ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠣᠷᠳᠣ ᠬᠤᠭᠤᠴᠠᠭ᠋ᠠᠨ᠎ᠤ ᠠᠰᠠᠷᠠᠨ ᠬᠠᠷᠠᠭ᠋ᠠᠯᠵᠠᠭᠴᠢ ᠵᠢ ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠳᠡᠢ ᠭᠡᠵᠤ ᠲᠤᠯᠤᠭ᠋ᠠᠨ ᠰᠠᠯᠠᠭ᠎ᠠ ᠮᠥᠴᠢᠷ᠎ᠤᠨ᠎ᠬᠢᠨ ᠱᠠᠭ᠋ᠠᠷᠳᠠᠵᠤ ᠪᠠᠢ᠌ᠨ᠎ᠠ
ᠨᠡᠶᠢᠲᠡᠯᠡᠭᠰᠡᠨ ᠴᠠᠭ᠄ 2025-04-28

   ᠤᠯᠤᠰ᠎ᠤᠨ ᠡᠮ ᠡᠮᠨᠡᠯᠭᠡ ᠵᠢᠨ ᠲᠠᠭ᠋ᠠᠳᠬᠠᠯ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂  ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠎ᠤᠨ᠎ᠬᠢᠨ ᠤᠷᠴᠢᠮ᠎ᠳᠤ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠣᠷᠳᠣ ᠬᠤᠭᠤᠴᠠᠭ᠋ᠠᠨ᠎ᠤ ᠵᠢ  ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠣᠷᠳᠣ ᠬᠤᠭᠤᠴᠠᠭ᠋ᠠᠨ᠎ᠤ ᠠᠰᠠᠷᠠᠭᠴᠢ ᠵᠢ ᠲᠤᠰᠬᠠᠢ᠌ᠵᠢᠭᠤᠯᠬᠤ᠂ ᠠᠵᠢᠯ ᠮᠡᠷᠭᠡᠵᠢᠭᠦᠯᠬᠦ ᠬᠥᠭᠵᠢᠯᠲᠡ ᠵᠢ ᠠᠬᠢᠭᠤᠯᠬᠤ᠎ᠪᠠᠷ ᠪᠠᠢ᠌ᠨ᠎ᠠ᠃
    ᠮᠡᠳᠡᠭᠳᠡᠯ᠎ᠢ ᠦᠨᠳᠦᠰᠦᠯᠡᠪᠡᠯ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷᠠᠬᠢ ᠪᠦᠬᠦᠯᠢ ᠠᠷᠪᠠᠨ ᠵᠢᠷᠭᠤᠭ᠋ᠠᠨ ᠨᠠᠰᠤ ᠭᠦᠷᠦᠭᠰᠡᠨ ᠬᠥᠳᠡᠯᠮᠦᠷᠢᠴᠢᠨ᠂ ᠪᠡᠶ᠎ᠡ ᠰᠡᠳᠬᠢᠯ ᠡᠷᠡᠭᠦᠯ ᠴᠢᠭᠢᠷᠠᠭ ᠪᠥᠭᠡᠳ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠬᠤ ᠠᠵᠢᠯ ᠮᠡᠷᠭᠡᠵᠢᠯ᠎ᠤᠨ ᠴᠢᠳᠠᠪᠤᠷᠢ ᠵᠢᠨ ᠨᠥᠬᠥᠴᠡᠯ᠎ᠢ ᠪᠦᠷᠢᠯᠳᠦᠭᠦᠯᠦᠭᠰᠡᠨ ᠪᠤᠯ ᠴᠥᠮ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠪᠣᠯᠪᠠᠰᠤᠷᠠᠯ᠎ᠳᠤ ᠣᠷᠣᠯᠴᠠᠬᠤ᠎ᠪᠠᠷ ᠰᠠᠢ᠌ᠨ ᠳᠤᠷ᠎ᠠ᠎ᠠᠴᠠ᠎ᠪᠠᠨ ᠨᠡᠷ᠎ᠡ ᠮᠡᠳᠡᠭᠦᠯᠵᠦ ᠪᠤᠯᠬᠤ ᠶᠤᠮ ᠪᠠᠢ᠌ᠨ᠎ᠠ᠃
    ᠮᠡᠳᠡᠭᠳᠡᠯ᠎ᠳᠤ᠄ 《ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠤᠨ ᠪᠣᠯᠪᠠᠰᠤᠷᠠᠯ᠎ᠢ ᠥᠷᠨᠢᠭᠦᠯᠬᠦ ᠪᠠᠢ᠌ᠭᠤᠯᠤᠮᠵᠢ᠎ᠨᠢ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠣᠭᠴᠣ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠵᠢᠭ᠋ᠠᠬᠤ ᠮᠠᠲ᠋ᠧᠷᠢᠶᠠᠯ ᠪᠠ ᠤᠯᠤᠰ᠎ᠤᠨ ᠬᠣᠯᠪᠣᠭᠳᠠᠯ ᠪᠦᠬᠦᠢ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠬᠤ ᠳᠠᠭ᠋ᠠᠳᠬᠠᠯ᠎ᠤᠨ ᠳᠦᠷᠢᠮ᠎ᠤᠨ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠪᠣᠯᠪᠠᠰᠤᠷᠠᠯ᠎ᠤᠨ ᠠᠭᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠵᠣᠬᠢᠴᠠᠩᠭᠤᠢ ᠪᠣᠯᠪᠠᠰᠤᠷᠠᠯ᠎ᠤᠨ ᠬᠢᠴᠢᠶᠡᠯ᠎ᠤᠨ ᠰᠢᠰᠲ᠋ᠧᠮ᠎ᠢ ᠲᠥᠷᠥᠯ ᠬᠤᠪᠢᠶᠠᠨ ᠲᠣᠭᠲᠠᠭ᠋ᠠᠬᠤ ᠬᠡᠷᠡᠭᠲᠡᠢ》 ᠭᠡᠵᠦ ᠲᠣᠭᠲᠠᠭ᠋ᠠᠵᠠᠢ᠃ ᠠᠭᠤᠯᠭ᠎ᠠ᠎ᠨᠢ ᠬᠢᠯᠪᠠᠷ᠎ᠠᠴᠠ ᠬᠦᠴᠢᠷ ᠪᠣᠯᠵᠤ᠂ ᠮᠡᠷᠭᠡᠵᠢᠯ ᠴᠢᠳᠠᠪᠤᠷᠢ᠎ᠨᠢ ᠠᠩᠬ᠎ᠠ ᠵᠡᠷᠭᠡ᠎ᠠᠴᠠ᠎ᠪᠠᠨ ᠳᠡᠭᠡᠳᠦ ᠵᠡᠷᠭᠡ᠎ᠳᠤ ᠬᠦᠷᠬᠦ ᠠᠷᠭ᠎ᠠ   ᠶᠣᠰᠣᠭ᠋ᠠᠷ᠂ ᠲᠠᠪᠤᠳᠤᠭ᠋ᠠᠷ ᠲᠠᠰ / ᠠᠩᠬ᠎ᠠ ᠵᠡᠷᠭᠡ ᠵᠢᠨ ᠠᠵᠢᠯᠴᠢᠨ᠂ ᠳᠥᠷᠪᠡᠳᠦᠭᠡᠷ ᠲᠠᠰ / ᠳᠤᠮᠳᠠ ᠵᠡᠷᠭᠡ ᠵᠢᠨ ᠠᠵᠢᠯᠴᠢᠨ᠂ ᠭᠤᠷᠪᠠᠳᠤᠭ᠋ᠠᠷ ᠲᠠᠰ / ᠳᠡᠭᠡᠳᠦ ᠵᠡᠷᠭᠡ ᠵᠢᠨ ᠠᠵᠢᠯᠴᠢᠨ᠎ᠤ ᠪᠣᠯᠪᠠᠰᠤᠷᠠᠯ᠎ᠢ ᠲᠥᠷᠥᠯ ᠬᠤᠪᠢᠶᠠᠨ ᠥᠷᠨᠢᠭᠦᠯᠦᠨ᠎ᠡ᠃ ᠡᠯ᠎ᠡ ᠭᠠᠵᠠᠷ᠎ᠤᠨ᠎ᠬᠢᠨ ᠣᠨᠣᠯ᠎ᠤᠨ ᠬᠢᠴᠢᠶᠡᠯ ᠬᠢᠭᠡᠳ ᠦᠢ᠍ᠯᠡᠳᠦᠯᠭᠡ ᠵᠢᠨ ᠠᠵᠢᠯᠯᠠᠭ᠎ᠠ ᠵᠢ ᠬᠠᠷᠢᠯᠴᠠᠨ ᠤᠶᠠᠯᠳᠤᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ ᠠᠷᠭ᠎ᠠ ᠵᠢ ᠠᠪᠴᠤ ᠪᠠᠢ᠌ᠭ᠋ᠠᠳ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ᠎ᠳᠤ ᠣᠷᠣᠯᠴᠠᠬᠤ ᠰᠤᠷᠤᠭᠴᠢᠳ᠎ᠤᠨ ᠦᠢ᠍ᠯᠡᠳᠦᠯᠭᠡ ᠵᠢᠨ ᠠᠵᠢᠯᠯᠠᠭ᠋ᠠᠨ᠎ᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠤ ᠱᠠᠭ᠋ᠠᠷᠳᠠᠯ᠎ᠠ᠃
    ᠮᠡᠳᠡᠭᠳᠡᠯ᠎ᠳᠤ ᠳᠤᠷᠠᠳᠤᠭᠰᠠᠨ᠎ᠨᠢ᠂ ᠡᠯ᠎ᠡ ᠭᠠᠵᠠᠷ᠎ᠤᠨ᠎ᠬᠢᠨ ᠪᠣᠯᠪᠠᠰᠤᠷᠠᠯ᠎ᠤᠨ ᠪᠠᠢ᠌ᠭᠤᠯᠤᠮᠵᠢ ᠪᠣᠯᠣᠨ ᠲᠣᠭᠲᠠᠮᠠᠯ ᠴᠡᠭ᠎ᠤᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠣᠭᠣᠷᠣᠨᠳᠣᠬᠢ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠬᠤ ᠵᠢ ᠵᠢᠭ᠋ᠠᠨ ᠵᠢᠯᠤᠭᠣᠳᠴᠤ᠂ ᠠᠵᠢᠯᠴᠢᠨ ᠬᠡᠷᠡᠭᠯᠡᠬᠦ ᠥᠪᠡᠷᠮᠢᠴᠡ ᠠᠵᠢᠯ᠎ᠤᠨ ᠪᠠᠢ᠌ᠷᠢ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠵᠠᠬᠢᠶᠠᠯᠠᠭ᠎ᠠ ᠵᠢᠨ ᠮᠠᠶᠢᠭ᠎ᠤᠨ ᠪᠣᠯᠪᠠᠰᠤᠷᠠᠯ᠎ᠢ ᠥᠷᠨᠢᠭᠦᠯᠬᠦ ᠬᠡᠷᠡᠭᠲᠡᠢ᠃ ᠲᠣᠭᠲᠠᠭᠰᠠᠨ ᠴᠡᠭ᠎ᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ᠎ᠤᠨ ᠪᠠᠢ᠌ᠷᠢ᠎ᠳᠤ ᠤᠷᠢᠨ ᠬᠡᠷᠡᠭᠯᠡᠬᠦ᠎ᠳᠤ᠎ᠪᠠᠨ ᠵᠣᠬᠢᠬᠤ ᠠᠵᠢᠯ᠎ᠤᠨ ᠴᠢᠳᠠᠪᠤᠷᠢ ᠵᠢᠨ ᠲᠠᠰ᠎ᠤᠨ ᠦᠨᠡᠮᠯᠡᠯ ᠣᠯᠣᠭᠰᠠᠨ ᠠᠵᠢᠯᠲᠠᠨ᠎ᠢ ᠤᠷᠢᠳ ᠵᠶ᠋ᠡᠷ ᠰᠣᠩᠭᠣᠬᠤ ᠵᠢ ᠵᠣᠷᠢᠭᠵᠢᠭᠤᠯᠵᠤ᠂ ᠲᠣᠭᠲᠠᠭᠰᠠᠨ ᠴᠡᠭ᠎ᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠤᠪᠢᠯᠠᠬᠤ ᠦᠢ᠍ᠯᠡᠴᠢᠯᠡᠭᠡᠨ᠎ᠤ ᠠᠵᠢᠯᠲᠠᠨ ᠪᠤᠯᠤᠨ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠢ ᠵᠢᠯᠤᠭᠣᠳᠴᠤ ᠪᠠᠢ᠌ᠭ᠋ᠠᠳ ᠪᠥᠬᠥ ᠠᠵᠢᠯᠲᠠᠨ᠎ᠤ ᠦᠨᠡᠮᠯᠡᠯ᠎ᠲᠠᠢ ᠪᠠᠢ᠌ᠬᠤ ᠵᠢ ᠠᠯᠬᠤᠮ ᠠᠯᠬᠤᠮ ᠵᠶ᠋ᠠᠷ ᠪᠡᠶᠡᠯᠡᠬᠦᠯᠬᠦ ᠬᠡᠷᠡᠭᠳᠡᠢ》 ᠬᠡᠵᠡᠢ᠃
    ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ᠎ᠬᠢᠨ ᠡᠭᠦᠨ᠎ᠠᠴᠠ ᠡᠮᠦᠨ᠎ᠡ ᠨᠢᠭᠡᠨᠲᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ᠎ᠬᠢᠨ᠎ᠲᠠᠢ ᠬᠠᠮᠲᠤᠷᠠᠨ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠣᠭᠴᠣ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠲᠤᠬᠠᠢ ᠬᠡᠷᠡᠭᠵᠢᠭᠦᠯᠬᠦ ᠰᠠᠨᠠᠯ᠎ᠢ ᠨᠡᠢ᠌ᠲᠡᠯᠡᠭᠰᠡᠨ  ᠶᠤᠮ᠃ ᠪᠥᠬᠥ ᠤᠯᠤᠰ᠎ᠤᠨ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠠᠩᠬᠠᠳᠠᠭᠴᠢ ᠰᠢᠯᠭ᠋ᠠᠯᠲᠠ ᠤᠷᠴᠢᠮ᠎ᠳᠤ ᠵᠢᠶᠠᠩᠰᠤ ᠵᠢᠨ ᠨᠠᠨᠲ᠋ᠦᠢ᠌ᠩ᠎ᠳᠤ ᠶᠠᠪᠤᠭᠳᠠᠪᠠ᠃
   ᠤᠯᠤᠰ᠎ᠤᠨ ᠡᠮ ᠡᠮᠨᠡᠯᠭᠡ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠄ 《ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠰᠤᠪᠢᠯᠠᠬᠤ ᠵᠢ ᠲᠤᠰᠬᠠᠢ᠌ᠵᠢᠭᠤᠯᠬᠤ᠂ ᠠᠵᠢᠯ ᠮᠡᠷᠭᠡᠵᠢᠭᠦᠯᠬᠦ ᠬᠥᠭᠵᠢᠯᠲᠡ ᠵᠢ ᠲᠦᠷᠭᠡᠳᠬᠡᠨ ᠠᠬᠢᠭᠤᠯᠬᠤ᠎ᠨᠢ ᠲᠤᠰᠬᠠᠢ᠌ᠵᠢᠭᠰᠠᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠤ ᠡᠩᠨᠡᠭᠡ ᠵᠢ ᠬᠥᠮᠥᠵᠢᠭᠦᠯᠬᠦ᠎ᠳᠤ ᠠᠰᠢᠭᠲᠠᠢ ᠪᠠᠢ᠌ᠵᠤ᠂ ᠣᠷᠳᠣ ᠬᠤᠭᠤᠴᠠᠭ᠎ᠠ᠎ᠪᠠᠷ ᠠᠰᠠᠷᠠᠨ ᠰᠤᠪᠢᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠡᠭᠭ᠋ᠠᠬᠤ ᠪᠤᠯᠤᠨ᠎ᠠ》 ᠭᠡᠵᠤ ᠢᠯᠡᠷᠬᠡᠢ᠌ᠯᠡᠯ᠎ᠡ᠃
             

              ᠤᠯᠤᠰ᠎ᠤᠨ ᠡᠮ ᠡᠮᠨᠡᠯᠭᠡ ᠵᠢᠨ ᠲᠠᠭ᠋ᠠᠳᠬᠠᠯ᠎ᠤᠨ ᠲᠤᠪᠴᠢᠶ᠎ᠠ
              ᠰᠤᠷᠭ᠋ᠠᠨ ᠬᠥᠮᠦᠵᠢᠯ᠎ᠤᠨ ᠶᠠᠮᠤᠨ
              ᠠᠷᠠᠳ᠎ᠤᠨ ᠶᠠᠪᠤᠳᠠᠯ᠎ᠤᠨ ᠶᠠᠮᠤᠨ
              ᠡᠳ᠋᠎ᠤᠨ ᠵᠠᠰᠠᠭ᠎ᠤᠨ ᠶᠠᠮᠤᠨ
              ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ
              ᠲᠠᠷᠢᠶᠠᠯᠠᠩ ᠬᠥᠳᠡᠭᠡ ᠲᠣᠰᠬᠣᠨ᠎ᠤ ᠶᠠᠮᠤᠨ
              ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ
 



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ 《ᠦᠳᠡᠬᠦᠰ᠎ᠤᠨ ᠨᠥᠬᠥᠪᠦᠷᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠶᠠᠪᠤᠴᠨ ᠵᠢ ᠰᠢᠯᠢᠳᠡᠭᠵᠢᠭᠦᠯᠦᠨ ᠪᠡᠯᠡ ᠮᠥᠩᠭᠥ ᠵᠢ ᠤᠯᠠᠮ ᠤᠨᠤᠪᠴᠢᠳᠠᠢ ᠣᠯᠭᠣᠬᠤ ᠪᠤᠯᠪᠠ
ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠳᠥᠷᠪᠡᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠪᠥᠬᠥ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠪᠠᠢ᠌ᠳᠠᠯ᠎ᠢ ᠮᠡᠳᠡᠭᠳᠡᠬᠦ᠎ᠨᠢ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ 2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ
 
            