(2024 ᠣᠨ᠎ᠤ 7 ᠳ᠋ᠤᠭ᠋ᠠᠷ ᠰᠠᠷ᠎ᠠ ᠵᠢᠨ 31᠎ᠤ ᠡᠳᠦᠷ)
ᠠᠵᠤ ᠠᠬᠤᠢ ᠨᠡᠢ᠌ᠭᠡᠮ᠎ᠤᠨ ᠬᠦᠭᠵᠢᠬᠦᠯᠤᠯᠳᠡ ᠵᠢ ᠪᠣᠬᠢᠷᠲᠤᠯ ᠦᠭᠡᠢ ᠪᠣᠯᠭ᠋ᠠᠬᠤ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠠᠵᠢᠯ᠎ᠢ ᠠᠬᠢᠭᠤᠯᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠰᠢᠨ᠎ᠡ ᠣᠢ᠌ᠯᠠᠭ᠋ᠠᠭᠳᠠᠬᠤᠨ ᠰᠢᠨ᠎ᠡ ᠦᠢ᠍ᠯᠡᠳᠦᠯᠭᠡ ᠵᠢᠨ ᠴᠢᠬᠤᠯᠠ ᠪᠡᠯᠭᠡ ᠲᠡᠮᠳᠡᠭ᠂ ᠴᠢᠨᠠᠷᠯᠢᠭ ᠬᠥᠭᠵᠢᠯᠲᠡ ᠵᠢ ᠪᠡᠶᠡᠯᠡᠭᠦᠯᠬᠦ ᠵᠠᠩᠭᠢᠯᠠᠭ᠎ᠠ ᠵᠢᠨ ᠭᠣᠭᠴᠣᠭ᠎ᠠ᠂ ᠮᠠᠨ᠎ᠤ ᠤᠯᠤᠰ᠎ᠤᠨ ᠡᠬᠢ ᠪᠠᠶᠠᠯᠢᠭ ᠣᠷᠴᠢᠨ ᠲᠣᠭᠣᠷᠢᠨ ᠠᠮᠢ ᠠᠬᠤᠢ ᠵᠢᠨ ᠠᠰᠠᠭᠤᠳᠠᠯ᠎ᠢ ᠰᠢᠢ᠍ᠳᠪᠦᠷᠢᠯᠡᠬᠦ ᠰᠠᠭᠤᠷᠢ ᠪᠣᠳᠣᠯᠭ᠎ᠠ᠂ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ ᠣᠷᠣᠰᠢᠬᠤ ᠣᠳᠣᠬᠢᠴᠢᠯᠠᠯᠲᠠ ᠵᠢ ᠪᠦᠲᠦᠭᠡᠨ ᠪᠠᠶ᠋ᠢᠭᠤᠯᠬᠤ ᠳᠣᠲᠣᠭ᠋ᠠᠳᠤ ᠱᠠᠭ᠋ᠠᠷᠳᠠᠯᠭ᠎ᠠ ᠮᠥᠨ᠃ ᠠᠵᠤ ᠠᠬᠤᠢ ᠨᠡᠢ᠌ᠭᠡᠮ᠎ᠤᠨ ᠬᠦᠭᠵᠢᠬᠦᠯᠤᠯᠳᠡ ᠵᠢᠨ ᠪᠥᠬᠥ ᠲᠠᠯ᠎ᠠ᠎ᠪᠠᠷ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠵᠢᠨ ᠲᠦᠯᠤᠬᠡ ᠲᠠᠷᠠᠭ᠋ᠠᠬᠢ ᠰᠠᠨᠠᠯ᠎ᠢ ᠳᠤᠷᠠᠳᠤᠶ᠎ᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢ ᠵᠢᠨ ᠫᠢᠩ ᠠᠵᠤ ᠠᠬᠤᠢ ᠵᠢᠨ ᠦᠵᠡᠯ ᠰᠠᠨᠠᠭ᠎ᠠ᠂ ᠰᠢ ᠵᠢᠨ ᠫᠢᠩ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠦᠭᠵᠢᠬᠦᠯᠤᠯᠳᠡ ᠵᠢᠨ ᠰᠢᠨ᠎ᠡ ᠣᠢ᠌ᠯᠠᠭ᠋ᠠᠭᠳᠠᠬᠤᠨ᠎ᠢ ᠪᠦᠷᠢᠨ ᠭᠦᠢ᠍ᠴᠡᠳ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠤᠨ᠂ ᠬᠦᠭᠵᠢᠬᠦᠯᠤᠯᠳᠡ ᠵᠢᠨ ᠰᠢᠨ᠎ᠡ ᠪᠠᠢ᠌ᠷᠢᠰᠢᠯ᠎ᠢ ᠲᠦᠷᠭᠡᠨ ᠪᠠᠢ᠌ᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠠᠷᠪᠢᠲᠠᠢ ᠡᠷᠴᠢᠮᠯᠢᠭ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠬᠰᠢᠯᠠᠭᠤᠯᠬᠤ ᠴᠢᠨᠠᠷᠯᠢᠭ ᠬᠥᠭᠵᠢᠯᠲᠡ ᠵᠢᠨ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠳᠤ ᠬᠦᠷᠭᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ ᠵᠶ᠋ᠠᠷ ᠵᠢᠯᠣᠭᠣᠳᠤᠮᠵᠢ ᠪᠣᠯᠭ᠋ᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠭᠵᠢᠬᠦᠯᠤᠯᠳᠡ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠠᠬᠤᠢ ᠨᠡᠢ᠌ᠭᠡᠮ᠎ᠤᠨ ᠬᠦᠭᠵᠢᠬᠦᠯᠤᠯᠳᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ ᠵᠢ ᠬᠠᠮᠠᠭ᠋ᠠᠯᠠᠬᠤ ᠣᠷᠣᠨ ᠵᠠᠢ ᠵᠢᠨ ᠪᠠᠢ᠌ᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠬᠥᠮᠥᠨ ᠪᠠᠢ᠌ᠭ᠋ᠠᠯᠢ ᠡᠶ᠎ᠡ ᠵᠤᠬᠢᠴᠠᠡᠭᠭᠤᠢ ᠣᠷᠣᠰᠢᠬᠤ ᠣᠳᠣᠬᠢᠴᠢᠯᠠᠯᠲᠠ ᠵᠢ ᠠᠬᠢᠭᠤᠯᠤᠨ᠎ᠠ᠃
ᠠᠵᠢᠯ᠎ᠤᠨ ᠳᠤᠮᠳᠠ᠎ᠪᠠᠨ ᠲᠠᠷᠠᠭ᠋ᠠᠬᠢ ᠵᠦᠢ᠍ᠯ᠎ᠢ ᠭᠦᠢ᠍ᠴᠡᠳᠬᠡᠬᠦ ᠬᠡᠷᠡᠭᠲᠡᠢ᠄
— ᠪᠦᠬᠦ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠨ᠎ᠠ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠱᠠᠭ᠋ᠠᠷᠳᠠᠯᠭ᠎ᠠ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠠᠭᠤᠰᠬᠠᠵᠤ᠂ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢ ᠪᠦᠬᠦ ᠲᠠᠯ᠎ᠠ᠎ᠪᠠᠷ᠂ ᠪᠦᠬᠦ ᠬᠦᠷᠢᠶ᠎ᠡ᠂ ᠪᠦᠬᠦ ᠣᠷᠣᠨ ᠪᠦᠰᠡ᠎ᠪᠠᠷ ᠠᠬᠢᠭᠤᠯᠵᠤ᠂ ᠬᠥᠮᠥᠨ ᠪᠠᠢ᠌ᠭ᠋ᠠᠯᠢ ᠵᠢᠨ ᠬᠠᠮᠲᠤ ᠵᠢᠨ ᠴᠣᠭᠴᠠ ᠵᠢ ᠪᠠᠢ᠌ᠭᠤᠯᠤᠨ᠎ᠠ᠃
— ᠬᠠᠮᠵᠢᠯᠴᠠᠨ ᠬᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠨ᠎ᠠ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ᠎ᠤᠨ ᠬᠥᠭᠵᠢᠯᠲᠡ ᠵᠢᠨ ᠪᠣᠳᠠᠲᠤ ᠪᠠᠢ᠌ᠳᠠᠯ᠎ᠢ ᠭᠦᠢ᠍ᠴᠡᠳ ᠪᠣᠳᠣᠯᠬᠢᠯᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ ᠪᠠ ᠭᠣᠣᠯᠳᠠᠯᠭ᠎ᠠ᠎ᠲᠠᠢ ᠰᠢᠪᠲᠤᠯᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠴᠠᠭ᠎ᠤᠨ ᠬᠦᠰᠦᠨᠦᠭᠲᠦ᠂ ᠲᠦᠰᠦᠪ ᠵᠢᠷᠤᠭ᠂ ᠪᠠᠷᠢᠯᠭ᠎ᠠ ᠵᠢᠨ ᠵᠢᠷᠤᠭ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠨᠥᠬᠥᠴᠡᠯ᠎ᠲᠠᠢ ᠭᠠᠵᠠᠷ ᠣᠷᠣᠨ ᠪᠠ ᠠᠵᠢᠯ ᠲᠥᠷᠥᠯ᠎ᠤᠨ᠎ᠬᠢᠨ᠎ᠤ ᠤᠷᠢᠳ ᠵᠶ᠋ᠡᠷ ᠰᠦᠪᠡᠭᠴᠢᠯᠡᠬᠦ ᠵᠢ ᠵᠣᠷᠢᠭᠵᠢᠭᠤᠯᠤᠨ᠎ᠠ᠃
— ᠰᠢᠨ᠎ᠡ ᠵᠢ ᠡᠭᠦᠳᠴᠦ ᠬᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠨ᠎ᠠ᠃ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠤᠯᠭ᠋ᠠᠭᠤᠷᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠲᠦᠷᠦ ᠵᠢᠨ ᠪᠣᠳᠣᠯᠭ᠎ᠠ ᠳᠦᠷᠢᠮ᠎ᠤᠨ ᠰᠢᠨ᠎ᠡ ᠵᠢ ᠡᠭᠦᠳᠬᠦ᠂ ᠬᠤᠳᠠᠯᠳᠤᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠰᠢᠨᠵᠢᠯᠡᠬᠦ ᠮᠡᠷᠭᠡᠵᠢᠯ᠎ᠤᠨ ᠬᠤᠪᠢᠰᠬᠠᠯ᠎ᠢ ᠠᠬᠢᠭᠤᠯᠵᠤ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲ᠋ᠣᠬᠢᠷᠠᠭᠤᠯᠤᠨ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠨᠡᠩ ᠴᠢᠩᠭ᠎ᠠ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃
— ᠠᠮᠤᠷ ᠲᠦᠪᠰᠢᠨ ᠵᠶ᠋ᠡᠷ ᠬᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠨ᠎ᠠ᠃ ᠬᠥᠭᠵᠢᠭᠦᠯᠬᠦ ᠪᠠ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ᠎ᠤ ᠪᠠ ᠠᠯᠤᠰ ᠬᠡᠳᠦ ᠵᠢᠨ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠨ ᠰᠠᠢ᠌ᠲᠤᠷ ᠰᠢᠢ᠍ᠳᠪᠦᠷᠢᠯᠡᠵᠦ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠲᠤᠯᠭ᠋ᠠᠷᠠᠵᠤ ᠪᠠᠢ᠌ᠭ᠎ᠠ ᠳᠣᠲᠣᠭ᠋ᠠᠳᠤ ᠭᠠᠳᠠᠭ᠋ᠠᠳᠤ ᠵᠢᠨ ᠠᠶᠤᠯ ᠲᠦᠭᠰᠢᠭᠦᠷᠢ ᠵᠢᠨ ᠥᠷᠢᠰᠦᠯᠳᠦᠭᠡᠨ᠎ᠢ ᠲᠣᠬᠢᠲᠠᠢ ᠰᠡᠷᠭᠡᠢ᠌ᠯᠡᠨ ᠠᠷᠢᠯᠭ᠋ᠠᠵᠤ᠂ ᠠᠮᠤ ᠪᠤᠳᠠᠭ᠎ᠠ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ᠂ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠦᠢ᠍ᠯᠡᠳᠪᠦᠷᠢᠯᠡᠯ ᠠᠮᠢᠳᠤᠷᠠᠯ᠎ᠢ ᠨᠡᠩ ᠰᠠᠢ᠌ᠲᠤᠷ ᠪᠠᠲᠤᠯᠠᠨ᠎ᠠ᠃
ᠭᠣᠣᠯ ᠬᠠᠷᠠᠯᠲᠠ᠄ 2030 ᠣᠨ ᠪᠣᠯᠬᠤ᠎ᠳᠤ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ᠎ᠬᠢ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠵᠢ ᠢᠳᠡᠪᠬᠢᠲᠡᠢ ᠠᠬᠢᠴᠠ᠎ᠲᠠᠢ ᠪᠣᠯᠭ᠋ᠠᠵᠤ᠂ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠪᠣᠯᠣᠨ ᠠᠮᠢᠳᠤᠷᠠᠯ᠎ᠤᠨ ᠠᠷᠭ᠎ᠠ ᠬᠡᠯᠪᠡᠷᠢ ᠵᠢ ᠦᠨᠳᠦᠰᠦᠨ᠎ᠳᠤ᠎ᠨᠢ ᠪᠦᠷᠢᠯᠳᠦᠭᠦᠯᠵᠦ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠬᠠᠮᠵᠢᠯᠴᠠᠬᠤ ᠴᠢᠳᠠᠪᠤᠷᠢ ᠵᠢ ᠢᠯᠡᠳᠲᠡ ᠨᠡᠮᠡᠭᠳᠡᠭᠦᠯᠵᠦ᠂ ᠭᠣᠣᠯ ᠪᠣᠯᠬᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠦᠭᠵᠢᠬᠦᠯᠤᠯᠳᠡ ᠵᠢ ᠳᠡᠮᠵᠢᠬᠦ ᠲᠦᠷᠦ ᠵᠢᠨ ᠪᠣᠳᠣᠯᠭ᠎ᠠ ᠪᠣᠯᠣᠨ ᠪᠠᠷᠢᠮᠵᠢᠶ᠎ᠠ ᠵᠢᠨ ᠰᠢᠰᠲᠸᠮ᠎ᠢ ᠨᠡᠩ ᠲᠡᠭᠦᠯᠳᠡᠷᠵᠢᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠵᠢ ᠢᠯᠡᠳᠲᠡ ᠦᠷ᠎ᠡ ᠪᠦᠲᠦᠮᠵᠢ᠎ᠲᠠᠢ ᠪᠣᠯᠭ᠋ᠠᠨ᠎ᠠ᠃ 2035 ᠣᠨ ᠪᠣᠯᠬᠤ᠎ᠳᠤ ᠨᠡᠭᠦᠷᠡᠰᠦᠲᠥ᠋ᠷᠥᠭᠴᠢ ᠵᠢ ᠪᠠᠭ᠎ᠠ ᠭᠠᠳᠠᠬᠰᠢᠯᠠᠭᠤᠯᠬᠤ ᠪᠣᠬᠢᠷᠲᠤᠯ ᠦᠭᠡᠢ ᠡᠷᠭᠢᠯᠲᠡᠲᠦ ᠬᠦᠭᠵᠢᠬᠦᠯᠤᠯᠳᠡ ᠵᠢᠨ ᠠᠵᠤ ᠠᠬᠤᠢ ᠵᠢᠨ ᠰᠢᠰᠲᠸᠮ᠎ᠢ ᠦᠨᠳᠦᠰᠦᠨ᠎ᠳᠤ᠎ᠨᠢ ᠪᠠᠢ᠌ᠭᠤᠯᠵᠤ᠂ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠪᠣᠯᠣᠨ ᠠᠮᠢᠳᠤᠷᠠᠯ᠎ᠤᠨ ᠠᠷᠭ᠎ᠠ ᠬᠡᠯᠪᠡᠷᠢ ᠵᠢ ᠥᠷᠭᠡᠨ ᠵᠶ᠋ᠡᠷ ᠪᠦᠷᠢᠯᠳᠦᠭᠦᠯᠵᠦ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠢᠯᠡᠳᠲᠡ ᠠᠬᠢᠴᠠ᠎ᠲᠠᠢ ᠪᠣᠯᠭ᠋ᠠᠵᠤ᠂ ᠭᠣᠣᠯ ᠪᠣᠯᠬᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠯᠡᠬᠡᠢ ᠵᠢᠨ ᠲᠡᠷᠢᠭᠦᠨ᠎ᠤ ᠲᠦᠪᠰᠢᠨ᠎ᠳᠤ ᠬᠦᠷᠭᠡᠵᠦ᠂ ᠠᠵᠤ ᠠᠬᠤᠢ ᠨᠡᠢ᠌ᠭᠡᠮ᠎ᠤᠨ ᠬᠦᠭᠵᠢᠬᠦᠯᠤᠯᠳᠡ ᠵᠢ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠵᠠᠮ᠎ᠳᠤ ᠪᠦᠬᠦ ᠲᠠᠯ᠎ᠠ᠎ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ ᠭᠡᠮᠵᠢᠭᠳᠡᠯ᠎ᠳᠤ ᠬᠦᠷᠭᠡᠭᠰᠡᠨ᠎ᠤ ᠳᠠᠷᠠᠭ᠎ᠠ ᠲᠣᠭᠲᠠᠭᠤᠨ᠎ᠤ ᠳᠤᠮᠳᠠ ᠪᠠᠭᠤᠷᠠᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠬᠠᠷᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃
ᠬᠣᠶᠠᠷ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠴᠢᠨᠠᠷᠯᠢᠭ ᠬᠥᠭᠵᠢᠯᠲᠡ ᠵᠢᠨ ᠣᠷᠣᠨ ᠵᠠᠢ ᠵᠢᠨ ᠪᠠᠢ᠌ᠷᠢᠰᠢᠯ᠎ᠢ ᠪᠠᠢ᠌ᠭᠤᠯᠤᠨ᠎ᠠ
(ᠨᠢᠭᠡ) ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠢ᠌ᠷᠢᠰᠢᠯ᠎ᠢ ᠰᠢᠯᠢᠳᠡᠭᠵᠢᠭᠦᠯᠦᠨ᠎ᠡ᠃ ᠪᠦᠬᠦ ᠤᠯᠤᠰ᠎ᠲᠤ ᠨᠢᠭᠡᠳᠦᠯᠲᠡᠢ᠂ ᠬᠠᠷᠢᠭᠤᠴᠠᠯᠭ᠎ᠠ ᠡᠷᠬᠡ ᠲᠣᠳᠣᠷᠬᠠᠢ᠂ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠰᠢᠰᠲ᠋ᠧᠮ᠎ᠢ ᠲᠡᠬᠦᠯᠳᠡᠷᠵᠢᠬᠦᠯᠤᠨ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠣᠲᠠ ᠪᠠᠯᠭ᠋ᠠᠰᠤ ᠵᠢᠨ ᠨᠡᠭᠡᠭᠡᠨ ᠬᠥᠭᠵᠢᠭᠦᠯᠦᠯᠲᠡ ᠵᠢᠨ ᠵᠠᠭ᠋ᠠᠭ ᠬᠢᠵᠠᠭ᠋ᠠᠷ ᠵᠡᠷᠭᠡ ᠭᠤᠷᠪᠠᠨ ᠬᠢᠵᠠᠭ᠋ᠠᠷᠯᠠᠬᠤ ᠱᠤᠭᠤᠮ᠎ᠢ ᠴᠢᠩᠭ᠎ᠠ ᠰᠠᠬᠢᠵᠤ᠂ ᠡᠯ᠎ᠡ ᠲᠦᠷᠦᠯ᠎ᠤᠨ ᠣᠷᠣᠨ ᠵᠠᠢ ᠵᠢᠨ ᠪᠠᠢ᠌ᠷᠢᠰᠢᠯ᠎ᠢ ᠰᠢᠯᠢᠳᠡᠭᠵᠢᠭᠦᠯᠦᠨ᠎ᠡ᠃ ᠪᠡᠶᠡᠴᠢ ᠴᠣᠭᠴᠠ ᠵᠢᠨ ᠴᠢᠳᠠᠮᠵᠢᠲᠤ ᠣᠷᠣᠨ᠎ᠤ ᠳᠦᠷᠢᠮ᠎ᠤᠨ ᠰᠢᠰᠲ᠋ᠧᠮ᠎ᠢ ᠪᠦᠷᠢᠨᠰᠢᠭᠦᠯᠵᠦ᠂ ᠪᠡᠶᠡᠴᠢ ᠴᠣᠭᠴᠠ ᠵᠢᠨ ᠴᠢᠳᠠᠮᠵᠢ ᠵᠢᠨ ᠶᠡᠷᠦᠩᠬᠡᠢ᠌ᠯᠡᠭᠰᠡᠨ ᠪᠠᠢ᠌ᠷᠢᠯᠠᠭᠤᠯᠤᠯᠲᠠ ᠵᠢ ᠠᠬᠢᠭᠤᠯᠵᠤ᠂ ᠪᠡᠶᠡᠴᠢ ᠴᠣᠭᠴᠠ ᠵᠢᠨ ᠴᠢᠳᠠᠮᠵᠢᠲᠤ ᠣᠷᠣᠨ᠎ᠤ ᠬᠤᠪᠢᠶᠠᠷᠢᠯᠠᠯ᠎ᠢ ᠨᠠᠷᠢᠯᠢᠭᠵᠢᠭᠤᠯᠤᠨ᠂ ᠵᠦᠷᠢᠶᠡᠴᠢᠯᠡᠭᠰᠡᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠶ᠋ᠠᠷ ᠰᠠᠭᠤᠷᠢ ᠪᠣᠯᠭ᠋ᠠᠭᠰᠠᠨ᠂ ᠡᠯ᠎ᠡ ᠲᠦᠷᠦᠯ᠎ᠤᠨ ᠪᠠᠢ᠌ᠭ᠋ᠠᠯᠢ ᠵᠢᠨ ᠴᠡᠴᠡᠷᠯᠢᠭ ᠵᠶ᠋ᠡᠷ ᠨᠥᠬᠥᠪᠦᠷᠢ ᠪᠣᠯᠭ᠋ᠠᠭᠰᠠᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠤᠰᠢᠭᠤᠬᠠᠨ ᠪᠠᠢ᠌ᠭᠤᠯᠤᠨ᠎ᠠ᠃ ᠠᠮᠢ ᠠᠬᠤᠢ ᠵᠢᠨ ᠣᠷᠴᠢᠨ ᠨᠥᠬᠥᠴᠡᠯ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ᠎ᠢ ᠴᠢᠩᠭ᠋ᠠᠳᠬᠠᠨ᠎ᠠ᠃ ᠳᠠᠯᠠᠢ ᠲᠠᠩᠭᠢᠰ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠵᠤ ᠬᠠᠮᠠᠭ᠋ᠠᠯᠠᠬᠤ ᠳᠦᠷᠢᠮ᠎ᠢ ᠲᠡᠬᠦᠯᠳᠡᠷᠵᠢᠬᠦᠯᠤᠨ᠂ ᠳᠠᠯᠠᠢ ᠲᠠᠩᠭᠢᠰ᠎ᠤᠨ ᠨᠡᠭᠡᠭᠡᠨ ᠠᠰᠢᠭᠯᠠᠯᠲᠠ ᠵᠢ ᠰᠢᠰᠲ᠋ᠧᠮ᠎ᠲᠠᠢ ᠰᠦᠪᠡᠭᠴᠢᠯᠡᠵᠦ᠂ ᠡᠬᠡ ᠬᠠᠭᠤᠷᠠᠢ ᠪᠠ ᠳᠠᠯᠠᠢ ᠲᠠᠩᠭᠢᠰ᠎ᠢ ᠬᠠᠮᠵᠢᠯᠴᠠᠭᠤᠯᠤᠨ ᠦᠷᠭᠦᠯᠵᠢᠯᠡᠨ ᠬᠦᠭᠵᠢᠬᠦᠯᠬᠦ ᠠᠵᠢᠯ᠎ᠢ ᠠᠬᠢᠭᠤᠯᠤᠨ᠎ᠠ᠃
(ᠬᠣᠶᠠᠷ) ᠪᠣᠬᠢᠷᠲᠤᠯ ᠦᠭᠡᠢ ᠬᠥᠭᠵᠢᠯᠲᠡ ᠵᠢᠨ ᠥᠨᠳᠥᠷᠯᠢᠭ᠎ᠢ ᠪᠠᠢ᠌ᠭᠤᠯᠤᠨ᠎ᠠ᠃ ᠣᠷᠣᠨ ᠪᠦᠰᠡ ᠵᠢᠨ ᠪᠣᠬᠢᠷᠲᠤᠯ ᠦᠭᠡᠢ ᠬᠥᠭᠵᠢᠯᠲᠡ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠵᠣᠬᠢᠴᠠᠩᠭᠤᠢ ᠬᠥᠭᠵᠢᠯᠲᠡ ᠪᠠ ᠬᠠᠮᠵᠢᠯᠴᠠᠨ ᠬᠡᠯᠪᠡᠷᠢ᠎ᠪᠠᠨ ᠬᠤᠪᠢᠷᠠᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠴᠢᠨᠠᠷᠯᠢᠭ ᠬᠥᠭᠵᠢᠯᠲᠡ ᠵᠢᠨ ᠨᠡᠮᠡᠭᠳᠡᠯ᠎ᠤᠨ ᠲᠤᠢ᠌ᠯ ᠪᠠ ᠬᠥᠳᠡᠯᠭᠡᠬᠦ ᠬᠦᠴᠦᠨ᠎ᠤ ᠢᠷᠡᠯᠲᠡ ᠵᠢ ᠪᠣᠶ ᠪᠣᠯᠭ᠋ᠠᠨ᠎ᠠ᠃ ᠪᠡᠭᠡᠵᠢᠩ᠂ ᠲᠢᠶᠠᠨᠵᠢᠨ᠂ ᠡᡁᠥᠪᠸᠢ ᠵᠢᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠵᠢᠯᠴᠠᠨ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠶᠦ᠋ᠡᠭ ᠠᠨ ᠰᠢᠨ᠎ᠡ ᠲᠣᠭᠣᠷᠢᠭ᠎ᠢ ᠪᠣᠬᠢᠷᠲᠤᠯ ᠦᠭᠡᠢ ᠬᠦᠭᠵᠢᠬᠦᠯᠤᠯᠳᠡ ᠪᠦᠬᠦᠢ ᠬᠤᠳᠠ ᠵᠢᠨ ᠵᠢᠱ᠌ᠢᠶ᠎ᠡ ᠪᠣᠯᠭ᠋ᠠᠨ ᠪᠦᠲᠦᠭᠡᠨ ᠪᠠᠶ᠋ᠢᠭᠤᠯᠬᠤ ᠵᠢ ᠳᠡᠮᠵᠢᠨ᠎ᠡ᠃ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠬᠤ ᠵᠢ ᠦᠷᠭᠦᠯᠵᠢᠯᠡᠨ ᠠᠬᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ᠃ ᠭᠤᠸᠠᠩᠳᠦ᠋ᠩ᠂ ᠰᠢᠶᠠᠩᠭ᠋ᠠᠩ᠂ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢ᠌ᠭᠤᠯᠤᠯᠲᠠ ᠪᠠ ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ ᠨᠢᠭᠡ ᠴᠣᠭᠴᠠᠵᠢᠭᠰᠠᠨ ᠬᠦᠭᠵᠢᠬᠦᠯᠤᠯᠳᠡ ᠵᠢ ᠭᠦᠨᠵᠡᠭᠡᠢ ᠠᠬᠢᠭᠤᠯᠵᠤ᠂ ᠳᠡᠯᠡᠬᠡᠢ ᠵᠢᠨ ᠲᠡᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠵᠤ ᠦᠢ᠍ᠯᠡᠰ᠎ᠤᠨ ᠰᠦᠷᠦᠭᠵᠢᠯ᠎ᠢ ᠪᠤᠢ ᠪᠣᠯᠭ᠋ᠠᠨ᠎ᠠ᠃ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢ᠌ᠭᠤᠯᠤᠯᠲᠠ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠤᠨ᠎ᠠ᠃ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠢ ᠪᠦᠲᠦᠭᠡᠨ ᠪᠠᠢ᠌ᠭᠤᠯᠤᠨ᠎ᠠ᠃ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ ᠪᠠ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠳᠡᠮᠵᠢᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠵᠤ ᠦᠢ᠍ᠯᠡᠰ᠎ᠢ ᠪᠣᠢ᠌ᠵᠢᠭᠤᠯᠤᠨ ᠬᠥᠭᠵᠢᠭᠦᠯᠦᠨ᠎ᠡ᠃
ᠭᠤᠷᠪᠠ᠂ ᠠᠵᠤ ᠦᠢ᠍ᠯᠡᠰ᠎ᠤᠨ ᠪᠦᠲᠦᠴᠡ ᠵᠢᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠵᠢ ᠲᠦᠷᠭᠡᠳᠬᠡᠨ᠎ᠡ
(ᠭᠤᠷᠪᠠ) ᠤᠯᠠᠮᠵᠢᠯᠠᠯᠲᠤ ᠠᠵᠤ ᠦᠢ᠍ᠯᠡᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠵᠢᠨ ᠥᠭᠡᠷᠡᠴᠢᠯᠡᠯᠲᠡ ᠵᠢᠨ ᠲᠠᠰ ᠳᠡᠪᠰᠢᠬᠦ ᠵᠢ ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠴᠠᠭ᠋ᠠᠰᠤ ᠬᠢᠬᠦ᠂ ᠳᠠᠷᠤᠮᠠᠯᠯᠠᠨ ᠪᠤᠳᠤᠬᠤ ᠵᠡᠷᠭᠡ ᠠᠵᠢᠯ ᠲᠥᠷᠥᠯ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠠᠵᠢᠯ᠎ᠢ ᠶᠡᠬᠡ᠎ᠪᠠᠷ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠠ ᠠᠷᠢᠭᠤᠨ ᠴᠡᠪᠡᠷ ᠦᠢ᠍ᠯᠡᠳᠪᠦᠷᠢᠯᠡᠯ᠎ᠤᠨ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠳᠡᠯᠭᠡᠷᠡᠭᠦᠯᠦᠨ᠂ ᠭᠠᠷ ᠤᠷᠠᠯᠠᠯ᠎ᠤᠨ ᠶᠠᠪᠤᠴᠨ ᠵᠢ ᠰᠢᠨᠡᠳᠬᠡᠨ ᠲᠠᠰ ᠳᠡᠪᠰᠢᠭᠦᠯᠬᠦ ᠵᠢ ᠠᠬᠢᠭᠤᠯᠤᠨ᠎ᠠ᠃ ᠦᠢ᠍ᠯᠡᠳᠪᠦᠷᠢᠯᠡᠬᠦ ᠴᠢᠳᠠᠪᠤᠷᠢ ᠵᠢᠨ ᠬᠡᠪᠴᠢᠶ᠎ᠡ ᠪᠠ ᠪᠠᠢ᠌ᠷᠢᠰᠢᠯ᠎ᠢ ᠰᠢᠯᠢᠳᠡᠭᠵᠢᠭᠦᠯᠵᠦ᠂ ᠭᠠᠵᠠᠷ ᠰᠢᠷᠣᠢ᠂ ᠣᠷᠴᠢᠨ ᠠᠬᠤᠢ᠂ ᠡᠨᠧᠷᠭᠢ ᠵᠢᠨ ᠠᠰᠢᠭᠯᠠᠮᠵᠢ᠂ ᠤᠰᠤᠨ᠎ᠤ ᠠᠰᠢᠭᠯᠠᠮᠵᠢ ᠪᠠ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠵᠡᠷᠭᠡ ᠬᠢᠵᠠᠭ᠋ᠠᠷᠯᠠᠬᠤ ᠴᠢᠨᠠᠷᠲᠠᠢ ᠪᠠᠷᠢᠮᠵᠢᠶ᠎ᠠ ᠵᠢ ᠦᠷᠭᠦᠯᠵᠢᠯᠡᠨ ᠰᠢᠨᠡᠳᠬᠡᠵᠦ᠂ ᠤᠯᠤᠰ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠎ᠪᠠᠷ ᠤᠯᠠᠮᠵᠢᠯᠠᠯᠲᠤ ᠠᠵᠤ ᠦᠢ᠍ᠯᠡᠰ᠎ᠢ ᠰᠢᠯᠢᠳᠡᠭᠵᠢᠭᠦᠯᠦᠨ ᠲᠡᠰ ᠳᠡᠪᠰᠢᠭᠦᠯᠬᠦ ᠠᠵᠢᠯ᠎ᠢ ᠳᠠᠭ᠋ᠠᠭᠤᠯᠵᠤ᠂ ᠦᠢ᠍ᠯᠡᠳᠪᠦᠷᠢᠯᠡᠬᠦ ᠴᠢᠳᠠᠪᠤᠷᠢ ᠵᠢ ᠪᠤᠴᠠᠭ᠋ᠠᠨ ᠭᠠᠷᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠦᠢ᠍ᠯᠡᠰ᠎ᠤᠨ ᠡᠬᠢ ᠪᠠᠶᠠᠯᠢᠭ ᠣᠷᠴᠢᠨ ᠠᠬᠤᠢ ᠵᠢ ᠬᠠᠮᠠᠭ᠋ᠠᠯᠠᠬᠤ ᠲᠤᠬᠠᠢ ᠵᠥᠪᠰᠢᠶᠡᠷᠡᠯ᠎ᠤᠨ ᠪᠠᠷᠢᠮᠵᠢᠶ᠎ᠠ ᠵᠢ ᠵᠦᠢ ᠵᠣᠬᠢᠰᠲᠠᠢ᠎ᠪᠠᠷ ᠳᠡᠭᠡᠭᠰᠢᠯᠡᠭᠦᠯᠵᠦ᠂ ᠡᠨᠧᠷᠭᠢ ᠵᠢᠨ ᠬᠣᠷᠣᠭᠳᠠᠭᠤᠯᠤᠯ᠂ ᠭᠠᠳᠠᠭᠰᠢᠯᠠᠭᠤᠯᠤᠯᠲᠠ ᠶᠡᠬᠡᠳᠡᠢ᠂ ᠲᠦᠪᠰᠢᠨ ᠳᠣᠣᠷ᠎ᠠ ᠵᠦᠢ᠍ᠯᠡᠰ᠎ᠢ ᠰᠣᠬᠣᠷ ᠪᠠᠯᠠᠢ᠎ᠪᠠᠷ ᠡᠬᠢᠯᠡᠭᠦᠯᠬᠦ ᠵᠢ ᠡᠷᠡᠰ ᠬᠣᠷᠢᠭᠯᠠᠨ᠎ᠠ᠃