮᠢᠳᠤᠯᠢᠭ ᠬᠡᠷᠡᠭᠯᠡᠬᠦ᠂ ᠰᠣᠶᠣᠯ᠎ᠤᠨ ᠪᠦᠲᠦᠭᠡᠭᠳᠡᠬᠦᠨ ᠦᠢ᠍ᠯᠡᠳᠬᠦ᠂ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠍᠎ᠪᠠᠷ ᠬᠠᠮᠠᠭ᠋ᠠᠯᠠᠨ ᠠᠰᠢᠭᠯᠠᠵᠤ ᠪᠣᠯᠣᠨ᠎ᠠ ᠭᠡᠵᠦ ᠲᠣᠭᠲᠠᠭ᠋ᠠᠵᠠᠢ᠃
ᠳᠥᠷᠪᠡ᠎ᠳᠤ᠂ ᠬᠢᠨᠠᠯᠲᠠ  ᠬᠠᠮᠢᠶᠠᠷᠤᠯᠳᠠ᠃ 《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》᠎ᠳᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠴᠢᠳᠠᠪᠤᠷᠢ ᠵᠢᠨ ᠪᠣᠳᠠᠲᠠᠢ ᠠᠭᠤᠯᠭ᠎ᠠ ᠵᠢ ᠲᠣᠭᠲᠠᠭ᠋ᠠᠪᠠ᠃   ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ᠎ᠳᠤ᠎ᠨᠢ ᠳᠠᠩᠰᠠᠯᠠᠭᠤᠯᠤᠭᠰᠠᠨ ᠦᠭᠡᠢ ᠲᠣᠭᠲᠠᠭ᠋ᠠᠯ᠎ᠠᠴᠠ ᠵᠥᠷᠢᠴᠡᠭᠰᠡᠨ  ᠠᠵᠢᠯᠯᠠᠭ᠎ᠠ᠎ᠳᠤ ᠴᠢᠭᠯᠡᠭᠦᠯᠦᠨ ᠰᠢᠢ᠍ᠳᠪᠦᠷᠢᠯᠡᠬᠦ ᠲᠠᠰ ᠳᠠᠷᠠᠭ᠋ᠠᠯᠠᠯ᠎ᠢ ᠤᠯᠠᠮ ᠲᠣᠳᠣᠷᠬᠠᠢ᠌ᠯᠠᠪᠠ᠃
ᠡᠭᠦᠨ᠎ᠠᠴᠠ ᠭᠠᠳᠠᠨ᠎ᠠ 《ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ》᠎ᠳᠤ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ᠂ ᠭᠠᠵᠠᠷ᠎ᠤᠨ ᠨᠡᠷᠡᠰ᠎ᠤᠨ ᠲᠤᠰᠬᠠᠢ ᠨᠡᠷ᠎ᠡ ᠪᠠ ᠲᠦᠭᠡᠮᠡᠯ ᠨᠡᠷ᠎ᠡ᠂ ᠭᠠᠵᠠᠷ᠎ᠤᠨ ᠨᠡᠷᠡᠰ᠎ᠤᠨ ᠰᠣᠶᠣᠯ᠎ᠤᠨ ᠥᠪ᠂ ᠲᠡᠦᠬᠡ ᠵᠢᠨ ᠭᠠᠵᠠᠷ᠎ᠤᠨ ᠨᠡᠷ᠎ᠡ ᠵᠡᠷᠭᠡ ᠤᠬᠠᠭᠳᠠᠬᠤᠨ᠎ᠢ ᠲᠠᠢ᠌ᠯᠪᠤᠷᠢᠯᠠᠨ ᠲᠣᠳᠣᠷᠬᠠᠢ᠌ᠯᠠᠭᠰᠠᠨ ᠪᠠᠢ᠌ᠨ᠎ᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠲᠤᠬᠠᠢ ᠮᠡᠳᠡᠭᠳᠡᠯ (ᠲᠡᠭᠡᠳᠤ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠲᠤᠬᠠᠢ ᠮᠡᠳᠡᠭᠳᠡᠯ (ᠲᠤᠤᠷᠠᠳᠤ)
 
            