ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠬᠠᠤᠯᠢ ᠴᠠᠭ᠋ᠠᠵᠨ ᠵᠢᠨ ᠶᠠᠮᠤᠨ᠂ ᠪᠥᠬᠥ ᠤᠯᠤᠰ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠯᠪᠠᠨ ᠭᠡᠷ᠎ᠤᠨ᠎ᠬᠢᠨ 2025 ᠣᠨ᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2025-04-18

    ᠡᠨᠡ ᠵᠢᠯ ᠪᠣᠯ ᠤᠯᠤᠰ᠎ᠤᠨ ᠠᠮᠤᠷ ᠲᠦᠪᠰᠢᠨ᠎ᠤ ᠬᠠᠤᠯᠢ ᠵᠢ ᠨᠡᠢ᠌ᠲᠡᠯᠡᠵᠦ ᠬᠡᠷᠡᠭᠵᠢᠭᠦᠯᠦᠭᠰᠡᠨ᠎ᠤ 10 ᠵᠢᠯ᠎ᠤᠨ ᠤᠢ᠂ 4 ᠰᠠᠷ᠎ᠠ ᠵᠢᠨ 15 ᠎ᠤ ᠡᠳᠦᠷ ᠪᠣᠯ ᠠᠷᠪᠠᠳᠤᠭ᠋ᠠᠷ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ ᠪᠣᠯᠣᠨ᠎ᠠ᠃
      ᠬᠠᠤᠯᠢ ᠴᠠᠭ᠋ᠠᠵᠨ ᠵᠢᠨ ᠶᠠᠮᠤᠨ᠂ ᠪᠥᠬᠥ ᠤᠯᠤᠰ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠠᠯᠪᠠᠨ ᠭᠡᠷ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠲᠤ 2025 ᠣᠨ᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠬᠦ᠎ᠪᠠᠷ ᠲᠣᠭᠲᠠᠪᠠ᠃
   ᠮᠡᠳᠡᠭᠳᠡᠯ᠎ᠳᠤ᠄ 《ᠡᠨᠡ ᠵᠢᠯ᠎ᠤᠨ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠠᠵᠢᠯᠯᠠᠭ᠎ᠠ ᠵᠢᠨ ᠭᠣᠣᠯ ᠰᠡᠳᠦᠪ ᠪᠣᠯ 〈ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠤᠭᠰᠠᠨ ᠠᠷᠪᠠᠨ ᠵᠢᠯ᠎ᠤᠨ ᠣᠶ〉》 ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠬᠠᠤᠯᠢ ᠎ᠪᠠᠷ ᠵᠠᠰᠠᠬᠤ ᠦᠵᠡᠯ ᠰᠠᠨᠠᠭ᠎ᠠ ᠵᠢ ᠶᠡᠬᠡ᠎ᠪᠠᠷ ᠰᠤᠷᠤᠯᠴᠠᠨ ᠤᠬᠠᠭᠤᠯᠵᠤ᠂ ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠦᠵᠡᠯᠲᠡ ᠵᠢ ᠶᠡᠬᠡ᠎ᠪᠠᠷ ᠰᠤᠷᠤᠯᠴᠠᠨ ᠤᠬᠠᠭᠤᠯᠵᠤ ᠤᠯᠤᠰ᠎ᠤᠨ ᠠᠮᠤᠷ ᠲᠦᠪᠰᠢᠨ᠎ᠤ ᠬᠠᠤᠯᠢ ᠵᠢ ᠨᠡᠢ᠌ᠲᠡᠯᠡᠵᠦ ᠬᠡᠷᠡᠭᠵᠢᠭᠦᠯᠦᠭᠰᠡᠨ 10 ᠵᠢᠯ᠎ᠤᠨ ᠤᠢ᠎ᠠᠴᠠ ᠨᠠᠭ᠋ᠠᠰᠢᠬᠢ ᠤᠯᠤᠰ᠎ᠤᠨ ᠠᠮᠤᠷ ᠲᠦᠪᠰᠢᠨ᠎ᠤ ᠬᠦᠷᠢᠶ᠎ᠡ ᠴᠠᠷᠠᠭ᠎ᠠ᠎ᠳᠤ ᠡᠭᠦᠰᠦᠭᠰᠡᠨ ᠲᠡᠦᠬᠡᠲᠦ ᠬᠤᠪᠢᠰᠤᠯᠲᠠ᠂ ᠣᠯᠣᠭᠰᠠᠨ ᠲᠡᠦᠬᠡᠲᠦ ᠠᠮᠵᠢᠯᠲᠠ᠂ ᠬᠤᠷᠠᠮᠳᠤᠭᠤᠯᠤᠭᠰᠠᠨ ᠨᠠᠨᠳᠢᠨ ᠲᠤᠷᠰᠢᠯᠭ᠎ᠠ ᠵᠢ ᠶᠡᠬᠡ᠎ᠪᠠᠷ ᠤᠬᠠᠭᠤᠯᠵᠤ ᠤᠯᠤᠰ᠎ᠤᠨ ᠠᠮᠤᠷ ᠲᠦᠪᠰᠢᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠬᠡ᠎ᠪᠠᠷ ᠤᠬᠠᠭᠤᠯᠵᠤ ᠪᠦᠬᠦ ᠨᠡᠢ᠌ᠭᠡᠮ᠎ᠤᠨ ᠤᠯᠤᠰ᠎ᠤᠨ ᠠᠮᠤᠷ ᠲᠦᠪᠰᠢᠨ᠎ᠤ ᠬᠠᠤᠯᠢᠵᠢᠯ᠎ᠤᠨ ᠤᠬᠠᠮᠰᠠᠷ᠎ᠤᠨ ᠳᠡᠭᠡᠭᠰᠢᠯᠡᠯᠲᠡ ᠵᠢ ᠠᠬᠢᠭᠤᠯᠤᠨ᠎ᠠ》 ᠬᠡᠵᠡᠢ᠃
    ᠮᠡᠳᠡᠭᠳᠡᠯ᠎ᠳᠤ᠄ 《ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠠᠵᠢᠯᠯᠠᠭ᠎ᠠ ᠵᠢᠨ ᠭᠣᠣᠯ ᠰᠡᠳᠦᠪ ᠪᠠ ᠭᠣᠣᠯᠳᠠᠯᠭ᠎ᠠ᠎ᠲᠠᠢ ᠠᠭᠤᠯᠭ᠎ᠠ ᠵᠢᠨ ᠲᠣᠭᠣᠷᠢᠨ᠎ᠳᠤ ᠥᠪᠡᠷᠮᠢᠴᠡ ᠣᠨᠴᠠᠯᠢᠭ᠎ᠲᠠᠢ᠂ ᠪᠣᠳᠠᠲᠤ ᠦᠷ᠎ᠡ ᠪᠦᠲᠦᠮᠵᠢ᠎ᠲᠠᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ ᠡᠯ᠎ᠡ ᠲᠥᠷᠥᠯ᠎ᠤᠨ ᠬᠠᠤᠯᠢ ᠲᠦᠭᠡᠮᠡᠯᠵᠢᠭᠦᠯᠬᠦ ᠰᠦᠯᠵᠢᠶᠡᠨ ᠥᠷᠲᠡᠭᠡ᠂ ᠸᠢᠴᠠᠲ᠂ ᠪᠢᠴᠢᠯ ᠪᠦᠷᠭᠡ᠂ ᠬᠡᠷᠡᠭᠯᠡᠭᠴᠢ ᠵᠢᠨ ᠲᠠᠪᠴᠠᠡᠭ ᠵᠡᠷᠬᠡ ᠵᠢ ᠭᠦᠢ᠍ᠴᠡᠳ ᠠᠰᠢᠭᠯᠠᠨ ᠣᠯᠠᠨ ᠵᠦᠢ᠍ᠯ᠎ᠤᠨ ᠬᠡᠯᠪᠡᠷᠢ᠎ᠪᠠᠷ ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠦᠵᠡᠯᠲᠡ ᠪᠠ ᠤᠯᠤᠰ᠎ᠤᠨ ᠠᠮᠤᠷ ᠲᠦᠪᠰᠢᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠲᠠᠢ᠌ᠯᠪᠤᠷᠢᠯᠠᠨ᠎ᠠ᠃ ᠡᠭᠦᠨ᠎ᠤ ᠬᠠᠮᠲᠤ ᠬᠠᠤᠯᠢ ᠴᠠᠭ᠋ᠠᠵᠠ ᠵᠢᠨ ᠶᠠᠮᠤᠨ᠂ ᠪᠦᠬᠦ ᠤᠯᠤᠰ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠯᠪᠠᠨ ᠭᠡᠷ᠎ᠤᠨ᠎ᠬᠢᠨ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠵᠢᠨ ᠮᠡᠳᠡᠯᠭᠡ ᠵᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠵᠢ   ᠡᠷᠬᠢᠯᠡᠵᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ ᠪᠠᠢ᠌ᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠠᠬᠢᠭᠤᠯᠬᠤ ᠬᠡᠷᠡᠭᠳᠡᠢ》 ᠭᠡᠵᠤ ᠱᠠᠭ᠋ᠠᠷᠳᠠᠪᠠ᠃
   ᠮᠡᠳᠡᠭᠳᠡᠯ᠎ᠳᠤ᠄ 《ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ 2025 ᠣᠨ᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠰᠠᠢ᠌ᠲᠤᠷ ᠵᠣᠬᠢᠶᠠᠨ ᠪᠠᠢ᠌ᠭᠤᠯᠤᠨ ᠥᠷᠨᠢᠭᠦᠯᠬᠦ ᠠᠵᠢᠯ᠎ᠢ ᠭᠣᠣᠯᠳᠠᠯᠭ᠎ᠠ᠎ᠲᠠᠢ ᠡᠭᠦᠷᠭᠡ᠎ᠪᠠᠨ ᠪᠣᠯᠭ᠋ᠠᠵᠤ᠂ ᠵᠥᠪ ᠣᠨᠣᠪᠴᠢᠲᠠᠶ ᠤᠯᠤᠰ ᠲᠥᠷᠥ ᠵᠢᠨ ᠴᠢᠭᠯᠡᠯ ᠪᠠ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠲᠤ ᠡᠵᠡᠮᠳᠡᠬᠦ ᠬᠡᠷᠡᠭᠲᠡᠢ᠃ 〈ᠨᠠᠢ᠍ᠮᠠᠳᠤᠭ᠋ᠠᠷ ᠲᠠᠪᠤᠨ ᠵᠢᠯ〉᠎ᠤᠨ ᠬᠤᠭᠤᠴᠠᠭ᠋ᠠᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠲᠥᠯᠦᠪᠵᠢᠭᠦᠯᠭᠡ ᠵᠢ ᠭᠦᠨᠵᠡᠭᠡᠢ ᠬᠡᠷᠡᠭᠵᠢᠭᠦᠯᠬᠦ ᠪᠠ ᠳ᠋ᠦᠩᠨᠡᠵᠦ ᠰᠢᠯᠭ᠋ᠠᠨ ᠠᠪᠬᠤ᠎ᠲᠠᠢ ᠤᠶᠠᠯᠳᠤᠭᠤᠯᠤᠨ ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠵᠢᠯᠣᠭᠣᠳᠤᠨ ᠲᠡᠮᠵᠢᠨ᠎ᠡ᠃ 〈ᠲᠠᠪᠤᠨ ᠠᠵᠢᠯ〉᠎ᠢ ᠨᠢᠭᠡᠳᠦᠯᠲᠡᠢ ᠲᠥᠯᠥᠪᠯᠡᠨ  ᠠᠬᠢᠭᠤᠯᠬᠤ ᠳᠦᠷᠢᠮ᠎ᠤᠨ ᠲᠣᠭᠲᠠᠴᠠ ᠵᠢ ᠲᠡᠬᠦᠯᠳᠡᠷᠵᠢᠬᠦᠯᠤᠨ ᠵᠥᠷᠢᠴᠡᠯ ᠠᠶᠤᠯ ᠲᠦᠭᠰᠢᠭᠦᠷᠢ ᠵᠢ ᠠᠷᠢᠯᠭ᠋ᠠᠨ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠵᠤ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠬᠡᠷᠡᠭᠳᠡᠢ》 ᠬᠡᠵᠡᠢ᠃



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠎ᠠ ᠵᠢ ᠴᠢᠩᠭ᠋ᠠᠳᠬᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠰᠢᠤᠳᠠᠨ ᠲᠣᠪᠴᠢᠶ᠎ᠠ ᠵᠢᠨ᠎ᠬᠢᠨ᠎ᠤ ᠮᠡᠳᠡᠭᠳᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠳᠡᠮᠵᠢᠵᠦ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
ᠣᠷᠳᠣ ᠬᠤᠭᠤᠴᠠᠭ᠋ᠠᠨ᠎ᠤ ᠠᠰᠠᠷᠠᠨ ᠬᠠᠷᠠᠭ᠋ᠠᠯᠵᠠᠭᠴᠢ ᠵᠢ ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠳᠡᠢ ᠭᠡᠵᠤ ᠲᠤᠯᠤᠭ᠋ᠠᠨ ᠰᠠᠯᠠᠭ᠎ᠠ ᠮᠥᠴᠢᠷ᠎ᠤᠨ᠎ᠬᠢᠨ ᠱᠠᠭ᠋ᠠᠷᠳᠠᠵᠤ ᠪᠠᠢ᠌ᠨ᠎ᠠ
ᠥᠪᠥᠷ ᠮᠣᠩᠭᠣᠯ 《ᠦᠳᠡᠬᠦᠰ᠎ᠤᠨ ᠨᠥᠬᠥᠪᠦᠷᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠶᠠᠪᠤᠴᠨ ᠵᠢ ᠰᠢᠯᠢᠳᠡᠭᠵᠢᠭᠦᠯᠦᠨ ᠪᠡᠯᠡ ᠮᠥᠩᠭᠥ ᠵᠢ ᠤᠯᠠᠮ ᠤᠨᠤᠪᠴᠢᠳᠠᠢ ᠣᠯᠭᠣᠬᠤ ᠪᠤᠯᠪᠠ
ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
 
            