ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠲᠤᠬᠠᠢ ᠮᠡᠳᠡᠭᠳᠡᠯ (ᠲᠡᠭᠡᠳᠤ)
ᠨᠡᠶᠢᠲᠡᠯᠡᠭᠰᠡᠨ ᠴᠠᠭ᠄ 2024-04-03

ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ᠎ᠬᠢᠨ᠎ᠳᠤ᠄
     ᠰᠢᠨ᠎ᠡ ᠴᠠᠭ ᠦᠶ᠎ᠡ ᠵᠢᠨ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠠᠬᠢᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ 《ᠤᠳᠤᠬᠢᠴᠢᠯᠠᠬᠰᠠᠨ ᠪᠦᠲᠦᠭᠡᠨ ᠪᠠᠢ᠌ᠭᠤᠯᠤᠯᠲᠠ ᠵᠢᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠬᠤ》 ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠬᠠᠩᠭ᠋ᠠᠯᠭ᠎ᠠ ᠵᠢ ᠦᠷᠭᠦᠯᠵᠢᠯᠡᠨ ᠥᠷᠭᠡᠳᠬᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠲᠤᠰᠬᠠᠢ ᠮᠡᠷᠭᠡᠵᠢᠯ᠎ᠤᠨ  ᠴᠢᠳᠠᠪᠤᠷᠢ ᠪᠠ ᠬᠠᠮᠢᠶᠠᠷᠤᠯᠲᠠ ᠦᠢ᠍ᠯᠡᠴᠢᠯᠡᠭᠡᠨ᠎ᠤ ᠲᠦᠪᠰᠢᠨ᠎ᠢ ᠲᠡᠭᠡᠭᠰᠢᠯᠡᠬᠦᠯᠵᠤ᠂ ᠰᠢᠯᠢᠳᠡᠭ ᠬᠡᠪ ᠴᠢᠨᠠᠷ ᠂ ᠲᠣᠭ᠎ᠠ ᠬᠡᠮᠵᠢᠶ᠎ᠡ᠎ᠪᠠᠷ ᠭᠦᠢ᠍ᠴᠡᠳ᠂ ᠪᠦᠲᠦᠴᠡ᠎ᠨᠢ ᠵᠣᠬᠢᠰᠲᠠᠢ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢ ᠪᠣᠶ ᠪᠣᠯᠭ᠋ᠠᠵᠤ᠂  ᠨᠠᠰᠤᠲᠠᠢ᠌ᠴᠤᠳ᠎ᠤᠨ ᠣᠯᠠᠨ ᠲᠠᠰ ᠳᠠᠪᠬᠤᠷᠭ᠎ᠠ ᠵᠢᠨ᠂ ᠲᠤᠰᠬᠠᠢ᠌ᠵᠢᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠬᠡᠢ ᠬᠠᠡᠭᠭ᠋ᠠᠬᠤ ᠵᠢᠨ ᠲᠦᠯᠤᠬᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠦᠷᠢᠮ》 ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠦᠨᠳᠦᠰᠦᠯᠡᠨ᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠨᠠᠰᠤᠵᠢᠯ᠎ᠤᠨ ᠦᠢ᠍ᠯᠡᠴᠢᠯᠡᠭᠡᠨ᠎ᠤ  ᠬᠦᠭᠵᠢᠬᠦᠯᠤᠯᠳᠡ ᠵᠢᠨ ᠲᠥᠯᠦᠪᠵᠢᠭᠦᠯᠭᠡ ᠪᠠ ᠭᠣᠣᠯᠳᠠᠯᠭ᠎ᠠ᠎ᠲᠠᠢ ᠡᠭᠦᠷᠭᠡ᠎ᠯᠦᠭᠡ ᠤᠶᠠᠯᠳᠤᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠪᠠᠢ᠌ᠭᠤᠯᠤᠯᠲᠠ ᠵᠢ ᠴᠢᠷᠮᠠᠢ᠌ᠨ ᠠᠬᠢᠭᠤᠯᠬᠤ ᠬᠡᠷᠡᠭᠳᠡᠢ᠃

ᠨᠢᠭᠡ᠂ ᠦᠨᠳᠦᠰᠦᠨ ᠵᠠᠷᠴᠢᠮ ᠪᠠ ᠬᠠᠷᠠᠯᠲᠠ ᠡᠭᠦᠷᠭᠡ

(ᠨᠢᠭᠡ) ᠦᠨᠳᠦᠰᠦᠨ ᠵᠠᠷᠴᠢᠮ

     ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠢᠳᠠᠪᠤᠷᠢ᠎ᠪᠠᠨ ᠲᠡᠭᠡᠭᠰᠢᠯᠡᠬᠦᠯᠬᠦ ᠬᠡᠷᠡᠭᠳᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢᠨ ᠬᠠᠨᠳᠤᠰᠢ ᠵᠢ ᠭᠦᠨᠵᠡᠭᠡᠢ ᠵᠠᠳᠠᠯᠤᠨ ᠮᠠᠭ᠋ᠠᠳᠯᠠᠵᠤ᠂ ᠥᠨᠳᠥᠷ᠂ ᠳᠤᠮᠳᠠ᠂ ᠳᠣᠣᠷ᠎ᠠ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢᠲᠠᠨ᠎ᠢ ᠬᠥᠮᠥᠵᠢᠭᠦᠯᠬᠦ ᠱᠠᠲᠤᠯᠵᠢᠨ ᠡᠩᠨᠡᠭᠡ ᠵᠢ ᠵᠦᠢ ᠵᠣᠬᠢᠰᠲᠠᠢ ᠲᠣᠭᠲᠠᠭ᠋ᠠᠵᠤ᠂ ᠬᠡᠷᠡᠭᠯᠡᠭᠡᠨ᠎ᠤ ᠬᠡᠯᠪᠡᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠴᠢᠭᠯᠡᠯ᠎ᠢ ᠪᠠᠷᠢᠮᠲᠠᠯᠠᠨ᠂  ᠨᠠᠰᠤᠲᠠᠢ᠌ᠴᠤᠳ᠎ᠤᠨ ᠲᠠᠰᠤᠷᠠᠯᠲᠠ ᠦᠭᠡᠢ ᠨᠡᠮᠡᠭᠳᠡᠵᠦ ᠪᠠᠢ᠌ᠭ᠎ᠠ ᠣᠯᠠᠨ ᠶᠠᠩᠵᠤ ᠵᠢᠨ᠂ ᠣᠯᠠᠨ ᠲᠠᠰ ᠳᠠᠪᠬᠤᠷᠭ᠎ᠠ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠲᠤᠰᠬᠠᠢ᠌ᠵᠢᠭᠰᠠᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠴᠢᠳᠠᠪᠤᠷᠢ ᠬᠡᠪ ᠴᠢᠨᠠᠷ᠎ᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ᠰᠠᠯᠠᠭ᠎ᠠ ᠮᠥᠴᠢᠷ᠎ᠤᠳ ᠬᠠᠮᠵᠢᠯᠴᠠᠨ᠂ ᠰᠢᠰᠲ᠋ᠧᠮ᠎ᠲᠠᠢ᠎ᠪᠠᠷ ᠠᠬᠢᠭᠤᠯᠬᠤ ᠵᠢ ᠪᠠᠷᠢᠮᠲᠠᠯᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠵᠡᠷᠬᠡ᠎ᠪᠠᠷ ᠠᠳᠬᠤᠨ ᠴᠤᠭ᠎ᠲᠤ᠎ᠪᠠᠨ ᠬᠠᠮᠢᠶᠠᠷᠬᠤ ᠠᠵᠢᠯ᠎ᠢ ᠠᠬᠢᠭᠤᠯᠬᠤ ᠲᠣᠭᠲᠠᠴᠠ ᠵᠢ ᠪᠠᠢ᠌ᠭᠤᠯᠵᠤ᠂ ᠠᠵᠢᠯ᠎ᠤᠨ  ᠬᠠᠮ ᠬᠦᠴᠦᠨ᠎ᠢ ᠪᠣᠶ ᠪᠣᠯᠭ᠋ᠠᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠰᠢᠰᠲ᠋ᠧᠮᠲᠦ᠂ ᠪᠦᠬᠦᠯᠢ ᠴᠣᠭᠴᠠᠲᠤ᠂ ᠵᠣᠬᠢᠴᠠᠯᠳᠤ ᠴᠢᠨᠠᠷ᠎ᠢ ᠨᠠᠩ ᠴᠢᠬᠤᠯᠠᠴᠢᠯᠠᠵᠤ᠂ ᠠᠵᠢᠯ᠎ᠤᠨ ᠦᠷ᠎ᠡ ᠪᠦᠲᠦᠮᠵᠢ ᠵᠢ ᠴᠢᠷᠮᠠᠢ᠌ᠨ ᠰᠢᠯᠢᠳᠡᠭᠵᠢᠭᠦᠯᠵᠦ᠂ ᠴᠢᠳᠠᠪᠤᠷᠢᠲᠠᠨ᠎ᠢ ᠬᠦᠮᠤᠵᠢᠬᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
    ᠲᠣᠭᠲᠠᠴᠠ ᠵᠢᠨ ᠰᠢᠨ᠎ᠡ ᠵᠢ ᠡᠭᠦᠳᠬᠦ᠂ ᠠᠭᠤᠰᠤᠯᠴᠠᠨ ᠬᠥᠭᠵᠢᠬᠦ ᠵᠢ ᠪᠠᠷᠢᠮᠲᠠᠯᠠᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠰᠢᠨᠡᠳᠬᠡᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠰᠢᠯᠵᠢᠬᠦ᠂ ᠬᠢᠨᠠᠯᠲᠠ ᠲᠠᠯᠪᠢᠬᠤ᠂ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ  ᠵᠦᠪᠰᠢᠶᠡᠷᠡᠯ ᠦᠭᠭᠦ ᠪᠠᠷᠢᠮᠵᠢᠶ᠎ᠠ ᠵᠢ ᠪᠠᠭᠤᠷᠠᠭᠤᠯᠵᠤ᠂ ᠣᠷᠣᠯᠴᠠᠬᠤ ᠠᠷᠭ᠎ᠠ ᠵᠠᠮ᠎ᠢ ᠥᠷᠭᠡᠳᠬᠡᠨ᠂ ᠠᠳᠠᠯ ᠠᠬᠤᠢ᠂ ᠭᠡᠷ᠎ᠤᠨ ᠶᠠᠪᠤᠳᠠᠯ᠂ ᠡᠮᠴᠢᠯᠡᠭᠡ ᠵᠡᠷᠭᠡ ᠠᠵᠢᠯ ᠲᠥᠷᠥᠯ᠎ᠤᠨ ᠠᠵᠢᠯ ᠡᠷᠬᠢᠯᠡᠭᠰᠡᠳ᠎ᠤᠨ ᠨᠠᠰᠤᠵᠢᠯ᠎ᠤᠨ ᠦᠢ᠍ᠯᠡᠴᠢᠯᠡᠭᠡᠨ᠎ᠳᠤ ᠣᠷᠣᠯᠴᠠᠬᠤ ᠵᠢ   ᠲᠠᠢ᠌ᠴᠢᠯᠠᠨ᠂ ᠲᠤᠰᠬᠠᠢ ᠲᠤᠰᠢᠶᠠᠯᠲᠤ᠂ ᠲᠤᠰᠢᠶᠠᠯ ᠬᠠᠪᠰᠤᠷᠭ᠋ᠠᠭᠰᠠᠨ ᠪᠠ ᠰᠠᠢ᠌ᠨ  ᠲᠤᠷᠠᠴᠤᠤᠯ᠎ᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢ ᠲᠦᠷᠭᠡᠨ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠬᠡᠪᠴᠢᠶ᠎ᠡ ᠵᠢ ᠨᠠᠰᠤᠵᠢᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢᠨ  ᠲᠦᠪᠰᠢᠨ᠎ᠯᠦᠭᠡ ᠬᠠᠷᠢᠯᠴᠠᠨ ᠵᠣᠬᠢᠴᠠᠭᠤᠯᠬᠤ ᠠᠵᠢᠯ᠎ᠢ ᠴᠢᠷᠮᠠᠢ᠌ᠨ ᠠᠬᠢᠭᠤᠯᠬᠤ ᠬᠡᠷᠡᠭᠳᠡᠢ᠃

(ᠬᠣᠶᠠᠷ) ᠠᠵᠢᠯ᠎ᠤᠨ ᠡᠭᠦᠷᠭᠡ

    2024 ᠣᠨ᠎ᠤ ᠰᠡᠭᠦᠯᠴᠢ ᠪᠣᠯᠬᠤ᠎ᠳᠤ ᠪᠥᠬᠥ ᠣᠷᠣᠨ᠎ᠤ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠳᠦᠷᠢᠮ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠢ ᠪᠣᠯᠪᠠᠰᠤᠷᠠᠭᠤᠯᠬᠤ ᠳᠦᠷᠢᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠨ᠎ᠡ᠃ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠣᠯᠬᠤ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠬᠥᠭᠵᠢᠯᠲᠡ ᠳᠠᠪᠰᠢᠯᠲᠠ ᠵᠢ ᠳᠡᠮᠵᠢᠬᠦ ᠲᠥᠷᠥ ᠵᠢᠨ ᠪᠣᠳᠣᠯᠭ᠎ᠠ ᠬᠠᠤᠯᠢ ᠴᠠᠭ᠋ᠠᠵᠠ ᠵᠢᠨ ᠣᠷᠴᠢᠨ ᠲᠣᠭᠣᠷᠢᠨ᠂ ᠨᠡᠢ᠌ᠭᠡᠮ᠎ᠤᠨ᠎ᠬᠢᠨ᠎ᠳᠤ ᠮᠡᠳᠡᠷᠡᠭᠳᠡᠭᠰᠡᠨ ᠣᠷᠴᠢᠨ ᠲᠣᠭᠣᠷᠢᠨ ᠪᠠ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠨᠠᠩ ᠪᠣᠯᠪᠠᠰᠤᠷᠠᠩᠭᠤᠢ ᠪᠣᠯᠭ᠋ᠠᠵᠤ᠂ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠰᠣᠷᠣᠭᠴᠢ ᠡᠯᠰᠡᠬᠦ ᠬᠡᠪᠴᠢᠶ᠎ᠡ ᠵᠢ ᠦᠷᠭᠦᠯᠵᠢᠯᠡᠨ ᠨᠡᠮᠡᠭᠳᠡᠭᠦᠯᠦᠨ᠎ᠡ᠃ ᠡᠯ᠎ᠡ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠡᠷᠭᠢᠯᠡᠵᠦ ᠪᠠᠢ᠌ᠭ᠎ᠠ ᠲᠤᠰᠬᠠᠢ ᠮᠡᠷᠭᠡᠵᠢᠯ᠎ᠤᠨ ᠠᠵᠢᠯᠲᠠᠨ᠎ᠤ ᠲᠣᠭ᠎ᠠ ᠵᠢ 1 ᠲᠦᠮᠡ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠂ ᠡᠭᠦᠨ᠎ᠳᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ ᠵᠶ᠋ᠠᠷ ᠲᠣᠭᠲᠠᠭ᠋ᠠᠭᠰᠠᠨ᠎ᠨᠢ 5000 ᠬᠥᠮᠥᠨ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃
 
  ᠬᠤᠶᠠᠷ᠂ ᠠᠵᠢᠯ᠎ᠤᠨ ᠠᠷᠭ᠎ᠠ
    
     (ᠭᠤᠷᠪᠠ) ᠨᠠᠰᠤᠵᠢᠯ᠎ᠤᠨ ᠠᠰᠠᠷᠠᠭᠴᠢ ᠵᠢ  ᠪᠣᠯᠪᠠᠰᠤᠷᠠᠭᠤᠯᠬᠤ ᠠᠵᠢᠯ᠎ᠢ ᠴᠢᠩᠭ᠋ᠠᠷᠠᠭᠤᠯᠤᠨ᠎ᠠ᠃ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠣᠰ ᠭᠠᠵᠠᠷ ᠣᠷᠣᠨ᠎ᠤ᠎ᠪᠠᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠨᠠᠰᠤᠵᠢᠯ᠎ᠤᠨ ᠠᠰᠠᠷᠠᠭᠴᠢ ᠵᠢ ᠪᠣᠯᠪᠠᠰᠤᠷᠠᠭᠤᠯᠬᠤ ᠲᠥᠯᠥᠪᠯᠡᠭᠡ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃ ᠠᠵᠢᠯ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠪᠣᠳᠠᠲᠠᠢ ᠠᠵᠢᠯᠯᠠᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠂ ᠶᠡᠷᠦᠩᠬᠡᠢ᠌ᠯᠡᠭᠰᠡᠨ ᠠᠵᠢᠯ ᠮᠡᠷᠭᠡᠵᠢᠯ᠎ᠤᠨ ᠬᠡᠪ ᠴᠢᠨᠠᠷ᠎ᠤᠨ ᠬᠥᠮᠦᠵᠢᠯ᠎ᠢ ᠴᠢᠩᠭ᠋ᠠᠷᠠᠭᠤᠯᠤᠨ᠂ ᠠᠵᠢᠯ᠎ᠤᠨ ᠪᠠᠢ᠌ᠷᠢ᠎ᠳᠤ ᠪᠠᠢ᠌ᠭ᠎ᠠ ᠨᠠᠰᠤᠵᠢᠯ᠎ᠤᠨ ᠠᠰᠠᠷᠠᠭᠴᠢ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠦᠨ᠎ᠡ᠃ ᠪᠣᠯᠪᠠᠰᠤᠷᠠᠯ᠎ᠳᠤ 《ᠨᠠᠰᠤᠵᠢᠯ᠎ᠤᠨ ᠠᠰᠠᠷᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠷᠢᠮᠵᠢᠶ᠎ᠠ》 ᠪᠠ ᠠᠵᠢᠯ᠎ᠤᠨ ᠪᠠᠢ᠌ᠷᠢ ᠵᠢᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠣᠭᠲᠠᠭ᠋ᠠᠭᠰᠠᠨ ᠪᠣᠯᠪᠠᠰᠤᠷᠠᠯ᠎ᠤᠨ ᠬᠢᠴᠢᠶᠡᠯ᠎ᠤᠨ ᠴᠠᠭ ᠪᠠ ᠠᠭᠤᠯᠭ᠎ᠠ ᠵᠢᠨ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃ ᠡᠯ᠎ᠡ ᠭᠠᠵᠠᠷ᠎ᠤᠨ ᠡᠳ᠋᠎ᠤᠨ ᠵᠠᠰᠠᠭ᠎ᠤᠨ ᠪᠡᠯᠡ ᠮᠥᠩᠭᠥ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠂ ᠨᠢᠭᠦᠯᠡᠰᠦᠩᠭᠦᠢ ᠵᠢᠨ ᠬᠠᠨᠳᠢᠪᠯᠡᠯ ᠪᠠ ᠬᠤᠪᠢ ᠬᠥᠮᠥᠨ ᠵᠠᠷᠤᠳᠠᠯ ᠲᠤᠰᠢᠶᠠᠬᠤ ᠵᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠬᠤ ᠵᠢ ᠵᠣᠷᠢᠭᠵᠢᠭᠤᠯᠵᠤ᠂ ᠰᠤᠪᠢᠯᠠᠭᠴᠢ ᠵᠢᠨ ᠪᠣᠯᠪᠠᠰᠤᠷᠠᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃ 《ᠢᠨᠲ᠋ᠧᠷ ᠰᠦᠯᠵᠢᠶ᠎ᠡ + ᠪᠣᠯᠪᠠᠰᠤᠷᠠᠯ》᠎ᠤᠨ ᠰᠢᠨ᠎ᠡ ᠵᠠᠭᠪᠤᠷ᠎ᠢ ᠬᠥᠭᠵᠢᠭᠦᠯᠵᠦ᠂ ᠨᠠᠰᠤᠵᠢᠯ᠎ᠤᠨ ᠠᠰᠠᠷᠠᠭᠴᠢ ᠵᠢᠨ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠬᠢᠴᠢᠶᠡᠯ᠎ᠢ ᠨᠡᠭᠡᠭᠡᠨ᠂ ᠨᠠᠰᠤᠵᠢᠯ᠎ᠤᠨ ᠠᠰᠠᠷᠠᠭᠴᠢ ᠵᠢᠨ ᠴᠠᠭ᠂ ᠤᠳᠠᠭ᠎ᠠ ᠬᠤᠪᠢᠶᠠᠵᠤ᠂ᠠᠮᠢᠳᠤᠯᠢᠭ ᠪᠣᠯᠪᠠᠰᠤᠷᠠᠯ᠎ᠤᠨ ᠬᠡᠷᠡᠭᠴᠡᠭᠡ ᠵᠢ ᠬᠠᠩᠭ᠋ᠠᠨ᠎ᠠ᠃
    (ᠳᠥᠷᠪᠡ) ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ ᠲᠣᠭᠲᠠᠭ᠋ᠠᠬᠤ ᠠᠵᠢᠯ᠎ᠢ ᠳᠡᠯᠭᠡᠷᠡᠭᠦᠯᠦᠨ᠎ᠡ᠃ ᠨᠥᠬᠥᠴᠡᠯ᠎ᠳᠤ ᠨᠡᠢ᠌ᠴᠡᠬᠦ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠲᠠᠰ ᠲᠣᠭᠲᠠᠭ᠋ᠠᠬᠤ᠎ᠳᠤ ᠣᠷᠣᠯᠴᠠᠬᠤ ᠵᠢ ᠵᠣᠷᠢᠭᠵᠢᠭᠤᠯᠵᠤ᠂ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠦᠨ᠂ 2024 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠵᠠᠷᠴᠢᠮ ᠳᠡᠭᠡᠷ᠎ᠡ᠎ᠪᠠᠨ ᠨᠠᠰᠤᠵᠢᠯ᠎ᠤᠨ ᠠᠰᠠᠷᠠᠭᠴᠢ᠎ᠲᠠᠢ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠣᠯᠭᠣᠮᠵᠢ ᠵᠢ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠲᠠᠰ᠎ᠤᠨ ᠦᠨᠡᠮᠯᠡᠯ ᠵᠶ᠋ᠡᠷ ᠦᠨᠳᠦᠰᠦᠯᠡᠯ ᠪᠣᠯᠭ᠋ᠠᠬᠤ ᠬᠡᠷᠡᠭᠲᠡᠢ᠃ ᠰᠤᠪᠢᠯᠠᠯᠲᠠ ᠵᠢᠨ ᠤᠬᠠᠭ᠋ᠠᠨ᠂ ᠡᠷᠡᠭᠦᠯᠵᠢᠭᠦᠯᠬᠦ ᠡᠮᠴᠢᠯᠡᠭᠡᠨ᠎ᠤ ᠮᠡᠷᠭᠡᠵᠢᠯ᠂ ᠬᠢᠲᠠᠳ ᠮᠣᠩᠭᠣᠯ ᠡᠮᠨᠡᠯᠭᠡ ᠵᠢᠨ ᠰᠤᠪᠢᠯᠠᠯᠲᠠ ᠡᠷᠡᠭᠦᠯᠵᠢᠯ ᠵᠡᠷᠭᠡ ᠬᠠᠮᠢᠶ᠎ᠠ ᠪᠦᠬᠦᠢ ᠡᠮᠴᠢᠯᠡᠭᠡᠨ᠎ᠤ ᠲᠤᠰᠬᠠᠢ ᠮᠡᠷᠭᠡᠵᠢᠯ᠎ᠠᠴᠠ ᠲᠡᠭᠦᠰᠦᠭᠰᠡᠳ᠎ᠤᠨ ᠨᠠᠰᠤᠵᠢᠯ᠎ᠤᠨ ᠰᠤᠪᠢᠯᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ ᠲᠣᠭᠲᠠᠭ᠋ᠠᠬᠤ᠎ᠳᠤ ᠣᠷᠣᠯᠴᠠᠬᠤ ᠵᠢ ᠵᠣᠷᠢᠭᠵᠢᠭᠤᠯᠤᠨ᠂ ᠨᠠᠰᠤᠲᠠᠢ᠌ᠴᠤᠳ᠎ᠲᠤ ᠦᠢ᠍ᠯᠡᠴᠢᠯᠡᠬᠦ ᠬᠠᠮᠢᠶ᠎ᠠ ᠪᠦᠬᠦᠢ ᠠᠵᠢᠯ᠎ᠢ ᠬᠢᠯᠭᠡᠨ᠎ᠡ᠃ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢ ᠦᠨᠡᠯᠡᠬᠦ ᠪᠠᠢ᠌ᠭᠤᠯᠤᠮᠵᠢ ᠵᠢᠨ ᠬᠦᠭᠵᠢᠬᠦᠯᠤᠯᠳᠡ ᠵᠢ ᠵᠢᠷᠤᠮᠵᠢᠭᠤᠯᠵᠤ᠂ ᠨᠠᠰᠤᠵᠢᠯ᠎ᠤᠨ ᠪᠠᠢ᠌ᠭᠤᠯᠤᠮᠵᠢ᠂ ᠨᠠᠰᠤᠵᠢᠯ᠎ᠤᠨ  ᠦᠢ᠍ᠯᠡᠴᠢᠯᠡᠭᠡᠨ᠎ᠤ ᠠᠵᠢᠯ ᠲᠥᠷᠥᠯ᠎ᠤᠨ ᠨᠡᠢ᠌ᠭᠡᠮᠯᠢᠭ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ) ᠵᠢ ᠵᠢᠯᠤᠭᠣᠳᠴᠤ ᠪᠠᠢ᠌ᠭ᠋ᠠᠳ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠦᠨᠡᠯᠡᠯᠲᠡ ᠵᠢᠨ ᠪᠠᠢ᠌ᠭᠤᠯᠤᠮᠵᠢ ᠨᠡᠢ᠌ᠭᠡᠮ᠎ᠳᠤ ᠬᠠᠨᠳᠤᠭᠤᠯᠤᠨ ᠠᠵᠢᠯ ᠮᠡᠷᠭᠡᠵᠢᠯ᠎ᠤᠨ  ᠴᠢᠳᠠᠪᠤᠷᠢ ᠵᠢᠨ ᠳᠡᠰ ᠲᠣᠭᠲᠠᠭ᠋ᠠᠬᠤ ᠠᠵᠢᠯ᠎ᠢ ᠥᠷᠨᠢᠭᠦᠯᠵᠦ᠂ 2024 ᠣᠨ᠎ᠤ ᠵᠢᠯ᠎ᠤᠨ ᠡᠴᠦᠰ᠎ᠠᠴᠠ ᠡᠮᠦᠨ᠎ᠡ ᠠᠢ᠌ᠮᠠᠭ ᠬᠣᠲᠠ ᠨᠢᠬᠡ ᠪᠦᠷᠢ ᠳᠡᠭᠡᠳᠦ ᠰᠤᠷᠭ᠋ᠠᠭᠤᠯᠢ ᠵᠢᠨ ᠰᠣᠷᠣᠭᠴᠢ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ ᠪᠠ ᠡᠯ᠎ᠡ ᠲᠥᠷᠥᠯ᠎ᠤᠨ ᠨᠡᠢ᠌ᠭᠡᠮ᠎ᠤᠨ ᠠᠵᠢᠯᠲᠠᠨ᠎ᠳᠤ ᠬᠠᠨᠳᠤᠭᠤᠯᠤᠨ ᠨᠠᠰᠤᠵᠢᠯ᠎ᠤᠨ ᠰᠤᠪᠢᠯᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ ᠲᠣᠭᠲᠠᠭ᠋ᠠᠬᠤ ᠬᠦᠨᠳᠡᠯᠡᠨ᠎ᠤ ᠲᠤᠰᠬᠠᠢ ᠮᠡᠷᠭᠡᠵᠢᠯ᠎ᠤᠨ ᠪᠠᠢ᠌ᠭᠤᠯᠤᠮᠵᠢ ᠵᠢ ᠨᠠᠭ᠋ᠠᠲᠤ ᠵᠠᠬ᠎ᠠ᠎ᠳᠤ᠎ᠪᠠᠨ 1 ᠮᠡᠳᠡᠬᠦᠯᠵᠤ ᠵᠦᠪᠰᠢᠶᠡᠷᠡᠬᠦᠯᠦᠭᠰᠠᠨ ᠪᠠᠢ᠌ᠬᠤ ᠬᠡᠷᠡᠭᠳᠡᠢ᠃
     (ᠲᠠᠪᠤ) ᠨᠠᠰᠤᠵᠢᠯ᠎ᠤᠨ ᠠᠰᠠᠷᠠᠭᠴᠢ ᠵᠢᠨ ᠲᠥᠷᠥ ᠵᠢᠨ ᠪᠣᠳᠣᠯᠭ᠎ᠠ ᠵᠢᠨ ᠣᠯᠭᠣᠮᠵᠢ ᠵᠢ ᠨᠠᠢ᠌ᠳᠠᠪᠤᠷᠢᠵᠢᠭᠤᠯᠤᠨ᠎ᠠ᠃ ᠡᠯ᠎ᠡ ᠭᠠᠵᠠᠷ᠎ᠤᠨ᠎ᠬᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠦᠨᠡᠯᠡᠯᠲᠡ ᠵᠢᠨ ᠪᠠᠢ᠌ᠭᠤᠯᠤᠮᠵᠢ ᠵᠢᠨ ᠣᠯᠭᠣᠭᠰᠠᠨ ᠠᠩᠬ᠎ᠠ ᠵᠡᠷᠭᠡ ᠵᠢᠨ᠂ ᠳᠤᠮᠳᠠ ᠵᠡᠷᠭᠡ ᠵᠢᠨ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠲᠠᠰ᠎ᠤᠨ ᠦᠨᠡᠮᠯᠡᠯ ᠣᠯᠣᠭᠰᠠᠨ ᠨᠠᠰᠤᠵᠢᠯ᠎ᠤᠨ ᠠᠰᠠᠷᠠᠭᠴᠢ᠎ᠳᠤ 《ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠢ ᠲᠦᠷᠬᠡᠨ ᠬᠥᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭ᠋ᠠᠭᠰᠠᠨ [2014] 57 ᠳ᠋ᠤᠭ᠋ᠠᠷ ᠲᠣᠭ᠋ᠠᠲᠤ)᠎ᠤᠨ ᠶᠣᠰᠣᠭ᠋ᠠᠷ ᠤᠨᠴᠠᠭ᠋ᠠᠢ ᠠᠵᠢᠯ᠎ᠤᠨ ᠪᠠᠢ᠌ᠷᠢ ᠵᠢᠨ ᠨᠦᠬᠦᠪᠤᠷᠢ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠨᠠᠰᠤᠵᠢᠯ᠎ᠤᠨ ᠰᠤᠪᠢᠯᠠᠯᠲᠠ ᠵᠢ ᠥᠪᠥᠷ ᠮᠣᠩᠭᠣᠯ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠵᠦᠢ᠍ᠯ᠎ᠳᠤ ᠣᠷᠣᠭᠤᠯᠵᠤ᠂ ᠱᠠᠩᠨᠠᠯ ᠬᠦᠷᠲᠡᠭᠰᠡᠳ᠎ᠲᠤ ᠲᠣᠭᠲᠠᠭ᠋ᠠᠯ ᠶᠣᠰᠣᠭ᠋ᠠᠷ ᠢᠷᠠᠭᠤ ᠠᠯᠳᠠᠷ᠎ᠤᠨ ᠴᠣᠯᠠ᠂ ᠪᠣᠳᠠᠰ᠎ᠤᠨ ᠱᠠᠩᠨᠠᠯ᠂ ᠲᠤᠰᠢᠶᠠᠯ᠎ᠤᠨ ᠲᠠᠰ ᠳᠡᠪᠰᠢᠬᠦ ᠵᠡᠷᠭᠡ ᠣᠯᠭᠣᠮᠵᠢ ᠵᠢ ᠬᠦᠷᠲᠡᠭᠡᠨ᠎ᠡ᠃ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠲᠠᠰ ᠳᠡᠪᠰᠢᠬᠦ ᠵᠠᠮ᠎ᠢ ᠲᠡᠭᠦᠯᠳᠡᠷᠵᠢᠭᠦᠯᠦᠨ ᠰᠠᠭ᠋ᠠᠳ ᠦᠭᠡᠢ ᠨᠠᠪᠲᠠᠷᠡᠭᠦᠯᠵᠦ᠂ ᠨᠠᠰᠤᠵᠢᠯ᠎ᠤᠨ ᠪᠠᠢ᠌ᠭᠤᠯᠤᠮᠵᠢ ᠵᠢᠨ ᠡᠮᠦᠨ᠎ᠡ ᠹᠷᠣᠨᠲ᠎ᠤᠨ ᠨᠠᠰᠤᠵᠢᠯ᠎ᠤᠨ ᠠᠰᠠᠷᠠᠭᠴᠢ ᠵᠢᠨ ᠳᠣᠲᠣᠷ᠎ᠠ᠎ᠠᠴᠠ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠢ ᠰᠣᠩᠭᠣᠬᠤ ᠵᠢ ᠵᠣᠷᠢᠭᠵᠢᠭᠤᠯᠵᠤ᠂ ᠨᠠᠰᠤᠵᠢᠯ᠎ᠤᠨ ᠠᠰᠠᠷᠠᠭᠴᠢ ᠵᠢᠨ ᠲᠤᠰᠢᠶᠠᠯ ᠳᠡᠪᠰᠢᠬᠦ ᠵᠣᠬᠢᠰᠲᠠᠢ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃
    (ᠵᠢᠷᠭᠤᠭ᠎ᠠ) ᠨᠠᠰᠤᠵᠢᠯ᠎ᠤᠨ ᠪᠠᠢ᠌ᠭᠤᠯᠤᠮᠵᠢ ᠵᠢᠨ ᠡᠮᠴᠢ ᠰᠤᠪᠢᠯᠠᠭᠴᠢ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ  ᠲᠡᠳᠬᠦᠪᠤᠷᠢ᠎ᠳᠤ ᠭᠠᠷᠤᠭᠰᠠᠨ ᠡᠮᠴᠢ ᠰᠤᠪᠢᠯᠠᠭᠴᠢᠳ᠎ᠤᠨ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠᠢ᠌ᠭᠤᠯᠤᠮᠵᠢ᠎ᠳᠤ᠎ᠬᠢ ᠡᠮᠴᠢᠯᠡᠭᠡᠨ᠎ᠤ ᠪᠠᠢ᠌ᠭᠤᠯᠤᠮᠵᠢ᠎ᠳᠤ ᠠᠵᠢᠯᠯᠠᠬᠤ ᠵᠢ ᠵᠣᠷᠢᠭᠵᠢᠭᠤᠯᠵᠤ᠂ ᠲᠡᠳᠡᠨ᠎ᠤ ᠠᠵᠢᠯ ᠮᠡᠷᠭᠡᠵᠢᠯ᠎ᠤᠨ ᠲᠥᠷᠥᠯ ᠢᠯᠭ᠋ᠠᠯ᠂ ᠬᠦᠷᠢᠶ᠎ᠡ ᠬᠡᠪᠴᠢᠶ᠎ᠡ ᠵᠢ ᠬᠤᠪᠢᠷᠠᠭᠤᠯᠬᠤ ᠦᠭᠡᠢ ᠪᠠᠢ᠌ᠯᠭ᠋ᠠᠨ᠎ᠠ᠃ ᠠᠵᠢᠯ ᠮᠡᠷᠭᠡᠵᠢᠯ᠎ᠤᠨ ᠡᠮᠴᠢ᠂ ᠳᠠᠩᠰᠠᠯᠠᠭᠤᠯᠤᠭᠰᠠᠨ ᠰᠤᠪᠢᠯᠠᠭᠴᠢ ᠵᠢᠨ ᠨᠠᠰᠤᠵᠢᠯ᠎ᠤᠨ  ᠪᠠᠢ᠌ᠭᠤᠯᠤᠮᠵᠢ ᠵᠢᠨ ᠳᠣᠲᠣᠭ᠋ᠠᠳᠤ᠎ᠳᠤ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠣᠯᠠᠨ ᠴᠡᠭ᠎ᠲᠤ ᠣᠴᠢᠵᠤ ᠠᠵᠢᠯ ᠡᠷᠭᠢᠯᠡᠬᠦ ᠵᠢ ᠵᠣᠷᠢᠭᠵᠢᠭᠤᠯᠵᠤ᠂ ᠨᠠᠰᠤᠵᠢᠯ᠎ᠤᠨ ᠪᠠᠢ᠌ᠭᠤᠯᠤᠮᠵᠢ᠎ᠳᠤ᠎ᠬᠢ ᠡᠮᠨᠡᠯᠭᠡ ᠵᠢᠨ ᠠᠵᠢᠯᠲᠠᠳ᠎ᠨᠢ ᠪᠤᠰᠤᠳ ᠡᠮᠴᠢᠯᠡᠭᠡᠨ᠎ᠤ ᠪᠠᠢ᠌ᠭᠤᠯᠤᠮᠵᠢ ᠵᠢᠨ ᠡᠮᠨᠡᠯᠭᠡ ᠵᠢᠨ ᠠᠵᠢᠯᠲᠠᠳ᠎ᠯᠤᠭ᠎ᠠ ᠮᠡᠷᠭᠡᠵᠢᠯ᠎ᠤᠨ ᠴᠣᠯᠠ ᠲᠣᠭᠲᠠᠭ᠋ᠠᠬᠤ᠂ ᠲᠤᠰᠬᠠᠢ ᠮᠡᠷᠭᠡᠵᠢᠯ᠎ᠤᠨ ᠠᠵᠢᠯᠲᠠᠨ᠎ᠢ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠵᠡᠷᠭᠡ ᠠᠳᠠᠯᠢ ᠲᠡᠭᠰᠢ ᠣᠯᠭᠣᠮᠵᠢ ᠵᠢ ᠬᠦᠷᠲᠡᠭᠡᠨ᠎ᠡ᠃ ᠡᠮᠨᠡᠬᠦ ᠪᠠ ᠰᠤᠪᠢᠯᠠᠬᠤ ᠵᠢ ᠤᠶᠠᠯᠳᠤᠭᠤᠯᠬᠤ ᠪᠠᠢ᠌ᠭᠤᠯᠤᠮᠵᠢ᠎ᠨᠢ ᠡᠮᠨᠡᠯᠭᠡ ᠵᠢᠨ ᠠᠵᠢᠯᠲᠠᠨ᠎ᠳᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠬᠠᠩᠭ᠋ᠠᠬᠤ ᠨᠥᠬᠥᠴᠡᠯ᠎ᠢ ᠪᠦᠷᠢᠳᠦᠭᠦᠯᠦᠭᠰᠡᠨ ᠦᠭᠡᠢ ᠪᠤᠯ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠲᠥᠪᠯᠡᠷᠡᠭᠦᠯᠦᠨ ᠪᠣᠯᠪᠠᠰᠤᠷᠠᠭᠤᠯᠤᠨ᠎ᠠ᠃ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᢭᠎ᠤᠨ ᠠᠵᠢᠯᠲᠠᠨ᢭ ᠢ ᠨᠡᠢ᠌ᠭᠡᠮ ᠲᠣᠭᠣᠷᠢᠭ ᠪᠤᠶᠤ ᠰᠤᠮᠤ ᠰᠢᠶᠠᠩ ᠪᠠᠯᠭ᠋ᠠᠰᠤ ᠵᠢᠨ ᠡᠷᠬᠢᠯᠡᠭᠰᠡᠨ ᠨᠠᠰᠤᠵᠢᠯ᠎ᠤᠨ ᠪᠠᠢ᠌ᠭᠤᠯᠤᠮᠵᠢ᠎ᠳᠤ ᠤᠷᠢᠨ ᠲᠣᠮᠢᠯᠠᠵᠤ᠂ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠨᠥᠬᠥᠴᠡᠯ᠎ᠤᠨ ᠱᠠᠭ᠋ᠠᠷᠳᠠᠯᠭ᠎ᠠ᢭᠎ᠲᠤ  ᠨᠡᠢ᠌ᠴᠡᠪᠡᠯ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᢭ ᠢ ᠭᠤᠶᠤᠴᠢᠯᠠᠵᠤ ᠪᠣᠯᠣᠨ᠎ᠠ᠃
    (ᠳᠣᠯᠣᠭ᠎ᠠ) ᠨᠠᠰᠤᠵᠢᠯ᠎ᠤᠨ ᠦᠢ᠍ᠯᠡᠴᠢᠯᠡᠭᠡᠨ᠎ᠤ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠨᠠᠰᠤᠵᠢᠯ᠎ᠤᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠰᠤᠵᠢᠯ᠎ᠤᠨ ᠪᠠᠢ᠌ᠭᠤᠯᠤᠮᠵᠢ ᠵᠢᠨ ᠠᠵᠢᠯᠲᠠᠨ᠎ᠤ ᠠᠵᠢᠯ᠎ᠤᠨ ᠪᠠᠢ᠌ᠷᠢ ᠵᠢᠨ ᠪᠦᠲᠦᠴᠡ ᠵᠢ ᠵᠣᠬᠢᠰᠲᠠᠢ ᠰᠢᠯᠢᠳᠡᠭᠵᠢᠭᠦᠯᠦᠨ᠂ ᠨᠠᠰᠤᠵᠢᠯ᠎ᠤᠨ ᠪᠠᠢ᠌ᠭᠤᠯᠤᠮᠵᠢ ᠵᠢᠨ ᠡᠷᠡᠭᠦᠯᠵᠢᠭᠦᠯᠬᠦ ᠡᠮᠴᠢᠯᠡᠭᠡ᠂ ᠣᠯᠠᠨ ᠨᠡᠶ᠋ᠢᠲᠡ ᠵᠢᠨ ᠰᠢᠮ᠎ᠡ ᠲᠡᠵᠢᠭᠡᠯ᠂ ᠴᠢᠳᠠᠪᠤᠷᠢ ᠵᠢ ᠦᠨᠡᠯᠡᠬᠦ᠂  ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠪᠠᠭᠲᠠᠨ᠎ᠠ) ᠵᠢ ᠵᠤᠷᠢᠬ᠍ᠵᠢᠭᠤᠯᠵᠤ ᠪᠠᠢ᠌ᠭ᠋ᠠᠳ ᠰᠤᠪᠢᠯᠠᠬᠤ᠂ ᠨᠠᠰᠤᠲᠠᠢ᠌ᠴᠤᠳ᠎ᠤᠨ ᠦᠢ᠍ᠯᠡᠴᠢᠯᠡᠭᠡ ᠬᠢᠭᠡᠳ ᠬᠠᠮᠢᠶᠠᠷᠤᠯᠲᠠ᠂ ᠡᠷᠡᠭᠦᠯ ᠮᠡᠨᠳᠦ ᠵᠢᠨ ᠬᠠᠮᠢᠶᠠᠷᠤᠯᠲᠠ᠂ ᠡᠮᠨᠡᠬᠦ ᠰᠤᠪᠢᠯᠠᠬᠤ ᠬᠠᠷᠠᠭ᠋ᠠᠯᠵᠠᠨ ᠠᠰᠠᠷᠠᠬᠤ ᠬᠢᠭᠡᠳ ᠬᠠᠮᠢᠶᠠᠷᠤᠯᠲᠠ᠂ ᠨᠡᠢ᠌ᠭᠡᠮ᠎ᠤᠨ ᠠᠵᠢᠯ ᠵᠡᠷᠭᠡ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠪᠠᠴᠢᠮ ᠬᠡᠷᠡᠭᠰᠡᠬᠦ ᠡᠮᠨᠡᠬᠦ ᠰᠤᠪᠢᠯᠠᠬᠤ ᠰᠤᠪᠢᠯᠠᠬᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠠᠨᠳᠤᠯᠭ᠎ᠠ᠎ᠲᠠᠢ᠎ᠪᠠᠷ ᠨᠠᠢ᠌ᠳᠠᠨ ᠬᠥᠮᠥᠵᠢᠭᠦᠯᠦᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠤ᠎ᠬᠢ 《1+X》 ᠦᠨᠡᠮᠯᠡᠯ᠎ᠤᠨ ᠳᠦᠷᠢᠮ᠎ᠤᠨ ᠲᠤᠷᠰᠢᠯᠲᠠ ᠵᠢ ᠯᠠᠪᠳᠠᠭᠤᠨ ᠵᠶ᠋ᠠᠷ ᠬᠡᠷᠡᠭᠵᠢᠭᠦᠯᠵᠦ᠂ ᠡᠩ᠎ᠤᠨ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠰᠤᠲᠠᠢ᠌ᠴᠤᠳ᠎ᠲᠤ ᠬᠣᠯᠪᠣᠭᠳᠠᠬᠤ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ ᠵᠢᠨ ᠨᠠᠰᠤᠲᠠᠢ᠌ᠴᠤᠳ᠎ᠢ ᠠᠰᠠᠷᠠᠨ ᠰᠤᠪᠢᠯᠠᠬᠤ᠂  ᠮᠡᠳᠡᠷᠡᠯ ᠮᠠᠭᠤ ᠨᠠᠰᠤᠲᠠᠢ᠌ᠴᠤᠳ᠎ᠢ ᠠᠰᠠᠷᠠᠨ ᠬᠠᠷᠠᠭ᠋ᠠᠯᠵᠠᠬᠤ᠂ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠵᠡᠷᠭᠡ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠤᠨ ᠦᠨᠡᠮᠯᠡᠯ᠎ᠢ ᠰᠢᠯᠭ᠋ᠠᠨ ᠠᠪᠬᠤ ᠵᠢ ᠵᠣᠷᠢᠭᠵᠢᠭᠤᠯᠬᠤ ᠵᠢᠨ ᠬᠠᠮᠲᠤ ᠬᠢᠨᠠᠨ ᠰᠢᠯᠭ᠋ᠠᠵᠤ ᠦᠨᠡᠯᠡᠬᠦ ᠰᠢᠰᠲᠸᠮ᠎ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ᠎ᠤᠨ᠎ᠬᠢᠨ᠎ᠤ 《  ᠪᠡᠶ᠎ᠡ᠎ᠳᠤ᠎ᠪᠠᠨ ᠵᠦᠪ ᠦᠬᠡᠢ᠂ ᠮᠡᠳᠡᠷᠡᠯ᠎ᠤᠨ ᠡᠪᠡᠳᠴᠢᠨ᠎ᠲᠠᠢ ᠬᠠᠷᠠᠭ᠋ᠠᠯᠵᠠᠨ ᠬᠠᠮᠠᠭ᠋ᠠᠯᠠᠭᠴᠢ》 《ᠭᠡᠷ᠎ᠲᠤ᠎ᠨᠢ ᠬᠦᠷᠴᠦ ᠬᠠᠷᠠᠭ᠋ᠠᠯᠵᠠᠨ ᠬᠠᠮᠠᠭ᠋ᠠᠯᠠᠭᠴᠢ》 ᠵᠡᠷᠭᠡ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠢ ᠨᠠᠷᠢᠯᠢᠭ ᠬᠤᠪᠢᠶᠠᠷᠢᠯᠠᠨ ᠲᠥᠷᠥᠯ ᠵᠦᠢ᠍ᠯ᠎ᠢ ᠨᠡᠭᠡᠭᠡᠨ᠂ ᠲᠤᠰᠬᠠᠢ᠌ᠵᠢᠭᠰᠠᠨ᠂ ᠨᠠᠷᠢᠯᠢᠭᠵᠢᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠢ ᠬᠠᠩᠭ᠋ᠠᠬᠤ ᠵᠢ ᠵᠣᠷᠢᠭᠵᠢᠭᠤᠯᠤᠨ᠎ᠠ᠃
     (ᠨᠠᠢ᠍ᠮᠠ) ᠨᠠᠰᠤᠵᠢᠯ᠎ᠤᠨ ᠦᠢ᠍ᠯᠡᠴᠢᠯᠡᠭᠡ ᠵᠢᠨ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠭᠡᠷ᠎ᠲᠤ᠎ᠨᠢ ᠬᠦᠷᠴᠠᠤ ᠠᠰᠠᠷᠠᠬᠤ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠎ᠨᠢ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠤᠷᠢᠳ ᠵᠶ᠋ᠡᠷ ᠡᠯᠰᠡᠨ ᠬᠡᠷᠡᠭᠯᠡᠵᠦ᠂ ᠣᠲᠣ ᠵᠢᠨ ᠪᠠᠢ᠌ᠭ᠎ᠠ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠪᠥᠬᠥ ᠤᠯᠤᠰ᠎ᠤᠨ ᠨᠡᠢ᠌ᠭᠡᠮ᠎ᠤᠨ ᠠᠵᠢᠯᠲᠠᠨ᠎ᠤ ᠠᠵᠢᠯ ᠮᠡᠷᠭᠡᠵᠢᠯ᠎ᠤᠨ  ᠲᠦᠪᠰᠢᠨ᠎ᠤ ᠰᠢᠯᠭ᠋ᠠᠯᠲᠠ᠂ ᠨᠡᠢ᠌ᠭᠡᠮ᠎ᠤᠨ ᠠᠵᠢᠯ᠎ᠤᠨ ᠰᠤᠷᠤᠯᠭ᠎ᠠ ᠵᠢᠨ ᠨᠠᠮᠲᠠᠷ ᠵᠢ ᠰᠢᠯᠭ᠋ᠠᠯᠳᠠ᠎ᠳᠤ ᠤᠷᠤᠯᠴᠠᠬᠤ ᠵᠢ ᠵᠤᠷᠢᠬ᠍ᠵᠢᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠣᠲᠣᠭ᠋ᠠᠳᠤ᠎ᠳᠤ ᠨᠡᠢ᠌ᠭᠡᠮ᠎ᠤᠨ ᠠᠵᠢᠯ᠎ᠤᠨ ᠰᠠᠯᠠᠭ᠎ᠠ (ᠲᠠᠰᠤᠭ᠂ ᠥᠷᠲᠡᠭᠡ) ᠪᠠᠶ᠋ᠢᠭᠤᠯᠬᠤ ᠵᠢ ᠵᠣᠷᠢᠭᠵᠢᠭᠤᠯᠵᠤ᠂ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ ᠵᠢᠨ ᠨᠡᠭᠡᠭᠡᠯᠲᠡ ᠵᠢ ᠨᠡᠮᠡᠭᠳᠡᠭᠦᠯᠦᠨ᠂ ᠨᠠᠰᠤᠵᠢᠯ᠎ᠤᠨ ᠦᠢ᠍ᠯᠡᠴᠢᠯᠡᠭᠡᠨ᠎ᠤ ᠲᠥᠷᠥᠯ᠎ᠤᠨ ᠠᠵᠢᠯ ᠦᠢ᠍ᠯᠡᠰ᠎ᠤᠨ ᠨᠢᠬᠡᠴᠢ᠎ᠨᠦᠭᠦᠳ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ ᠵᠢ ᠭᠣᠣᠯ ᠴᠣᠭᠴᠠ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ ᠪᠣᠯᠭ᠋ᠠᠨ ᠲᠣᠳᠣᠷᠬᠠᠢ᠌ᠯᠠᠵᠤ ᠪᠣᠯᠣᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ  ᠵᠢᠯᠤᠭᠣᠳᠴᠤ ᠪᠠᠢ᠌ᠭ᠋ᠠᠳ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠯᠤᠭ᠎ᠠ ᠬᠠᠮᠲᠤᠷᠠᠨ ᠲᠣᠮᠣ ᠬᠡᠯᠪᠡᠷᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠲᠦᠰᠢᠭᠯᠡᠬᠦ ᠵᠢ ᠰᠦᠪᠡᠭᠴᠢᠯᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠨᠡᠢ᠌ᠭᠡᠮ᠎ᠤᠨ ᠠᠵᠢᠯ᠎ᠤᠨ ᠳᠠᠳᠤᠯᠭ᠎ᠠ ᠪᠤᠯᠪᠠᠰᠤᠷᠠᠯ᠎ᠤᠨ ᠰᠠᠭᠤᠷᠢᠨ ᠭᠠᠵᠠᠷ᠎ᠢ ᠪᠠᠢ᠌ᠭᠤᠯᠤᠨ᠂  ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠴᠦᠰ ᠪᠣᠯᠬᠤ᠎ᠳᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠵᠠᠭᠤᠨ ᠣᠷᠣ ᠪᠦᠷᠢ᠎ᠳᠤ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠢ 1 ᠬᠥᠮᠥᠨ᠎ᠠᠴᠠ ᠳᠡᠭᠡᠭᠰᠢ ᠲᠣᠬᠢᠷᠠᠭᠤᠯᠤᠨ᠎ᠠ᠃
   






      

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠲᠤᠬᠠᠢ ᠮᠡᠳᠡᠭᠳᠡᠯ (ᠲᠤᠤᠷᠠᠳᠤ)
 
            