(ᠶᠢᠰᠦ) ᠨᠠᠰᠤᠵᠢᠯ᠎ᠤᠨ ᠦᠢ᠍ᠯᠡᠴᠢᠯᠡᠭᠡ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠮᠤᠵᠢ ᠬᠣᠲᠠ ᠰᠢᠶᠠᠨ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠪᠠ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠢ ᠱᠠᠲᠤ ᠳᠠᠷᠠᠭ᠋ᠠᠯᠠᠨ ᠥᠷᠨᠢᠭᠦᠯᠵᠦ᠂ ᠵᠠᠷᠴᠢᠮ ᠳᠡᠭᠡᠷ᠎ᠡ᠎ᠪᠠᠨ ᠪᠣᠶ ᠪᠦᠬᠦᠢ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠳᠤ ᠵᠢᠯ ᠪᠦᠷᠢ ᠵᠣᠬᠢᠬᠤ ᠲᠤᠰᠬᠠᠢ ᠮᠡᠷᠭᠡᠵᠢᠯ᠎ᠤᠨ ᠪᠣᠯᠪᠠᠰᠤᠷᠠᠯ ᠬᠦᠷᠲᠡᠭᠡᠬᠦ ᠬᠡᠷᠡᠭᠲᠡᠢ᠃ ᠨᠠᠰᠤᠵᠢᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠭᠡᠷ ᠲᠤᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠬᠠᠷᠢᠭᠤᠴᠠᠯᠭ᠋ᠠᠲᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ᠂ ᠣᠨᠣᠯ ᠪᠠ ᠪᠣᠳᠠᠲᠤ ᠨᠠᠰᠤᠵᠢᠯ ᠤᠨ ᠦᠢ᠍ᠯᠡᠴᠢᠯᠡᠭᠡᠨ᠎ᠤ ᠠᠵᠢᠯ ᠲᠦᠷᠦᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠡᠵᠡᠩᠨᠡᠯᠲᠡ᠂ ᠨᠠᠰᠤᠵᠢᠯ ᠤᠨ ᠦᠢ᠍ᠯᠡᠴᠢᠯᠡᠭᠡᠨ ᠤ ᠲᠦᠭᠰᠢᠭᠦᠷᠢ ᠵᠢ ᠰᠡᠷᠭᠡᠢ᠌ᠯᠡᠬᠦ᠂ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠷᠢᠮᠵᠢᠶ᠎ᠠ ᠵᠡᠷᠭᠡ ᠠᠭᠤᠯᠭ᠎ᠠ ᠵᠢ ᠭᠣᠣᠯᠳᠠᠯᠭ᠎ᠠ᠎ᠲᠠᠢ ᠪᠣᠯᠪᠠᠰᠤᠷᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ 《 ᠤᠷᠢᠬᠤ》 ᠪᠠ 《ᠭᠠᠳᠠᠭᠰᠢ ᠭᠠᠷᠬᠤ》 ᠵᠢ ᠤᠶᠠᠯᠳᠤᠭᠤᠯᠬᠤ ᠠᠷᠭ᠎ᠠ ᠪᠠᠷ ᠮᠤᠵᠢ ᠵᠢᠨ ᠳᠣᠲᠣᠷᠠᠬᠢ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠮᠤᠵᠢ ᠵᠢᠨ ᠭᠠᠳᠠᠨᠠᠬᠢ᠂ ᠤᠯᠤᠰ (ᠬᠢᠯᠢ)᠎ᠤᠨ ᠭᠠᠳᠠᠨᠠᠬᠢ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠨ ᠲᠣᠯᠢᠯᠠᠭᠤᠯᠤᠨ᠎ᠠ᠃
(ᠠᠷᠪᠠ) ᠴᠢᠳᠠᠪᠤᠷᠢᠲᠠᠨ᠎ᠤ ᠰᠢᠯᠵᠢᠯᠲᠡ ᠵᠢ ᠠᠬᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃ 《ᠠᠳᠠᠯ ᠠᠬᠤᠢ + ᠨᠠᠰᠤᠵᠢᠯ᠎ᠤᠨ ᠦᠢ᠍ᠯᠡᠴᠢᠯᠡᠭᠡ》᠂ 《ᠭᠡᠷ᠎ᠤᠨ ᠶᠠᠪᠤᠳᠠᠯ + ᠨᠠᠰᠤᠵᠢᠯ᠎ᠤᠨ ᠦᠢ᠍ᠯᠡᠴᠢᠯᠡᠭᠡ》᠂ 《ᠰᠤᠪᠢᠯᠠᠯᠲᠠ + ᠨᠠᠰᠤᠵᠢᠯ᠎ᠤᠨ ᠦᠢ᠍ᠯᠡᠴᠢᠯᠡᠭᠡ》 ᠵᠢᠨ ᠠᠵᠢᠯᠯᠠᠭ᠋ᠠᠨ᠎ᠤ ᠲᠥᠯᠥᠪᠯᠡᠭᠡ ᠵᠢ ᠰᠦᠪᠡᠭᠴᠢᠯᠡᠨ᠂ ᠨᠠᠩ ᠣᠯᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠲᠥᠷᠥᠯ᠂ ᠬᠦᠷᠢᠶ᠎ᠡ ᠴᠠᠷᠠᠭ᠎ᠠ ᠠᠯᠤᠰᠯᠠᠨ ᠨᠠᠰᠤᠵᠢᠯ᠎ᠤᠨ ᠦᠢ᠍ᠯᠡᠴᠢᠯᠡᠭᠡ᠎ᠳᠤ ᠣᠷᠣᠯᠴᠠᠬᠤ ᠵᠢ ᠵᠢᠯᠣᠭᠣᠳᠤᠨ᠎ᠠ᠃ ᠨᠥᠬᠥᠴᠡᠯ᠎ᠲᠠᠢ ᠠᠳᠠᠯ ᠠᠬᠤᠢ ᠵᠢᠨ ᠠᠵᠤ ᠠᠬᠤᠢ᠌ᠯᠠᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠡᠩᠨᠡᠭᠡ ᠨᠠᠰᠤᠵᠢᠯ᠎ᠤᠨ ᠦᠢ᠍ᠯᠡᠴᠢᠯᠡᠭᠡᠨ᠎ᠤ ᠲᠤᠰᠬᠠᠢ᠌ᠵᠢᠭᠰᠠᠨ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠬᠤᠷᠢᠶᠠᠯᠠᠯ᠎ᠤᠨ ᠨᠠᠰᠤᠲᠠᠢ᠌ᠴᠤᠳ᠎ᠲᠤ ᠭᠡᠷ᠎ᠲᠤ᠎ᠨᠢ ᠬᠦᠷᠴᠦ ᠡᠷᠬᠢᠨ ᠦᠵᠡᠬᠦ᠂ ᠠᠮᠢᠳᠤᠷᠠᠯ᠎ᠢ᠎ᠨᠢ ᠬᠠᠷᠠᠭ᠋ᠠᠯᠵᠠᠬᠤ ᠵᠡᠷᠭᠡ ᠪᠠᠢ᠌ᠩᠭᠤ ᠵᠢᠨ ᠴᠢᠨᠠᠷᠲᠠᠢ ᠨᠠᠰᠤᠵᠢᠯ᠎ᠤᠨ ᠦᠢ᠍ᠯᠡᠴᠢᠯᠡᠭᠡᠨ᠎ᠢ ᠬᠠᠩᠭ᠋ᠠᠵᠤ᠂ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ ᠬᠢᠭᠡᠳ ᠨᠠᠰᠤᠵᠢᠯ᠎ᠤᠨ ᠦᠢ᠍ᠯᠡᠴᠢᠯᠡᠭᠡᠨ᠎ᠤ ᠬᠠᠷᠢᠯᠴᠠᠨ ᠤᠶᠠᠯᠳᠤᠬᠤ ᠵᠢ ᠠᠬᠢᠭᠤᠯᠤᠨ᠂ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠮᠵᠢ ᠵᠢ ᠠᠭᠤᠰᠬᠠᠵᠤ᠂ ᠭᠡᠷ᠎ᠲᠤ᠎ᠪᠠᠨ ᠰᠠᠭᠤᠭ᠎ᠠ ᠨᠠᠰᠤᠲᠠᠢ᠌ᠴᠤᠳ᠎ᠤᠨ ᠥᠪᠡᠷᠮᠢᠴᠡ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠠᠵᠢᠯ ᠡᠷᠭᠢᠯᠡᠬᠦ ᠰᠤᠪᠢᠯᠠᠭᠴᠢ᠂ ᠭᠡᠷ᠎ᠤᠨ ᠶᠠᠪᠤᠳᠠᠯ᠎ᠤᠨ ᠦᠢ᠍ᠯᠡᠴᠢᠯᠡᠭᠴᠢ᠂ ᠡᠷᠡᠭᠦᠯ ᠮᠡᠨᠳᠦ ᠵᠢᠨ ᠬᠠᠮᠢᠶᠠᠷᠤᠭᠴᠢ ᠵᠡᠷᠭᠡ ᠠᠵᠢᠯ ᠮᠡᠷᠭᠡᠵᠢᠯ᠎ᠤᠨ ᠠᠵᠢᠯᠲᠠᠨ᠎ᠤ ᠨᠠᠰᠤᠵᠢᠯ᠎ᠤᠨ ᠠᠰᠠᠷᠠᠭᠴᠢ ᠵᠢᠨ ᠮᠡᠷᠭᠡᠵᠢᠯ ᠴᠢᠳᠠᠪᠤᠷᠢ ᠵᠢᠨ ᠳᠡᠰ ᠲᠤᠬᠳᠠᠭ᠋ᠠᠯᠭ᠋ᠠᠬᠤᠪᠠᠷ ᠮᠡᠳᠡᠭᠦᠯᠬᠦ ᠵᠢ ᠵᠣᠷᠢᠭᠵᠢᠭᠤᠯᠵᠤ᠂ ᠨᠠᠰᠤᠵᠢᠯ᠎ᠤᠨ ᠠᠰᠠᠷᠠᠭᠴᠢ ᠵᠢᠨ ᠠᠵᠢᠯ᠎ᠳᠤ ᠣᠷᠣᠬᠤ ᠠᠷᠭ᠎ᠠ ᠵᠠᠮ᠎ᠢ ᠥᠷᠭᠡᠳᠬᠡᠨ᠎ᠡ᠃
(ᠠᠷᠪᠠᠨ ᠨᠢᠭᠡ) ᠴᠢᠳᠠᠪᠤᠷᠢᠲᠠᠨ᠎ᠢ ᠦᠨᠡᠯᠡᠵᠦ ᠬᠢᠨᠠᠯᠲᠠ ᠲᠠᠯᠪᠢᠬᠤ ᠲᠣᠭᠲᠠᠴᠠ ᠵᠢ ᠪᠦᠷᠢᠨᠰᠢᠭᠦᠯᠦᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠣᠣᠯ ᠬᠠᠷᠢᠭᠤᠴᠠᠯᠭ᠋ᠠᠲᠠᠨ᠂ ᠬᠠᠮᠢᠶᠠᠷᠤᠯᠲᠠ ᠵᠢᠨ ᠠᠵᠢᠯᠲᠠᠨ᠂ ᠰᠤᠪᠢᠯᠠᠬᠤ ᠠᠵᠢᠯᠲᠠᠨ᠂ ᠲᠤᠰᠬᠠᠢ ᠮᠡᠷᠭᠡᠵᠢᠯ᠎ᠤᠨ ᠠᠵᠢᠯᠲᠠᠨ᠎ᠢ ᠪᠠᠭᠲᠠᠭ᠋ᠠᠭᠰᠠᠨ ᠠᠵᠢᠯ ᠡᠷᠬᠢᠯᠡᠭᠰᠡᠳ᠎ᠢ ᠵᠢᠯᠤᠭᠣᠳᠴᠤ ᠪᠠᠢ᠌ᠭ᠋ᠠᠳ ᠤᠬᠠᠮᠰᠠᠷ᠎ᠠᠴᠠ᠎ᠪᠠᠨ ᠰᠠᠢ᠌ᠨ ᠰᠠᠢ᠌ᠬᠠᠨ ᠠᠵᠢᠯ ᠮᠡᠷᠭᠡᠵᠢᠯ᠎ᠤᠨ ᠶᠣᠰᠣ ᠮᠣᠷᠠᠯ᠎ᠲᠠᠢ ᠪᠣᠯᠭ᠋ᠠᠵᠤ᠂ ᠲᠤᠰᠬᠠᠢ ᠮᠡᠷᠭᠡᠵᠢᠯ᠎ᠤᠨ ᠴᠢᠳᠠᠪᠤᠷᠢ ᠵᠢ ᠡᠵᠡᠮᠰᠢᠨ᠂ ᠦᠢ᠍ᠯᠡᠴᠢᠯᠡᠭᠡᠨ᠎ᠤ ᠶᠠᠰᠤ ᠴᠢᠨᠠᠷ ᠪᠠ ᠲᠦᠪᠰᠢᠨ᠎ᠢ᠎ᠨᠢ ᠳᠡᠭᠡᠭᠰᠢᠯᠡᠭᠦᠯᠦᠨ᠎ᠡ᠃ ᠬᠠᠤᠯᠢ᠎ᠠᠴᠠ ᠨᠤᠴᠢᠳᠠᠢ ᠵᠥᠷᠢᠴᠡᠵᠦ ᠢᠲᠡᠭᠡᠯ ᠠᠯᠳᠠᠭᠰᠠᠨ ᠵᠶ᠋ᠠᠷ ᠰᠡᠵᠢᠭᠯᠡᠭᠳᠡᠭᠰᠡᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠢ ᠬᠠᠤᠯᠢ ᠶᠣᠰᠣᠭ᠋ᠠᠷ ᠨᠠᠰᠤᠵᠢᠯ᠎ᠤᠨ ᠦᠢ᠍ᠯᠡᠴᠢᠯᠡᠭᠡᠨ᠎ᠤ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠨᠡᠷᠡᠰ᠎ᠲᠤ ᠣᠷᠣᠭᠤᠯᠵᠤ᠂ ᠢᠲᠡᠭᠡᠮᠵᠢ᠎ᠪᠠᠷ ᠬᠢᠵᠠᠭ᠋ᠠᠷᠯᠠᠬᠤ ᠪᠠ ᠬᠣᠯᠪᠤᠭ᠋ᠠᠯᠠᠨ ᠵᠠᠯᠬᠠᠭ᠋ᠠᠨ ᠴᠡᠬᠡᠷᠯᠡᠬᠦᠯᠤᠨᠡ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠨᠠᠰᠤᠲᠠᠢ᠌ᠴᠤᠳ᠎ᠢ ᠲᠤᠷᠤᠮᠵᠢᠯᠠᠬᠤ᠂ ᠨᠠᠰᠤᠲᠠᠢ᠌ᠴᠤᠳ᠎ᠲᠤ ᠬᠠᠯᠠ ᠦᠵᠡᠭᠦᠯᠬᠦ ᠵᠡᠷᠭᠡ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠵᠠᠯᠬᠠᠭ᠋ᠠᠨ ᠰᠢᠢ᠍ᠳᠬᠡᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠦᠷᠭᠦᠯᠵᠢᠯᠡᠨ ᠬᠠᠮᠠᠭ᠋ᠠᠯᠠᠨ᠎ᠠ᠃
(ᠠᠷᠪᠠᠨ ᠬᠣᠶᠠᠷ) ᠴᠢᠳᠠᠪᠤᠷᠢᠲᠠᠨ᠎ᠢ ᠤᠷᠮᠠᠰᠢᠭᠤᠯᠵᠤ ᠰᠠᠢ᠌ᠰᠢᠶᠠᠬᠤ ᠲᠣᠭᠲᠠᠴᠠ ᠵᠢ ᠲᠡᠬᠦᠯᠳᠡᠷᠵᠢᠬᠦᠯᠤᠨ᠎ᠡ᠃ ᠨᠠᠰᠤᠵᠢᠯ᠎ᠤᠨ ᠠᠰᠠᠷᠠᠭᠴᠢ ᠵᠢᠨ ᠵᠠᠬ᠎ᠠ ᠳᠡᠯᠭᠡᠭᠦᠷ᠎ᠤᠨ ᠴᠠᠯᠢᠩ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠨᠡᠢ᠌ᠲᠡᠯᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠪᠠᠢ᠌ᠭᠤᠯᠤᠮᠵᠢ ᠵᠢ ᠵᠢᠯᠤᠭᠣᠳᠴᠤ ᠪᠠᠢ᠌ᠭ᠋ᠠᠳ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠠᠵᠢᠯᠯᠠᠭᠰᠠᠨ ᠣᠨ ᠵᠢᠯ᠂ ᠮᠡᠷᠭᠡᠵᠢᠯ ᠴᠢᠳᠠᠪᠤᠷᠢ ᠵᠢᠨ ᠲᠦᠪᠰᠢᠨ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠨᠠᠰᠤᠵᠢᠯ᠎ᠤᠨ ᠠᠰᠠᠷᠠᠭᠴᠢ ᠵᠢᠨ ᠴᠠᠯᠢᠩ᠎ᠤᠨ ᠳᠡᠰ᠎ᠤᠨ ᠰᠢᠰᠲᠸᠮ᠎ᠢ ᠵᠣᠬᠢᠰᠲᠠᠢ ᠲᠣᠭᠲᠠᠭ᠋ᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠰᠠᠨᠠᠭ᠋ᠠᠴᠢᠯᠠᠭ᠎ᠠ᠎ᠠᠴᠠ᠎ᠪᠠᠨ ᠪᠣᠯᠪᠠᠰᠤᠷᠠᠯ᠎ᠳᠤ ᠣᠷᠣᠯᠴᠠᠬᠤ᠂ ᠮᠡᠷᠭᠡᠵᠢᠯ ᠴᠢᠳᠠᠪᠤᠷᠢ ᠰᠤᠷᠤᠯᠴᠠᠬᠤ ᠵᠢ ᠵᠣᠷᠢᠭᠵᠢᠭᠤᠯᠤᠨ᠎ᠠ᠃ ᠨᠠᠰᠤᠵᠢᠯ᠎ᠤᠨ ᠠᠰᠠᠷᠠᠭᠴᠢ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠢ ᠥᠷᠭᠡᠨ ᠵᠶ᠋ᠡᠷ ᠥᠷᠨᠢᠭᠦᠯᠵᠦ᠂ ᠨᠠᠰᠤᠵᠢᠯ᠎ᠤᠨ ᠠᠰᠠᠷᠠᠭᠴᠢ᠂ ᠨᠠᠰᠤᠵᠢᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠳᠤ ᠬᠠᠨᠳᠤᠭᠤᠯᠤᠭᠰᠠᠨ ᠰᠢᠯᠢᠳᠡᠭ ᠲᠡᠷᠢᠭᠦᠨ᠎ᠤ᠎ᠬᠢ ᠵᠢ ᠰᠢᠯᠭ᠋ᠠᠷᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢᠨ ᠰᠢᠯᠢᠳᠡᠭ ᠨᠡᠢ᠌ᠲᠡᠯᠢᠭ ᠵᠢᠱ᠌ᠢᠶ᠎ᠡ ᠵᠢ ᠰᠣᠩᠭᠣᠨ ᠪᠣᠶ ᠪᠣᠯᠭ᠋ᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠢ ᠠᠵᠢᠯ ᠮᠡᠷᠭᠡᠵᠢᠯ᠎ᠤᠨ ᠢᠷᠠᠭᠤ ᠠᠯᠳᠠᠷᠲᠠᠢ᠂ ᠨᠡᠢ᠌ᠭᠡᠮ ᠲᠠᠶᠠᠭ᠋ᠠᠷ᠎ᠲᠤ ᠮᠡᠳᠡᠷᠡᠭᠳᠡᠵᠤ ᠪᠠᠢ᠌ᠨ᠎ᠠ ᠬᠡᠰᠡᠨ ᠰᠠᠢ᠌ᠬᠠᠨ ᠲᠦᠷᠦᠭᠳᠡᠯ᠎ᠲᠠᠢ ᠪᠤᠯᠭ᠋ᠠᠬᠤ ᠬᠡᠷᠡᠭᠳᠡᠢ᠃
(ᠠᠷᠪᠠᠨ ᠭᠤᠷᠪᠠ) ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢᠨ ᠠᠭᠤᠰᠤᠯᠴᠠᠯ᠎ᠢ ᠭᠦᠨᠵᠡᠭᠡᠢ᠌ᠷᠡᠭᠦᠯᠦᠨ᠎ᠡ᠃ ᠡᠯ᠎ᠡ ᠲᠥᠷᠥᠯ᠎ᠤᠨ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ ᠵᠢᠨ ᠨᠡᠢ᠌ᠭᠡᠮ᠎ᠤᠨ ᠳᠡᠭᠡᠳᠦ ᠲᠠᠰ ᠳᠠᠪᠬᠤᠷᠭ᠎ᠠ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠴᠢᠳᠠᠪᠤᠷᠢᠲᠠᠨ᠎ᠤ ᠲᠤᠯᠭ᠋ᠠᠮ ᠬᠡᠷᠡᠭᠴᠡᠭᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠬᠤ ᠵᠢ ᠳᠡᠮᠵᠢᠵᠦ᠂ ᠨᠠᠰᠤᠲᠠᠢ᠌ᠴᠤᠳ᠎ᠢ ᠠᠰᠠᠷᠠᠨ ᠰᠤᠪᠢᠯᠠᠬᠤ᠂ ᠨᠠᠰᠤᠲᠠᠢ᠌ᠴᠤᠳ᠎ᠢ ᠠᠰᠠᠷᠠᠵᠤ ᠡᠷᠡᠭᠦᠯᠵᠢᠭᠦᠯᠬᠦ ᠪᠠ ᠪᠡᠶ᠎ᠡ ᠰᠤᠪᠢᠯᠠᠬᠤ᠂ ᠨᠠᠰᠤᠲᠠᠢ᠌ᠴᠤᠳ᠎ᠤᠨ ᠠᠨᠠᠭ᠋ᠠᠬᠤ ᠤᠬᠠᠭ᠋ᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠡᠷᠭᠡ ᠲᠤᠰᠬᠠᠢ ᠮᠡᠷᠭᠡᠵᠢᠯ᠎ᠢ ᠲᠣᠬᠢᠷᠠᠭᠤᠯᠵᠤ᠂ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠬᠥᠮᠥᠵᠢᠭᠦᠯᠬᠦ ᠪᠠ ᠲᠥᠷᠥ ᠵᠢᠨ ᠨᠠᠰᠤᠵᠢᠯ᠎ᠤᠨ ᠦᠢ᠍ᠯᠡᠴᠢᠯᠡᠭᠡᠨ ᠬᠢᠭᠡᠳ ᠬᠠᠮᠢᠶᠠᠷᠤᠯᠲᠠ ᠵᠢᠨ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠲᠤ ᠰᠢᠨ᠎ᠡ ᠵᠢ ᠡᠭᠦᠳᠴᠦ᠂ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠠᠵᠢᠯ ᠲᠥᠷᠥᠯ᠎ᠤᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠵᠣᠷᠢᠭᠵᠢᠭᠤᠯᠤᠨ᠂ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠭ᠎ᠠ ᠥᠷᠨᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ᠎ᠢ ᠬᠠᠮᠳᠤ᠎ᠪᠠᠷ ᠪᠠᠢ᠌ᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡ ᠵᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠬᠤ᠂ ᠰᠤᠷᠭ᠋ᠠᠭᠤᠯᠢ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢ ᠲᠡᠷᠢᠭᠦᠨ᠎ᠳᠤ ᠲᠠᠯᠪᠢᠬᠤ ᠬᠠᠮᠢᠶ᠎ᠠ ᠪᠦᠬᠦᠢ ᠳᠡᠭᠡᠳᠦ ᠰᠤᠷᠭ᠋ᠠᠭᠤᠯᠢ᠎ᠨᠤᠭᠤᠳ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠪᠠᠢ᠌ᠭᠤᠯᠤᠮᠵᠢ᠎ᠲᠠᠢ ᠬᠣᠯᠪᠤᠭ᠋ᠠᠯᠠᠨ ᠰᠤᠷᠭ᠋ᠠᠭᠤᠯᠢ ᠪᠠ ᠠᠵᠤ ᠠᠬᠤᠢ᠌ᠯᠠᠯ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠳᠡᠮᠵᠢᠵᠦ᠂ ᠵᠠᠬᠢᠶᠠᠯᠠᠭ᠎ᠠ ᠵᠢᠨ ᠮᠠᠶᠢᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠥᠷᠨᠢᠭᠦᠯᠦᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ ᠬᠥᠮᠥᠵᠢᠭᠦᠯᠬᠦ ᠰᠢᠰᠲᠸᠮ᠎ᠤᠨ ᠪᠠᠢ᠌ᠭᠤᠯᠤᠯᠲᠠ᠎ᠳᠤ ᠪᠥᠬᠥ ᠲᠠᠯ᠎ᠠ᠎ᠪᠠᠷ ᠣᠷᠣᠯᠴᠠᠬᠤ ᠵᠢ ᠳᠡᠮᠵᠢᠵᠦ᠂ ᠨᠠᠰᠤᠵᠢᠯ᠎ᠤᠨ ᠠᠰᠠᠷᠠᠭᠴᠢ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠠᠮᠳᠤ᠎ᠪᠠᠷ ᠪᠠᠢ᠌ᠭᠤᠯᠤᠨ᠎ᠠ᠃
ᠭᠤᠷᠪᠠ᠂ ᠪᠠᠲᠤᠯᠠᠭ᠎ᠠ ᠵᠢᠨ ᠠᠷᠭ᠎ᠠ
(ᠠᠷᠪᠠᠨ ᠳᠥᠷᠪᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠠᠵᠢᠯ᠎ᠳᠤ᠎ᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠠᠴᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠠᠮᠢᠶᠠᠷᠬᠤ ᠤᠳᠤᠷᠢᠳᠬᠤ ᠠᠷᠭ᠎ᠠ ᠪᠠ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠦᠨ᠂ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠬᠦᠯᠤᠯᠳᠡ᠎ᠳᠤ ᠪᠠᠲᠤ ᠴᠢᠩᠭ᠎ᠠ ᠤᠯᠤᠰ ᠲᠥᠷᠥ ᠵᠢᠨ ᠪᠠ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠳᠤᠮᠳᠠᠬᠢ ᠵᠥᠷᠢᠴᠡᠯ ᠪᠠ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠬᠠᠷᠠᠯᠲᠠᠲᠤ ᠲᠥᠯᠦᠪᠵᠢᠭᠦᠯᠭᠡ᠎ᠪᠠᠨ ᠴᠢᠩᠭ᠋ᠠᠳᠬᠠᠵᠤ᠂ ᠨᠢᠭᠡᠳᠦᠯᠲᠡᠢ ᠲᠥᠯᠥᠪᠯᠡᠨ ᠬᠠᠮᠢᠶᠠᠷᠴᠤ᠂ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠠᠢ᠌ᠳᠠᠪᠤᠷᠢᠵᠢᠭᠤᠯᠬᠤ ᠵᠢ ᠲᠦᠷᠦᠭᠦᠯᠡᠨ ᠬᠠᠷᠢᠭᠤᠴᠠᠨ ᠵᠣᠬᠢᠴᠠᠭᠤᠯᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ᠎ᠬᠢᠨ ᠪᠥᠬᠥ ᠣᠷᠣᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠨᠠᠰᠤᠲᠠᠢ᠌ᠴᠤᠳ᠎ᠤᠨ ᠦᠢ᠍ᠯᠡᠴᠢᠯᠡᠭᠡ ᠬᠢᠭᠡᠳ ᠬᠠᠮᠢᠶᠠᠷᠤᠯᠲᠠ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠰᠣᠷᠣᠭᠴᠢ ᠡᠯᠰᠡᠬᠦ ᠬᠡᠪᠴᠢᠶ᠎ᠡ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ ᠬᠥᠮᠥᠵᠢᠭᠦᠯᠬᠦ ᠠᠵᠢᠯ᠎ᠢ ᠭᠦᠨᠵᠡᠭᠡᠢ᠌ᠷᠡᠭᠦᠯᠬᠦ ᠬᠡᠷᠡᠭᠲᠡᠢ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ᠂ ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠠᠵᠢᠯ᠎ᠢ ᠢᠳᠡᠪᠬᠢᠲᠡᠢ ᠠᠬᠢᠭᠤᠯᠬᠤ ᠬᠡᠷᠡᠭᠲᠡᠢ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠮᠡᠷᠭᠡᠵᠢᠯ᠎ᠤᠨ ᠴᠢᠳᠠᠪᠤᠷᠢ ᠵᠢᠨ ᠳᠡᠰ᠎ᠢ ᠲᠤᠬᠳᠠᠭ᠋ᠠᠬᠤ ᠪᠠ ᠪᠤᠯᠪᠠᠰᠤᠷᠠᠯ᠎ᠤᠨ ᠠᠵᠢᠯ᠎ᠢ ᠠᠬᠢᠭᠤᠯᠬᠤ ᠬᠡᠷᠡᠭᠳᠡᠢ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠪᠠᠢ᠌ᠭᠤᠯᠤᠮᠵᠢ ᠵᠢᠨ ᠡᠮᠨᠡᠯᠭᠡ ᠵᠢᠨ ᠠᠵᠢᠯᠲᠠᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠴᠢᠩᠭ᠋ᠠᠳᠬᠠᠵᠤ᠂ ᠬᠣᠯᠪᠣᠭᠳᠠᠯ ᠪᠦᠬᠦᠢ ᠡᠮᠨᠡᠯᠭᠡ ᠵᠢᠨ ᠠᠵᠢᠯᠲᠠᠨ᠎ᠤ ᠲᠤᠰᠬᠠᠢ ᠮᠡᠷᠭᠡᠵᠢᠯ᠎ᠤᠨ ᠪᠣᠯᠪᠠᠰᠤᠷᠠᠯ᠂ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠬᠦᠯᠬᠦ ᠬᠡᠷᠡᠭᠳᠡᠢ᠃
(ᠠᠷᠪᠠᠨ ᠲᠠᠪᠤ) ᠵᠠᠷᠤᠳᠠᠯ᠎ᠤᠨ ᠣᠷᠣᠭᠤᠯᠤᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠎ᠳᠤ᠎ᠬᠢ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠪᠣᠯᠪᠠᠰᠤᠷᠠᠭᠤᠯᠬᠤ᠂ ᠠᠵᠢᠯ᠎ᠤᠨ ᠪᠠᠢ᠌ᠷᠢ ᠵᠢᠨ ᠨᠦᠬᠦᠪᠤᠷᠢ ᠵᠡᠷᠭᠡ ᠲᠠᠯ᠎ᠠ ᠵᠢᠨ ᠵᠠᠷᠤᠳᠠᠯ᠎ᠤᠨ ᠣᠷᠣᠭᠤᠯᠤᠯᠲᠠ ᠵᠢ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠢ᠃ ᠡᠯ᠎ᠡ ᠭᠠᠵᠠᠷ᠎ᠤᠨ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠣᠷᠣᠵᠤ ᠰᠠᠭᠤᠬᠰᠠᠳ᠎ᠤᠨ ᠵᠠᠰᠠᠭ᠎ᠤᠨ ᠣᠷᠳᠣᠨ᠎ᠤ ᠦᠨᠳᠦᠰᠦᠨ ᠵᠦᠢ᠍ᠯ᠎ᠢ ᠪᠠᠲᠤᠯᠠᠬᠤ ᠪᠠ ᠠᠵᠤ ᠠᠬᠤᠢ ᠵᠢᠨ ᠬᠦᠴᠢᠷᠳᠡᠯᠲᠡᠢ ᠬᠦᠮᠦᠰ᠎ᠤᠨ ᠲᠣᠭ᠎ᠠ ᠵᠢ ᠦᠨᠳᠦᠰᠦᠯᠡᠨ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠲᠣᠬᠢᠷᠠᠭᠤᠯᠬᠤ ᠵᠡᠷᠭᠡ ᠠᠷᠭ᠎ᠠ᠎ᠪᠠᠷ ᠴᠢᠬᠤᠯᠠ ᠪᠦᠬᠦᠢ ᠠᠵᠢᠯᠲᠠᠨ᠎ᠤ ᠳᠡᠮᠵᠢᠯᠭᠡ ᠵᠢ ᠬᠠᠩᠭ᠋ᠠᠬᠤ ᠵᠢ ᠵᠣᠷᠢᠭᠵᠢᠭᠤᠯᠤᠨ᠎ᠠ᠃ ᠠᠵᠢᠯ ᠦᠢ᠍ᠯᠡᠰ᠎ᠤᠨ ᠨᠢᠬᠡᠴᠢ ᠵᠢᠨ ᠣᠷᠣᠨ ᠲᠣᠭ᠋ᠠᠨ᠎ᠠᠴᠠ ᠭᠠᠳᠠᠨᠠᠬᠢ ᠠᠵᠢᠯᠲᠠᠨ 《ᠠᠯᠪᠠᠨ ᠪᠠᠢ᠌ᠭᠤᠯᠤᠯᠭ᠎ᠠ ᠠᠵᠢᠯ ᠦᠢ᠍ᠯᠡᠰ᠎ᠤᠨ ᠨᠢᠬᠡᠴᠢ ᠵᠢᠨ ᠣᠷᠣᠨ ᠲᠣᠭ᠋ᠠᠨ᠎ᠠᠴᠠ ᠭᠠᠳᠠᠨᠠᠬᠢ ᠠᠵᠢᠯᠲᠠᠨ ᠪᠠ ᠵᠠᠷᠤᠳᠠᠯ᠎ᠳᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠲᠤᠬᠠᠢ ᠬᠡᠷᠡᠭᠵᠢᠭᠦᠯᠬᠦ ᠮᠡᠳᠡᠭᠳᠡᠯ》 (ᠳᠣᠲᠣᠭ᠋ᠠᠳᠤ ᠡᠳ᠋᠎ᠤᠨ ᠵᠠᠰᠠᠭ᠎ᠤᠨ ᠪᠡᠯᠡᠳᠬᠡᠯ)᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠵᠢᠯᠲᠠᠨ ᠪᠠ ᠵᠠᠷᠤᠳᠠᠯ᠎ᠤᠨ ᠬᠠᠮᠢᠶᠠᠷᠤᠯᠲᠠ ᠵᠢ ᠰᠠᠢ᠌ᠲᠤᠷ ᠬᠢᠵᠦ ᠵᠠᠷᠤᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠢ ᠪᠠᠲᠤᠯᠠᠵᠤ᠂ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃
(ᠠᠷᠪᠠᠨ ᠵᠢᠷᠭᠤᠭ᠎ᠠ) ᠰᠤᠷᠭ᠋ᠠᠨ ᠬᠥᠮᠦᠵᠢᠯ᠎ᠤᠨ ᠳᠡᠮᠵᠢᠯᠭᠡ ᠵᠢ ᠴᠢᠩᠭ᠋ᠠᠳᠬᠠᠨ᠎ᠠ᠃ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠬᠦ ᠵᠢ ᠵᠣᠷᠢᠭᠵᠢᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠲᠤ ᠨᠡᠢ᠌ᠭᠡᠮ᠎ᠤᠨ ᠬᠥᠷᠥᠩᠭᠡ ᠮᠥᠩᠭᠥ᠂ ᠠᠵᠤ ᠠᠬᠤᠢ᠌ᠯᠠᠯ ᠬᠢᠭᠡᠳ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠪᠠ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠬᠢᠬᠦ ᠵᠢ ᠳᠡᠮᠵᠢᠵᠦ᠂ ᠨᠥᠬᠥᠴᠡᠯ᠎ᠲᠠᠢ ᠰᠤᠷᠭ᠋ᠠᠭᠤᠯᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠥᠷᠨᠢᠭᠦᠯᠬᠦ ᠵᠢ ᠭᠣᠣᠯᠳᠠᠯᠭ᠎ᠠ᠎ᠲᠠᠢ ᠳᠡᠮᠵᠢᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠰᠤᠪᠢᠯᠠᠬᠤ ᠠᠵᠢᠯᠲᠠᠨ᠂ ᠬᠠᠮᠢᠶᠠᠷᠤᠯᠲᠠ ᠵᠢᠨ ᠠᠵᠢᠯᠲᠠᠨ ᠪᠠ ᠲᠤᠰᠬᠠᠢ ᠮᠡᠷᠭᠡᠵᠢᠯ᠎ᠤᠨ ᠠᠵᠢᠯᠲᠠᠨ᠎ᠤ ᠳᠠᠳᠤᠯᠭ᠎ᠠ ᠪᠣᠯᠪᠠᠰᠤᠷᠠᠯ᠎ᠤᠨ ᠴᠡᠭ᠂ ᠵᠢᠱ᠌ᠢᠶ᠎ᠡ ᠦᠵᠡᠭᠦᠯᠬᠦ ᠴᠢᠨᠠᠷᠲᠠᠢ ᠪᠣᠯᠪᠠᠰᠤᠷᠠᠯ᠎ᠤᠨ ᠪᠠᠢ᠌ᠭᠤᠯᠤᠮᠵᠢ ᠪᠠ ᠠᠵᠢᠯ ᠮᠡᠷᠭᠡᠵᠢᠯ᠎ᠤᠨ ᠴᠢᠳᠠᠪᠤᠷᠢ ᠵᠢ ᠦᠨᠡᠯᠡᠬᠦ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠳᠡᠮᠵᠢᠵᠦ᠂ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠦᠨ ᠪᠣᠯᠪᠠᠰᠤᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃
(ᠠᠷᠪᠠᠨ ᠳᠣᠯᠣᠭ᠎ᠠ) ᠣᠯᠭᠣᠮᠵᠢ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠴᠠᠯᠢᠩ ᠬᠥᠯᠥᠰᠦ᠂ ᠠᠰᠠᠷᠠᠮᠵᠢ ᠵᠢᠨ ᠣᠯᠭᠣᠮᠵᠢ᠂ ᠨᠡᠢ᠌ᠭᠡᠮ᠎ᠤᠨ ᠳᠠᠭ᠋ᠠᠳᠬᠠᠯ ᠵᠡᠷᠭᠡ ᠬᠠᠤᠯᠢ ᠶᠣᠰᠣᠨ᠎ᠤ ᠡᠷᠬᠡ ᠠᠰᠢᠭ ᠭᠥᠷᠳᠡᠬᠦ ᠵᠢ ᠬᠠᠤᠯᠢ ᠲᠣᠭᠲᠠᠭ᠋ᠠᠯ ᠶᠣᠰᠣᠭ᠋ᠠᠷ ᠪᠠᠲᠤᠯᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯᠲᠠᠨ᠎ᠤ ᠴᠠᠯᠢᠩ ᠬᠥᠯᠥᠰᠦ ᠣᠯᠭᠣᠮᠵᠢ ᠵᠢ ᠵᠣᠬᠢᠰᠲᠠᠢ ᠬᠡᠮᠵᠢᠶᠡᠨ᠎ᠳᠤ ᠪᠠᠢ᠌ᠯᠭ᠋ᠠᠬᠤ ᠬᠡᠷᠡᠭᠳᠡᠢ᠃ ᠨᠠᠰᠤᠵᠢᠯ᠎ᠤᠨ ᠠᠰᠠᠷᠠᠭᠴᠢ ᠪᠠ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯᠲᠠᠨ᠎ᠢ ᠬᠣᠲᠠ ᠵᠢᠨ ᠬᠤᠪᠢ ᠬᠤᠷᠠᠮᠳᠤᠭᠤᠯᠬᠤ᠂ ᠵᠥᠪᠰᠢᠶᠡᠷᠡᠨ ᠣᠷᠣᠭᠤᠯᠵᠤ ᠡᠷᠦᠬᠡ ᠠᠮᠠ ᠣᠷᠣᠭᠤᠯᠬᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨᠴᠢ᠂ ᠵᠣᠬᠢᠰᠲᠠᠢ ᠨᠠᠰᠤᠵᠢᠯ᠎ᠤᠨ ᠦᠢ᠍ᠯᠡᠴᠢᠯᠡᠭᠡᠨ᠎ᠤ ᠴᠠᠯᠢᠩ ᠣᠯᠭᠣᠮᠵᠢ ᠵᠢᠨ ᠬᠤᠪᠢᠶᠠᠷᠢᠯᠠᠯᠲᠠ ᠵᠢᠨ ᠳᠦᠷᠢᠮ᠎ᠢ ᠬᠡᠷᠡᠭᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠴᠠᠯᠢᠩ ᠣᠯᠭᠣᠮᠵᠢ ᠵᠢ ᠬᠥᠳᠡᠯᠮᠦᠷᠢᠯᠡᠬᠦ ᠴᠠᠭ᠂ ᠬᠥᠳᠡᠯᠮᠦᠷᠢ ᠵᠢᠨ ᠡᠷᠴᠢᠮ᠂ ᠮᠡᠷᠭᠡᠵᠢᠯ ᠴᠢᠳᠠᠪᠤᠷᠢ ᠵᠢᠨ ᠲᠦᠪᠰᠢᠨ᠂ ᠪᠠᠢ᠌ᠭᠤᠯᠤᠮᠵᠢ ᠵᠢᠨ ᠳᠡᠰ ᠵᠡᠷᠭᠡ ᠬᠦᠴᠦᠨ ᠵᠦᠢ᠍ᠯ᠎ᠯᠦᠭᠡ ᠬᠣᠯᠪᠣᠭᠳᠠᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠬᠥᠯᠥᠰᠦ ᠣᠯᠭᠣᠬᠤ ᠵᠠᠷᠴᠢᠮ᠎ᠢ ᠢᠯᠡᠷᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠤᠨ᠎ᠤ ᠡᠬᠢ ᠪᠠᠶᠠᠯᠢᠭ ᠪᠠ ᠨᠡᠢ᠌ᠬᠡᠮ᠎ᠤᠨ ᠪᠠᠳᠤᠯᠠᠭ᠎ᠠ ᠵᠢᠨ ᠲᠢᠡᠭᠭᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
2023 ᠣᠨ᠎ᠤ 11 ᠳ᠋ᠤᠬᠡᠷ ᠰᠠᠷ᠎ᠠ ᠵᠢᠨ 4᠎ᠤ ᠡᠳᠤᠷ