ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ 《ᠦᠳᠡᠬᠦᠰ᠎ᠤᠨ ᠨᠥᠬᠥᠪᠦᠷᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠶᠠᠪᠤᠴᠨ ᠵᠢ ᠰᠢᠯᠢᠳᠡᠭᠵᠢᠭᠦᠯᠦᠨ ᠪᠡᠯᠡ ᠮᠥᠩᠭᠥ ᠵᠢ ᠤᠯᠠᠮ ᠤᠨᠤᠪᠴᠢᠳᠠᠢ ᠣᠯᠭᠣᠬᠤ ᠪᠤᠯᠪᠠ
ᠨᠡᠶᠢᠲᠡᠯᠡᠭᠰᠡᠨ ᠴᠠᠭ᠄ 2025-05-08

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠤᠨ ᠤᠷᠴᠢᠮ᠎ᠳᠤ ᠬᠠᠮᠳᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠦᠬᠦᠪᠤᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂  ᠦᠳᠡᠬᠦᠰ᠎ᠤᠨ ᠨᠥᠬᠥᠪᠦᠷᠢ ᠮᠥᠩᠭᠥ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠪᠠ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠦᠬᠦᠪᠤᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠎ᠠ》᠎ᠳᠤ 6 ᠪᠦᠯᠦᠭ 27 ᠵᠦᠢ᠍ᠯ᠎ᠲᠠᠢ ᠪᠦᠬᠡᠳ ᠤᠷᠴᠢᠮ᠎ᠤᠨ ᠵᠢᠯ᠎ᠤᠨ ᠦᠳᠡᠬᠦᠰ᠎ᠤᠨ ᠨᠦᠬᠦᠪᠤᠷᠢ` ᠵᠢᠨ ᠪᠡᠯᠡ ᠮᠥᠩᠭᠥ ᠵᠢᠨ ᠲᠠᠷᠬᠠᠭ᠋ᠠᠯᠲᠠ ᠵᠢᠨ ᠬᠠᠮᠢᠶᠠᠷᠤᠯᠲᠠ ᠵᠢᠨ ᠳᠤᠮᠳᠠ ᠢᠯᠡᠷᠡᠭᠰᠡᠨ ᠰᠢᠨ᠎ᠡ ᠬᠤᠪᠢᠷᠠᠯᠲᠠ ᠰᠢᠨ᠎ᠡ ᠪᠠᠢ᠌ᠳᠠᠯ᠎ᠤᠨ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠵᠢᠷᠤᠮᠵᠢᠭᠤᠯᠤᠭᠰᠠᠨ ᠪᠠᠢ᠌ᠨ᠎ᠠ᠃ ᠵᠢᠱ᠌ᠢᠶᠡᠯᠡᠪᠡᠯ᠂ ᠦᠨᠳᠦᠰᠦᠨ ᠱᠠᠲᠤᠨ᠎ᠤ ᠳᠠᠷᠤᠭ᠋ᠠᠰᠤ ᠵᠢ ᠤᠯᠠᠮ ᠬᠥᠩᠭᠡᠷᠡᠭᠦᠯᠬᠦ ᠵᠢᠨ ᠲᠤᠰᠠᠳᠠ ᠦᠳᠡᠬᠦᠰ᠎ᠤᠨ ᠨᠦᠬᠦᠪᠤᠷᠢ ᠵᠢ ᠬᠢᠨᠠᠨ ᠬᠠᠷᠭᠤᠭᠤᠯᠬᠤ ᠡᠷᠬᠡ ᠮᠡᠳᠡᠯ᠎ᠤᠨ ᠬᠡᠪᠴᠢᠶ᠎ᠡ ᠵᠢ ᠥᠩᠭᠡᠷᠡᠭᠰᠡᠨ᠎ᠤ ᠭᠤᠷᠪᠠᠨ ᠱᠠᠲᠤᠨ᠎ᠤ ᠬᠢᠨᠠᠨ ᠬᠠᠷᠭᠤᠭᠤᠯᠤᠯᠲᠠ᠎ᠠᠴᠠ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠪᠣᠯᠣᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠣᠶᠠᠷ ᠱᠠᠲᠤᠨ᠎ᠤ ᠬᠢᠨᠠᠨ ᠬᠠᠷᠭᠤᠭᠤᠯᠤᠯᠲᠠ ᠪᠣᠯᠭ᠋ᠠᠨ ᠬᠤᠪᠢᠷᠠᠭᠤᠯᠵᠤ᠂  ᠦᠳᠡᠬᠦᠰ᠎ᠤᠨ ᠨᠦᠬᠦᠪᠤᠷᠢ ᠵᠢ ᠣᠯᠭᠣᠬᠤ ᠬᠤᠭᠤᠴᠠᠭ᠎ᠠ ᠵᠢ ᠵᠠᠷᠴᠢᠮ ᠳᠡᠭᠡᠷ᠎ᠡ᠎ᠪᠠᠨ ᠤᠯᠠᠷᠢᠯ ᠵᠶ᠋ᠠᠷ ᠣᠯᠭᠣᠬᠤ ᠪᠣᠯᠭ᠋ᠠᠨ ᠦᠬᠡᠷᠡᠴᠢᠯᠡᠭᠰᠡᠨ᠎ᠤ ᠬᠠᠮᠲᠤ᠂ ᠪᠡᠯᠡ ᠮᠥᠩᠭᠥ ᠵᠢ ᠤᠯᠠᠮ ᠤᠨᠤᠪᠴᠢᠳᠠᠢ ᠤᠯᠭᠤᠬᠤ ᠵᠢᠨ ᠲᠥᠯᠥᠭᠡ᠂  ᠦᠳᠡᠬᠦᠰ᠎ᠤᠨ ᠲᠣᠭᠲᠠᠭᠰᠠᠨ ᠬᠤᠭᠤᠴᠠᠭ᠋ᠠᠨ᠎ᠳᠤ ᠣᠷᠣᠰᠢᠨ ᠠᠮᠢᠳᠤᠷᠠᠬᠤ ᠵᠢᠨ ᠭᠡᠷᠡᠴᠢᠯᠡᠯ ᠬᠢᠬᠦ ᠵᠢ ᠰᠢᠨ᠎ᠡ 《ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ ᠤᠷᠤᠭᠤᠯᠪᠠ ᠃   ᠨᠠᠢ᠌ᠷᠠᠭᠤᠯᠤᠬᠰᠠᠨ ᠲᠦᠰᠦᠪ᠎ᠢ ᠤᠯᠠᠮ ᠤᠨᠤᠪᠴᠢᠳᠠᠢ ᠪᠤᠯᠭ᠋ᠠᠬᠤ ᠲᠠᠯ᠎ᠠ᠎ᠪᠠᠷ᠂ ᠥᠪᠥᠷ ᠮᠣᠩᠭᠣᠯ᠎ᠤᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠠᠪᠴᠠᠩ᠎ᠳᠤ ᠲᠦᠰᠢᠭᠯᠡᠨ᠂ ᠳᠠᠷᠠᠭ᠎ᠠ ᠵᠢᠯ᠎ᠳᠤ᠎ᠨᠢ ᠪᠦᠬᠦᠯᠢ 80 ᠨᠠᠰᠤ ᠬᠦᠷᠦᠭᠰᠡᠨ ᠦᠳᠡᠬᠦᠰ᠎ᠤᠨ ᠲᠣᠭ᠎ᠠ ᠪᠠᠷᠢᠮᠲᠠ ᠵᠢ ᠰᠢᠨ᠎ᠡ᠎ᠪᠠᠷ ᠨᠡᠮᠡᠭᠳᠡᠭᠰᠡᠨ ᠦᠳᠡᠬᠦᠰ᠎ᠤᠨ  ᠨᠦᠬᠦᠪᠤᠷᠢ ᠪᠡᠯᠡ ᠮᠥᠩᠭᠥ ᠵᠢᠨ ᠦᠨᠳᠦᠰᠦᠯᠡᠯ ᠪᠣᠯᠭ᠋ᠠᠨ᠎ᠠ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠳᠥᠷᠪᠡᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠪᠥᠬᠥ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠪᠠᠢ᠌ᠳᠠᠯ᠎ᠢ ᠮᠡᠳᠡᠭᠳᠡᠬᠦ᠎ᠨᠢ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ 2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ
 
            