ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠠ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠡᠭᠲ᠋ᠤᠸᠠᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ (ᠲᠣᠪᠴᠢᠶ᠎ᠠ)᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ (ᠲᠣᠪᠴᠢᠶ᠎ᠠ)᠂ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ (ᠲᠣᠪᠴᠢᠶ᠎ᠠ᠂ ᠵᠥᠪᠯᠡᠯ)᠂ ᠲᠠᠷᠢᠶᠠᠯᠠᠩ ᠬᠥᠳᠡᠭᠡ ᠲᠣᠰᠬᠣᠨ (ᠲᠠᠷᠢᠶᠠᠯᠠᠩ ᠮᠠᠯ ᠠᠵᠤ ᠠᠬᠤᠢ)᠎ᠤ ᠲᠢᠩᠬᠢᠮ (ᠲᠣᠪᠴᠢᠶ᠎ᠠ᠂ ᠵᠥᠪᠯᠡᠯ)᠂ ᠰᠣᠶᠣᠯ ᠪᠠ ᠵᠢᠭᠤᠯᠴᠢᠯᠠᠯ᠎ᠤᠨ ᠲᠢᠩᠬᠢᠮ (ᠲᠣᠪᠴᠢᠶ᠎ᠠ)᠂ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠣᠷᠢᠶ᠎ᠠ᠂ ᠡᠯ᠎ᠡ ᠲᠡᠮᠦᠷ ᠵᠠᠮ᠎ᠤᠨ ᠪᠦᠯᠦᠭᠯᠡᠯ ᠺᠣᠮᠫᠠᠨᠢ᠎ᠳᠤ᠄
ᠴᠠᠭ᠋ᠠᠨ ᠰᠠᠷ᠎ᠠ ᠵᠢᠨ ᠡᠮᠦᠨ᠎ᠡ ᠬᠣᠢ᠌ᠨ᠎ᠠ ᠪᠣᠯ ᠬᠥᠯᠥᠰᠦᠨ ᠠᠵᠢᠯᠴᠢᠨ᠎ᠤ ᠲᠥᠪᠯᠡᠷᠡᠨ ᠶᠠᠪᠤᠵᠤ ᠰᠠᠭᠤᠬᠤ ᠬᠤᠭᠤᠴᠠᠭ᠎ᠠ᠂ ᠠᠵᠢᠯ᠎ᠤᠨ ᠪᠠᠢ᠌ᠷᠢ ᠰᠣᠯᠢᠬᠤ ᠣᠷᠭᠢᠯ ᠦᠶ᠎ᠡ ᠮᠥᠨ ᠪᠣᠯᠬᠣᠷ ᠬᠥᠯᠥᠰᠦᠨ ᠠᠵᠢᠯᠴᠢᠨ᠎ᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠨᠢ ᠲᠤᠢ᠌ᠯ᠎ᠤᠨ ᠴᠢᠬᠤᠯᠠ ᠶᠤᠮ᠃ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢᠨ ᠲᠦᠯᠤᠬᠡ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠬᠥᠯᠥᠰᠦᠨ ᠠᠵᠢᠯᠴᠢᠨ᠎ᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ ᠬᠥᠯᠥᠰᠦᠨ ᠠᠵᠢᠯᠴᠢᠨ᠎ᠢ ᠵᠢᠯ ᠴᠠᠭ᠋ᠠᠨ ᠰᠠᠷ᠎ᠠ᠎ᠪᠠᠨ ᠪᠠᠶᠠᠷ ᠬᠥᠷ᠎ᠲᠠᠢ ᠠᠮᠤᠷ ᠠᠮᠤᠭᠤᠯᠠᠩ ᠥᠯᠵᠡᠢ ᠪᠡᠯᠭᠡ᠎ᠲᠠᠢ ᠥᠩᠭᠡᠷᠡᠭᠦᠯᠬᠦ ᠵᠢ ᠬᠡᠷᠡᠭᠲᠡᠢ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ 9 ᠰᠠᠯᠠᠭ᠎ᠠ ᠮᠥᠴᠢᠷ᠎ᠤᠨ᠎ᠬᠢᠨ 2025 ᠣᠨ᠎ᠤ 1 ᠳ᠋ᠤᠬᠡᠷ ᠰᠠᠷ᠎ᠠ᠎ᠠᠴᠠ 2 ᠳ᠋ᠤᠭ᠋ᠠᠷ ᠰᠠᠷ᠎ᠠ ᠪᠣᠯᠲᠠᠯ᠎ᠠ 《〈ᠬᠥᠯᠥᠰᠦᠨ ᠠᠵᠢᠯᠴᠢᠨ᠎ᠢ ᠬᠠᠯᠠᠮᠵᠢᠯᠠᠬᠤ〉 ᠬᠠᠪᠤᠷ᠎ᠤᠨ ᠦᠢ᠍ᠯᠡᠴᠢᠯᠡᠭᠡᠨ᠎ᠤ ᠠᠵᠢᠯᠯᠠᠭ᠎ᠠ》 ᠦᠷᠨᠢᠬᠦᠯᠬᠦ ᠲᠤᠬᠠᠢ ᠬᠣᠯᠪᠣᠭᠳᠠᠯ ᠪᠦᠬᠦᠢ ᠠᠵᠢᠯ᠎ᠢ ᠮᠡᠳᠡᠭᠳᠡᠶ᠎ᠡ᠄
ᠨᠢᠭᠡ᠂ ᠬᠠᠯᠠᠮᠵᠢᠯᠠᠬᠤ ᠠᠵᠢᠯ᠎ᠢ ᠴᠢᠩᠭ᠋ᠠᠳᠬᠠᠨ᠎ᠠ
(ᠨᠢᠭᠡ) ᠬᠠᠯᠠᠮᠵᠢᠯᠠᠨ ᠲᠣᠬᠣᠨᠢᠭᠤᠯᠬᠤ ᠠᠵᠢᠯᠯᠠᠭ᠎ᠠ ᠥᠷᠨᠢᠭᠦᠯᠦᠨ᠎ᠡ᠃ ᠨᠤᠲᠤᠭ᠎ᠲᠤ᠎ᠪᠠᠨ ᠪᠤᠴᠠᠬᠤ ᠲᠠᠷᠢᠶᠠᠴᠢᠨ ᠬᠦᠴᠦ ᠶᠠᠪᠤᠭᠰᠠᠳ᠂ ᠠᠵᠢᠯ᠎ᠤᠨ ᠪᠠᠢ᠌ᠷᠢ᠎ᠳᠤ᠎ᠪᠠᠨ ᠦᠯᠡᠳᠡᠬᠦ ᠦᠯᠡᠳᠡᠭᠰᠡᠨ ᠲᠠᠷᠢᠶᠠᠴᠢᠨ ᠬᠦᠴᠦ ᠶᠠᠪᠤᠭᠰᠠᠳ᠂ ᠨᠠᠰᠤ ᠠᠬᠢᠭᠰᠠᠳ᠎ᠤᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦ ᠶᠠᠪᠤᠬᠰᠠᠳ (ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠯᠳᠠ᠎ᠳᠤ ᠪᠠᠢ᠌ᠭ᠎ᠠ ᠬᠦᠴᠤ ᠶᠠᠪᠤᠬᠰᠠᠳ ᠪᠠᠬᠳᠠᠨ᠎ᠠ)᠎ᠢ ᠬᠠᠯᠠᠮᠵᠢᠯᠠᠬᠤ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ᠂ ᠪᠣᠳᠠᠲᠤ ᠪᠣᠳᠠᠰ ᠵᠶ᠋ᠠᠷ ᠲᠣᠬᠣᠨᠢᠭᠤᠯᠬᠤ ᠪᠠ ᠣᠶᠤᠨ ᠰᠠᠨᠠᠭ᠋ᠠᠨ᠎ᠤ ᠲᠣᠬᠣᠨᠢᠭᠤᠯᠤᠯᠢ ᠬᠠᠷᠢᠯᠴᠠᠨ ᠤᠶᠠᠯᠳᠤᠭᠤᠯᠬᠤ ᠠᠷᠭᠠᠤ 《ᠬᠠᠯᠠᠮᠵᠢ ᠬᠦᠷᠭᠡᠬᠦ》 ᠠᠵᠢᠯᠯᠠᠭ᠎ᠠ ᠵᠢ ᠶᠡᠬᠡ ᠬᠡᠪᠴᠢᠶ᠎ᠡ᠎ᠪᠠᠷ ᠥᠷᠨᠢᠭᠦᠯᠵᠦ᠂ ᠨᠠᠮ ᠪᠠ ᠵᠠᠰᠠᠭ᠎ᠤᠨ ᠣᠷᠳᠣᠨ᠎ᠤ ᠬᠠᠯᠠᠮᠵᠢ ᠵᠢ ᠲᠠᠷᠢᠶᠠᠴᠢᠨ ᠬᠦᠴᠦ ᠶᠠᠪᠤᠭᠰᠠᠳ᠎ᠲᠤ ᠬᠦᠷᠭᠡᠬᠦ ᠬᠡᠷᠡᠭᠲᠡᠢ᠃
(ᠬᠣᠶᠠᠷ) ᠤᠶᠤᠨ᠎ᠤ ᠰᠣᠶᠣᠯ᠎ᠤᠨ ᠠᠮᠢᠳᠤᠷᠠᠯ᠎ᠢ᠎ᠨᠢ ᠪᠠᠶᠠᠯᠢᠭᠵᠢᠭᠤᠯᠤᠨ᠎ᠠ᠃ ᠬᠥᠯᠥᠰᠦᠨ ᠠᠵᠢᠯᠴᠢᠨ᠎ᠤ ᠲᠡᠷᠢᠭᠦᠨ᠎ᠤ ᠦᠢ᠍ᠯᠡ ᠠᠵᠢᠯᠯᠠᠭ᠎ᠠ ᠵᠢ ᠤᠬᠠᠭᠤᠯᠬᠤ ᠤᠳᠬ᠎ᠠ ᠤᠷᠠᠯᠢᠭ ᠰᠣᠶᠣᠯ᠎ᠤᠨ ᠠᠵᠢᠯᠯᠠᠭ᠎ᠠ ᠵᠢ ᠢᠳᠡᠪᠬᠢᠲᠡᠢ᠎ᠪᠠᠷ ᠤᠬᠠᠭ᠋ᠠᠯᠠᠨ ᠤᠬᠠᠭᠤᠯᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠎ᠠ᠃ ᠬᠥᠯᠥᠰᠦᠨ ᠠᠵᠢᠯᠴᠢᠳ᠎ᠤᠨ ᠣᠨᠴᠠᠯᠢᠭ ᠪᠠ ᠪᠣᠳᠠᠲᠤ ᠬᠡᠷᠡᠭᠴᠡᠭᠡᠯᠦᠭᠡ ᠤᠶᠠᠯᠳᠤᠭᠤᠯᠤᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠤᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠡᠷᠬᠢᠯᠡᠵᠦ ᠨᠥᠬᠥᠴᠡᠯ᠎ᠲᠠᠢ ᠭᠠᠵᠠᠷ ᠣᠷᠣᠨ᠎ᠤ ᠬᠥᠯᠥᠰᠦᠨ ᠠᠵᠢᠯᠴᠢᠨ᠎ᠳᠤ ᠺᠢᠨᠣ᠋ ᠵᠢᠨ ᠪᠢᠯᠸᠲ᠂ ᠲᠣᠭᠯᠠᠯᠲᠠ ᠵᠢᠨ ᠪᠢᠯᠸᠲ ᠵᠡᠷᠭᠡ ᠰᠣᠶᠣᠯ᠎ᠤᠨ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ ᠵᠢ ᠵᠣᠷᠢᠭᠵᠢᠭᠤᠯᠤᠨ᠎ᠠ᠃ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠨᠢ ᠠᠵᠢᠯᠴᠢᠨ ᠬᠡᠷᠡᠭᠯᠡᠬᠦ ᠬᠡᠮᠵᠢᠶ᠎ᠡ᠎ᠪᠠᠷ ᠶᠡᠬᠡ ᠠᠵᠤ ᠠᠬᠤᠢ᠌ᠯᠠᠯ᠎ᠳᠤ ᠭᠦᠨᠵᠡᠭᠡᠢ᠌ᠷᠡᠨ᠂ ᠤᠳᠬ᠎ᠠ ᠤᠷᠠᠯᠢᠭ᠎ᠤᠨ ᠨᠠᠢ᠌ᠷ᠂ ᠬᠠᠮᠲᠤ᠎ᠪᠠᠷ ᠰᠢᠨᠡᠯᠡᠬᠦ ᠵᠡᠷᠭᠡ ᠠᠵᠢᠯᠯᠠᠭ᠎ᠠ ᠵᠢ ᠥᠷᠨᠢᠭᠦᠯᠵᠦ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠵᠢᠯ᠎ᠤᠨ ᠪᠠᠢ᠌ᠷᠢ᠎ᠳᠤ᠎ᠪᠠᠨ ᠦᠯᠡᠳᠡᠭᠰᠡᠨ ᠬᠥᠯᠥᠰᠦᠨ ᠠᠵᠢᠯᠴᠢᠨ᠎ᠤ ᠠᠮᠢᠳᠤᠷᠠᠯ᠎ᠤᠨ ᠦᠢ᠍ᠯᠡᠴᠢᠯᠡᠭᠡ ᠪᠠ ᠤᠶᠤᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠬᠡᠷᠡᠭᠲᠡᠢ᠃
(ᠭᠤᠷᠪᠠ) ᠦᠨᠳᠦᠰᠦᠨ ᠵᠦᠢ᠍ᠯ᠎ᠢ ᠪᠠᠲᠤᠯᠠᠵᠤ ᠰᠠᠢ᠌ᠳᠤᠷ ᠲᠡᠳᠬᠦᠬᠦ ᠬᠡᠷᠡᠭᠳᠡᠢ᠃ ᠬᠦᠴᠢᠷᠳᠡᠯ᠎ᠲᠠᠢ ᠬᠥᠯᠥᠰᠦᠨ ᠠᠵᠢᠯᠴᠢᠨ᠎ᠢ ᠬᠠᠯᠠᠮᠵᠢᠯᠠᠨ ᠲᠡᠳᠬᠦᠬᠦ ᠠᠵᠢᠯ᠎ᠢ ᠴᠢᠩᠭ᠋ᠠᠳᠬᠠᠵᠤ ᠨᠥᠬᠥᠴᠡᠯ᠎ᠳᠤ ᠨᠡᠢ᠌ᠴᠡᠬᠦ ᠬᠦᠴᠢᠷᠳᠡᠯ᠎ᠲᠠᠢ ᠬᠥᠯᠥᠰᠦᠨ ᠠᠵᠢᠯᠴᠢᠨ᠎ᠳᠤ ᠴᠠᠭ ᠲᠤᠬᠠᠢᠳᠤᠨᠢ ᠨᠡᠢ᠌ᠭᠡᠮ᠎ᠤᠨ ᠲᠤᠰᠠᠯᠠᠮᠵᠢ ᠬᠠᠡᠭᠭ᠋ᠠᠵᠤ ᠦᠨᠳᠦᠰᠦᠨ ᠠᠮᠢᠳᠤᠷᠠᠯ᠎ᠨᠢ ᠲᠦᠷ ᠴᠠᠭ ᠬᠦᠨᠳᠦ ᠨᠣᠴᠢᠲᠠᠢ ᠬᠦᠴᠢᠷᠳᠡᠯ᠎ᠳᠤ ᠤᠴᠠᠷᠠᠭᠰᠠᠨ ᠬᠥᠯᠥᠰᠦᠨ ᠠᠵᠢᠯᠴᠢᠨ᠎ᠳᠤ ᠡᠷᠤᠬᠡ ᠠᠮᠠ ᠵᠢᠨ ᠪᠠᠢ᠌ᠭ᠎ᠠ ᠭᠠᠵᠠᠷ᠂ ᠣᠷᠣᠰᠢᠨ ᠰᠠᠭᠤᠭ᠎ᠠ ᠭᠠᠵᠠᠷ᠎ᠤᠨ ᠭᠤᠶᠤᠴᠢᠯᠠᠯ᠎ᠤᠨ ᠬᠢᠵᠠᠭ᠋ᠠᠷᠯᠠᠯ᠎ᠢ ᠬᠦᠴᠦᠨ ᠦᠭᠡᠢ ᠪᠣᠯᠭ᠋ᠠᠵᠤ᠂ ᠪᠠᠴᠢᠮ ᠬᠦᠴᠢᠷᠳᠡᠯ ᠡᠬᠦᠰᠦᠭᠰᠡᠨ ᠭᠠᠵᠠᠷ᠎ᠲᠤᠨᠢ ᠲᠦᠷ ᠴᠠᠭ᠎ᠤᠨ ᠲᠤᠰᠠᠯᠠᠮᠵᠢ ᠦᠵᠡᠬᠦᠯᠤᠨ᠎ᠡ᠃ ᠨᠥᠬᠥᠴᠡᠯ᠎ᠳᠤ ᠨᠡᠢ᠌ᠴᠡᠭᠰᠡᠨ ᠠᠵᠢᠯ ᠠᠯᠳᠠᠭᠰᠠᠨ ᠬᠥᠯᠥᠰᠦᠨ ᠠᠵᠢᠯᠴᠢᠨ᠎ᠳᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠣᠮᠵᠢ ᠬᠠᠷᠠᠭ᠋ᠠᠯᠵᠠᠯ᠎ᠢ ᠴᠠᠭ ᠲᠤᠬᠠᠢᠳᠤᠨᠢ ᠣᠯᠭᠣᠨ᠎ᠠ᠃ ᠬᠥᠳᠡᠭᠡ ᠲᠣᠰᠬᠣᠨ᠎ᠤ ᠬᠡᠷ᠎ᠤᠨ ᠮᠤᠬᠤᠷ ᠰᠠᠬᠢᠵᠤ ᠬᠣᠴᠣᠷᠤᠭᠰᠠᠨ ᠨᠠᠰᠤᠲᠠᠢ᠌ᠴᠤᠳ ᠪᠠ ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠰᠤᠷᠪᠤᠯᠵᠢᠯᠠᠨ ᠲᠣᠬᠣᠨᠢᠭᠤᠯᠬᠤ ᠪᠠ ᠬᠠᠯᠠᠮᠵᠢᠯᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯ᠎ᠲᠠᠢ ᠬᠥᠮᠥᠰ᠎ᠢ ᠴᠠᠭ ᠲᠤᠬᠠᠢᠳᠤᠨᠢ ᠬᠠᠪᠰᠤᠷᠬᠤ ᠬᠡᠷᠡᠭᠲᠡᠢ᠃ ᠰᠠᠭᠤᠷᠢ ᠮᠥᠩᠭᠥᠨ᠎ᠤ ᠨᠡᠢ᠌ᠭᠡᠮᠯᠢᠭ ᠵᠡᠷᠭᠡ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠤᠨ ᠵᠢᠯᠤᠭᠣᠳᠴᠤ ᠪᠠᠢ᠌ᠭ᠋ᠠᠳ ᠬᠦᠴᠢᠷᠳᠡᠯ᠎ᠲᠠᠢ ᠬᠥᠯᠥᠰᠦᠨ ᠠᠵᠢᠯᠴᠢᠨ᠎ᠢ ᠬᠠᠯᠠᠮᠵᠢᠯᠠᠬᠤ ᠦᠢ᠍ᠯᠡᠴᠢᠯᠡᠭᠡ ᠵᠢ ᠴᠢᠩᠭ᠋ᠠᠳᠬᠠᠨ᠎ᠠ᠃
ᠬᠣᠶᠠᠷ᠂ ᠭᠠᠳᠠᠭᠰᠢ ᠭᠠᠷᠬᠤ ᠪᠠᠲᠤᠯᠠᠭ᠎ᠠ ᠵᠢ ᠴᠢᠩᠭ᠋ᠠᠳᠬᠠᠨ᠎ᠠ
(ᠨᠢᠭᠡ) ᠨᠤᠲᠤᠭ᠎ᠲᠤ᠎ᠪᠠᠨ ᠪᠤᠴᠠᠵᠤ ᠠᠵᠢᠯ᠎ᠤᠨ ᠪᠠᠢ᠌ᠷᠢ᠎ᠳᠤ᠎ᠪᠠᠨ ᠪᠤᠴᠠᠬᠤ 《ᠴᠡᠭ᠎ᠠᠴᠠ ᠴᠡᠭ᠎ᠲᠤ ᠬᠦᠷᠬᠦ》 ᠲᠡᠭᠡᠭᠡᠪᠦᠷᠢ ᠵᠢᠨ ᠦᠢ᠍ᠯᠡᠴᠢᠯᠡᠭᠡᠨ᠎ᠢ ᠥᠷᠨᠢᠭᠦᠯᠦᠨ᠎ᠡ᠃ ᠬᠥᠯᠥᠰᠦᠨ ᠠᠵᠢᠯᠴᠢᠨ᠎ᠤ ᠪᠠᠶᠠᠷ᠎ᠤᠨ ᠡᠳᠦᠷ᠎ᠠᠴᠠ ᠡᠮᠦᠨ᠎ᠡ ᠨᠤᠲᠤᠭ᠎ᠲᠤ᠎ᠪᠠᠨ ᠪᠤᠴᠠᠬᠤ᠂ ᠪᠠᠶᠠᠷ᠎ᠤᠨ ᠡᠳᠦᠷ᠎ᠤᠨ ᠳᠠᠷᠠᠭ᠎ᠠ ᠠᠵᠢᠯ᠎ᠤᠨ ᠪᠠᠢ᠌ᠷᠢ᠎ᠳᠤ᠎ᠪᠠᠨ ᠪᠤᠴᠠᠬᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠲᠡᠭᠡᠭᠡᠪᠦᠷᠢ ᠵᠢᠨ ᠬᠦᠴᠦᠨ᠎ᠤ ᠪᠠᠲᠤᠯᠠᠭ᠎ᠠ ᠪᠠ ᠲᠡᠭᠡᠭᠡᠪᠦᠷᠢ ᠵᠢᠨ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠢ ᠴᠢᠩᠭ᠋ᠠᠷᠠᠭᠤᠯᠵᠤ᠂ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠲᠤᠰᠬᠠᠢ ᠲᠡᠷᠭᠡ᠂ ᠲᠤᠰᠬᠠᠢ ᠭᠠᠯᠲᠤ ᠲᠡᠷᠭᠡ (ᠸᠠᠭᠣᠨ)᠂ ᠨᠢᠰᠬᠡᠯ ᠵᠡᠷᠭᠡ ᠵᠢ 《ᠴᠡᠭ᠎ᠠᠴᠠ ᠴᠡᠭ᠎ᠲᠤ》 ᠳᠠᠭ᠋ᠠᠭ᠋ᠠᠴᠢᠯᠠᠬᠤ ᠦᠢ᠍ᠯᠡᠴᠢᠯᠡᠭᠡᠨ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠠᠶᠤᠯ ᠦᠬᠡᠢ ᠵᠢᠨ ᠬᠠᠮᠢᠶᠠᠷᠤᠯᠲᠠ ᠰᠠᠢ᠌ᠨ᠂ ᠦᠢ᠍ᠯᠡᠴᠢᠯᠡᠭᠡᠨ᠎ᠤ ᠶᠠᠰᠤ ᠴᠢᠨᠠᠷ ᠰᠠᠢ᠌ᠨ ᠠᠵᠤ ᠠᠬᠤᠢ᠌ᠯᠠᠯ᠎ᠢ ᠰᠣᠩᠭᠣᠵᠤ ᠬᠥᠯᠥᠰᠦᠨ ᠠᠵᠢᠯᠴᠢᠨ᠎ᠤ ᠲᠡᠭᠡᠭᠡᠪᠦᠷᠢ ᠵᠢᠨ ᠪᠠᠲᠤᠯᠠᠭ᠎ᠠ ᠵᠢᠨ ᠡᠭᠦᠷᠭᠡ ᠵᠢ ᠡᠭᠦᠷᠭᠡᠯᠡᠭᠦᠯᠦᠨ᠂ ᠬᠥᠯᠥᠰᠦᠨ ᠠᠵᠢᠯᠴᠢᠨ᠎ᠤ ᠲᠡᠭᠡᠭᠡᠪᠦᠷᠢ ᠵᠢᠨ ᠠᠶᠤᠯ ᠦᠬᠡᠢ᠂ ᠡᠮᠬᠢ ᠵᠢᠷᠤᠮ ᠲᠠᠢ ᠪᠠᠢ᠌ᠬᠤ ᠵᠢ ᠪᠠᠲᠤᠯᠠᠬᠤ ᠬᠡᠷᠡᠭᠲᠡᠢ᠃
(ᠬᠣᠶᠠᠷ) ᠭᠠᠳᠠᠭᠰᠢ ᠭᠠᠷᠬᠤ ᠦᠢ᠍ᠯᠡᠴᠢᠯᠡᠭᠡ ᠵᠢ ᠰᠠᠢ᠌ᠲᠤᠷ ᠬᠢᠨ᠎ᠡ᠃ ᠬᠥᠯᠥᠰᠦᠨ ᠠᠵᠢᠯᠴᠢᠳ᠎ᠢ ᠵᠢᠯᠤᠭᠣᠳᠴᠤ ᠪᠠᠢ᠌ᠭ᠋ᠠᠳ ᠣᠷᠭᠢᠯ ᠦᠶ᠎ᠡ᠎ᠠᠴᠠ ᠵᠥᠷᠢᠭᠦᠯᠦᠨ ᠭᠠᠳᠠᠭᠰᠢ ᠭᠠᠷᠭ᠋ᠠᠵᠤ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠣᠷᠭᠢᠯ ᠦᠶ᠎ᠡ᠎ᠠᠴᠠ ᠠᠯᠢ ᠴᠢᠳᠠᠬᠤ᠎ᠪᠠᠷ ᠵᠠᠢ᠌ᠯᠠᠭᠤᠯᠤᠨ᠎ᠠ᠃ 《 ᠲᠠᠪᠠᠯᠠᠭᠤᠨ ᠠᠶᠠᠯᠠᠯ》᠎ᠤᠨ ᠠᠵᠢᠯᠯᠠᠭ᠎ᠠ᠎ᠲᠠᠢ ᠤᠶᠠᠯᠳᠤᠭᠤᠯᠤᠨ ᠬᠥᠯᠥᠰᠦᠨ ᠠᠵᠢᠯᠴᠢᠨ᠎ᠤ ᠲᠥᠪᠯᠡᠷᠡᠭᠦᠯᠦᠨ ᠪᠢᠯᠧᠲ ᠬᠤᠳᠠᠯᠳᠤᠨ ᠠᠪᠬᠤ᠂ ᠲᠡᠷᠭᠡᠨ᠎ᠳᠤ ᠰᠠᠭᠤᠬᠤ᠎ᠳᠤ ᠲᠥᠬᠥᠮ ᠦᠵᠡᠭᠦᠯᠦᠨ᠎ᠡ᠃ ᠵᠠᠮ ᠬᠠᠷᠢᠯᠴᠠᠭ᠋ᠠᠨ᠎ᠤ ᠥᠷᠲᠡᠭᠡ ᠲᠠᠯᠠᠪᠤᠷ᠎ᠲᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠤᠨ ᠴᠡᠭ ᠭᠠᠷᠭ᠋ᠠᠵᠤ᠂ ᠬᠥᠯᠥᠰᠦᠨ ᠠᠵᠢᠯᠴᠢᠨ᠎ᠳᠤ ᠰᠠᠨᠠᠭ᠋ᠠᠴᠢᠯᠠᠭ᠎ᠠ᠎ᠠᠴᠠ᠎ᠪᠠᠨ ᠰᠠᠢ᠌ᠨ ᠳᠤᠷ᠎ᠠ ᠵᠢᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠮᠤᠵᠢ ᠠᠯᠤᠰᠯᠠᠨ ᠭᠠᠳᠠᠭᠰᠢ ᠭᠠᠷᠴᠤ ᠠᠵᠢᠯ ᠬᠢᠵᠦ ᠶᠠᠳᠠᠭᠤ᠎ᠠᠴᠠ ᠠᠡᠭᠬᠢᠵᠠᠷᠠᠬᠰᠠᠨ ᠬᠦᠮᠦᠰ (ᠲᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠢᠨᠠᠯᠳᠠ᠎ᠳᠤ ᠪᠠᠢ᠌ᠭ᠎ᠠ ᠬᠦᠮᠦᠰ ᠪᠠᠭᠲᠠᠨ᠎ᠠ)᠎ᠲᠤ ᠨᠢᠭᠡ ᠯᠨ ᠤᠳᠠᠭ᠎ᠠ ᠤᠯᠭᠤᠬᠤ ᠵᠠᠮ ᠬᠠᠷᠢᠯᠴᠠᠭ᠋ᠠᠨ᠎ᠤ ᠨᠥᠬᠥᠪᠦᠷᠢ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ᠃
(ᠭᠤᠷᠪᠠ) ᠠᠶᠤᠯ ᠦᠬᠡᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠴᠢᠬᠤᠯᠠ ᠵᠠᠮ ᠬᠠᠷᠢᠯᠴᠠᠭ᠋ᠠᠨ᠎ᠤ ᠵᠠᠩᠭᠢᠯᠠᠭ᠎ᠠ ᠵᠢᠨ ᠴᠡᠭ᠎ᠢ ᠲᠣᠭᠣᠷᠢᠨ ᠪᠠᠢ᠌ᠴᠠᠭ᠋ᠠᠵᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠬᠥᠯᠥᠰᠦᠨ ᠠᠵᠢᠯᠴᠢᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢ ᠥᠷᠭᠡᠨ ᠵᠶ᠋ᠡᠷ ᠥᠷᠨᠢᠭᠦᠯᠵᠦ᠂ ᠪᠥᠬᠥ ᠶᠠᠪᠤᠴᠠ᠎ᠳᠤ ᠠᠮᠤᠷ ᠲᠦᠪᠰᠢᠨ᠎ᠤ ᠪᠦᠰᠡ᠎ᠪᠠᠨ ᠰᠠᠢ᠌ᠲᠤᠷ ᠪᠦᠰᠡᠯᠡᠵᠦ᠂ 《ᠲᠠᠭ᠋ᠠᠭ᠋ᠠᠴᠠ᠎ᠠᠴᠠ ᠬᠡᠳᠤᠷᠡᠭᠰᠡᠨ ᠲᠡᠷᠭᠡ》 《ᠬᠠᠷ᠎ᠠ ᠬᠦᠯᠤᠰᠤᠨ ᠲᠡᠷᠭᠡ》᠎ᠳᠤ ᠰᠠᠭᠤᠬᠤ ᠦᠭᠡᠢ᠂ ᠬᠠᠤᠯᠢ ᠵᠢ ᠵᠥᠷᠢᠴᠡᠨ ᠬᠥᠮᠥᠨ ᠰᠠᠭᠤᠯᠭ᠋ᠠᠭᠰᠠᠨ ᠪᠠᠷᠠᠭ᠋ᠠᠨ᠎ᠤ ᠲᠡᠷᠭᠡ᠂ ᠲᠷᠠᠺᠲ᠋ᠣᠷ᠂ ᠭᠤᠷᠪᠠᠨ ᠬᠦᠷᠳᠦᠲᠦ ᠲᠡᠷᠭᠡᠨ᠎ᠳᠤ ᠰᠠᠭᠤᠬᠤ ᠦᠭᠡᠢ᠂ ᠲᠡᠷᠭᠡ ᠵᠢᠯᠤᠭᠣᠳᠴᠤ ᠭᠠᠳᠠᠭᠰᠢ ᠭᠠᠷᠬᠤ᠎ᠳᠤ 《ᠭᠤᠷᠪᠠ ᠵᠢ ᠲᠠᠪᠠᠬᠤ ᠪᠠ ᠶᠠᠳᠠᠷᠠᠭ᠎ᠠ᠎ᠲᠠᠢ ᠦᠶ᠎ᠡ᠎ᠳᠤ ᠲᠡᠷᠬᠡ ᠪᠠᠷᠢᠬᠤ》᠂ ᠠᠷᠢᠬᠢᠨ᠎ᠤ ᠲᠠᠷᠠᠭ᠎ᠠ ᠪᠠ ᠰᠣᠭᠲᠣᠭᠤ᠎ᠪᠠᠷ ᠲᠡᠷᠭᠡ ᠵᠢᠯᠤᠭᠣᠳᠬᠤ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠤᠬᠠᠮᠰᠠᠷ᠎ᠠᠴᠠ᠎ᠪᠠᠨ ᠬᠣᠷᠢᠭᠯᠠᠵᠤ᠂ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ ᠪᠠ ᠠᠶᠤᠯ᠎ᠠᠴᠠ ᠪᠠᠴᠢᠮ ᠵᠠᠢ᠌ᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠵᠤ ᠪᠠᠢ᠌ᠨ᠎ᠠ᠃
ᠭᠤᠷᠪᠠ᠂ ᠠᠵᠢᠯ ᠣᠯᠭᠣᠯᠲᠠ ᠵᠢᠨ ᠦᠢ᠍ᠯᠡᠴᠢᠯᠡᠭᠡ ᠪᠠ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ
(ᠨᠢᠭᠡ ᠠᠵᠢᠯ ᠣᠯᠭᠣᠬᠤ ᠦᠢ᠍ᠯᠡᠴᠢᠯᠡᠭᠡ ᠵᠢ ᠤᠨᠤᠪᠴᠢᠳᠠᠢ ᠪᠦᠬᠡᠳ ᠪᠦᠳᠤᠮᠵᠢᠳᠠᠢ ᠬᠠᠩᠭ᠋ᠠᠨ᠎ᠠ᠃ ᠡᠯ᠎ᠡ ᠭᠠᠵᠠᠷ᠎ᠤᠨ᠎ᠬᠢᠨ᠎ᠤ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ᠎ᠳᠤ ᠦᠯᠡᠳᠡᠭᠡᠬᠦ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠵᠤ᠂ ᠪᠠᠶᠠᠷ᠎ᠤᠨ ᠡᠳᠦᠷ᠎ᠠᠴᠠ ᠡᠮᠦᠨ᠎ᠡ ᠨᠤᠲᠤᠭ᠎ᠲᠤ᠎ᠪᠠᠨ ᠪᠤᠴᠠᠭᠰᠠᠨ ᠬᠥᠯᠥᠰᠦᠨ ᠠᠵᠢᠯᠴᠢᠨ᠎ᠤ ᠪᠠᠶᠠᠷ᠎ᠤᠨ ᠡᠳᠦᠷ᠎ᠤᠨ ᠳᠠᠷᠠᠭ᠎ᠠ ᠠᠵᠢᠯ᠎ᠤᠨ ᠪᠠᠢ᠌ᠷᠢ᠎ᠳᠤ᠎ᠪᠠᠨ ᠪᠤᠴᠠᠬᠤ ᠬᠦᠰᠡᠯ ᠰᠠᠨᠠᠭ᠎ᠠ ᠵᠢ ᠣᠢ᠌ᠯᠠᠭ᠋ᠠᠨ ᠵᠢᠭᠰᠠᠭ᠋ᠠᠵᠤ᠂ ᠬᠥᠯᠥᠰᠦᠨ ᠠᠵᠢᠯᠴᠢᠨ᠎ᠢ ᠵᠢᠯᠤᠭᠣᠳᠴᠤ ᠪᠠᠢ᠌ᠭ᠋ᠠᠳ ᠪᠠᠶᠠᠷ᠎ᠤᠨ ᠡᠳᠦᠷ᠎ᠤᠨ ᠳᠠᠷᠠᠭ᠎ᠠ ᠠᠵᠢᠯ᠎ᠤᠨ ᠪᠠᠢ᠌ᠷᠢ᠎ᠳᠤ᠎ᠪᠠᠨ ᠪᠤᠴᠠᠵᠤ ᠠᠵᠢᠯᠯᠠᠬᠤ ᠵᠢ ᠵᠤᠷᠢᠭᠵᠢᠭᠤᠯᠤᠨ᠎ᠠ᠃ ᠠᠵᠢᠯ᠎ᠤᠨ ᠪᠠᠢ᠌ᠷᠢ ᠵᠢᠨ ᠮᠡᠳᠡᠭᠡ ᠵᠠᠩᠭᠢ ᠵᠢ ᠴᠤᠭᠯᠠᠭᠤᠯᠬᠤ ᠡᠷᠴᠢᠮ᠎ᠢ ᠴᠢᠩᠭ᠋ᠠᠷᠠᠭᠤᠯᠵᠤ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠭᠤᠷ ᠤᠷᠢᠬᠤ ᠦᠢ᠍ᠯᠡᠴᠢᠯᠡᠭᠡ ᠵᠢ ᠵᠣᠬᠢᠶᠠᠨ ᠪᠠᠢ᠌ᠭᠤᠯᠤᠨ ᠦᠷᠨᠢᠬᠦᠯᠵᠤ ᠬᠥᠯᠥᠰᠦᠨ ᠠᠵᠢᠯᠴᠢᠨ᠎ᠤ ᠠᠵᠢᠯ ᠡᠷᠢᠬᠦ ᠪᠠ ᠠᠵᠢᠯ ᠣᠯᠬᠤ ᠡᠷᠴᠢᠮ᠎ᠢ ᠠᠬᠢᠭᠤᠯᠤᠨ᠎ᠠ᠃ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ᠎ᠤ ᠠᠵᠢᠯ ᠣᠯᠭᠣᠯᠲᠠ ᠵᠢ ᠬᠠᠪᠰᠤᠷᠤᠨ ᠬᠥᠯᠥᠰᠦᠨ ᠠᠵᠢᠯᠴᠢᠨ᠎ᠤ ᠠᠵᠢᠯ ᠣᠯᠭᠣᠯᠲᠠ ᠵᠢᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠥᠯᠥᠰᠦᠨ ᠠᠵᠢᠯᠴᠢᠨ᠎ᠤ ᠠᠵᠢᠯ ᠣᠯᠭᠣᠯᠲᠠ ᠵᠢᠨ ᠪᠠᠢ᠌ᠳᠠᠯ᠎ᠢ ᠴᠠᠭ ᠲᠤᠬᠠᠢᠳᠤᠨᠢ ᠮᠡᠳᠡᠭᠳᠡᠨ᠎ᠡ᠃
(ᠬᠣᠶᠠᠷ) ᠠᠵᠢᠯ ᠣᠯᠭᠣᠯᠲᠠ ᠵᠢᠨ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠥᠯᠥᠰᠦᠨ ᠠᠵᠢᠯᠴᠢᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠥᠷᠲᠡᠭᠡ (ᠴᠡᠭ) ᠵᠡᠷᠭᠡ ᠠᠵᠢᠯᠴᠢᠨ ᠬᠡᠷᠡᠭᠯᠡᠬᠦ ᠬᠡᠮᠵᠢᠶ᠎ᠡ᠎ᠪᠠᠷ ᠶᠡᠬᠡ᠂ ᠠᠵᠢᠯ ᠣᠯᠭᠣᠬᠤ ᠴᠢᠳᠠᠪᠤᠷᠢ᠎ᠪᠠᠷ ᠴᠢᠩᠭ᠎ᠠ ᠬᠥᠮᠥᠨ ᠬᠡᠷᠡᠭᠯᠡᠬᠦ ᠨᠢᠭᠡᠴᠢ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠬᠥᠯᠥᠰᠦᠨ ᠠᠵᠢᠯᠴᠢᠨ᠎ᠤ ᠪᠣᠳᠠᠲᠠᠢ ᠬᠡᠷᠡᠭᠴᠡᠭᠡ ᠪᠠ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ᠂ ᠠᠵᠢᠯ᠎ᠤᠨ ᠪᠠᠢ᠌ᠷᠢ ᠵᠢᠨ ᠮᠡᠳᠡᠭᠡ ᠵᠠᠩᠭᠢ ᠵᠢ ᠴᠤᠭᠯᠠᠭᠤᠯᠤᠭᠰᠠᠨ ᠪᠠᠢ᠌ᠳᠠᠯ᠎ᠲᠠᠢ ᠤᠶᠠᠯᠳᠤᠭᠤᠯᠤᠨ ᠬᠥᠯᠥᠰᠦᠨ ᠠᠵᠢᠯᠴᠢᠨ᠎ᠤ ᠠᠵᠢᠯ ᠣᠯᠬᠤ ᠪᠣᠯᠪᠠᠰᠤᠷᠠᠯ᠎ᠤᠨ ᠬᠦᠰᠡᠯ ᠰᠠᠨᠠᠭ᠎ᠠ ᠵᠢ ᠢᠳᠡᠪᠬᠢᠲᠡᠢ᠎ᠪᠠᠷ ᠣᠢ᠌ᠯᠠᠭ᠋ᠠᠨ ᠪᠣᠯᠪᠠᠰᠤᠷᠠᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠬᠥᠯᠥᠰᠦᠨ ᠠᠵᠢᠯᠴᠢᠨ᠎ᠢ ᠵᠢᠯᠤᠭᠣᠳᠴᠤ ᠪᠠᠢ᠌ᠭ᠋ᠠᠳ ᠴᠢᠳᠠᠪᠤᠷᠢ ᠵᠢᠨ ᠪᠣᠯᠪᠠᠰᠤᠷᠠᠯ᠎ᠳᠤ ᠣᠷᠣᠯᠴᠠᠭᠤᠯᠬᠤ ᠬᠡᠷᠡᠭᠲᠡᠢ᠃ ᠵᠠᠬᠢᠶᠠᠯᠠᠭ᠎ᠠ ᠵᠢᠨ ᠬᠠᠭᠤᠳᠠᠰᠤ᠂ ᠠᠵᠢᠯ᠎ᠤᠨ ᠪᠠᠢ᠌ᠷᠢ ᠲᠣᠭᠲᠠᠭ᠋ᠠᠬᠤ᠂ ᠬᠠᠨᠳᠤᠯᠭ᠎ᠠ᠎ᠲᠠᠢ ᠪᠣᠯᠪᠠᠰᠤᠷᠠᠯ ᠥᠷᠨᠢᠭᠦᠯᠬᠦ ᠵᠢ ᠵᠣᠷᠢᠭᠵᠢᠭᠤᠯᠵᠤ᠂ 《ᠠᠵᠢᠯ᠎ᠤᠨ ᠪᠠᠢ᠌ᠷᠢ ᠵᠢᠨ ᠬᠡᠷᠡᠭᠴᠡᠭᠡ + ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ + ᠠᠵᠢᠯ ᠣᠯᠭᠣᠯᠲᠠ ᠵᠢᠨ ᠲᠠᠨᠢᠯᠴᠠᠭᠤᠯᠭ᠎ᠠ》 ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢᠯᠴᠢᠯᠡᠭᠰᠡᠨ ᠪᠣᠯᠪᠠᠰᠤᠷᠠᠯ᠎ᠤᠨ ᠵᠠᠭᠪᠤᠷ᠎ᠢ ᠬᠡᠷᠡᠭᠵᠢᠭᠦᠯᠦᠨ᠎ᠡ᠃
(ᠭᠤᠷᠪᠠ) ᠬᠥᠳᠡᠯᠮᠦᠷᠢ ᠵᠢᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠬᠥᠯᠥᠰᠦᠨ ᠠᠵᠢᠯᠴᠢᠨ᠎ᠤ ᠴᠠᠯᠢᠩ ᠬᠥᠯᠥᠰᠦ ᠵᠡᠷᠭᠡ ᠡᠷᠬᠡ ᠠᠰᠢᠭ᠎ᠢ ᠰᠠᠢ᠌ᠲᠤᠷ ᠬᠠᠮᠠᠭ᠋ᠠᠯᠠᠵᠤ᠂ ᠴᠠᠯᠢᠩ ᠦᠷᠢᠳᠤᠵᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠬᠦ ᠡᠪᠦᠯ᠎ᠤᠨ ᠤᠯᠠᠷᠢᠯ᠎ᠤᠨ ᠠᠵᠢᠯᠯᠠᠭ᠎ᠠ ᠵᠢ ᠯᠠᠪᠳᠠᠭᠤᠨ ᠠᠬᠢᠭᠤᠯᠵᠤ᠂ ᠴᠠᠯᠢᠩ ᠥᠷᠢᠲᠦᠬᠦ ᠠᠰᠠᠭᠤᠳᠠᠯ᠎ᠢ ᠪᠦᠳᠤᠮᠵᠢ ᠰᠠᠢ᠌ᠳᠠᠢ ᠪᠠᠷ ᠰᠢᠢ᠍ᠳᠪᠦᠷᠢᠯᠡᠵᠦ᠂ ᠬᠥᠯᠥᠰᠦᠨ ᠠᠵᠢᠯᠴᠢᠨ᠎ᠤ ᠡᠷᠬᠡ᠎ᠪᠠᠨ ᠬᠠᠮᠠᠭ᠋ᠠᠯᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠳᠡᠷᠡᠬᠦᠯᠤᠬᠡᠳ ᠬᠠᠤᠯᠢ ᠵᠢ ᠵᠥᠷᠢᠴᠡᠭᠰᠡᠳ᠎ᠢ ᠵᠠᠯᠬᠠᠭ᠋ᠠᠨ ᠴᠡᠭᠡᠷᠯᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠬᠥᠯᠥᠰᠦᠨ ᠠᠵᠢᠯᠴᠢᠨ᠎ᠤ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠲᠤᠬᠠᠢ ᠮᠠᠷᠭᠤᠯᠳᠤᠭ᠋ᠠᠨ᠎ᠢ 《ᠲᠦᠷᠭᠡᠨ ᠲᠣᠭᠲᠠᠭ᠋ᠠᠬᠤ᠂ ᠲᠦᠷᠭᠡᠨ ᠰᠢᠯᠵᠢᠭᠦᠯᠬᠦ᠂ ᠲᠦᠷᠭᠡᠨ ᠰᠢᠭᠦᠬᠦ᠂ ᠲᠦᠷᠭᠡᠨ ᠳᠠᠭᠤᠰᠬᠠᠬᠤ》 ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠨᠠᠢ᠌ᠳᠠᠪᠤᠷᠢᠵᠢᠭᠤᠯᠬᠤ ᠬᠡᠷᠡᠭᠳᠡᠢ ᠃ ᠬᠥᠳᠡᠯᠮᠦᠷᠢ ᠵᠢᠨ ᠬᠠᠷᠢᠴᠠᠭ᠎ᠠ ᠵᠢᠨ ᠬᠦᠷᠢᠶ᠎ᠡ ᠴᠠᠷᠠᠭ᠎ᠠ᠎ᠳᠤ᠎ᠬᠢ ᠵᠥᠷᠢᠴᠡᠯ ᠵᠠᠭᠤᠷᠠᠯᠳᠤᠭ᠋ᠠᠨ᠎ᠢ ᠵᠢᠭᠰᠠᠭ᠋ᠠᠨ ᠪᠠᠢ᠌ᠴᠠᠭ᠋ᠠᠵᠤ ᠠᠷᠢᠯᠭ᠋ᠠᠬᠤ ᠪᠠ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ ᠵᠥᠷᠢᠴᠡᠯ ᠵᠠᠭᠤᠷᠠᠯᠳᠤᠭ᠋ᠠᠨ᠎ᠢ ᠴᠠᠭ ᠲᠤᠬᠠᠢᠳᠤᠨᠢ ᠰᠡᠷᠭᠡᠢ᠌ᠯᠡᠨ ᠠᠷᠢᠯᠭ᠋ᠠᠨ᠎ᠠ᠃
ᠳᠥᠷᠪᠡ᠂ ᠠᠵᠢᠯ᠎ᠤᠨ ᠱᠠᠭ᠋ᠠᠷᠳᠠᠯᠭ᠎ᠠ
ᠡᠨᠡ ᠬᠦ᠌ ᠠᠵᠢᠯ᠎ᠢ ᠡᠯ᠎ᠡ ᠭᠠᠵᠠᠷ᠎ᠤᠨ᠎ᠬᠢᠨ ᠰᠠᠢ᠌ᠳᠤᠷ ᠴᠢᠬᠤᠯᠠᠴᠢᠯᠠᠵᠤ ᠲᠤᠬᠠᠢ ᠵᠢᠨ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠠᠵᠢᠯ᠎ᠤᠨ ᠲᠥᠰᠥᠯ ᠵᠶ᠋ᠡᠨ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠠᠵᠢᠯ᠎ᠤᠨ ᠠᠷᠭ᠎ᠠ᠎ᠪᠠᠨ ᠴᠢᠩᠭ᠋ᠠᠷᠠᠭᠤᠯᠬᠤ ᠬᠡᠷᠡᠭᠲᠡᠢ᠃ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ᠂ ᠣᠷᠣᠭᠤᠯᠬᠤ ᠭᠠᠵᠠᠷ᠎ᠤᠨ ᠭᠠᠷᠭ᠋ᠠᠬᠤ ᠭᠠᠵᠠᠷ᠎ᠤᠨ ᠬᠣᠭᠣᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠵᠢ ᠴᠢᠩᠭ᠋ᠠᠷᠠᠭᠤᠯᠤᠨ᠎ᠠ᠃ ᠤᠬᠠᠭᠤᠯᠵᠤ ᠵᠢᠯᠤᠭᠣᠳᠬᠤ ᠠᠵᠢᠯ᠎ᠢ ᠰᠠᠢ᠌ᠲᠤᠷ ᠬᠢᠵᠦ᠂ ᠬᠥᠯᠥᠰᠦᠨ ᠠᠵᠢᠯᠴᠢᠨ᠎ᠢ ᠬᠠᠯᠠᠮᠵᠢᠯᠠᠬᠤ ᠰᠠᠢ᠌ᠨ ᠲᠤᠷᠰᠢᠯᠭ᠎ᠠ ᠰᠠᠢ᠌ᠨ ᠠᠷᠭ᠎ᠠ ᠵᠢ ᠳᠡᠯᠭᠡᠷᠡᠭᠦᠯᠵᠦ ᠶᠠᠷᠢᠶ᠎ᠠ ᠬᠡᠯᠡᠯᠴᠡᠭᠡᠨ᠎ᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠬᠡᠮᠵᠢᠬᠦ ᠠᠵᠢᠯ᠎ᠢ ᠴᠢᠩᠭ᠋ᠠᠳᠬᠠᠵᠤ᠂ ᠨᠡᠢ᠌ᠭᠡᠮ᠎ᠤᠨ ᠠᠩᠬᠠᠷᠤᠯ᠎ᠳᠤ ᠴᠠᠭ ᠲᠤᠬᠠᠢᠳᠤᠨᠢ ᠬᠠᠷᠢᠭᠤᠯᠲᠠ ᠦᠭᠭᠦ ᠬᠡᠷᠡᠭᠳᠡᠢ ᠪᠦᠬᠡᠳ ᠴᠠᠭ᠋ᠠᠨ ᠰᠠᠷ᠎ᠠ ᠵᠢᠨ ᠡᠮᠦᠨ᠎ᠡ ᠬᠣᠢ᠌ᠨᠠᠬᠢ ᠬᠥᠯᠥᠰᠦᠨ ᠠᠵᠢᠯᠴᠢᠨ᠎ᠤ ᠠᠵᠢᠯ᠎ᠤᠨ ᠪᠠᠢ᠌ᠳᠠᠯ᠎ᠢ ᠰᠢᠨᠵᠢᠯᠡᠬᠦ ᠤᠬᠠᠭ᠋ᠠᠨᠴᠢ᠎ᠪᠠᠷ ᠤᠷᠢᠳᠴᠢᠯᠠᠨ ᠮᠠᠭ᠋ᠠᠳᠯᠠᠵᠤ᠂ ᠬᠡᠯᠪᠡᠷᠢᠯ᠎ᠤᠨ ᠴᠢᠨᠠᠷᠲᠠᠢ᠂ ᠴᠤᠬᠤᠶ᠋ᠢᠯᠲᠠ ᠵᠢᠨ ᠴᠢᠨᠠᠷᠲᠠᠢ᠂ ᠬᠠᠨᠳᠤᠰᠢ ᠵᠢᠨ ᠴᠢᠨᠠᠷᠲᠠᠢ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠦᠨ ᠰᠢᠢ᠍ᠳᠪᠦᠷᠢᠯᠡᠬᠦ ᠬᠡᠷᠡᠭᠲᠡᠢ᠃
ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ᠂ ᠤᠯᠤᠰ᠎ᠤᠨ ᠲᠡᠮᠤᠷ ᠵᠠᠮ᠎ᠤᠨ ᠪᠦᠯᠦᠭᠯᠡᠯ
2025 ᠣᠨ᠎ᠤ 1 ᠳ᠋ᠤᠬᠡᠷ ᠰᠠᠷ᠎ᠠ ᠵᠢᠨ 3᠎ᠤ ᠡᠳᠤᠷ