ᠨᠤᠮᠢᠨ ᠤᠷᠴᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠳᠡᠮᠵᠢᠵᠦ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠠᠵᠢᠯ᠎ᠢ ᠵᠢᠯᠣᠭᠣᠳᠤᠨ ᠳᠡᠮᠵᠢᠵᠦ᠂ ᠨᠡᠢ᠌ᠭᠡᠮ᠎ᠤᠨ ᠠᠵᠢᠯ᠎ᠤᠨ ᠥᠷᠲᠡᠭᠡ ᠵᠢ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠨ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠢᠰᠲᠸᠮ ᠪᠠ ᠨᠡᠢ᠌ᠭᠡᠮ᠎ᠤᠨ᠎ᠬᠢᠨ᠎ᠤ ᠣᠷᠣᠯᠴᠠᠬᠤ ᠰᠢᠰᠲᠸᠮ᠎ᠢ ᠤᠯᠠᠮ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠲᠡᠭᠡᠭᠰᠢᠯᠡᠬᠦᠯᠬᠦ ᠪᠤᠯᠤᠨ᠎ᠠ᠃
《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠳᠡᠮᠵᠢᠵᠦ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠬᠡᠷᠡᠭᠵᠢᠭᠦᠯᠬᠦ ᠲᠥᠰᠥᠯ》 ᠳᠤ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠠᠭᠤᠯᠭ᠎ᠠ ᠪᠠ ᠦᠢ᠍ᠯᠡᠴᠢᠯᠡᠭᠡᠨ᠎ᠤ ᠲᠣᠭᠲᠠᠴᠠ ᠵᠢ ᠵᠢᠷᠤᠮᠵᠢᠭᠤᠯᠵᠤ᠂ ᠦᠢ᠍ᠯᠡᠴᠢᠯᠡᠭᠡ ᠬᠤᠳᠠᠯᠳᠤᠨ ᠠᠪᠬᠤ ᠭᠣᠣᠯ ᠴᠣᠭᠴᠠ ᠵᠢ ᠤᠯᠠᠮ ᠲᠣᠳᠣᠷᠬᠠᠢ᠌ᠯᠠᠨ᠂ ᠪᠠᠢ᠌ᠷᠢᠰᠢᠯ᠎ᠨᠢ ᠵᠦᠢ ᠵᠣᠬᠢᠰᠲᠠᠢ᠂ ᠬᠠᠮᠢᠶᠠᠷᠤᠯᠲᠠ᠎ᠨᠢ ᠵᠢᠷᠤᠮᠵᠢᠭᠰᠠᠨ᠂ ᠦᠢ᠍ᠯᠡᠴᠢᠯᠡᠭᠡᠨ᠎ᠢ ᠥᠨᠳᠥᠷ ᠪᠦᠲᠦᠮᠵᠢᠲᠡᠶ ᠨᠡᠢ᠌ᠭᠡᠮ᠎ᠤᠨ ᠠᠵᠢᠯ᠎ᠤᠨ ᠥᠷᠲᠡᠭᠡ ᠵᠢ ᠪᠠᠢ᠌ᠭᠤᠯᠵᠤ᠂ ᠦᠨᠳᠦᠰᠦᠨ ᠱᠠᠲᠤᠨ᠎ᠳᠤ ᠦᠷᠭᠦᠯᠵᠢᠯᠡᠨ ᠬᠦᠴᠦᠨ ᠴᠢᠳᠠᠯ ᠣᠯᠭᠣᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠬᠤᠳᠠᠯᠳᠤᠨ ᠠᠪᠤᠭᠰᠠᠨ ᠨᠠᠷᠢᠨ ᠬᠠᠭᠤᠳᠠᠰᠤ》 ᠵᠢ ᠨᠢᠭᠡᠳᠦᠯᠲᠡᠢ ᠲᠣᠭᠲᠠᠭ᠋ᠠᠵᠤ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠪᠢᠷᠠᠯᠲᠠ ᠵᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠪᠣᠳᠠᠲᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠬᠦ ᠬᠦᠷᠳᠡᠭᠰᠡᠳ᠎ᠲᠤ ᠰᠢᠭᠤᠳ ᠬᠠᠩᠭ᠋ᠠᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ ᠪᠠ ᠬᠠᠮᠢᠶ᠎ᠠ ᠪᠦᠬᠦᠢ ᠲᠤᠰᠠᠯᠠᠬᠤ ᠴᠢᠨᠠᠷᠲᠠᠢ ᠦᠢ᠍ᠯᠡᠴᠢᠯᠡᠭᠡᠨ᠎ᠢ ᠬᠤᠳᠠᠯᠳᠤᠨ ᠠᠪᠴᠤ ᠪᠣᠯᠣᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠥᠷᠥᠯ ᠵᠦᠢ᠍ᠯ᠎ᠤᠨ ᠪᠡᠯᠡ ᠮᠥᠩᠭᠥ᠎ᠪᠠᠷ ᠳᠡᠮᠵᠢᠬᠦ᠂ ᠨᠡᠢ᠌ᠲᠡᠯᠢᠭ ᠵᠢᠱ᠌ᠢᠶ᠎ᠡ᠎ᠪᠠᠷ ᠳᠠᠭ᠋ᠠᠭᠤᠯᠬᠤ᠂ ᠲᠤᠷᠰᠢᠯᠭ᠎ᠠ ᠵᠢ ᠤᠬᠠᠭᠤᠯᠤᠨ ᠳᠡᠯᠭᠡᠷᠡᠭᠦᠯᠬᠦ ᠵᠡᠷᠭᠡ ᠠᠷᠭ᠎ᠠ ᠪᠠᠷ ᠭᠣᠣᠯᠳᠠᠯᠭ᠎ᠠ᠎ᠲᠠᠢ ᠠᠬᠢᠭᠤᠯᠤᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠴᠢᠩᠭ᠋ᠠᠳᠬᠠᠵᠤ᠂ ᠪᠡᠯᠡ ᠮᠥᠩᠭᠥ᠂ ᠲᠠᠯᠠᠪᠤᠷ᠂ ᠠᠵᠢᠯᠲᠠᠨ ᠵᠡᠷᠭᠡ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠡᠵᠡᠩᠨᠡᠯᠲᠡ ᠪᠠ ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠮᠥᠷᠳᠡᠨ ᠳᠠᠭ᠋ᠠᠵᠤ ᠦᠷ᠎ᠡ ᠪᠦᠲᠦᠮᠵᠢ ᠠᠰᠠᠭᠤᠬᠤ ᠵᠢ ᠴᠢᠩᠭ᠋ᠠᠷᠠᠭᠤᠯᠤᠨ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠤᠯᠤᠨ᠎ᠠ᠃
《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠳᠡᠮᠵᠢᠵᠦ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠬᠡᠷᠡᠭᠵᠢᠭᠦᠯᠬᠦ ᠲᠥᠰᠥᠯ》᠎ᠳᠤ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠤᠨ ᠪᠦᠲᠦᠭᠡᠨ ᠪᠠᠶ᠋ᠢᠭᠤᠯᠬᠤ ᠵᠢ ᠴᠢᠩᠭ᠋ᠠᠳᠬᠠᠬᠤ ᠪᠣᠳᠠᠲᠠᠢ ᠠᠷᠭ᠎ᠠ ᠵᠢ ᠳᠤᠷᠠᠳᠴᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠲᠣᠭᠲᠠᠴᠠ ᠵᠢ ᠭᠦᠢ᠍ᠴᠡᠳ ᠠᠰᠢᠭᠯᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠥᠷᠲᠡᠭᠡ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠪᠴᠢᠭᠦᠯᠬᠦ ᠰᠠᠭᠤᠷᠢᠨ ᠭᠠᠵᠠᠷ᠂ ᠨᠢᠭᠦᠯᠡᠰᠦᠩᠭᠦᠢ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠣᠯᠠᠨ ᠴᠡᠭ᠎ᠲᠤ ᠲᠠᠷᠠᠬᠠᠢ ᠪᠤᠲᠠᠷᠬᠠᠢ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ᠎ᠢ ᠨᠡᠢ᠌ᠭᠡᠮ᠎ᠤᠨ ᠠᠵᠢᠯ᠎ᠤᠨ ᠥᠷᠲᠡᠭᠡ ᠲᠡᠢ᠌ᠰᠢ ᠭᠦᠨᠵᠡᠭᠡᠢ ᠡᠮᠬᠢᠯᠡᠬᠦ ᠠᠵᠢᠯ᠎ᠢ ᠠᠬᠢᠭᠤᠯᠬᠤ ᠬᠡᠷᠡᠭᠲᠡᠢ᠃ ᠦᠢ᠍ᠯᠡᠴᠢᠯᠡᠭᠡᠨ᠎ᠤ ᠲᠠᠪᠴᠠᠩ᠎ᠢ ᠨᠢᠭᠡ ᠴᠣᠭᠴᠠᠵᠢᠭᠤᠯᠬᠤ᠂ ᠦᠢ᠍ᠯᠡᠴᠢᠯᠡᠭᠡᠨ᠎ᠤ ᠡᠵᠡᠩᠨᠡᠯᠲᠡ ᠵᠢ ᠵᠢᠷᠤᠮᠵᠢᠭᠤᠯᠬᠤ᠂ ᠦᠢ᠍ᠯᠡᠴᠢᠯᠡᠭᠡᠨ᠎ᠤ ᠠᠭᠤᠯᠭ᠎ᠠ ᠵᠢ ᠲᠣᠳᠣᠷᠬᠠᠢ ᠬᠠᠭᠤᠳᠠᠰᠤᠵᠢᠭᠤᠯᠬᠤ᠂ ᠦᠢ᠍ᠯᠡᠴᠢᠯᠡᠭᠡᠨ᠎ᠤ ᠪᠡᠯᠡ ᠮᠥᠩᠭᠥ ᠵᠢ ᠲᠥᠪᠯᠡᠷᠡᠭᠦᠯᠬᠦ᠂ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠨᠡᠷᠡᠲᠦ ᠲᠡᠮᠳᠡᠭᠵᠢᠭᠦᠯᠬᠦ ᠵᠡᠷᠭᠡ 《ᠲᠠᠪᠤᠵᠢᠭᠤᠯᠬᠤ》 ᠠᠷᠭ᠎ᠠ ᠪᠠᠷ ᠪᠠᠷᠢᠴᠨ ᠪᠣᠯᠭ᠋ᠠᠵᠤ᠂ ᠶᠡᠷᠦᠩᠬᠡᠢ᠌ᠯᠡᠭᠰᠡᠨ ᠴᠢᠨᠠᠷᠲᠠᠢ᠂ ᠨᠢᠭᠡ ᠯᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡᠨ᠎ᠤ ᠲᠠᠪᠴᠠᠩ᠎ᠤᠨ ᠠᠴᠢᠶᠠᠯᠠᠪᠤᠷᠢ ᠵᠢ ᠪᠥᠬᠥ ᠬᠦᠴᠦᠨ ᠵᠶ᠋ᠡᠷ ᠵᠶ᠋ᠡᠨ ᠪᠣᠶ ᠪᠣᠯᠭ᠋ᠠᠵᠤ᠂ ᠥᠷᠲᠡᠭᠡ ᠴᠡᠭ᠎ᠢ ᠬᠠᠮᠲᠤ᠎ᠪᠠᠷ ᠬᠡᠷᠡᠭᠯᠡᠬᠦ᠂ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ᠂ ᠴᠢᠳᠠᠮᠵᠢ ᠵᠢ ᠬᠠᠷᠢᠯᠴᠠᠨ ᠨᠥᠬᠥᠪᠦᠷᠢᠯᠡᠬᠦ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠦᠢ᠍ᠯᠡᠴᠢᠯᠡᠭᠡ ᠵᠢ ᠰᠢᠰᠲ᠋ᠧᠮᠵᠢᠭᠦᠯᠬᠦ᠂ ᠶᠡᠷᠦᠩᠬᠡᠢ᠌ᠯᠡᠬᠦ᠂ ᠡᠷᠴᠢᠮᠵᠢᠭᠦᠯᠬᠦ ᠲᠡᠢ᠌ᠰᠢ ᠬᠤᠪᠢᠷᠠᠭᠤᠯᠬᠤ ᠵᠢ ᠲᠦᠷᠬᠡᠨ ᠪᠡᠶᠡᠯᠡᠬᠦᠯᠬᠦ ᠬᠡᠷᠡᠭᠳᠡᠢ ᠭᠡᠵᠤ ᠱᠠᠭ᠋ᠠᠷᠳᠠᠬᠰᠠᠨ ᠪᠠᠢ᠌ᠨ᠎ᠠ᠃