ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠰᠤᠷᠭ᠋ᠠᠨ ᠬᠥᠮᠦᠵᠢᠯ᠎ᠤᠨ ᠲᠢᠩᠬᠢᠮ (ᠰᠤᠷᠭ᠋ᠠᠨ ᠬᠥᠮᠦᠵᠢᠯ᠎ᠤᠨ ᠵᠥᠪᠯᠡᠯ)᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠤᠯᠪᠤᠭ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠤᠯᠪᠤᠭᠠᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠦᠯᠤᠬᠡ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠰᠤᠳᠤᠯᠬᠤ᠎ᠪᠠᠷ ᠲᠠᠮᠵᠢᠨ᠂ 《ᠰᠡᠳᠬᠢᠯ᠎ᠢ ᠤᠮᠳᠠᠯᠠᠨ ᠦᠰᠦᠨ ᠪᠤᠢ᠌ᠵᠢᠯᠳᠠ᠎ᠳᠤ᠎ᠨᠢ ᠬᠠᠨᠢ ᠪᠤᠯᠵᠤ᠂ ᠢᠷᠡᠬᠡᠳᠤᠢ᠎ᠪᠠᠨ ᠰᠡᠳᠬᠢᠯ ᠨᠢᠬᠡᠳᠤᠨ ᠬᠠᠮᠠᠭ᠋ᠠᠯᠠᠬᠤ》᠎ᠪᠠᠷ ᠭᠣᠣᠯ ᠰᠡᠳᠦᠪ ᠪᠣᠯᠭ᠋ᠠᠵᠤ᠂ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠤᠭᠣᠳᠴᠤ ᠪᠠᠢ᠌ᠭ᠋ᠠᠳ 《6 ·1》 ᠤ ᠳᠡᠯᠡᠬᠡᠢ ᠵᠢᠨ ᠬᠡᠦᠬᠡᠳ᠎ᠤᠨ ᠪᠠᠶᠠᠷ ᠵᠡᠷᠭᠡ ᠵᠠᠩᠭᠢᠯᠠᠭ᠎ᠠ ᠵᠢᠨ ᠴᠠᠭ ᠬᠤᠭᠤᠴᠠᠭ᠋ᠠᠨ᠎ᠳᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠤ ᠵᠢᠨ ᠲᠣᠭᠣᠷᠢᠨ᠎ᠳᠤ ᠬᠠᠯᠠᠮᠵᠢᠯᠠᠬᠤ ᠦᠢ᠍ᠯᠡᠴᠢᠯᠡᠭᠡ ᠵᠢ ᠥᠷᠭᠡᠨ ᠵᠶ᠋ᠡᠷ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠳ᠎ᠲᠤ ᠪᠠᠷ᠎ᠠ ᠪᠣᠯᠵᠤ ᠪᠠᠶᠠᠷ᠎ᠤᠨ ᠡᠳᠦᠷ᠎ᠢ ᠡᠷᠡᠭᠦᠯ ᠰᠠᠷᠠᠭᠤᠯ ᠪᠠᠶᠠᠷ ᠪᠠᠶᠠᠰᠤᠯ᠎ᠲᠠᠢ ᠦᠡᠭᠭᠡᠷᠡᠬᠦᠯᠵᠤ᠂ ᠲᠡᠳᠡᠨ᠎ᠤ ᠪᠡᠶ᠎ᠡ ᠰᠡᠳᠬᠢᠯ᠎ᠤᠨ ᠡᠷᠡᠭᠦᠯ ᠵᠶ᠋ᠡᠷ ᠦᠰᠦᠨ ᠪᠣᠢ᠌ᠵᠢᠬᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ᠎ᠪᠠᠷ ᠲᠣᠭᠲᠠᠵᠠᠢ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠮᠡᠳᠡᠭᠳᠡᠶ᠎ᠡ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠡᠷ ᠰᠡᠳᠬᠢᠴᠡ ᠵᠢᠨ ᠡᠷᠡᠭᠦᠯ ᠮᠡᠨᠳᠦ ᠵᠢ ᠬᠠᠯᠠᠮᠵᠢᠯᠠᠬᠤ ᠦᠢ᠍ᠯᠡᠴᠢᠯᠡᠭᠡ ᠵᠢ ᠴᠢᠩᠭ᠋ᠠᠳᠬᠠᠬᠤ᠎ᠪᠠᠷ ᠭᠣᠣᠯᠳᠠᠯᠭ᠎ᠠ ᠪᠣᠯᠭ᠋ᠠᠵᠤ᠂ ᠣᠯᠠᠨ ᠬᠡᠯᠪᠡᠷᠢ᠂ ᠣᠯᠠᠨ ᠠᠷᠭ᠎ᠠ ᠵᠠᠮ᠂ ᠣᠯᠠᠨ ᠳᠠᠪᠬᠤᠷᠭ᠎ᠠ ᠵᠢᠨ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠬᠦ᠎ᠪᠠᠷ ᠠᠴᠢᠶᠠᠯᠠᠪᠤᠷᠢ ᠪᠣᠯᠭ᠋ᠠᠵᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠂ ᠬᠢᠨᠠᠨ ᠬᠡᠮᠵᠢᠵᠦ ᠢᠯᠡᠷᠡᠭᠦᠯᠬᠦ ᠪᠠ ᠪᠦᠲᠦᠮᠵᠢᠲᠡᠶ ᠲᠡᠳᠬᠦᠬᠦ ᠵᠡᠷᠭᠡ ᠲᠠᠯ᠎ᠠ ᠵᠢᠨ ᠠᠷᠭ᠎ᠠ ᠵᠢ ᠴᠢᠩᠭ᠋ᠠᠷᠠᠭᠤᠯᠤᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠭᠠᠷ ᠬᠣᠯᠪᠣᠨ ᠠᠬᠢᠭᠤᠯᠵᠤ᠂ ᠶᠣᠰᠣ ᠰᠤᠷᠲᠠᠬᠤᠨ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠦᠨ᠎ᠡ᠃
ᠬᠣᠶᠠᠷ᠂ ᠠᠵᠢᠯᠯᠠᠭ᠎ᠠ ᠵᠢᠨ ᠭᠣᠣᠯ ᠰᠡᠳᠦᠪ
《ᠰᠡᠳᠬᠢᠯ᠎ᠢ ᠤᠮᠳᠠᠯᠠᠨ ᠦᠰᠦᠨ ᠪᠤᠢ᠌ᠵᠢᠯᠳᠠ᠎ᠳᠤ᠎ᠨᠢ ᠬᠠᠨᠢ ᠪᠤᠯᠵᠤ᠂ ᠢᠷᠡᠬᠡᠳᠤᠢ᠎ᠪᠠᠨ ᠰᠡᠳᠬᠢᠯ ᠨᠢᠬᠡᠳᠤᠨ ᠬᠠᠮᠠᠭ᠋ᠠᠯᠠᠬᠤ᠃》
ᠭᠤᠷᠪᠠ᠂ ᠠᠵᠢᠯᠯᠠᠭ᠎ᠠ ᠵᠢᠨ ᠠᠭᠤᠯᠭ᠎ᠠ
(ᠨᠢᠭᠡ) ᠣᠶᠤᠨ ᠰᠠᠨᠠᠭ᠋ᠠᠨ᠎ᠤ ᠬᠡᠪ ᠪᠣᠯᠪᠠᠰᠤᠷᠠᠯ᠎ᠢ ᠪᠣᠢ᠌ᠵᠢᠭᠤᠯᠬᠤ ᠵᠢ ᠲᠤᠪᠤᠢ᠌ᠯᠭ᠋ᠠᠪᠠ᠃ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠴᠢᠭᠯᠡᠯ᠎ᠢ ᠪᠠᠷᠢᠮᠲᠠᠯᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠬᠤ ᠬᠡᠷᠡᠭᠳᠡᠢ᠃ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠵᠦ ᠪᠣᠯᠬᠤ ᠴᠠᠭ ᠦᠶ᠎ᠡ ᠵᠢᠨ ᠰᠢᠨ᠎ᠡ ᠬᠥᠮᠥᠨ᠎ᠢ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠵᠢᠨ ᠲᠣᠭᠣᠷᠢᠨ᠎ᠳᠤ ᠰᠢᠨ᠎ᠡ ᠴᠠᠭ ᠦᠶ᠎ᠡ ᠵᠢᠨ ᠠᠭᠤᠤ ᠶᠡᠬᠡ ᠬᠤᠪᠢᠰᠤᠯᠲᠠ ᠪᠣᠯᠣᠨ ᠬᠥᠭᠵᠢᠯᠲᠡ ᠵᠢᠨ ᠦᠷ᠎ᠡ ᠪᠦᠲᠦᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ᠎ᠢ ᠲᠣᠭᠣᠷᠢᠨ ᠦᠵᠡᠬᠦ᠂ ᠬᠥᠮᠦᠵᠢᠯ ᠤᠬᠠᠭᠤᠯᠭ᠎ᠠ ᠵᠢᠨ ᠹᠢᠯᠢᠮ᠎ᠢ ᠦᠵᠡᠬᠦ ᠵᠡᠷᠭᠡ ᠭᠣᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠡᠦᠬᠡᠳ᠎ᠤᠳ᠎ᠤᠨ ᠰᠣᠨᠣᠰᠬᠤ ᠳᠤᠷᠠᠲᠠᠢ ᠣᠢ᠌ᠯᠠᠭ᠋ᠠᠬᠤ ᠦᠭᠡ ᠬᠡᠯᠡ᠎ᠪᠠᠷ ᠨᠠᠮ᠎ᠤᠨ ᠦᠯᠢᠭᠡᠷ᠎ᠢ ᠰᠠᠢ᠌ᠲᠤᠷ ᠶᠠᠷᠢᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠳ᠎ᠢ ᠵᠢᠯᠤᠭᠣᠳᠴᠤ ᠪᠠᠢ᠌ᠭ᠋ᠠᠳ ᠡᠬᠡ ᠤᠯᠤᠰ᠎ᠤᠨ ᠬᠥᠭᠵᠢᠯᠲᠡ ᠵᠢᠨ ᠠᠭᠤᠤ ᠶᠡᠬᠡ ᠠᠮᠵᠢᠯᠲᠠ ᠵᠢ ᠣᠢ᠌ᠯᠠᠭ᠋ᠠᠭᠤᠯᠵᠤ᠂ ᠤᠯᠤᠰ ᠵᠶ᠋ᠡᠨ ᠬᠠᠢ᠌ᠷᠠᠯᠠᠬᠤ ᠰᠡᠳᠬᠢᠯᠭᠡ ᠵᠢ ᠪᠠᠲᠤᠳᠬᠠᠵᠤ᠂ ᠡᠷᠡᠭᠦᠯ ᠰᠠᠷᠠᠭᠤᠯ ᠰᠡᠳᠬᠢᠴᠡ ᠵᠢᠨ ᠦᠵᠡᠯ ᠰᠠᠨᠠᠭ᠎ᠠ ᠶᠣᠰᠣ ᠰᠤᠷᠲᠠᠬᠤᠨ᠎ᠤ ᠰᠠᠭᠤᠷᠢ ᠵᠢ ᠪᠠᠲᠤᠳᠬᠠᠬᠤ ᠬᠡᠷᠡᠭᠲᠡᠢ᠃ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠦᠰᠦᠨ ᠪᠣᠢ᠌ᠵᠢᠵᠤ ᠴᠢᠳᠠᠪᠤᠷᠢᠲᠠᠨ ᠪᠣᠯᠤᠭᠰᠠᠨ ᠤᠷᠮᠠᠰᠢᠭᠤᠯᠤᠨ ᠵᠣᠷᠢᠭᠵᠢᠭᠤᠯᠬᠤ ᠦᠯᠢᠭᠡᠷ᠎ᠢ ᠶᠡᠬᠡ᠎ᠪᠠᠷ ᠠᠭᠤᠳᠠᠯᠤᠨ ᠭᠦᠨᠵᠡᠭᠡᠢ ᠤᠬᠠᠭᠤᠯᠵᠤ᠂ ᠲᠡᠳᠡᠨ᠎ᠢ ᠵᠢᠯᠤᠭᠣᠳᠴᠤ ᠦᠯᠢᠭᠡᠷ ᠳᠠᠭᠤᠷᠢᠶᠠᠯ᠎ᠠᠴᠠ ᠰᠤᠷᠤᠯᠴᠠᠭᠤᠯᠵᠤ᠂ ᠲᠡᠳᠡᠨ᠎ᠢ ᠬᠠᠪᠰᠤᠷᠤᠨ ᠥᠪᠡᠷ᠎ᠢ᠎ᠪᠠᠨ ᠬᠦᠨᠳᠦᠳᠬᠡᠵᠦ ᠥᠪᠡᠷ᠎ᠢ᠎ᠪᠠᠨ ᠢᠲᠡᠭᠡᠬᠦ᠂ ᠪᠠᠶᠠᠰᠤᠩᠭᠤᠢ ᠥᠭᠡᠳᠡᠷᠬᠡᠭ ᠵᠠᠩ ᠴᠢᠨᠠᠷ ᠪᠠ ᠰᠠᠢ᠌ᠨ ᠰᠠᠢ᠌ᠬᠠᠨ ᠦᠢ᠍ᠯᠡ ᠠᠵᠢᠯᠯᠠᠭ᠋ᠠᠨ᠎ᠤ ᠳᠠᠳᠬᠠᠯ᠎ᠲᠠᠢ ᠪᠣᠯᠭ᠋ᠠᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠪᠣᠯᠭ᠋ᠠᠨ ᠴᠢᠷᠮᠠᠢ᠌ᠨ ᠪᠣᠢ᠌ᠵᠢᠭᠤᠯᠬᠤ ᠬᠡᠷᠡᠭᠲᠡᠢ᠃
(ᠬᠣᠶᠠᠷ) ᠰᠡᠳᠬᠢᠴᠡ ᠵᠢᠨ ᠡᠷᠡᠭᠦᠯ ᠮᠡᠨᠳᠦ ᠵᠢ ᠬᠢᠨᠠᠨ ᠬᠡᠮᠵᠢᠬᠦ ᠪᠠ ᠢᠯᠡᠷᠡᠭᠦᠯᠬᠦ ᠵᠢ ᠴᠢᠩᠭ᠋ᠠᠳᠬᠠᠨ᠎ᠠ᠃ ᠰᠤᠷᠭ᠋ᠠᠭᠤᠯᠢ᠎ᠨᠢ ᠬᠡᠷᠡᠭᠴᠡᠭᠡ᠎ᠲᠠᠢ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠵᠢᠯᠤᠭᠣᠳᠴᠤ ᠪᠠᠢ᠌ᠭ᠋ᠠᠳ ᠰᠡᠳᠬᠢᠴᠡ ᠵᠢᠨ ᠡᠷᠡᠭᠦᠯ ᠮᠡᠨᠳᠦ ᠵᠢᠨ ᠰᠢᠯᠭ᠋ᠠᠨ ᠦᠨᠡᠯᠡᠯᠲᠡ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠯᠭᠡᠵᠦ᠂ ᠶᠡᠷᠦᠩᠬᠡᠢ ᠪᠠᠢ᠌ᠳᠠᠯ᠎ᠢ ᠡᠵᠡᠮᠰᠢᠨ᠂ ᠠᠰᠠᠭᠤᠳᠠᠯ᠎ᠢ ᠣᠯᠵᠤ ᠮᠡᠳᠡᠪᠡᠯ ᠬᠡᠦᠬᠡᠳ᠎ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢᠯᠤᠭᠠ ᠴᠠᠭ ᠲᠤᠬᠠᠢᠳᠤᠨᠢ ᠪᠠᠢ᠌ᠳᠠᠯ ᠵᠶ᠋ᠠᠨ ᠨᠡᠪᠲᠡᠷᠡᠯᠴᠡᠬᠦ ᠪᠦᠬᠡᠳ ᠬᠡᠦᠬᠡᠳ ᠰᠠᠭ᠋ᠠᠲᠠᠭᠤᠯᠬᠤ ᠪᠠᠢ᠌ᠭᠤᠯᠤᠮᠵᠢ᠂ ᠨᠡᠢ᠌ᠭᠡᠮ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ᠂ ᠬᠡᠦᠬᠡᠳ᠎ᠤᠨ ᠠᠵᠢᠯᠯᠠᠭ᠋ᠠᠨ᠎ᠤ ᠲᠥᠪ᠂ 12355 ᠵᠠᠯᠠᠭᠤᠴᠤᠳ ᠪᠠᠭ᠋ᠠᠴᠤᠳ᠎ᠤᠨ ᠦᠢ᠍ᠯᠡᠴᠢᠯᠡᠭᠡᠨ᠎ᠤ ᠲᠠᠪᠴᠠᠩ᠂ 《ᠰᠡᠳᠬᠢᠯ ᠨᠢᠬᠡᠳᠡᠢ》 ᠪᠤᠯᠤᠩ᠂ ᠪᠠᠭ᠋ᠠᠴᠤᠳ᠎ᠤᠨ ᠣᠷᠳᠣᠨ ᠵᠡᠷᠭᠡ ᠪᠠᠢ᠌ᠭᠤᠯᠤᠮᠵᠢ ᠪᠤᠶᠤ ᠲᠠᠯᠠᠪᠤᠷ᠎ᠤᠨ ᠠᠵᠢᠯᠲᠠᠳ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠢ᠌ᠳᠠᠯ᠎ᠢ ᠴᠠᠭ ᠲᠤᠬᠠᠢᠳᠤᠨᠢ ᠠᠩᠬᠠᠷᠬᠤ ᠬᠡᠷᠡᠭᠲᠡᠢ᠃ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠂ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠎ᠨᠤᠭᠤᠳ ᠲᠣᠰ ᠪᠡᠶ᠎ᠡ ᠵᠢᠨ ᠲᠤᠰᠬᠠᠢ ᠮᠡᠷᠭᠡᠵᠢᠯ᠎ᠤᠨ ᠬᠦᠴᠦᠨ᠎ᠳᠤ᠎ᠪᠠᠨ ᠲᠦᠰᠢᠭᠯᠡᠨ᠂ ᠪᠠᠢ᠌ᠭᠤᠯᠤᠮᠵᠢ ᠵᠢᠨ ᠳᠣᠲᠣᠷᠠᠬᠢ ᠬᠡᠦᠬᠡᠳ᠎ᠲᠤ ᠰᠡᠳᠬᠢᠴᠡ ᠵᠢᠨ ᠡᠷᠡᠭᠦᠯ ᠮᠡᠨᠳᠦ ᠵᠢᠨ ᠦᠨᠡᠯᠡᠯᠲᠡ ᠬᠢᠬᠦ ᠵᠢᠨ ᠬᠠᠮᠲᠤ ᠪᠤᠰᠤᠳ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠢᠳᠡᠪᠬᠢᠲᠡᠢ᠎ᠪᠠᠷ ᠨᠥᠯᠥᠭᠡᠯᠡᠨ᠂ ᠲᠡᠮᠳᠡᠭᠯᠡᠬᠦ ᠪᠠ ᠲᠠᠩᠰᠠ ᠡᠪᠬᠡᠮᠡᠯ᠎ᠳᠤ ᠣᠷᠣᠭᠤᠯᠬᠤ ᠵᠢ ᠰᠠᠢ᠌ᠲᠤᠷ ᠬᠢᠬᠦ ᠬᠡᠷᠡᠭᠲᠡᠢ᠃ ᠬᠡᠦᠬᠡᠳ᠎ᠤᠨ ᠬᠢᠨᠠᠨ ᠵᠢᠯᠣᠭᠣᠳᠤᠭᠴᠢ ᠪᠣᠯᠣᠨ ᠬᠡᠦᠬᠡᠳ᠎ᠤᠨ ᠡᠷᠬᠢᠯᠡᠭᠴᠢ ᠲᠣᠭᠲᠠᠮᠠᠯ ᠬᠤᠭᠤᠴᠠᠭ᠎ᠠ᠎ᠲᠠᠢ᠎ᠪᠠᠷ ᠭᠡᠷ᠎ᠤᠨ ᠰᠣᠷᠪᠤᠯᠵᠢᠯᠠᠭ᠎ᠠ ᠬᠢᠬᠦ᠂ ᠰᠡᠳᠬᠢᠯ᠎ᠤᠨ ᠦᠭᠡ᠎ᠪᠠᠨ ᠶᠠᠷᠢᠯᠴᠠᠬᠤ᠂ 《6 ·1》᠎ᠤ ᠭᠣᠣᠯ ᠰᠡᠳᠦᠪᠲᠦ ᠠᠵᠢᠯᠯᠠᠭ᠎ᠠ ᠵᠡᠷᠭᠡ ᠣᠯᠠᠨ ᠠᠷᠭ᠎ᠠ᠎ᠪᠠᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠢ᠌ᠳᠠᠯ᠎ᠢ ᠨᠢᠭᠲᠠ ᠠᠩᠬᠠᠷᠴᠤ᠂ ᠠᠮᠢᠳᠤᠷᠠᠯ᠎ᠨᠢ ᠬᠦᠴᠢᠷᠲᠡᠢ᠂ ᠰᠤᠷᠭ᠋ᠠᠭᠤᠯᠢ ᠳᠡᠪᠰᠢᠬᠦ ᠳᠠᠷᠤᠯᠲᠠ᠂ ᠭᠡᠷ ᠪᠦᠯᠢ ᠵᠢᠨ ᠬᠤᠪᠢᠷᠠᠯᠲᠠ᠂ ᠬᠠᠤᠯᠢ ᠶᠣᠰᠣᠨ᠎ᠤ ᠡᠷᠬᠡ ᠠᠰᠢᠭ᠎ᠨᠢ ᠬᠠᠯᠳᠠᠯᠭ᠎ᠠ᠎ᠳᠤ ᠤᠴᠠᠷᠠᠭᠰᠠᠨ ᠬᠡᠦᠬᠡᠳ ᠪᠠ ᠭᠡᠷ ᠪᠦᠯᠢ ᠵᠢ ᠭᠣᠣᠯᠳᠠᠯᠭ᠎ᠠ᠎ᠲᠠᠢ ᠰᠤᠷᠪᠤᠯᠵᠢᠯᠠᠵᠤ᠂ ᠬᠡᠦᠬᠡᠳ᠎ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢ ᠬᠠᠪᠰᠤᠷᠤᠨ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠂ ᠠᠰᠠᠭᠤᠳᠠᠯ᠎ᠢ᠎ᠨᠢ ᠰᠢᠢ᠍ᠳᠪᠦᠷᠢᠯᠡᠨ᠎ᠡ᠃
(ᠭᠤᠷᠪᠠ) ᠪᠦᠲᠦᠮᠵᠢᠲᠡᠶ ᠬᠠᠯᠠᠮᠵᠢᠯᠠᠬᠤ ᠦᠢ᠍ᠯᠡᠴᠢᠯᠡᠭᠡ ᠵᠢ ᠲᠥᠪᠯᠡᠷᠡᠭᠦᠯᠦᠨ ᠥᠷᠨᠢᠭᠦᠯᠦᠨ᠎ᠡ᠃ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠠᠭᠤᠯᠭ᠎ᠠ ᠵᠢ ᠲᠠᠰᠤᠷᠠᠯᠲᠠ ᠦᠭᠡᠢ ᠥᠷᠭᠡᠳᠬᠡᠵᠦ ᠪᠠᠢ᠌ᠭ᠎ᠠ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ᠎ᠳᠤ ᠢᠳᠡᠪᠬᠢᠲᠡᠢ᠎ᠪᠠᠷ ᠵᠣᠬᠢᠴᠠᠭᠤᠯᠤᠨ᠂ ᠪᠠᠭᠰᠢ᠂ ᠬᠡᠦᠬᠡᠳ᠎ᠤᠨ ᠡᠷᠬᠢᠯᠡᠭᠴᠢ᠂ ᠲᠣᠰᠬᠣᠨ (ᠨᠡᠢ᠌ᠭᠡᠮ ᠲᠣᠭᠣᠷᠢᠭ)᠎ᠤ ᠡᠮᠡᠭᠲᠡᠢ᠌ᠴᠦᠳ᠎ᠤᠨ ᠬᠤᠯᠪᠤᠭ᠎ᠠ ᠵᠢᠨ ᠲᠡᠷᠢᠭᠦᠯᠡᠭᠴᠢ᠂ ᠬᠡᠦᠬᠡᠳ᠎ᠤᠨ ᠨᠡᠢ᠌ᠭᠡᠮ᠎ᠤᠨ ᠠᠵᠢᠯᠲᠠᠨ᠂ 12355 ᠰᠡᠳᠬᠢᠴᠡ ᠵᠢᠨ ᠵᠥᠪᠯᠡᠯᠭᠡ ᠥᠭᠭᠦᠭᠴᠢ᠂ ᠰᠠᠢ᠌ᠨ ᠲᠤᠷᠠᠴᠤᠤᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠷᠡᠭᠴᠡᠭᠡ᠎ᠲᠠᠢ ᠬᠡᠦᠬᠡᠳ᠎ᠤᠨ ᠰᠡᠳᠬᠢᠴᠡ ᠵᠢ ᠬᠠᠯᠠᠮᠵᠢᠯᠠᠬᠤ ᠲᠥᠰᠥᠯ᠎ᠢ ᠲᠥᠷᠥᠯ ᠬᠤᠪᠢᠶᠠᠨ ᠲᠣᠭᠲᠠᠭ᠋ᠠᠵᠤ᠂ ᠰᠡᠳᠬᠢᠴᠡ ᠵᠢᠨ ᠵᠢᠯᠣᠭᠣᠳᠤᠯᠭ᠎ᠠ᠂ ᠤᠷᠮ᠎ᠠ ᠰᠡᠳᠬᠢᠯᠭᠡ ᠵᠢᠨ ᠲᠠᠢ᠌ᠳᠬᠤᠷᠠᠭᠤᠯᠤᠯ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠲᠡᠳᠬᠦᠬᠦ ᠠᠵᠢᠯ᠎ᠢ ᠴᠢᠩᠭ᠋ᠠᠳᠬᠠᠵᠤ᠂ ᠬᠠᠨᠢ ᠪᠣᠯᠬᠤ ᠪᠠ ᠬᠠᠯᠠᠮᠵᠢᠯᠠᠬᠤ ᠵᠢ ᠨᠡᠮᠡᠭᠳᠡᠭᠦᠯᠦᠨ᠂ ᠡᠷᠡᠭᠦᠯ ᠪᠥᠭᠡᠳ ᠡᠶ᠎ᠡ ᠵᠣᠬᠢᠴᠠᠯ᠎ᠲᠠᠢ ᠭᠡᠷ ᠪᠦᠯᠢ ᠵᠢᠨ ᠣᠷᠴᠢᠨ ᠲᠣᠭᠣᠷᠢᠨ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ ᠪᠠ ᠨᠡᠢ᠌ᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ᠎ᠪᠠᠷ ᠳᠠᠮᠵᠢᠭᠤᠯᠤᠨ᠂ ᠵᠥᠪ ᠴᠢᠭᠯᠡᠯ ᠵᠶ᠋ᠡᠷ ᠵᠢᠯᠤᠭᠣᠳᠬᠤ ᠵᠢ ᠴᠢᠩᠭ᠋ᠠᠳᠬᠠᠵᠤ᠂ ᠨᠠᠵᠠᠭ᠋ᠠᠢ ᠲᠠᠯ᠎ᠠ ᠵᠢᠨ ᠤᠷᠮ᠎ᠠ ᠰᠡᠳᠬᠢᠯᠭᠡ ᠵᠢ ᠪᠠᠭ᠋ᠠᠰᠬᠠᠬᠤ ᠬᠡᠷᠡᠭᠲᠡᠢ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠡᠨᠡ ᠵᠢᠯ᠎ᠤᠨ 《ᠰᠣᠷᠣᠭᠴᠢ ᠵᠢᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠠᠬᠢᠭᠤᠯᠬᠤ ᠣᠨ》 ᠵᠶ᠋ᠠᠷ ᠶᠡᠷᠦᠩᠬᠡᠢ ᠪᠠᠷᠢᠴᠨ ᠪᠣᠯᠭ᠋ᠠᠵᠤ᠂ ᠰᠤᠷᠭ᠋ᠠᠭᠤᠯᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠭ᠋ᠡᠷ ᠪᠦᠯᠢ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ ᠵᠢ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠨᠢᠭᠲᠠᠷᠠᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠤᠷᠭ᠋ᠠᠭᠤᠯᠢ᠎ᠳᠤ ᠪᠠᠢ᠌ᠭ᠎ᠠ ᠢᠯᠡᠷᠡᠯ᠎ᠢ ᠠᠩᠬᠠᠷᠴᠤ᠂ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢ ᠵᠣᠬᠢᠶᠠᠨ ᠪᠠᠶ᠋ᠢᠭᠤᠯᠬᠤ ᠵᠡᠷᠭᠡ᠎ᠳᠤ ᠬᠠᠨᠳᠤᠯᠭ᠋ᠠᠲᠤ ᠴᠢᠨᠠᠷᠲᠠᠢ ᠬᠠᠪᠰᠤᠷᠤᠨ ᠵᠢᠯᠣᠭᠣᠳᠤᠯᠭ᠎ᠠ ᠪᠠ ᠬᠠᠢ᠌ᠷ᠎ᠠ ᠬᠠᠯᠠᠮᠵᠢ ᠬᠠᠩᠭ᠋ᠠᠵᠤ᠂ ᠲᠡᠳᠡᠨ᠎ᠢ ᠬᠠᠪᠰᠤᠷᠤᠨ ᠬᠠᠨᠢ ᠨᠠᠢ᠌ᠵᠠ ᠵᠢᠨ ᠳᠡᠮᠵᠢᠯᠭᠡ ᠵᠢ᠎ᠨᠢ ᠴᠢᠩᠭ᠋ᠠᠳᠬᠠᠨ᠂ ᠪᠠᠭᠰᠢ ᠰᠣᠷᠣᠭᠴᠢ ᠵᠢᠨ ᠬᠠᠷᠢᠴᠠᠭ᠎ᠠ ᠵᠢ᠎ᠨᠢ ᠵᠣᠬᠢᠴᠠᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠰᠤᠷᠤᠯᠴᠠᠯᠭ᠎ᠠ ᠪᠠ ᠠᠮᠢᠳᠤᠷᠠᠯ᠎ᠳᠤ ᠨᠠᠩ ᠰᠠᠢ᠌ᠨ ᠠᠭᠤᠰᠤᠯᠴᠠᠭᠤᠯᠬᠤ ᠬᠡᠷᠡᠭᠲᠡᠢ᠃ ᠰᠡᠳᠬᠢᠴᠡ ᠵᠢᠨ ᠬᠡᠪ᠎ᠤᠨ ᠪᠤᠰᠤ ᠪᠠᠢ᠌ᠳᠠᠯ ᠣᠷᠣᠰᠢᠵᠤ ᠮᠡᠳᠡᠬᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢ ᠵᠢᠯᠤᠭᠣᠳᠴᠤ ᠪᠠᠢ᠌ᠭ᠋ᠠᠳ ᠨᠡᠢ᠌ᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠪᠤᠶᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠠᠴᠠ ᠲᠤᠰᠬᠠᠢ ᠮᠡᠷᠭᠡᠵᠢᠯ᠎ᠤᠨ ᠬᠠᠪᠰᠤᠷᠤᠯᠭ᠎ᠠ ᠡᠷᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠰᠡᠳᠬᠢᠴᠡ ᠵᠢᠨ ᠡᠮᠴᠢᠯᠡᠭᠴᠢ᠂ ᠮᠡᠳᠡᠷᠡᠯ᠎ᠤᠨ ᠰᠠᠯᠠᠭ᠋ᠠᠨ᠎ᠤ ᠡᠮᠴᠢ᠎ᠠᠴᠠ ᠡᠮᠨᠡᠭᠦᠯᠵᠦ ᠪᠠᠢ᠌ᠭ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠵᠢᠷᠤᠮᠵᠢᠭᠰᠠᠨ ᠣᠨᠣᠰᠢᠯᠠᠨ ᠡᠮᠨᠡᠬᠦ ᠦᠢ᠍ᠯᠡᠴᠢᠯᠡᠭᠡ ᠬᠠᠩᠭ᠋ᠠᠵᠤ᠂ ᠬᠠᠯᠠᠮᠵᠢᠯᠠᠨ ᠬᠠᠢ᠌ᠷᠠᠯᠠᠬᠤ ᠡᠷᠴᠢᠮ ᠵᠶ᠋ᠡᠨ ᠴᠢᠩᠭ᠋ᠠᠳᠬᠠᠬᠤ ᠬᠡᠷᠡᠭᠲᠡᠢ᠃
(ᠳᠥᠷᠪᠡ), ᠬᠠᠯᠠᠮᠵᠢᠯᠠᠬᠤ ᠦᠢ᠍ᠯᠡᠴᠢᠯᠡᠭᠡᠨ᠎ᠢ ᠨᠠᠡᠭ ᠨᠠᠷᠢᠯᠢᠭ ᠤᠨᠤᠪᠴᠢᠳᠠᠢ ᠪᠤᠯᠭ᠋ᠠᠬᠤ ᠬᠡᠷᠡᠭᠳᠡᠢ᠃ ᠠᠮᠢᠳᠤᠷᠠᠯ᠎ᠨᠢ ᠬᠦᠴᠢᠷᠳᠡᠯ᠎ᠲᠠᠢ᠂ ᠭᠡᠷ ᠪᠦᠯᠢ᠎ᠨᠢ ᠬᠤᠪᠢᠷᠠᠯᠲᠠ ᠭᠠᠷᠤᠭᠰᠠᠨ᠂ ᠬᠠᠷᠠᠭ᠋ᠠᠯᠵᠠᠨ ᠬᠠᠮᠠᠭ᠋ᠠᠯᠠᠬᠤ᠎ᠪᠠᠷ ᠳᠤᠲᠠᠮᠠᠭ᠂ ᠨᠡᠭᠦᠳᠡᠯ ᠪᠤᠶᠤ ᠭᠡᠷ᠎ᠲᠤ᠎ᠪᠠᠨ ᠬᠣᠴᠣᠷᠤᠭᠰᠠᠨ᠂ ᠰᠡᠳᠬᠢᠴᠡ ᠪᠠ ᠦᠢᠯᠡ ᠠᠵᠢᠯᠯᠠᠭ᠎ᠠ᠎ᠨᠢ ᠬᠡᠪ᠎ᠤᠨ ᠪᠤᠰᠤ ᠪᠣᠯᠤᠭᠰᠠᠨ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠷᠡᠭᠴᠡᠭᠡ ᠱᠠᠭ᠋ᠠᠷᠳᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠳᠤᠷᠠᠳᠤᠭᠰᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠲᠣᠭ᠎ᠠ ᠪᠠᠷᠢᠮᠲᠠ ᠵᠢᠨ ᠡᠬᠡ ᠲᠠᠩᠰᠠ ᠪᠠᠢ᠌ᠭᠤᠯᠵᠤ᠂ ᠭᠣᠣᠯᠳᠠᠯᠭ᠎ᠠ᠎ᠲᠠᠢ ᠲᠣᠭᠣᠷᠢᠨ ᠰᠤᠷᠪᠤᠯᠵᠢᠯᠠᠬᠤ ᠪᠠ ᠳᠠᠭ᠋ᠠᠵᠤ᠂ ᠡᠪᠡᠳᠴᠢᠨ ᠳᠤᠨᠢ ᠲᠠᠭ᠋ᠠᠷᠠᠭᠤᠯᠤᠨ ᠡᠮ ᠥᠭᠴᠦ᠂ ᠭᠠᠷ ᠬᠣᠯᠪᠣᠨ ᠬᠠᠯᠠᠮᠵᠢᠯᠠᠨ ᠬᠠᠢ᠌ᠷᠠᠯᠠᠵᠤ᠂ ᠭᠡᠷ ᠪᠦᠯᠢ ᠵᠢ ᠬᠠᠪᠰᠤᠷᠤᠨ ᠬᠦᠴᠢᠷ᠎ᠢ ᠳᠤᠭᠤᠯᠵᠤ᠂ ᠬᠡᠦᠬᠡᠳ᠎ᠤᠨ ᠡᠷᠡᠭᠦᠯ ᠴᠢᠭᠢᠷᠠᠭ ᠰᠡᠳᠬᠢᠴᠡ ᠵᠢ ᠪᠣᠶ ᠪᠣᠯᠭ᠋ᠠᠬᠤ᠎ᠳᠤ ᠬᠦᠴᠦ ᠨᠡᠮᠡᠷᠢᠯᠡᠬᠦ ᠬᠡᠷᠡᠭᠲᠡᠢ᠃ ᠣᠶᠣᠨ ᠤ ᠰᠠᠭ᠋ᠠᠳ᠎ᠲᠠᠢ ᠮᠥᠷᠲᠡᠭᠡᠨ ᠡᠮᠨᠡᠯᠭᠡ᠎ᠠᠴᠠ ᠭᠠᠷᠴᠤ ᠡᠮᠨᠡᠯᠭᠡ᠎ᠠᠴᠠ ᠭᠠᠷᠤᠭ᠋ᠠᠳ ᠨᠡᠢ᠌ᠭᠡᠮ ᠲᠣᠭᠣᠷᠢᠭ ᠪᠤᠶᠤ ᠰᠤᠷᠭ᠋ᠠᠭᠤᠯᠢ ᠳᠤ᠎ᠪᠠᠨ ᠪᠤᠴᠠᠭᠰᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠰᠤᠷᠭ᠋ᠠᠭᠤᠯᠢ ᠵᠢᠨ ᠪᠠᠭᠰᠢ᠂ ᠬᠡᠦᠬᠡᠳ᠎ᠤᠨ ᠡᠷᠬᠢᠯᠡᠭᠴᠢ᠂ ᠬᠡᠦᠬᠡᠳ᠎ᠤᠨ ᠨᠡᠢ᠌ᠭᠡᠮ᠎ᠤᠨ ᠠᠵᠢᠯᠲᠠᠨ᠂ ᠰᠠᠢ᠌ᠨ ᠲᠤᠷᠠᠴᠤᠤᠯ ᠵᠡᠷᠭᠡ ᠵᠢ ᠲᠠᠢ᠍ᠢ᠍ᠴᠢᠯᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳᠯᠦᠭᠡ ᠬᠣᠣᠰᠯᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠢ᠌ᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ᠎ᠲᠠᠭᠠᠨ ᠰᠤᠷᠪᠤᠯᠵᠢᠯᠠᠬᠤ᠂ ᠮᠥᠷᠳᠡᠨ ᠦᠢ᠍ᠯᠡᠴᠢᠯᠡᠬᠦ ᠠᠵᠢᠯ᠎ᠢ ᠥᠷᠨᠢᠭᠦᠯᠵᠦ᠂ ᠨᠠᠷᠢᠯᠢᠭ ᠣᠨᠣᠴᠠᠲᠠᠢ᠎ᠪᠠᠷ ᠬᠠᠯᠠᠮᠵᠢᠯᠠᠬᠤ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠰᠠᠯᠠᠭ᠎ᠠ ᠮᠥᠴᠢᠷ᠎ᠤᠨ 《ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠵᠢᠯᠤᠭᠣᠳᠬᠤ ᠰᠠᠨᠠᠯ》 《ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ》᠎ᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠠᠵᠢᠯ᠎ᠤᠨ ᠰᠢᠨ᠎ᠡ ᠠᠷᠭ᠎ᠠ ᠵᠢ ᠲᠡᠭᠦᠯᠳᠡᠷᠵᠢᠭᠦᠯᠦᠨ᠂ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢ ᠨᠠᠷᠢᠯᠢᠭᠵᠢᠭᠤᠯᠵᠤ᠂ ᠦᠢ᠍ᠯᠡᠴᠢᠯᠡᠬᠡ ᠬᠦᠷᠳᠡᠭᠰᠡᠳ᠎ᠤᠨ ᠬᠦᠷᠢᠶ᠎ᠡ ᠬᠡᠪᠴᠢᠶ᠎ᠡ ᠵᠢ ᠣᠨᠣᠪᠴᠢᠲᠠᠶ᠂ ᠠᠵᠢᠯ᠎ᠤᠨ ᠠᠷᠭ᠎ᠠ ᠨᠠᠷᠢᠨ᠂ ᠬᠠᠯᠠᠮᠵᠢᠯᠠᠬᠤ ᠠᠭᠤᠯᠭ᠎ᠠ ᠵᠢ ᠪᠣᠳᠠᠲᠠᠢ᠂ ᠦᠢ᠍ᠯᠡᠴᠢᠯᠡᠭᠡᠨ᠎ᠤ ᠠᠷᠭ᠎ᠠ ᠰᠢᠨᠡᠴᠢᠯᠡᠬᠦ ᠬᠡᠷᠡᠭᠲᠡᠢ᠃