ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠎ᠠ ᠵᠢ ᠴᠢᠩᠭ᠋ᠠᠳᠬᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠰᠢᠤᠳᠠᠨ ᠲᠣᠪᠴᠢᠶ᠎ᠠ ᠵᠢᠨ᠎ᠬᠢᠨ᠎ᠤ ᠮᠡᠳᠡᠭᠳᠡᠯ
ᠨᠡᠶᠢᠲᠡᠯᠡᠭᠰᠡᠨ ᠴᠠᠭ᠄ 2025-04-18

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ  ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠪᠡᠭᠡᠵᠢᠩ ᠬᠣᠲᠠ᠂ ᠲᠢᠶᠠᠨᠵᠢᠨ ᠬᠣᠲᠠ᠂ ᠱᠠᠩᠬᠠᠢ ᠬᠣᠲᠠ ᠵᠢᠨ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠄
  
    ᠭᠠᠵᠠᠷ᠎ᠤᠨ ᠨᠡᠷᠡᠰ ᠪᠣᠯ ᠨᠡᠢ᠌ᠭᠡᠮ᠎ᠤᠨ ᠦᠨᠳᠦᠰᠦᠨ ᠣᠯᠠᠨ ᠨᠡᠶ᠋ᠢᠲᠡ ᠵᠢᠨ ᠮᠡᠳᠡᠭᠡ ᠵᠠᠩᠭᠢ᠂ ᠬᠥᠮᠥᠰ᠎ᠤᠨ ᠶᠠᠪᠤᠵᠤ ᠰᠠᠭᠤᠬᠤ ᠵᠢᠨ ᠬᠥᠭᠥᠷᠭᠡ ᠬᠣᠯᠪᠣᠭ᠋ᠠᠰᠤ᠂ ᠥᠨᠳᠥᠷ ᠪᠦᠲᠦᠮᠵᠢᠲᠡᠶ ᠪᠠᠷᠠᠭ᠋ᠠᠨ᠎ᠤ ᠭᠦᠢ᠍ᠯᠭᠡᠭᠡᠨ᠎ᠤ ᠴᠢᠬᠤᠯᠠ ᠰᠠᠭᠤᠷᠢ᠃ ᠰᠢᠤᠳᠠᠨ᠎ᠤ ᠦᠢ᠍ᠯᠡᠰ ᠪᠣᠯ ᠤᠯᠤᠰ᠎ᠤᠨ ᠨᠡᠢ᠌ᠭᠡᠮ᠎ᠤᠨ ᠴᠢᠬᠤᠯᠠ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ ᠪᠦᠬᠡᠳ ᠦᠢ᠍ᠯᠡᠳᠪᠦᠷᠢᠯᠡᠯ᠎ᠳᠤ ᠦᠢ᠍ᠯᠡᠴᠢᠯᠡᠬᠦ᠂ ᠬᠡᠷᠡᠭᠯᠡᠭᠡ ᠵᠢ ᠠᠬᠢᠭᠤᠯᠬᠤ᠂ ᠣᠷᠴᠢᠯ᠎ᠢ ᠰᠠᠭ᠋ᠠᠳ ᠦᠭᠡᠢ ᠨᠡᠪᠲᠡᠷᠡᠭᠦᠯᠬᠦ ᠣᠳᠣᠬᠢᠴᠢᠯᠠᠭᠰᠠᠨ ᠤᠳᠤᠷᠢᠳᠤᠮᠵᠢ ᠵᠢᠨ ᠴᠢᠨᠠᠷᠲᠠᠢ ᠠᠵᠤ ᠦᠢ᠍ᠯᠡᠰ ᠮᠥᠨ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠳᠤᠮᠳᠠ ᠭᠠᠵᠠᠷ᠎ᠤᠨ  ᠨᠡᠷᠡᠰ᠎ᠤᠨ ᠠᠵᠢᠯ ᠪᠣᠯᠣᠨ ᠰᠢᠤᠳᠠᠨ ᠲᠦᠷᠭᠡᠨ ᠬᠦᠷᠭᠡᠯᠲᠡ ᠵᠢᠨ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠬᠤ᠎ᠨᠢ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠭ᠋ᠠᠷᠳᠠᠯᠭ᠎ᠠ᠎ᠳᠤ ᠵᠣᠬᠢᠴᠠᠭᠰᠠᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠰᠢᠰᠲᠸᠮ ᠪᠣᠯᠣᠨ ᠬᠥᠳᠡᠭᠡ ᠲᠣᠰᠬᠣᠨ᠎ᠤ ᠢᠯᠡᠭᠡᠯᠲᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠢᠰᠲᠸᠮ᠎ᠢ ᠲᠦᠷᠭᠡᠨ ᠪᠠᠶ᠋ᠢᠭᠤᠯᠬᠤ᠎ᠳᠤ ᠠᠰᠢᠭᠲᠠᠢ ᠶᠤᠮ᠃ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ 《ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ》 ᠪᠣᠯᠣᠨ 《ᠲᠦᠷᠭᠡᠨ ᠬᠦᠷᠭᠡᠯᠲᠡ ᠵᠢ ᠲᠣᠰᠬᠣᠨ᠎ᠳᠤ ᠣᠷᠣᠭᠤᠯᠬᠤ》 《ᠲᠣᠰᠬᠣᠨ ᠪᠣᠯᠭ᠋ᠠᠨ᠎ᠳᠤ ᠰᠢᠤᠳᠠᠨ ᠨᠡᠪᠲᠡᠷᠡᠭᠦᠯᠬᠦ》 ᠳᠠᠪᠬᠤᠴᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠠᠵᠢᠯ ᠪᠣᠯᠣᠨ ᠰᠢᠤᠳᠠᠨ᠎ᠤ ᠶᠠᠪᠤᠳᠠᠯ᠎ᠤᠨ ᠲᠦᠷᠭᠡᠨ ᠬᠦᠷᠭᠡᠯᠲᠡ ᠵᠢᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠥᠳᠡᠭᠡ ᠲᠣᠰᠬᠣᠨ᠎ᠤ ᠪᠥᠬᠥ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠬᠤ ᠵᠢᠨ ᠲᠥᠯᠥᠭᠡ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠲᠠᠷᠠᠭ᠋ᠠᠬᠢ ᠮᠡᠲᠦ ᠮᠡᠳᠡᠭᠳᠡᠶ᠎ᠡ᠄
     ᠨᠢᠭᠡ᠂ ᠬᠥᠳᠡᠭᠡ ᠲᠣᠰᠬᠣᠨ᠎ᠤ ᠰᠢᠤᠳᠠᠨ ᠵᠠᠮ᠎ᠤᠨ ᠭᠠᠵᠠᠷ᠎ᠤᠨ ᠨᠡᠷᠡᠰ᠎ᠤᠨ ᠲᠤᠤᠷᠵᠢᠯ᠎ᠢ ᠨᠢᠭᠲᠠ ᠰᠦᠯᠵᠢᠨ᠎ᠡ᠃ 《ᠬᠥᠳᠡᠭᠡ ᠲᠣᠰᠬᠣᠨ᠎ᠤ ᠠᠯᠳᠠᠷᠲᠤ ᠠᠵᠢᠯᠯᠠᠭ᠎ᠠ》 ᠵᠢ ᠭᠦᠨᠵᠡᠭᠡᠢ ᠠᠬᠢᠭᠤᠯᠵᠤ᠂ ᠰᠢᠤᠳᠠᠨ᠎ᠤ ᠶᠠᠪᠤᠳᠠᠯ᠎ᠤᠨ ᠲᠦᠷᠭᠡᠨ ᠬᠦᠷᠭᠡᠯᠲᠡ ᠵᠢᠨ ᠠᠵᠢᠯ᠎ᠢ ᠰᠢᠰᠲ᠋ᠧᠮ᠎ᠲᠠᠢ᠎ᠪᠠᠷ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠣᠳᠣᠬᠢ ᠪᠠᠢ᠌ᠳᠠᠯ᠎ᠢ ᠡᠮᠬᠢᠯᠡᠨ ᠪᠠᠢ᠌ᠴᠠᠭ᠋ᠠᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠲᠥᠰᠥᠯ᠎ᠢ ᠨᠠᠢ᠌ᠷᠠᠭᠤᠯᠤᠨ ᠵᠣᠬᠢᠶᠠᠬᠤ ᠴᠢᠬᠤᠯᠠ ᠬᠦᠴᠦᠨ ᠵᠦᠢ᠍ᠯ ᠪᠣᠯᠭ᠋ᠠᠵᠤ᠂ ᠰᠢᠤᠳᠠᠨ᠎ᠤ ᠵᠠᠮ᠎ᠢ ᠰᠠᠭ᠋ᠠᠳ ᠦᠭᠡᠢ ᠨᠡᠪᠲᠡᠷᠡᠭᠦᠯᠬᠦ᠎ᠳᠤ ᠬᠡᠷᠡᠭᠰᠡᠬᠦ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠴᠡᠭ᠂ ᠵᠠᠮ ᠵᠡᠭᠡᠯᠢ ᠭᠤᠳᠤᠮᠵᠢ᠂ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠨᠡᠷᠡᠢ᠌ᠳᠦᠯ᠎ᠢ ᠨᠡᠷᠡᠢ᠌ᠳᠬᠦ ᠡᠷᠴᠢᠮ᠎ᠢ ᠴᠢᠩᠭ᠋ᠠᠷᠠᠭᠤᠯᠵᠤ᠂ ᠲᠣᠭᠲᠠᠭ᠋ᠠᠯ ᠶᠣᠰᠣᠭ᠋ᠠᠷ ᠳᠡᠩᠰᠡᠯᠡᠵᠦ᠂ ᠵᠠᠷᠯᠠᠨ ᠨᠡᠢ᠌ᠲᠡᠯᠡᠵᠦ᠂ ᠬᠥᠳᠡᠭᠡ ᠲᠣᠰᠬᠣᠨ᠎ᠤ ᠰᠢᠤᠳᠠᠨ᠎ᠤ ᠵᠠᠮ᠎ᠤᠨ ᠭᠠᠵᠠᠷ᠎ᠤᠨ ᠨᠡᠷᠡᠰ᠎ᠤᠨ ᠨᠠᠷᠢᠯᠢᠭ᠎ᠤᠨ ᠬᠡᠮᠵᠢᠶ᠎ᠡ ᠪᠠ ᠪᠠᠷᠢᠮᠵᠢᠶᠠᠵᠢᠭᠤᠯᠤᠯᠲᠠ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
   ᠬᠣᠶᠠᠷ᠂ ᠬᠥᠳᠡᠭᠡ ᠲᠣᠰᠬᠣᠨ ᠎ᠤ ᠰᠢᠤᠳᠠᠨ ᠵᠠᠮ ᠎ᠤᠨ ᠭᠠᠵᠠᠷ ᠎ᠤᠨ ᠨᠡᠷᠡᠰ᠎ᠤᠨ ᠲᠡᠮᠳᠡᠭ ᠎ᠤᠨ ᠰᠢᠰᠲᠸᠮ᠎ᠢ ᠲᠡᠬᠦᠯᠳᠡᠷᠵᠢᠬᠦᠯᠤᠨ᠎ᠡ᠃ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠰᠬᠣᠨ᠎ᠤ ᠫᠠᠢ᠌ᠰᠠ᠂ ᠵᠡᠭᠡᠯᠢ ᠭᠤᠳᠤᠮᠵᠢ ᠵᠢᠨ ᠫᠠᠢ᠌ᠰᠠ᠂ ᠠᠰᠠᠷ᠎ᠤᠨ ᠡᠭᠦᠳᠡ (ᠡᠷᠦᠬᠡ) ᠵᠢᠨ ᠫᠠᠢ᠌ᠰᠠ ᠵᠡᠷᠭᠡ ᠲᠡᠮᠳᠡᠭ᠎ᠢ ᠪᠠᠢ᠌ᠷᠢᠯᠠᠭᠤᠯᠵᠤ᠂ ᠬᠥᠳᠡᠭᠡ ᠲᠣᠰᠬᠣᠨ᠎ᠤ ᠪᠠᠷᠢᠮᠵᠢᠶᠠᠲᠤ ᠬᠠᠶᠢᠭ᠎ᠢ ᠨᠠᠢ᠌ᠷᠠᠭᠤᠯᠤᠨ ᠵᠣᠬᠢᠶᠠᠬᠤ ᠵᠢ ᠵᠣᠬᠢᠴᠠᠭᠤᠯᠤᠨ ᠠᠬᠢᠭᠤᠯᠵᠤ᠂ ᠬᠥᠳᠡᠭᠡ ᠲᠣᠰᠬᠣᠨ᠎ᠤ ᠰᠢᠤᠳᠠᠨ᠎ᠤ ᠵᠠᠮ᠎ᠤᠨ ᠭᠠᠵᠠᠷ᠎ᠤᠨ  ᠨᠡᠷᠡᠰ᠎ᠤᠨ ᠲᠡᠮᠳᠡᠭ᠎ᠤᠨ ᠤᠳᠤᠷᠢᠳᠤᠮᠵᠢ ᠵᠢᠨ  ᠰᠢᠰᠲᠸᠮ᠎ᠢ ᠲᠡᠬᠦᠯᠳᠡᠷᠵᠢᠬᠦᠯᠤᠨ ᠰᠢᠤᠳᠠᠨ᠎ᠤ ᠵᠦᠢ᠍ᠯ᠎ᠤᠨ ᠲᠦᠷᠭᠡᠨ ᠬᠦᠷᠭᠡᠬᠦ ᠵᠦᠢ᠍ᠯ᠎ᠢ ᠨᠠᠷᠢᠯᠢᠭ ᠣᠨᠣᠴᠠᠲᠠᠢ᠎ᠪᠠᠷ ᠬᠦᠷᠭᠡᠬᠦ ᠵᠢ ᠠᠬᠢᠭᠤᠯᠤᠨ᠂ ᠬᠥᠳᠡᠭᠡ ᠲᠣᠰᠬᠣᠨ᠎ᠤ ᠬᠦᠷᠭᠡᠬᠦ ᠡᠴᠦᠰ᠎ᠤᠨ ᠦᠢ᠍ᠯᠡᠴᠢᠯᠡᠭᠡᠨ᠎ᠤ ᠲᠤᠤᠷᠵᠢᠯ᠎ᠢ ᠲᠡᠭᠦᠯᠳᠡᠷᠵᠢᠭᠦᠯᠦᠨ᠎ᠡ᠃ ᠣᠶᠤᠨᠲᠤ ᠭᠠᠵᠠᠷ᠎ᠤᠨ ᠨᠡᠷᠡᠰ᠎ᠤᠨ ᠲᠡᠮᠳᠡᠭ᠎ᠢ ᠪᠠᠢ᠌ᠷᠢᠯᠠᠭᠤᠯᠬᠤ ᠵᠢ ᠰᠦᠪᠡᠭᠴᠢᠯᠡᠵᠦ᠂ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ᠂ ᠰᠢᠤᠳᠠᠨ᠎ᠤ ᠲᠦᠷᠭᠡᠨ ᠬᠦᠷᠭᠡᠯᠲᠡ ᠵᠡᠷᠭᠡ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠠᠬᠤᠢ ᠪᠠᠢ᠌ᠳᠠᠯ᠎ᠢ ᠠᠭᠤᠰᠤᠯᠴᠠᠭᠤᠯᠤᠨ ᠬᠤᠷᠠᠮᠳᠤᠭᠤᠯᠵᠤ᠂ ᠠᠷᠠᠳ᠎ᠲᠤ ᠲᠥᠬᠥᠮ ᠦᠵᠡᠭᠦᠯᠬᠦ ᠵᠦᠢ᠍ᠯᠡᠰ᠎ᠢ 《ᠨᠢᠭᠡ ᠨᠣᠮᠧᠷ ᠵᠶ᠋ᠡᠷ ᠭᠦᠢ᠍ᠴᠡᠳᠬᠡᠬᠦ》 《ᠨᠢᠭᠡ ᠰᠦᠯᠵᠢᠶ᠎ᠡ᠎ᠪᠠᠷ ᠭᠦᠢ᠍ᠴᠡᠳᠬᠡᠬᠦ》 ᠵᠢ ᠠᠬᠢᠭᠤᠯᠤᠨ᠎ᠠ᠃ ᠭᠠᠵᠠᠷ᠎ᠤᠨ ᠨᠡᠷᠡᠰ᠎ᠤᠨ ᠲᠡᠮᠳᠡᠭ᠎ᠢ ᠬᠠᠮᠢᠶᠠᠷᠤᠨ ᠬᠠᠮᠠᠭ᠋ᠠᠯᠠᠬᠤ ᠵᠢ ᠬᠠᠮᠵᠢᠯᠴᠠᠨ ᠰᠠᠢ᠌ᠲᠤᠷ ᠬᠢᠵᠦ᠂ ᠢᠯᠡᠭᠡᠬᠦ ᠶᠠᠪᠤᠴᠠ᠎ᠳᠤ ᠢᠯᠡᠷᠡᠭᠦᠯᠦᠭᠰᠡᠨ ᠲᠡᠮᠳᠡᠭ᠎ᠨᠢ ᠡᠪᠳᠡᠷᠡᠭᠰᠡᠨ᠂ ᠴᠢᠭᠯᠡᠯ᠎ᠨᠢ ᠲᠣᠳᠣᠷᠬᠠᠢ ᠦᠭᠡᠢ᠂ ᠮᠡᠳᠡᠭᠡ ᠵᠠᠩᠭᠢ᠎ᠨᠢ ᠦᠨᠡᠨ ᠪᠠᠢ᠌ᠳᠠᠯ ᠵᠶ᠋ᠠᠨ ᠠᠯᠳᠠᠭᠰᠠᠨ ᠵᠡᠷᠭᠡ ᠠᠰᠠᠭᠤᠳᠠᠯ᠎ᠲᠠᠢ ᠭᠠᠵᠠᠷ᠎ᠤᠨ ᠨᠡᠷᠡᠰ᠎ᠤᠨ ᠲᠡᠮᠳᠡᠭ᠎ᠢ ᠴᠠᠭ ᠲᠤᠬᠠᠢ᠎ᠳᠤ᠎ᠨᠢ ᠰᠣᠯᠢᠵᠤ ᠬᠠᠮᠠᠭ᠋ᠠᠯᠠᠨ᠂ ᠭᠠᠵᠠᠷ᠎ᠤᠨ  ᠨᠡᠷᠡᠰ᠎ᠤᠨ ᠲᠡᠮᠳᠡᠭ᠎ᠤᠨ ᠮᠡᠳᠡᠭᠡ ᠵᠠᠩᠭᠢ ᠵᠢᠨ ᠣᠨᠣᠪᠴᠢᠲᠤ ᠴᠢᠨᠠᠷ᠂ ᠴᠣᠷ᠎ᠤᠨ ᠭᠠᠭᠴᠠ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
    ᠭᠤᠷᠪᠠ᠂ ᠬᠥᠳᠡᠭᠡ ᠲᠣᠰᠬᠣᠨ᠎ᠤ ᠰᠢᠤᠳᠠᠨ ᠵᠠᠮ᠎ᠤᠨ ᠮᠡᠳᠡᠭᠡ ᠵᠠᠩᠭᠢ ᠵᠢ ᠴᠤᠭᠯᠠᠭᠤᠯᠵᠤ ᠬᠡᠷᠡᠭᠯᠡᠬᠦ ᠵᠢ ᠭᠦᠨᠵᠡᠭᠡᠢ᠌ᠷᠡᠭᠦᠯᠦᠨ᠎ᠡ᠃ ᠪᠠᠷᠢᠮᠵᠢᠶᠠᠲᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠬᠠᠮᠲᠤᠪᠠᠷ ᠪᠠᠢ᠌ᠭᠤᠯᠵᠤ ᠬᠠᠮᠲᠤᠪᠠᠷ ᠭᠥᠷᠳᠡᠬᠦ ᠲᠣᠭᠲᠠᠴᠠ ᠵᠢ ᠪᠠᠢ᠌ᠭᠤᠯᠵᠤ᠂ ᠭᠠᠵᠠᠷ᠎ᠤᠨ ᠨᠡᠷᠡᠰ᠎ᠤᠨ ᠲ᠋ᠣᠭ᠎ᠠ ᠪᠠᠷᠢᠮᠲᠠ ᠵᠢ ᠪᠠᠢ᠌ᠩᠭᠤᠵᠢᠭᠤᠯᠤᠨ ᠬᠠᠷᠢᠴᠠᠭᠤᠯᠤᠨ ᠰᠢᠨᠡᠳᠬᠡᠬᠦ ᠵᠢ ᠴᠢᠩᠭ᠋ᠠᠳᠬᠠᠨ᠂ ᠰᠢᠨ᠎ᠡ᠎ᠪᠠᠷ ᠨᠡᠷᠡᠢ᠌ᠳᠴᠦ ᠬᠠᠯᠠᠭᠰᠠᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢ ᠰᠢᠤᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠬᠤᠪᠢᠶᠠᠯᠴᠠᠵᠤ᠂ ᠪᠤᠷᠤᠭᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠬᠠᠷᠢᠭᠤ ᠲᠤᠰᠬᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠨᠡᠢ᠌ᠳᠡᠮ ᠬᠡᠷᠡᠭᠯᠡᠬᠦ ᠬᠠᠶᠢᠭ᠎ᠤᠨ ᠳ᠋ᠤᠭ᠋ᠠᠷᠯᠠᠯ᠎ᠢ ᠳᠡᠯᠭᠡᠷᠡᠭᠦᠯᠦᠨ ᠬᠡᠷᠡᠭᠯᠡᠵᠦ  ᠲᠣᠰᠬᠣᠨ᠂ ᠨᠡᠢ᠌ᠭᠡᠮ ᠲᠣᠭᠣᠷᠢᠭ ᠵᠶ᠋ᠠᠷ ᠦᠨᠳᠦᠰᠦᠨ ᠨᠢᠬᠡᠴᠢ ᠪᠣᠯᠭ᠋ᠠᠨ ᠲᠦᠷᠭᠡᠨ ᠬᠦᠷᠭᠡᠬᠦ ᠦᠢ᠍ᠯᠡᠴᠢᠯᠡᠭᠡᠨ᠎ᠤ ᠭᠠᠵᠠᠷ ᠣᠷᠣᠨ᠎ᠤ ᠬᠡᠪᠴᠢᠶ᠎ᠡ ᠵᠢ ᠲᠣᠳᠣᠷᠬᠠᠢ᠌ᠯᠠᠬᠤ ᠬᠡᠷᠡᠭᠴᠡᠭᠡ᠎ᠲᠠᠢ ᠤᠶᠠᠯᠳᠤᠭᠤᠯᠤᠨ᠂ ᠨᠥᠬᠥᠴᠡᠯ᠎ᠲᠠᠢ ᠭᠠᠵᠠᠷ ᠣᠷᠣᠨ᠎ᠨᠢ ᠪᠠᠷᠢᠮᠵᠢᠶᠠᠲᠤ ᠭᠠᠵᠠᠷ᠎ᠤᠨ  ᠨᠡᠷᠡᠰ᠎ᠤᠨ ᠬᠠᠶᠢᠭ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠪᠠᠷᠢᠮᠵᠢᠶᠠᠲᠤ ᠭᠠᠵᠠᠷ᠎ᠤᠨ ᠨᠡᠷᠡᠰ᠎ᠤᠨ ᠬᠠᠶᠢᠭ᠎ᠤᠨ ᠮᠡᠳᠡᠭᠡ ᠵᠠᠩᠭᠢ ᠵᠢ ᠬᠥᠳᠡᠭᠡ ᠲᠣᠰᠬᠣᠨ᠎ᠤ ᠢᠯᠡᠭᠡᠬᠦ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ ᠥᠷᠭᠡᠨ ᠵᠶ᠋ᠡᠷ ᠬᠡᠷᠡᠭᠯᠡᠬᠦ ᠵᠢ ᠠᠬᠢᠭᠤᠯᠤᠨ᠎ᠠ᠃ 《ᠬᠥᠳᠡᠭᠡ ᠲᠣᠰᠬᠣᠨ᠎ᠤ ᠨᠡᠷᠡᠲᠦ ᠠᠵᠢᠯᠯᠠᠭ᠎ᠠ》 ᠵᠢᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢ ᠴᠤᠭᠯᠠᠭᠤᠯᠬᠤ ᠫᠷᠦ᠋ᠭᠷᠡᠮ᠎ᠳᠤ ᠲᠦᠰᠢᠭᠯᠡᠨ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠠᠵᠢᠯᠲᠠᠳ᠎ᠢ ᠵᠢᠯᠤᠭᠣᠳᠴᠤ ᠪᠠᠢ᠌ᠭ᠋ᠠᠳ ᠰᠢᠶᠠᠨ᠎ᠤ ᠱᠠᠲᠤᠨ᠎ᠤ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠰᠤᠮᠤ ᠰᠢᠶᠠᠩ ᠪᠠᠯᠭ᠋ᠠᠰᠤᠨ᠎ᠤ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠥᠬᠦᠭᠡᠷᠦᠮᠵᠢ᠂ ᠲᠣᠰᠬᠣᠨ᠎ᠤ ᠳᠡᠰ᠎ᠤᠨ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠥᠷᠲᠡᠭᠡ (ᠲᠣᠰᠬᠣᠨ᠎ᠤ ᠰᠢᠤᠳᠠᠨ᠎ᠤ ᠥᠷᠲᠡᠭᠡ) ᠪᠠ ᠭᠣᠣᠯᠳᠠᠯᠭ᠎ᠠ ᠎ᠲᠠᠢ ᠲᠦᠷᠭᠡᠨ ᠬᠦᠷᠭᠡᠬᠦ ᠠᠵᠤ ᠠᠬᠤᠢ᠌ᠯᠠᠯ᠎ᠤᠨ ᠴᠤᠭᠯᠠᠭᠤᠯᠬᠤ ᠵᠢᠷᠤᠭ᠎ᠢ ᠵᠢᠷᠤᠭᠯᠠᠨ᠎ᠠ᠃ ᠴᠢᠬᠤᠯᠠ ᠭᠠᠵᠠᠷ ᠵᠦᠢ ᠵᠢᠨ ᠣᠷᠣᠨ ᠪᠠᠢ᠌ᠷᠢ ᠵᠢᠨ ᠠᠴᠢ ᠬᠣᠯᠪᠣᠭᠳᠠᠯ᠎ᠲᠠᠢ ᠰᠢᠤᠳᠠᠨ᠎ᠤ  ᠲᠦᠬᠦᠬᠡᠷᠤᠮᠵᠢ ᠵᠢᠨ ᠨᠡᠷᠡᠢ᠌ᠳᠦᠯ᠎ᠢ ᠴᠤᠭᠯᠠᠭᠤᠯᠤᠨ ᠤᠯᠤᠰ᠎ᠤᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠳᠤ ᠣᠷᠣᠭᠤᠯᠵᠤ᠂ ᠰᠢᠤᠳᠠᠨ᠎ᠤ ᠲᠦᠷᠭᠡᠨ ᠬᠦᠷᠭᠡᠬᠦ ᠠᠵᠢᠯ ᠲᠥᠷᠥᠯ᠎ᠤᠨ ᠢᠨᠲ᠋ᠧᠷ ᠰᠦᠯᠵᠢᠶᠡᠨ᠎ᠤ ᠭᠠᠵᠠᠷ᠎ᠤᠨ ᠵᠢᠷᠤᠭ᠎ᠤᠨ ᠰᠡᠷᠡᠵᠦ ᠮᠡᠳᠡᠬᠦ ᠬᠡᠮᠵᠢᠶ᠎ᠡ᠂ ᠢᠳᠡᠪᠬᠢᠵᠢᠯ᠎ᠤᠨ ᠬᠡᠮᠵᠢᠶ᠎ᠡ ᠵᠢ ᠳᠡᠭᠡᠭᠰᠢᠯᠡᠭᠦᠯᠵᠦ᠂ ᠡᠷᠢᠬᠦ ᠪᠠᠢ᠌ᠷᠢ ᠲᠣᠭᠲᠠᠭ᠋ᠠᠯᠲᠠ ᠵᠢᠨ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠠᠶᠠᠨᠴᠢᠳ ᠪᠠ ᠪᠠᠷᠠᠭ᠎ᠠ ᠰᠢᠤᠳᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠵᠤ ᠦᠢ᠍ᠯᠡᠴᠢᠯᠡᠭᠡᠨ᠎ᠤ ᠴᠡᠭ᠂ ᠦᠷᠳᠡᠭᠡ ᠴᠡᠭ ᠵᠡᠷᠭᠡ ᠮᠡᠳᠡᠭᠡ ᠵᠠᠩᠭᠢ ᠵᠢ ᠴᠤᠭᠯᠠᠭᠤᠯᠬᠤ ᠳᠡᠭᠡᠷᠡᠬᠢ ᠵᠢᠷᠤᠭ᠎ᠢ ᠴᠢᠩᠭ᠋ᠠᠳᠬᠠᠵᠤ ᠬᠤᠳᠠ ᠬᠥᠳᠡᠭᠡ ᠵᠢᠨ ᠭᠣᠣᠯ ᠰᠤᠳᠠᠰᠤ ᠵᠢ  ᠨᠡᠪᠳᠡᠷᠡᠬᠦᠯᠤᠬᠡᠳ ᠬᠥᠳᠡᠭᠡ ᠲᠣᠰᠬᠣᠨ᠎ᠤ ᠪᠢᠴᠢᠯ ᠡᠷᠭᠢᠯᠲᠡ ᠵᠢ ᠰᠠᠭ᠋ᠠᠳ ᠦᠭᠡᠢ ᠨᠠᠪᠲᠠᠷᠡᠭᠦᠯᠵᠦ ᠬᠥᠮᠥᠰ᠎ᠤᠨ ᠵᠠᠮ ᠬᠠᠷᠢᠯᠴᠠᠭ᠎ᠠ ᠪᠠ ᠪᠠᠷᠠᠭ᠋ᠠᠨ᠎ᠤ ᠶᠠᠪᠤᠯᠴᠠᠭ᠎ᠠ᠎ᠳᠤ ᠲᠦᠬᠦᠮ ᠦᠵᠡᠭᠦᠯᠦᠨ᠎ᠡ᠃
    ᠳᠥᠷᠪᠡ᠂ ᠬᠥᠳᠡᠭᠡ ᠲᠣᠰᠬᠣᠨ᠎ᠤ ᠰᠢᠤᠳᠠᠨ ᠵᠠᠮ᠎ᠤᠨ ᠭᠠᠵᠠᠷ᠎ᠤᠨ ᠨᠡᠷᠡᠰ᠎ᠤᠨ ᠰᠣᠶᠣᠯ᠎ᠤᠨ ᠰᠢᠨ᠎ᠡ ᠵᠢ ᠡᠬᠦᠳᠤᠨ᠎ᠡ᠃ ᠢᠯᠡᠬᠡᠯᠳᠡ ᠬᠦᠷᠬᠡᠬᠦ ᠠᠵᠤ ᠠᠬᠤᠢ᠌ᠯᠠᠯ ᠪᠠ ᠲᠡᠳᠡᠨ᠎ᠤ ᠦᠢ᠍ᠯᠡᠴᠢᠯᠡᠭᠴᠢ ᠵᠢᠨ ᠵᠡᠭᠡᠯᠢ ᠭᠤᠳᠤᠮᠵᠢ᠎ᠪᠠᠷ ᠲᠣᠭᠣᠷᠢᠬᠤ᠂ ᠣᠯᠠᠨ ᠲᠦᠮᠡᠨ᠎ᠲᠠᠢ ᠬᠠᠷᠢᠯᠴᠠᠬᠤ ᠥᠪᠡᠷᠮᠢᠴᠡ ᠳᠠᠪᠠᠭᠤᠯᠢᠭ ᠵᠶ᠋ᠠᠨ ᠠᠰᠢᠭᠯᠠᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠭᠠᠵᠠᠷ᠎ᠤᠨ ᠨᠡᠷᠡᠰ᠎ᠤᠨ ᠬᠠᠤᠯᠢ ᠲᠣᠭᠲᠠᠭ᠋ᠠᠯ᠎ᠢ ᠤᠬᠠᠭᠤᠯᠤᠨ ᠲᠠᠨᠢᠯᠴᠠᠭᠤᠯᠬᠤ᠂ ᠭᠠᠵᠠᠷ᠎ᠤᠨ  ᠨᠡᠷᠡᠰ᠎ᠤᠨ ᠥᠯᠢᠭᠡᠷ᠎ᠢ ᠤᠬᠠᠭᠤᠯᠤᠨ ᠲᠠᠢ᠌ᠯᠪᠤᠷᠢᠯᠠᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠭᠠᠵᠠᠷ᠎ᠤᠨ  ᠨᠡᠷᠡᠰ᠎ᠤᠨ ᠰᠣᠶᠣᠯ᠎ᠢ ᠠᠢ᠌ᠯ ᠲᠣᠰᠬᠣᠨ᠎ᠳᠤ ᠣᠷᠣᠭᠤᠯᠵᠤ ᠡᠷᠦᠬᠡ᠎ᠳᠤ ᠣᠷᠣᠭᠤᠯᠬᠤ ᠵᠢ ᠠᠬᠢᠭᠤᠯᠤᠨ᠂ ᠬᠥᠳᠡᠭᠡ ᠲᠣᠰᠬᠣᠨ᠎ᠤ ᠰᠣᠶᠣᠯ᠎ᠤᠨ ᠴᠡᠴᠡᠭᠯᠡᠯᠲᠡ᠎ᠳᠤ ᠬᠦᠴᠦᠨ ᠨᠡᠮᠡᠷᠢᠯᠡᠬᠦ ᠵᠢ ᠵᠣᠷᠢᠭᠵᠢᠭᠤᠯᠤᠨ᠎ᠠ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠭᠠᠵᠠᠷ᠎ᠤᠨ  ᠨᠡᠷᠡᠰ᠎ᠤᠨ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠬᠤ ᠵᠢ ᠵᠣᠷᠢᠭᠵᠢᠭᠤᠯᠬᠤ ᠪᠠ ᠵᠢᠯᠤᠭᠣᠳᠴᠤ᠂ ᠭᠠᠵᠠᠷ᠎ᠤᠨ ᠨᠡᠷᠡᠰ᠎ᠤᠨ ᠰᠣᠶᠣᠯ᠎ᠢ ᠠᠭᠤᠰᠤᠯᠴᠠᠭᠤᠯᠤᠭᠰᠠᠨ ᠰᠢᠤᠳᠠᠨ ᠲᠡᠮᠳᠡᠭ᠂ ᠢᠯᠡ ᠵᠠᠬᠢᠳᠠᠯ᠎ᠤᠨ ᠬᠠᠭᠤᠳᠠᠰᠤ᠂ ᠰᠢᠤᠳᠠᠨ᠎ᠤ ᠳᠡᠪᠲᠡᠷ᠂ ᠠᠩᠬᠠᠨ᠎ᠤ ᠡᠳᠦᠷ᠎ᠤᠨ ᠳᠤᠭᠲᠤᠢ ᠵᠡᠷᠭᠡ ᠦᠢ᠍ᠯᠡᠳᠬᠦᠨ᠎ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠪᠦᠲᠦᠭᠡᠯᠴᠢ ᠴᠢᠨᠠᠷᠲᠠᠢ᠎ᠪᠠᠷ ᠤᠯᠠᠷᠢᠭᠤᠯᠬᠤ ᠵᠢ ᠠᠬᠢᠭᠤᠯᠤᠨ᠎ᠠ᠃ ᠭᠠᠵᠠᠷ᠎ᠤᠨ ᠨᠡᠷᠡᠰ᠎ᠤᠨ ᠰᠣᠶᠣᠯ ᠬᠢᠭᠡᠳ ᠰᠢᠤᠳᠠᠨ᠎ᠤ ᠦᠢ᠍ᠯᠡᠴᠢᠯᠡᠭᠡᠨ᠎ᠢ ᠭᠦᠨᠵᠡᠭᠡᠢ ᠠᠭᠤᠰᠤᠯᠴᠠᠭᠤᠯᠬᠤ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠵᠦ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠭᠣᠣᠯ ᠰᠡᠳᠦᠪᠲᠦ ᠰᠢᠤᠳᠠᠨ᠎ᠤ ᠲᠣᠪᠴᠢᠶ᠎ᠠ ᠵᠢᠨ ᠪᠦᠲᠦᠭᠡᠨ ᠪᠠᠢ᠌ᠭᠤᠯᠤᠯᠲᠠ᠎ᠳᠤ ᠭᠠᠵᠠᠷ᠎ᠤᠨ  ᠨᠡᠷᠡᠰ᠎ᠤᠨ ᠰᠣᠶᠣᠯ᠎ᠤᠨ ᠡᠯᠧᠮᠧᠨ᠋ᠲ᠎ᠢ ᠨᠡᠮᠡᠭᠳᠡᠭᠦᠯᠬᠦ ᠵᠢ ᠠᠬᠢᠭᠤᠯᠵᠤ᠂ ᠰᠢᠤᠳᠠᠨ᠎ᠤ ᠦᠢ᠍ᠯᠡᠴᠢᠯᠡᠭᠡᠨ᠎ᠤ ᠠᠭᠤᠯᠤᠭᠳᠠᠬᠤᠨ᠎ᠢ ᠤᠯᠠᠮ ᠪᠠᠶᠠᠯᠢᠬ᠍ᠵᠢᠭᠤᠯᠤᠨ᠎ᠠ᠃
    ᠲᠠᠪᠤ᠂ 《ᠭᠠᠵᠠᠷ᠎ᠤᠨ ᠨᠡᠷᠡᠰ + ᠰᠢᠤᠳᠠᠨ᠎ᠤ ᠲᠦᠷᠭᠡᠨ ᠬᠦᠷᠭᠡᠯᠲᠡ》 ᠵᠢᠨ ᠲᠠᠷᠢᠶᠠᠴᠢᠳ᠎ᠲᠤ ᠠᠰᠢᠭᠲᠠᠢ ᠲᠠᠷᠢᠶᠠᠴᠢᠳ᠎ᠲᠤ ᠠᠰᠢᠭ ᠬᠦᠷᠲᠡᠭᠡᠬᠦ ᠦᠢ᠍ᠯᠡᠴᠢᠯᠡᠭᠡ ᠵᠢ ᠠᠬᠢᠭᠤᠯᠤᠨ᠎ᠠ᠃ 《ᠢᠨᠲ᠋ᠧᠷ ᠰᠦᠯᠵᠢᠶ᠎ᠡ + ᠭᠠᠵᠠᠷ᠎ᠤᠨ ᠨᠡᠷᠡᠰ᠎ᠤᠨ ᠦᠢ᠍ᠯᠡᠴᠢᠯᠡᠭᠡ + ᠰᠢᠤᠳᠠᠨ᠎ᠤ ᠲᠦᠷᠭᠡᠨ ᠬᠦᠷᠭᠡᠯᠲᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡ ᠬᠢᠭᠡᠳ ᠬᠦᠷᠭᠡᠬᠦ ᠪᠠᠷᠠᠭ᠋ᠠᠨ᠎ᠤ ᠭᠦᠢ᠍ᠯᠭᠡᠭᠡ ᠵᠢ ᠬᠥᠳᠡᠭᠡ ᠪᠠᠭᠤᠯᠭ᠋ᠠᠬᠤ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠎ᠠ᠂ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡ ᠵᠡᠷᠭᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠣᠲᠠ ᠬᠥᠳᠡᠭᠡ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠬᠣᠣᠰ ᠴᠢᠭᠯᠡᠯ ᠵᠶ᠋ᠡᠷ ᠰᠢᠯᠵᠢᠬᠦ ᠵᠢ ᠠᠬᠢᠭᠤᠯᠤᠨ᠎ᠠ᠃ 《ᠭᠠᠵᠠᠷ᠎ᠤᠨ ᠨᠡᠷᠡᠰ +》 ᠵᠢᠨ ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠨᠠᠷᠠᠲᠤ ᠲᠥᠷᠥᠯ ᠲᠡᠮᠳᠡᠭᠲᠦ ᠵᠢ ᠤᠬᠠᠭᠤᠯᠵᠤ ᠱᠤᠭᠤᠬᠤ ᠳᠤᠮᠳᠠ ᠭᠠᠵᠠᠷ᠎ᠤᠨ ᠨᠡᠷᠡᠰ᠎ᠤᠨ ᠡᠯᠧᠮᠧᠨ᠋ᠲ᠎ᠲᠤ ᠠᠭᠤᠰᠤᠯᠴᠠᠭᠤᠯᠬᠤ ᠵᠢ ᠳᠡᠮᠵᠢᠵᠦ᠂ ᠰᠢᠤᠳᠠᠨ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠳᠤ 《ᠰᠤᠮᠤ ᠰᠢᠶᠠᠩ᠎ᠤᠨ ᠨᠠᠷᠠᠲᠤ》 《ᠨᠤᠲᠤᠭ᠎ᠤᠨ ᠨᠠᠷᠠᠲᠤ》 ᠵᠡᠷᠭᠡ ᠭᠠᠵᠠᠷ᠎ᠤᠨ ᠨᠡᠷᠡᠰ᠎ᠤᠨ ᠲᠡᠮᠳᠡᠭ᠎ᠲᠠᠢ ᠨᠤᠲᠤᠭ᠎ᠤᠨ ᠣᠨᠴᠠ ᠭᠠᠷᠤᠯᠲᠠ ᠵᠢ ᠤᠬᠠᠭᠤᠯᠤᠨ ᠳᠡᠯᠭᠡᠷᠡᠭᠦᠯᠵᠦ᠂ ᠬᠥᠳᠡᠭᠡ ᠲᠣᠰᠬᠣᠨ᠎ᠤ ᠴᠢᠨᠠᠷᠵᠢᠭᠤᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠂ ᠵᠢᠭᠤᠯᠴᠢᠯᠠᠯ᠎ᠤᠨ ᠡᠬᠢ ᠪᠠᠶᠠᠯᠢᠭ ᠵᠡᠷᠭᠡ ᠵᠢ ᠲᠠᠨᠢᠯᠴᠠᠭᠤᠯᠵᠤ ᠳᠡᠯᠭᠡᠷᠡᠭᠦᠯᠬᠦ᠎ᠳᠤ ᠬᠦᠴᠦᠨ ᠨᠡᠮᠡᠷᠢᠯᠡᠨ᠎ᠡ᠃ ᠬᠦᠰᠡᠯ ᠰᠠᠨᠠᠭ᠎ᠠ᠎ᠲᠠᠢ ᠰᠢᠤᠳᠠᠨᠴᠢ᠂ ᠲᠦᠷᠭᠡᠨ ᠬᠦᠷᠭᠡᠭᠴᠢ ᠵᠡᠷᠭᠡ ᠵᠢᠨ ᠭᠠᠵᠠᠷ᠎ᠤᠨ ᠨᠡᠷᠡᠰ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ᠎ᠳᠤ ᠣᠷᠣᠯᠴᠠᠬᠤ ᠵᠢ ᠢᠳᠡᠪᠬᠢᠲᠡᠢ᠎ᠪᠠᠷ ᠵᠣᠷᠢᠭᠵᠢᠭᠤᠯᠵᠤ᠂ ᠭᠠᠵᠠᠷ᠎ᠤᠨ ᠨᠡᠷᠡᠰ᠎ᠤᠨ ᠰᠣᠶᠣᠯ᠎ᠤᠨ ᠪᠠᠢ᠌ᠭᠤᠯᠤᠯᠲᠠ᠂ ᠭᠠᠵᠠᠷ᠎ᠤᠨ ᠨᠡᠷᠡᠰ᠎ᠢ ᠴᠤᠭᠯᠠᠭᠤᠯᠬᠤ ᠵᠢᠷᠤᠭ᠂ ᠬᠠᠮᠢᠶ᠎ᠠ ᠪᠦᠬᠦᠢ ᠮᠡᠷᠭᠡᠵᠢᠯ᠎ᠢ ᠳᠡᠯᠭᠡᠷᠡᠭᠦᠯᠬᠦ ᠵᠡᠷᠭᠡ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡᠨ᠎ᠳᠤ ᠣᠷᠣᠯᠴᠠᠵᠤ᠂ ᠭᠠᠵᠠᠷ᠎ᠤᠨ ᠨᠡᠷᠡᠰ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰᠬᠠᠢ ᠮᠡᠷᠭᠡᠵᠢᠯ᠎ᠤᠨ ᠪᠣᠯᠪᠠᠰᠤᠷᠠᠯ᠂ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠪᠠ ᠬᠠᠯᠠᠮᠵᠢᠯᠠᠬᠤ ᠲᠠᠯ᠎ᠠ᠎ᠪᠠᠷ ᠳᠡᠮᠵᠢᠯᠭᠡ ᠦᠵᠡᠭᠦᠯᠬᠦ ᠬᠡᠷᠡᠭᠲᠡᠢ᠃
    ᠵᠢᠷᠭᠤᠭ᠎ᠠ᠂ ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠣᠷᠣᠨ ᠨᠤᠲᠤᠭ᠎ᠤᠨ ᠡᠯ᠎ᠡ ᠱᠠᠲᠤᠨ᠎ᠤ ᠭᠠᠵᠠᠷ᠎ᠤᠨ  ᠨᠡᠷᠡᠰ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠰᠢᠤᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠎ᠠ ᠵᠢ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠲᠣᠰ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠮᠡᠳᠡᠭᠦᠯᠵᠦ᠂ ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠎ᠠ ᠵᠢ ᠲᠣᠰ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠡᠷᠦᠩᠬᠡᠢ ᠲᠣᠬᠢᠷᠠᠭᠤᠯᠤᠯᠲᠠ᠎ᠳᠤ ᠣᠷᠣᠭᠤᠯᠬᠤ ᠵᠢ ᠢᠳᠡᠪᠬᠢᠲᠡᠢ ᠠᠬᠢᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠂ ᠵᠠᠷᠤᠳᠠᠯ᠎ᠤᠨ ᠪᠠᠲᠤᠯᠠᠭ᠎ᠠ ᠵᠢᠨ ᠲᠠᠯ᠎ᠠ᠎ᠪᠠᠷ᠎ᠬᠢ ᠳᠡᠮᠵᠢᠯᠭᠡ ᠵᠢ ᠣᠯᠬᠤ᠎ᠪᠠᠷ ᠣᠷᠣᠨ ᠨᠤᠲᠤᠭ᠎ᠤᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠣᠶᠠᠷ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠂ ᠪᠠᠢ᠌ᠩᠭᠤᠵᠢᠭᠤᠯᠤᠨ ᠨᠡᠪᠲᠡᠷᠡᠯᠴᠡᠬᠦ᠂ ᠵᠥᠪᠳᠡᠯᠴᠡᠬᠦ᠂ ᠠᠬᠢᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠰ ᠭᠠᠵᠠᠷ ᠣᠷᠣᠨ᠎ᠤ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠨᠠᠢ᠌ᠳᠠᠪᠤᠷᠢᠵᠢᠭᠤᠯᠬᠤ ᠠᠷᠭ᠎ᠠ ᠵᠢ ᠨᠠᠷᠢᠯᠢᠭᠵᠢᠭᠤᠯᠵᠤ᠂ ᠬᠡᠷᠡᠭᠯᠡᠭᠡᠨ᠎ᠤ ᠲᠠᠯᠠᠪᠤᠷ᠎ᠤᠨ ᠰᠢᠨ᠎ᠡ ᠵᠢ ᠡᠭᠦᠳᠴᠦ᠂ ᠨᠠᠢ᠌ᠳᠠᠪᠤᠷᠢᠵᠢᠭᠤᠯᠤᠯᠲᠠ ᠵᠢ ᠪᠦᠲᠦᠭᠡᠯᠴᠢ᠎ᠪᠠᠷ ᠠᠬᠢᠭᠤᠯᠤᠨ᠎ᠠ᠃ ᠬᠡᠯᠪᠡᠷᠢᠴᠢ ᠦᠵᠡᠯ᠂ ᠳᠦᠷᠢ ᠲᠥᠷᠬᠦ ᠵᠢᠨ ᠢᠨᠵᠧᠨᠧᠷᠢᠩ᠎ᠢ ᠴᠢᠩᠭ᠎ᠠ ᠴᠡᠭᠡᠷᠯᠡᠵᠦ᠂ 《ᠨᠢᠭᠡ ᠯᠡ ᠬᠡᠪ᠎ᠤᠨ ᠪᠣᠯᠭ᠋ᠠᠬᠤ》 《ᠵᠢᠭᠳᠡ ᠠᠯᠬᠤᠬᠤ》 ᠵᠢ ᠬᠡᠷᠡᠭᠵᠢᠭᠦᠯᠵᠦ ᠪᠣᠯᠬᠤ ᠦᠭᠡᠢ᠃ ᠡᠯ᠎ᠡ ᠭᠠᠵᠠᠷ᠎ᠤᠨ᠎ᠬᠢᠨ ᠤᠷᠢᠳ ᠵᠶ᠋ᠡᠷ ᠲᠤᠷᠰᠢᠯᠲᠠ ᠬᠢᠭᠰᠡᠨ ᠰᠠᠭᠤᠷᠢᠨ ᠳᠡᠭᠡᠷ᠎ᠡ ᠯᠠᠪᠳᠠᠭᠤᠨ ᠵᠶ᠋ᠠᠷ ᠠᠬᠢᠭᠤᠯᠵᠤ᠂ ᠪᠠᠢ᠌ᠩᠭᠤᠵᠢᠭᠰᠠᠨ᠂ ᠵᠢᠷᠤᠮᠵᠢᠭᠰᠠᠨ᠂ ᠳᠦᠷᠢᠮᠵᠢᠭᠰᠡᠨ ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠎ᠠ ᠵᠢᠨ ᠨᠠᠷᠠᠲᠤ ᠲᠥᠷᠥᠯ ᠲᠡᠮᠳᠡᠭᠲᠦ ᠵᠢᠨ ᠢᠨᠵᠧᠨᠧᠷᠢᠩ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ ᠪᠣᠯᠣᠨ᠎ᠠ᠃ ᠤᠬᠠᠭᠤᠯᠤᠨ ᠮᠡᠳᠡᠭᠡᠯᠡᠬᠦ ᠪᠠ ᠵᠥᠪ ᠲᠠᠯ᠎ᠠ᠎ᠠᠴᠠ ᠵᠢᠯᠤᠭᠣᠳᠬᠤ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠰᠣᠨᠢᠨ ᠰᠡᠳᠬᠦᠯ ᠵᠡᠷᠭᠡ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ ᠨᠡᠢ᠌ᠲᠡᠯᠢᠭ ᠵᠢᠱ᠌ᠢᠶ᠎ᠡ ᠪᠠ ᠠᠵᠢᠯ᠎ᠤᠨ ᠦᠷ᠎ᠡ ᠪᠦᠲᠦᠮᠵᠢ ᠵᠢ ᠤᠬᠠᠭᠤᠯᠵᠤ᠂ ᠠᠵᠢᠯ᠎ᠤᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠢᠳᠡᠪᠬᠢᠲᠡᠢ᠎ᠪᠠᠷ ᠪᠣᠶ ᠪᠣᠯᠭ᠋ᠠᠨ᠎ᠠ᠃
    ᠡᠯ᠎ᠡ ᠭᠠᠵᠠᠷ᠎ᠤᠨ᠎ᠬᠢᠨ ᠬᠡᠷᠡᠭᠵᠢᠭᠦᠯᠬᠦ ᠶᠠᠪᠤᠴᠠ᠎ᠳᠤ᠎ᠬᠢ ᠠᠵᠢᠯ᠎ᠤᠨ ᠠᠬᠢᠴᠠ᠂ ᠴᠢᠬᠤᠯᠠ ᠠᠰᠠᠭᠤᠳᠠᠯ᠂ ᠰᠢᠨ᠎ᠡ ᠵᠢ ᠡᠭᠦᠳᠬᠦ ᠠᠷᠭ᠎ᠠ ᠪᠠ ᠰᠠᠨᠠᠯ ᠰᠠᠨᠠᠭᠤᠯᠭ᠎ᠠ ᠵᠢ ᠠᠷᠠᠳ᠎ᠤᠨ ᠶᠠᠪᠤᠳᠠᠯ᠎ᠤᠨ ᠶᠠᠮᠤᠨ᠎ᠤ ᠣᠷᠣᠨ᠎ᠤ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠵᠤᠷᠭ᠋ᠠᠨ᠂ ᠤᠯᠤᠰ᠎ᠤᠨ ᠰᠢᠤᠳᠠᠨ᠎ᠤ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠳᠤ ᠴᠠᠭ ᠲᠤᠬᠠᠢ ᠎ᠳᠤ᠎ᠨᠢ ᠮᠡᠳᠡᠭᠦᠯᠦᠭᠡᠷᠡᠢ᠃

           ᠠᠷᠠᠳ᠎ᠤᠨ ᠶᠠᠪᠤᠳᠠᠯ᠎ᠤᠨ ᠶᠠᠮᠤᠨ᠂  ᠤᠯᠤᠰ᠎ᠤᠨ ᠰᠢᠤᠳᠠᠨ ᠲᠣᠪᠴᠢᠶ᠎ᠠ
                             2025 ᠣᠨ᠎ᠤ 3 ᠰᠠᠷ᠎ᠠ ᠵᠢᠨ 26᠎ᠤ ᠡᠳᠤᠷ

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠳᠡᠮᠵᠢᠵᠦ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
ᠣᠷᠳᠣ ᠬᠤᠭᠤᠴᠠᠭ᠋ᠠᠨ᠎ᠤ ᠠᠰᠠᠷᠠᠨ ᠬᠠᠷᠠᠭ᠋ᠠᠯᠵᠠᠭᠴᠢ ᠵᠢ ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠳᠡᠢ ᠭᠡᠵᠤ ᠲᠤᠯᠤᠭ᠋ᠠᠨ ᠰᠠᠯᠠᠭ᠎ᠠ ᠮᠥᠴᠢᠷ᠎ᠤᠨ᠎ᠬᠢᠨ ᠱᠠᠭ᠋ᠠᠷᠳᠠᠵᠤ ᠪᠠᠢ᠌ᠨ᠎ᠠ
ᠥᠪᠥᠷ ᠮᠣᠩᠭᠣᠯ 《ᠦᠳᠡᠬᠦᠰ᠎ᠤᠨ ᠨᠥᠬᠥᠪᠦᠷᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠶᠠᠪᠤᠴᠨ ᠵᠢ ᠰᠢᠯᠢᠳᠡᠭᠵᠢᠭᠦᠯᠦᠨ ᠪᠡᠯᠡ ᠮᠥᠩᠭᠥ ᠵᠢ ᠤᠯᠠᠮ ᠤᠨᠤᠪᠴᠢᠳᠠᠢ ᠣᠯᠭᠣᠬᠤ ᠪᠤᠯᠪᠠ
ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠳᠥᠷᠪᠡᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠪᠥᠬᠥ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
 
            